ᠲᠡᠷᠢᠭᠦᠨ ᠨᠢᠭᠤᠷ  -  ᠪᠠᠶᠢᠴᠠᠭᠠᠬᠤ ᠬᠤᠰᠢᠭᠤᠴᠢ

ᠵᠢᠶᠠᠩ ᠢᠦᠢ ᠶᠧ ᠄ ᠦᠬᠠᠢ ᠬᠤᠲᠠ ᠶᠢᠨ ᠪᠠᠶᠢᠴᠠᠭᠠᠬᠤ ᠬᠤᠷᠢᠶ᠎ᠠ

2016-06-02 15:34:35
ᠵᠣᠬᠢᠶᠠᠭᠴᠢ

    ᠤᠳᠤᠷᠢᠳᠤᠯᠭ᠎ᠠ ᠶᠢᠨ ᠨᠢᠳᠦᠨ ᠳᠦ ᠲᠡᠷᠡ ᠪᠤᠯ ᠨᠢᠭᠡᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ ᠂ ᠶᠠᠳᠠᠷᠠᠵᠦ ᠵᠦᠳᠡᠷᠡᠬᠦ ᠡᠴᠡ ᠬᠠᠯᠠᠰᠢᠷᠠᠬᠤ ᠦᠭᠡᠢ ᠰᠠᠶᠢᠨ ᠨᠥᠬᠦᠷ ︔ ᠬᠠᠮᠲᠦ ᠠᠵᠢᠯᠲᠠᠨ ᠤ ᠨᠢᠳᠦᠨ ᠳᠦ ᠲᠡᠷᠡ ᠪᠤᠯ ᠪᠤᠰᠤᠳ ᠲᠤ ᠲᠥᠪ ᠭᠤᠤᠯᠴᠢ ᠂ ᠲᠤᠳᠤᠨᠤᠰᠤᠭ ᠬᠥᠨᠳᠦᠳᠬᠡᠯ ᠲᠠᠢ ᠡᠭᠡᠴᠢ ︔ ᠤᠯᠠᠨ ᠲᠦᠮᠡᠨ ᠦ ᠨᠢᠳᠦᠨ ᠳᠦ ᠲᠡᠷᠡ ᠪᠤᠯ ᠨᠢᠭᠡᠨ ᠬᠠᠤᠯᠢ ᠴᠠᠭᠠᠵᠠ ᠶᠢ ᠭᠤᠤᠯᠴᠢ ᠪᠠᠷ  ᠬᠡᠷᠡᠭᠵᠢᠭᠦᠯᠳᠡᠭ ᠂ ᠠᠷᠢᠭᠤᠨ ᠴᠢᠭᠡᠴᠢ ᠰᠠᠶᠢᠨ ᠪᠠᠶᠢᠴᠠᠭᠠᠬᠤ ᠲᠤᠰᠢᠶᠠᠯᠲᠠᠨ ᠃ ᠲᠡᠷᠡ ᠪᠤᠯ ᠦᠬᠠᠢ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠭᠤᠮᠤᠳᠠᠯ ᠵᠠᠭᠠᠯᠳᠤᠯᠭ᠎ᠠ  ᠪᠠᠶᠢᠴᠠᠭᠠᠬᠤ  ᠭᠠᠵᠠᠷ ᠤᠨ ᠭᠠᠵᠠᠷ ᠤᠨ ᠳᠠᠷᠤᠭ᠎ᠠ ᠵᠢᠶᠠᠩ ᠢᠦᠢ ᠶᠧ ᠃

    ᠲᠠᠪᠤᠨ ᠵᠢᠯ ᠦᠨ ᠲᠤᠷᠰᠢ ᠂  ᠲᠡᠭᠦᠨ ᠦ ᠳᠠᠭᠠᠭᠠᠨ ᠰᠢᠳᠬᠡᠭᠰᠡᠨ ᠡᠷᠡᠭᠦᠦ ᠶᠢᠨ ᠬᠡᠷᠡᠭ ᠦᠨ ᠭᠤᠮᠤᠳᠠᠯ ᠵᠠᠭᠠᠯᠳᠤᠯᠭ᠎ᠠ ᠂ ᠤᠯᠤᠰ ᠤᠨ ᠲᠦᠯᠦᠪᠦᠷᠢ ᠂ ᠬᠤᠤᠷᠯᠠᠭᠳᠠᠭᠴᠢ ᠶᠢᠨ ᠠᠪᠣᠷᠠᠨ ᠲᠤᠰᠠᠯᠠᠭᠤᠯᠬᠤ ᠭᠤᠶᠤᠴᠢᠯᠠᠯ ᠤᠨ ᠬᠡᠷᠡᠭ 19 ᠬᠡᠷᠡᠭ  ᠂  ᠰᠤᠷᠪᠤᠯᠵᠢᠯᠠᠯ  ᠬᠢᠵᠦ  ᠪᠠᠶᠢᠭ᠎ᠠ ᠤᠯᠠᠨ ᠲᠦᠮᠡᠨ ᠢ 1200 ᠬᠦᠮᠦᠨ ᠤᠳᠠᠭ᠎ᠠ ᠬᠦᠯᠢᠶᠡᠨ ᠠᠪᠴᠦ ᠠᠭᠤᠯᠵᠠᠵᠠᠢ ᠃ 

    ᠵᠠᠷᠢᠮ ᠦᠶ᠎ᠡ ᠳᠦ ᠬᠦᠯᠢᠶᠡᠨ ᠠᠪᠬᠤ ᠠᠵᠢᠯ ᠨᠢ ᠦᠵᠡᠬᠦ ᠳᠦ ᠠᠮᠠᠷᠬᠠᠨ ᠴᠦ ᠂ ᠰᠤᠷᠪᠤᠯᠵᠢᠯᠠᠬᠤ ᠪᠠᠷ ᠢᠷᠡᠵᠦ ᠪᠠᠶᠢᠭ᠎ᠠ ᠤᠯᠠᠨ ᠲᠦᠮᠡᠨ  ᠳᠦ ᠬᠠᠨᠤᠮᠵᠢᠲᠠᠢ ᠬᠠᠷᠢᠭᠤᠯᠲᠠ ᠥᠭᠭᠦᠨ᠎ᠡ ᠭᠡᠳᠡᠭ ᠪᠠᠰᠠ ᠬᠢᠯᠪᠠᠷ ᠪᠢᠰᠢ ᠃ ᠡᠷᠡᠭᠦᠦ ᠶᠢᠨ ᠬᠡᠷᠡᠭ ᠦᠨ ᠬᠤᠤᠷᠯᠠᠭᠳᠠᠭᠴᠢ ᠸᠠᠩ ᠤᠪᠤᠭᠲᠤ ᠨᠢᠭᠡᠨᠲᠡ ᠦᠬᠦᠵᠦ ᠂ ᠲᠡᠭᠦᠨ ᠦ ᠡᠵᠢ ᠵᠤᠤ ᠤᠪᠤᠭᠲᠤ ᠤᠤᠯ ᠬᠡᠷᠡᠭ ᠦᠨ ᠰᠢᠭᠦᠨ ᠲᠠᠰᠤᠯᠤᠯᠲᠠ ᠶᠢ ᠥᠯᠥ ᠬᠦᠯᠢᠶᠡᠵᠦ ᠂ ᠤᠯᠠᠨ ᠵᠢᠯ ᠦᠨ ᠲᠤᠷᠰᠢ ᠳᠤᠲᠤᠭᠠᠳᠦ ᠶᠢ ᠬᠠᠮᠠᠭᠠᠯᠠᠬᠤ ᠪᠠᠶᠢᠭᠤᠯᠭ᠎ᠠ ᠳᠤ ᠳᠠᠬᠢᠨ ᠳᠠᠪᠲᠠᠨ ᠳᠡᠭᠡᠭᠰᠢ  ᠰᠤᠷᠪᠤᠯᠵᠢᠯᠠᠯ ᠬᠢᠬᠦ ᠂ ᠵᠠᠭᠠᠯᠳᠤᠬᠤ ᠪᠠᠨ ᠪᠤᠯᠢᠬᠤ ᠂ ᠳᠠᠬᠢᠨ ᠳᠡᠭᠡᠭᠰᠢ  ᠰᠤᠷᠪᠤᠯᠵᠢᠯᠠᠯ ᠬᠢᠬᠦ  ᠂ ᠳᠠᠬᠢᠨ ᠵᠠᠭᠠᠯᠳᠤᠬᠤ ᠪᠠᠨ ᠪᠤᠯᠢᠬᠤ ᠪᠠᠶᠢᠳᠠᠯ ᠲᠠᠢ ᠃ 2011 ᠣᠨ ᠳᠤ ᠂ ᠵᠤᠤ ᠤᠪᠤᠭᠲᠤ ᠪᠠᠶᠢᠴᠠᠭᠠᠬᠤ  ᠬᠤᠷᠢᠶᠠᠨ ᠳᠤ ᠢᠷᠡᠵᠦ ᠳᠡᠭᠡᠭᠰᠢ ᠰᠤᠷᠪᠤᠯᠵᠢᠯᠠᠭ᠎ᠠ ᠬᠢᠵᠦ ᠂  ᠬᠡᠯᠡᠬᠦ ᠶᠢᠨ ᠳᠤᠮᠳᠠ ᠪᠠᠨ ᠠᠭᠤᠷᠯᠠᠵᠤ ᠪᠠᠴᠢᠮᠳᠠᠭᠠᠳ ᠪᠠᠶᠢᠴᠠᠭᠠᠬᠤ ᠠᠵᠢᠯᠲᠡᠨ ᠤ  ᠢᠳᠬᠠᠯᠭ᠎ᠠ ᠶᠢ ᠰᠣᠨᠣᠰᠬᠤ ᠦᠭᠡᠢ ᠃ ᠵᠢᠶᠠᠩ ᠢᠦᠢ ᠶᠧ ᠲᠡᠭᠦᠨ ᠦ ᠳᠤᠷᠠᠳᠴᠦ ᠭᠠᠷᠭᠠᠭᠰᠠᠨ ᠭᠤᠮᠤᠳᠠᠯ ᠵᠠᠭᠠᠯᠳᠤᠯᠭ᠎ᠠ ᠶᠢᠨ ᠭᠤᠶᠤᠴᠢᠯᠠᠭ᠎ᠠ ᠪᠠ ᠰᠢᠯᠲᠠᠭᠠᠨ ᠳᠤ ᠬᠠᠨᠳᠤᠭᠤᠯᠤᠨ ᠂ ᠴᠠᠭ ᠲᠤᠬᠠᠢ ᠳᠤ ᠨᠢ ᠬᠦᠨᠵᠡᠭᠡᠢ ᠤᠶᠢᠯᠠᠭᠠᠯᠲᠠ ᠪᠠ ᠬᠦᠯᠢᠴᠡᠩᠭᠦᠢ ᠲᠠᠶᠢᠯᠪᠤᠷᠢᠯᠠᠯᠲᠠ ᠬᠢᠵᠦ ᠂  ᠵᠠᠭᠠᠯᠳᠤᠯᠭ᠎ᠠ ᠪᠠ ᠰᠤᠷᠪᠤᠯᠵᠢᠯᠠᠭ᠎ᠠ  ᠶᠢᠨ ᠢᠯᠭᠠᠭ᠎ᠠ ᠶᠢ ᠲᠠᠶᠢᠯᠪᠤᠷᠢᠯᠠᠵᠤ ᠂ ᠬᠡᠷᠪᠡ ᠤᠤᠯ ᠰᠢᠭᠦᠯᠲᠡ ᠶᠢ ᠬᠦᠯᠢᠶᠡᠨ ᠠᠪᠬᠤ ᠦᠭᠡᠢ ᠪᠤᠯ ᠡᠷᠡᠭᠦᠦ ᠶᠢᠨ ᠬᠡᠷᠡᠭ ᠦᠨ ᠭᠤᠮᠤᠳᠠᠯ ᠵᠠᠭᠠᠯᠳᠤᠯᠭ᠎ᠠ ᠪᠠᠷ ᠳᠠᠮᠵᠢᠨ ᠰᠢᠢᠳᠪᠦᠷᠢᠯᠡᠵᠦ ᠪᠤᠯᠤᠨ᠎ᠠ ᠭᠡᠵᠦ ᠬᠡᠯᠡᠵᠦ ᠥᠭᠪᠡ ᠃ ᠵᠢᠶᠠᠩ ᠢᠦᠢ ᠶᠧ ᠶᠢᠨ ᠬᠠᠷᠢᠭᠤᠴᠠᠯᠭ᠎ᠠ ᠲᠠᠢ ᠣᠪᠣᠷ ᠪᠠ ᠬᠠᠯᠠᠭᠤᠮᠰᠤᠭ ᠦᠭᠡ ᠶᠠᠷᠢᠶ᠎ᠠ ᠨᠢ ᠵᠤᠤ ᠤᠪᠤᠭᠲᠤ  ᠶᠢᠨ ᠰᠡᠳᠬᠢᠯ ᠢ ᠬᠦᠳᠡᠯᠭᠡᠵᠦ ᠂ ᠵᠤᠤ ᠤᠪᠤᠭᠲᠤ ᠡᠴᠦᠰ ᠲᠦ ᠪᠡᠨ ᠬᠠᠤᠯᠢ ᠶᠤᠰᠤ ᠪᠠᠷ ᠪᠠᠶᠢᠴᠠᠭᠠᠬᠤ ᠪᠠᠶᠢᠭᠤᠯᠭ᠎ᠠ ᠳᠤ ᠭᠤᠮᠤᠳᠠᠯ ᠵᠠᠭᠠᠯᠳᠤᠯᠭ᠎ᠠ ᠭᠠᠷᠭᠠᠵᠤ ᠂ ᠡᠨᠡ ᠬᠡᠷᠡᠭ ᠢ  ᠬᠠᠤᠯᠢ ᠴᠠᠭᠠᠵᠠ  ᠶᠢᠨ  ᠵᠢᠷᠤᠮ  ᠳᠤ ᠤᠷᠤᠭᠤᠯᠪᠠ ᠃

    ᠵᠢᠶᠠᠩ ᠢᠦᠢ ᠶᠧ ᠬᠤᠷᠢᠨ ᠨᠢᠭᠡᠨ ᠵᠢᠯ ᠦᠨ ᠪᠠᠶᠢᠴᠠᠭᠠᠬᠤ ᠠᠵᠢᠯ ᠤᠨ ᠳᠤᠮᠳᠠ ᠂ ᠬᠠᠷᠢᠴᠠᠭᠠᠨ ᠤ ᠬᠡᠷᠡᠭ ᠂ ᠵᠤᠭᠤᠰ ᠮᠥᠩᠭᠦᠨ ᠦ ᠬᠡᠷᠡᠭ ᠢ ᠨᠢᠭᠡ ᠤᠳᠠᠭ᠎ᠠ ᠴᠦ ᠰᠢᠢᠳᠪᠦᠷᠢᠯᠡᠵᠦ ᠥᠩᠭᠡᠷᠡᠭᠰᠡᠨ ᠦᠭᠡᠢ ᠂  ᠨᠢᠭᠡᠨ ᠪᠠᠶᠢᠴᠠᠭᠠᠬᠤ ᠳᠤᠰᠢᠶᠠᠯᠲᠠᠨ ᠤ ᠨᠠᠮ ᠳᠤ ᠦᠨᠡᠨᠴᠢ ᠂ ᠠᠷᠠᠳ ᠲᠦᠮᠡᠨ  ᠳᠦ ᠦᠨᠡᠨᠴᠢ ᠂ ᠬᠠᠤᠯᠢ ᠴᠠᠭᠠᠵᠠ ᠳᠤ ᠦᠨᠡᠨᠴᠢ ᠠᠮᠠᠯᠠᠯᠲᠠ  ᠶᠢ ᠪᠤᠳᠠᠲᠠᠢ ᠦᠢᠯᠡ ᠠᠵᠢᠯᠯᠠᠭ᠎ᠠ  ᠪᠡᠷ ᠢᠶᠡᠨ ᠪᠡᠶᠡᠯᠡᠭᠦᠯᠵᠠᠢ ᠃ ᠲᠡᠭᠦᠨ ᠦ ᠪᠠᠶᠢᠬᠤ ᠭᠤᠮᠤᠳᠠᠯ ᠵᠠᠭᠠᠯᠳᠤᠯᠭ᠎ᠠ ᠶᠢᠨ ᠭᠠᠵᠠᠷ ᠪᠦᠬᠦ ᠤᠯᠤᠰ ᠤᠨ ᠪᠤᠯᠪᠠᠰᠤᠨ ᠬᠦᠯᠢᠶᠡᠨ ᠠᠭᠤᠯᠵᠠᠬᠤ ᠲᠠᠰᠤᠭ ᠤᠨ ᠢᠷᠡᠭᠤ ᠠᠯᠳᠠᠷ ᠢ ᠭᠤᠷᠪᠠᠨ ᠵᠢᠯ ᠳᠠᠷᠠᠭᠠᠯᠠᠨ ᠬᠦᠷᠲᠡᠵᠦ ᠂ ᠲᠡᠷᠢᠭᠦᠨ ᠦ  ᠬᠠᠮᠲᠤ ᠨᠢᠭᠡᠴᠢ ᠪᠡᠷ ᠤᠯᠠᠨ ᠤᠳᠠᠭ᠎ᠠ ᠦᠨᠡᠯᠡᠭᠳᠡᠵᠡᠢ ᠃  ᠮᠦᠨᠴᠦ ᠲᠡᠭᠦᠨ ᠦ ᠬᠤᠪᠢ ᠪᠡᠶ᠎ᠡ 《 ᠰᠢᠯᠢᠳᠡᠭ ᠡᠪ ᠬᠠᠮᠲᠤ ᠨᠠᠮ ᠤᠨ ᠭᠡᠰᠢᠭᠦᠨ》 ᠂ 《 ᠰᠢᠯᠢᠳᠡᠭ ᠨᠠᠮ ᠤᠨ ᠠᠵᠢᠯ ᠤᠨ ᠠᠵᠢᠯᠲᠠᠨ》  ᠪᠠ 《 ᠲᠡᠷᠢᠭᠦᠨ ᠦ ᠠᠵᠢᠯᠲᠠᠨ》 ᠢᠶᠠᠷ ᠤᠯᠠᠨ ᠤᠳᠠᠭ᠎ᠠ ᠬᠥᠬᠢᠭᠦᠯᠦᠭᠳᠡᠪᠡ ᠃


ᠢᠷᠡᠯᠲᠡ
ᠪᠠᠭᠠᠷᠢᠨ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠶᠢᠨ ᠬᠠᠰᠨᠠᠪᠴᠢ ᠬᠠᠩᠭᠠᠪᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro