ᠲᠡᠷᠢᠭᠦᠨ ᠨᠢᠭᠤᠷ  -  ᠪᠠᠶᠢᠴᠠᠭᠠᠬᠤ ᠬᠤᠰᠢᠭᠤᠴᠢ

ᠲᠢᠶᠠᠨ ᠾᠧ ᠄ ᠬᠥᠯ ᠳᠡᠭᠡᠷ᠎ᠡ  ᠪᠡᠨ ᠰᠢᠪᠠᠷ ᠰᠢᠷᠣᠶ ᠨᠠᠭᠠᠯᠳᠤᠵᠤ ᠂ ᠰᠡᠳᠬᠢᠯ  ᠢᠶᠠᠨ ᠣᠯᠠᠨ ᠲᠦᠮᠡᠨ  ᠢᠶᠠᠷ ᠳᠦᠭᠦᠷᠭᠡᠪᠡ

2021-05-10 16:13:23
ᠵᠣᠬᠢᠶᠠᠭᠴᠢ
ᠭᠡᠭᠡᠷᠡᠯ

W020210420611828135985.jpg

ᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯ ᠳᠠᠷᠤᠢ ᠠᠷᠠᠳ ᠲᠦᠮᠡᠨ ᠳᠦ ᠦᠢᠯᠡᠴᠢᠯᠡᠬᠦ ᠶᠠᠪᠤᠳᠠᠯ ᠪᠣᠯᠤᠨ᠎ᠠ᠃ ᠨᠠᠮ ᠳᠠᠭᠠᠨ ᠦᠨᠡᠨᠴᠢ ᠰᠢᠳᠤᠷᠭᠤ ᠪᠠᠶᠢᠬᠤ ᠨᠢ ᠴᠦ ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠬᠤ ᠬᠠᠷᠢᠭᠤᠴᠠᠯᠭ᠎ᠠ ᠶᠢᠨ ᠳᠤᠮᠳᠠ ᠢᠯᠡᠷᠡᠵᠦ ᠪᠠᠶᠢᠳᠠᠭ᠃ ᠪᠥᠬᠥ ᠬᠣᠰᠢᠭᠤᠨ ᠤ ᠣᠨᠳᠣᠸ ᠭᠠᠵᠠᠷ ᠲᠤ ᠨᠡᠭᠦᠯᠭᠡᠬᠦ ᠪᠠᠷᠢᠯᠭ᠎ᠠ ᠶᠢᠨ ᠰᠢᠨ᠎ᠡ ᠪᠡᠷ ᠪᠠᠷᠢᠭᠰᠠᠨ ᠬᠡᠷ ᠪᠠᠶᠢᠰᠢᠩ ᠤᠨ ᠶᠠᠰᠤ ᠴᠢᠨᠠᠷ ᠤᠨ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ ᠂ ᠲᠡᠷᠡ ᠶᠠᠳᠠᠷᠠᠯ ᠵᠦᠳᠡᠷᠡᠯ ᠢ ᠬᠠᠶᠢᠬᠤᠷᠤᠯ ᠥᠬᠡᠶ ᠂ ᠰᠦᠷᠳᠡᠭᠦᠯᠦᠯ ᠡᠴᠡ ᠠᠶᠤᠬᠤ ᠥᠬᠡᠶ ᠪᠡᠷ ᠪᠠᠷᠢᠯᠭ᠎ᠠ ᠶᠢᠨ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠨ ᠢᠯᠡ ᠪᠡᠷ ᠪᠠᠶᠢᠴᠠᠭᠠᠨ ᠳᠠᠯᠳᠠᠭᠤᠷ ᠰᠤᠷᠪᠤᠯᠵᠢᠯᠠᠵᠤ ᠂ ᠨᠠᠷᠢᠨ ᠨᠢᠮᠪᠠᠶ ᠬᠠᠶᠢᠨ ᠪᠠᠶᠢᠴᠠᠭᠠᠵᠤ ᠂ ᠠᠩᠬᠠᠨ ᠤ ᠮᠠᠲ᠋ᠧᠷᠢᠶᠠᠯ ᠢ ᠯᠠᠪᠳᠠᠭᠤᠨ ᠪᠠᠲᠤᠲᠠᠶ ᠴᠤᠭᠯᠠᠭᠤᠯᠵᠤ ᠂ ᠪᠠᠷᠢᠯᠭ᠎ᠠ ᠶᠢᠨ ᠪᠠᠷᠢᠮᠵᠢᠶ᠎ᠠ ᠳᠤ ᠨᠡᠶᠢᠴᠡᠬᠦ ᠥᠬᠡᠶ ᠪᠠᠷᠢᠯᠭ᠎ᠠ ᠶᠢ ᠴᠠᠭ ᠲᠤᠬᠠᠶ ᠳᠤᠨᠢ ᠳᠠᠭᠠᠭᠠᠨ ᠪᠠᠶᠢᠭᠤᠯᠤᠭᠰᠠᠨ ᠲᠠᠯ᠎ᠠ ᠶᠢ ᠵᠠᠷᠯᠢᠭᠳᠠᠨ ᠴᠡᠭᠴᠡᠯᠡᠨ ᠥᠭᠡᠷᠡᠴᠢᠯᠡᠭᠦᠯᠪᠡ ᠃ ᠡᠨᠡ ᠬᠦ ᠶᠠᠪᠤᠴᠠ ᠳᠤ ᠠᠰᠢᠭ ᠢᠶᠠᠷ ᠲᠠᠲᠠᠵᠤ ᠥᠩᠭᠡᠷᠡᠭᠰᠡᠨ ᠪᠥᠭᠡᠳ ᠰᠦᠷᠳᠡᠭᠦᠯᠵᠦ ᠴᠦ ᠥᠩᠭᠡᠷᠡᠭᠰᠡᠨ ᠶᠤᠮ᠂ ᠭᠡᠪᠡᠴᠦ ᠲᠡᠷᠡ ᠡᠪ ᠬᠠᠮᠲᠤᠴᠤᠳ ᠤᠨ ᠡᠷᠡᠰ ᠪᠠᠲᠤ ᠲᠠᠩᠭᠠᠷᠢᠭ ᠢᠶᠠᠨ ᠴᠠᠭ ᠢᠮᠠᠭᠲᠠ ᠪᠠᠲᠤ ᠴᠡᠭᠡᠵᠢᠯᠡᠵᠦ᠂ ᠤᠯᠠᠨ ᠲᠦᠮᠡᠨ ᠦ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠢᠮᠠᠭᠲᠠ ᠬᠠᠮᠤᠭ ᠤᠨ ᠴᠢᠬᠤᠯᠠ ᠪᠠᠶᠢᠷᠢᠨ ᠳᠤ ᠲᠠᠯᠪᠢᠭᠰᠠᠭᠠᠷ ᠢᠷᠡᠵᠠᠢ᠃ ᠨᠠᠷᠢᠨ ᠪᠣᠳᠠᠲᠠᠶ ᠪᠠᠶᠢᠴᠠᠭᠠᠨ ᠰᠤᠳᠤᠯᠤᠯᠲᠠ ᠶᠢᠨ ᠮᠠᠲ᠋ᠧᠷᠢᠶᠠᠯ ᠢ ᠦᠨᠳᠦᠰᠦᠯᠡᠨ ᠂ ᠪᠥᠬᠥ ᠬᠣᠰᠢᠭᠤᠨ ᠤ ᠰᠢᠨ᠎ᠡ ᠪᠠᠶᠢᠭᠤᠯᠤᠭᠰᠠᠨ ᠣᠨᠳᠣᠸ ᠭᠠᠵᠠᠷ ᠤᠨ ᠨᠡᠭᠦᠳᠡᠯ ᠠᠷᠠᠳ ᠤᠨ ᠬᠡᠷ ᠪᠠᠶᠢᠰᠢᠩ ᠤᠨ ᠶᠠᠰᠤ ᠴᠢᠨᠠᠷ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠢᠴᠢᠵᠦ ᠂ ᠬᠣᠰᠢᠭᠤᠨ ᠤ ᠤᠳᠤᠷᠢᠳᠤᠯᠭ᠎ᠠ ᠶᠢᠨ ᠳᠡᠭᠡᠳᠦ ᠬᠡᠮᠵᠢᠶᠡᠨ ᠦ ᠴᠢᠬᠤᠯᠠᠴᠢᠯᠠᠯ ᠢ ᠣᠯᠵᠤ ᠂ ᠪᠥᠬᠥ ᠬᠣᠰᠢᠭᠤᠨ ᠤ ᠬᠡᠪᠴᠢᠶᠡᠨ ᠳᠦ ᠬᠡᠷ ᠪᠠᠶᠢᠰᠢᠩ ᠤᠨ ᠶᠠᠰᠤ ᠴᠢᠨᠠᠷ ᠤᠨ ᠴᠡᠭᠴᠡᠯᠡᠯᠲᠡ ᠶᠢᠨ ᠶᠡᠬᠡ ᠪᠠᠶᠢᠴᠠᠭᠠᠯᠲᠠ ᠶᠢ ᠥᠷᠨᠢᠭᠦᠯᠵᠦ ᠂ ᠪᠥᠬᠥ ᠬᠣᠰᠢᠭᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠢᠨᠵᠧᠨᠧᠷᠢᠩ ᠦᠨ ᠶᠠᠰᠤ ᠴᠢᠨᠠᠷ ᠢ ᠶᠡᠬᠡ ᠪᠡᠷ ᠳᠡᠭᠡᠭᠰᠢᠯᠡᠭᠦᠯᠵᠦ ᠂ ᠣᠯᠠᠨ ᠲᠦᠮᠡᠨ ᠦ ᠮᠠᠭᠲᠠᠭᠠᠯ ᠰᠠᠶᠢᠰᠢᠶᠠᠯ ᠢ ᠤᠯᠪᠠ ᠃ ᠭᠤᠷᠪᠠᠨ ᠵᠢᠯ ᠦᠨ ᠲᠤᠷᠰᠢ᠂ ᠲᠡᠷᠡ ᠤᠳᠠᠭ᠎ᠠ ᠪᠦᠷᠢ ᠶᠢᠨ ᠢᠯᠡ ᠪᠡᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠳᠤᠮᠳᠠ ᠪᠠᠨ ᠡᠯ᠎ᠡ ᠲᠦᠷᠦᠯ ᠦᠨ ᠶᠠᠳᠠᠭᠤ ᠶᠢ ᠲᠡᠳᠬᠦᠬᠦ ᠬᠦᠷᠢᠶᠡᠨ ᠳᠦ ᠬᠣᠯᠪᠣᠭᠳᠠᠭᠰᠠᠨ ᠵᠢᠷᠤᠮᠵᠢᠯ ᠦᠭᠡᠢ᠂ ᠵᠦᠢ ᠵᠤᠬᠢᠰ ᠦᠭᠡᠢ ᠠᠰᠠᠭᠤᠳᠠᠯ ᠢ ᠨᠡᠢᠢᠳᠡ ᠮᠢᠩᠭ᠎ᠠ ᠭᠠᠷᠤᠢ ᠢᠯᠡᠷᠡᠭᠦᠯᠵᠦ᠂ ᠪᠦᠬᠦᠨ ᠢ ᠴᠡᠭᠴᠡᠯᠡᠨ ᠰᠠᠶᠢᠵᠢᠷᠠᠭᠤᠯᠬᠤ ᠪᠠᠷ ᠱᠠᠯᠠᠪᠳᠠᠭᠤᠯᠵᠠᠢ᠃ ᠵᠠᠭᠤ ᠭᠠᠷᠤᠢ ᠺᠠᠳ᠋ᠷ ᠠᠴᠠ ᠬᠠᠷᠢᠭᠤᠴᠠᠯᠭ᠎ᠠ ᠨᠡᠬᠡᠮᠵᠢᠯᠡᠬᠦ ᠳᠦ ᠰᠢᠭᠤᠳ ᠪᠤᠶᠤ ᠳᠠᠮ ᠢᠶᠠᠷ ᠣᠷᠣᠯᠴᠠᠵᠤ᠂ ᠶᠠᠳᠠᠭᠤ ᠠᠴᠠ ᠠᠩᠭᠢᠵᠢᠷᠠᠭᠤᠯᠬᠤ ᠡᠩᠨᠡᠭᠡ ᠶᠢ ᠬᠦᠴᠦᠲᠡᠢ ᠴᠡᠭᠴᠡᠯᠡᠨ ᠵᠠᠰᠠᠪᠠ᠃ ᠲᠡᠷᠡ ᠦᠨᠳᠦᠰᠦᠨ ᠱᠠᠲᠤᠨ ᠤ ᠨᠢᠭᠡᠳᠦᠭᠡᠷ ᠹᠷᠣᠨᠲ᠋ ᠤᠨ ᠶᠠᠳᠠᠭᠤ  ᠠᠴᠠ ᠠᠩᠭᠢᠵᠢᠷᠠᠭᠤᠯᠬᠤ ᠺᠠᠳ᠋ᠷᠴᠤᠳ  ᠢ ᠬᠠᠯᠠᠮᠵᠢᠯᠠᠨ ᠬᠠᠶᠢᠷᠠᠯᠠᠬᠤ ᠶᠢ ᠨᠠᠩ ᠴᠢᠬᠤᠯᠠᠴᠢᠯᠠᠵᠤ ᠂ ᠪᠥᠬᠥ ᠬᠣᠰᠢᠭᠤᠨ ᠤ 178 ᠵᠠᠰᠠᠭ ᠵᠠᠬᠢᠷᠭᠠᠨ ᠤ ᠲᠣᠰᠬᠣᠨ ᠳᠤ ᠰᠠᠭᠤᠭ᠎ᠠ ᠠᠵᠢᠯᠯᠠᠬᠤ ᠠᠩᠭᠢ ᠶᠢᠨ ᠳᠤᠯᠠᠭᠠᠯᠠᠭ᠎ᠠ ᠶᠢᠨ ᠲᠥᠬᠥᠭᠡᠷᠦᠮᠵᠢ ᠶᠢ ᠥᠭᠡᠷᠡᠴᠢᠯᠡᠬᠦ ᠶᠢ ᠴᠠᠭ ᠲᠤᠬᠠᠶ ᠳᠤᠨᠢ ᠰᠠᠨᠠᠭᠤᠯᠬᠤ ᠶᠢᠨ ᠬᠠᠮᠲᠤ ᠰᠢᠪᠠᠳᠠᠵᠤ ᠂ ᠭᠤᠷᠪᠠᠨ ᠵᠢᠯ ᠦᠨ ᠲᠤᠷᠰᠢ ᠪᠥᠬᠥ ᠬᠣᠰᠢᠭᠤᠨ ᠤ 2600 ᠭᠠᠷᠤᠶ ᠺᠠᠳ᠋ᠷᠴᠤᠳ  ᠤᠨ ᠨᠡᠭᠦᠷᠡᠰᠦᠲᠥ᠋ᠷᠥᠭᠴᠢ ᠶᠢᠨ ᠲᠠᠩ ᠢᠰᠦᠯ ᠳᠦ ᠬᠣᠸᠷᠳᠠᠭᠳᠠᠭᠰᠠᠨ  ᠠᠴᠠ ᠪᠣᠯᠤᠭᠰᠠᠨ ᠦᠬᠦᠯ ᠰᠢᠷᠬᠠᠲᠤᠯ ᠤᠨ ᠬᠡᠷᠡᠭ ᠨᠢᠭᠡ ᠴᠦ ᠭᠠᠷᠤᠭᠰᠠᠨ ᠥᠬᠡᠶ ᠪᠠᠶᠢᠬᠤ ᠶᠢ ᠦᠨᠡᠨ ᠬᠦ ᠪᠠᠲᠤᠯᠠᠪᠠ ᠃

W020210420611828799672.jpg      ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠡᠨ ᠳᠡᠭᠡᠳᠦᠯᠡᠵᠦ  ᠬᠠᠷᠠᠮ ᠦᠭᠡᠢ ᠬᠠᠮᠳᠢᠪᠯᠠᠬᠤ
      ᠳᠡᠯᠡᠬᠡᠶ ᠳ᠋ᠠᠬᠢᠨ ᠤ ᠶᠡᠬᠡ ᠶᠠᠪᠤᠳᠠᠯ ᠢ ᠡᠷᠬᠡᠪᠰᠢ ᠨᠠᠷᠢᠨ ᠶᠠᠪᠤᠳᠠᠯ ᠠᠴᠠ ᠬᠢᠬᠦ ᠬᠡᠷᠡᠭᠲᠡᠶ᠃ ᠲᠡᠷᠡ᠄ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠡᠭᠡᠳᠡᠷᠡᠭᠡᠨ ᠪᠤᠳᠤᠯᠢᠶᠠᠨᠲᠠᠢ᠂ ᠬᠡᠷᠪᠡ  ᠤᠨ ᠴᠢᠨᠠᠷᠲᠠᠢ ᠰᠡᠳᠬᠢᠴᠡ ᠪᠠᠶᠢᠬᠤ ᠦᠭᠡᠢ ᠪᠣᠯ ᠮᠠᠰᠢ ᠠᠮᠠᠷᠬᠠᠨ ᠡᠮᠬᠢ ᠵᠠᠮᠪᠠᠷᠠᠭ᠎ᠠ ᠦᠭᠡᠢ ᠪᠤᠯᠵᠤ᠂ ᠶᠠᠭᠠᠬᠢᠬᠤ ᠪᠠᠨ ᠤᠯᠬᠤ ᠦᠭᠡᠢ ᠪᠣᠯᠬᠤ ᠶᠤᠮ ᠭᠡᠵᠦ ᠬᠡᠯᠡᠪᠡ᠃ ᠡᠶᠢᠮᠦ ᠡᠴᠡ ᠲᠡᠷᠡ ᠠᠵᠢᠯ ᠤᠨ ᠡᠮᠬᠢ ᠵᠢᠷᠤᠮ ᠢ ᠣᠨᠴᠠ ᠴᠢᠬᠤᠯᠠᠴᠢᠯᠠᠵᠤ᠂ ᠤᠳᠠᠭ᠎ᠠ ᠪᠦᠷᠢ ᠶᠢᠨ ᠪᠠᠶᠢᠴᠠᠭᠠᠨ ᠰᠤᠳᠤᠯᠤᠯᠲᠠ ᠬᠢᠬᠦ ᠡᠴᠡ ᠪᠡᠨ ᠡᠮᠦᠨ᠎ᠡ ᠪᠦᠷ ᠨᠠᠷᠢᠨ ᠲᠣᠳᠣᠷᠬᠠᠶ ᠲᠣᠪᠴᠢ ᠵᠢᠭᠰᠠᠭᠠᠵᠤ  ᠃ ᠠᠵᠢᠯ ᠤᠨ ᠳᠤᠮᠳᠠ ᠪᠠᠨ ᠨᠠᠷᠢᠨ ᠵᠦᠢᠯᠡᠰ ᠢ ᠣᠨᠴᠠᠭᠠᠶᠢᠯᠠᠨ ᠴᠢᠬᠤᠯᠠᠴᠢᠯᠠᠵᠤ᠂ ᠮᠡᠳᠡᠬᠦ ᠦᠭᠡᠢ ᠠᠰᠠᠭᠤᠳᠠᠯ ᠳᠤ ᠲᠤᠯᠭᠠᠷᠠᠪᠠᠯ ᠴᠠᠭ ᠲᠤᠬᠠᠢ ᠳᠤᠨᠢ ᠳᠠᠷᠤᠤ ᠬᠢᠴᠢᠶᠡᠩᠭᠦᠢ ᠪᠡᠷ ᠵᠢᠭᠠᠯᠭᠠᠵᠤ᠂ ᠨᠠᠷᠢᠨ ᠵᠦᠢᠯᠡᠰ ᠢᠶᠡᠷ ᠳᠠᠮᠵᠢᠨ ᠪᠠᠭ᠎ᠠ ᠠᠴᠠ ᠶᠡᠬᠡ ᠶᠢ ᠣᠯᠵᠤ ᠮᠡᠳᠡᠨ᠂ ᠠᠰᠠᠭᠤᠳᠠᠯ ᠢ ᠢᠯᠡᠷᠡᠭᠦᠯᠬᠦ ᠬᠡᠷᠡᠭᠲᠡᠢ᠃ ᠭᠤᠷᠪᠠᠨ ᠵᠢᠯ ᠦᠨ ᠲᠤᠷᠰᠢ ᠂ ᠲᠡᠷᠡ ᠠᠵᠢᠯ ᠤᠨ ᠳᠤᠮᠳᠠ ᠪᠠᠨ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠷᠪᠠᠨ ᠬᠡᠳᠦᠨ ᠵᠦᠶᠯ ᠦᠨ ᠨᠡᠶᠢᠲᠡᠯᠢᠭ ᠴᠢᠨᠠᠷᠲᠠᠶ ᠠᠰᠠᠭᠤᠳᠠᠯ ᠢ ᠬᠤᠷᠢᠶᠠᠩᠭᠤᠶᠢᠯᠠᠨ ᠳ᠋ᠦᠩᠨᠡᠭᠰᠡᠨ ᠪᠥᠭᠡᠳ ᠣᠨᠴᠠᠯᠢᠭ ᠢᠶᠠᠷ ᠲᠣᠪᠣᠶᠢᠮ᠎ᠠ ᠬᠥᠳᠡᠭᠡ ᠲᠣᠰᠬᠣᠨ ᠂ ᠬᠠᠮᠢᠶ᠎ᠠ ᠪᠥᠬᠥᠶ ᠡᠭᠦᠷᠭᠡ ᠴᠢᠳᠠᠪᠤᠷᠢᠲᠤ ᠨᠢᠭᠡᠴᠡ ᠳᠦ ᠭᠦᠨᠵᠡᠭᠡᠶᠢᠷᠡᠨ ᠨᠠᠷᠢᠨ ᠪᠣᠳᠠᠲᠠᠶ ᠲᠣᠭ᠎ᠠ ᠪᠠᠷᠢᠮᠲᠠ ᠶᠢ ᠤᠶᠢᠯᠠᠭᠠᠨ ᠂ ᠢᠳᠡᠪᠬᠢᠲᠡᠶ ᠪᠡᠷ ᠠᠷᠭᠠᠴᠠᠬᠤ ᠠᠷᠭ᠎ᠠ ᠰᠦᠪᠡᠭᠴᠢᠯᠡᠵᠦ ᠂ ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ ᠳᠤ ᠵᠣᠬᠢᠬᠤ ᠦᠨ᠎ᠡ ᠥᠷᠲᠡᠭ ᠲᠡᠶ ᠯᠠᠪᠯᠠᠯᠲᠠ ᠶᠢᠨ ᠰᠠᠨᠠᠯ ᠬᠠᠩᠭᠠᠭᠰᠠᠨ ᠪᠠᠶᠢᠨ᠎ᠠ ᠃ ᠭᠤᠷᠪᠠᠨ ᠵᠢᠯ ᠦᠨ ᠲᠤᠷᠰᠢ ᠂ ᠤᠳᠤᠷᠢᠳᠤᠯᠭ᠎ᠠ ᠶᠢᠨ ᠡᠯ᠎ᠡ ᠲᠥᠷᠥᠯ ᠦᠨ ᠶᠠᠷᠢᠶ᠎ᠠ ᠶᠢ ᠨᠡᠶᠢᠲᠡ 37 ᠬᠤᠪᠢ ᠲᠤᠭᠤᠷᠪᠢᠵᠤ ᠂ ᠮᠡᠳᠡᠭᠡ ᠵᠠᠩᠭᠢ ᠶᠢ 89 ᠬᠤᠪᠢ ᠲᠤᠭᠤᠷᠪᠢᠵᠤ ᠂ ᠸᠢᠴᠠᠲ ᠤᠨ ᠨᠡᠶᠢᠲᠡ ᠶᠢᠨ ᠳ᠋ᠤᠭᠠᠷ ᠢ 17 ᠬᠤᠪᠢ ᠨᠠᠶᠢᠷᠠᠭᠤᠯᠤᠨ ᠲᠠᠷᠬᠠᠭᠠᠵᠤ ᠂ ᠠᠵᠢᠯ ᠤᠨ ᠶᠡᠷᠦᠩᠬᠡᠶ ᠠᠩᠭᠢ ᠶᠢᠨ ᠰᠠᠷ᠎ᠠ ᠶᠢᠨ ᠮᠡᠳᠡᠭᠦᠯᠦᠯᠲᠡ ᠂ ᠤᠯᠠᠷᠢᠯ ᠤᠨ ᠮᠡᠳᠡᠭᠦᠯᠦᠯᠲᠡ ᠶᠢ 20 ᠬᠤᠪᠢ ᠲᠤᠭᠤᠷᠪᠢᠵᠤ ᠂ ᠨᠡᠶᠢᠲᠡ 17 ᠭᠠᠷᠤᠶ ᠲᠦᠮᠡᠨ ᠥᠰᠥᠭ ᠲᠡᠶ ᠃ ᠡᠭᠦᠨ ᠳᠦ ︽ ᠨᠢᠭᠡ ᠶᠢ ᠴᠦ ᠣᠷᠬᠢᠭᠳᠠᠭᠤᠯᠵᠤ ᠪᠣᠯᠬᠤ ᠥᠬᠡᠶ  -- ᠶᠠᠮᠠᠷᠪᠠ ᠶᠠᠳᠠᠭᠤ ᠬᠦᠴᠢᠷᠳᠡᠯᠲᠡᠶ ᠡᠷᠦᠬᠡ ᠶᠢ ᠴᠦ ᠡᠩᠨᠡᠭᠡ ᠡᠴᠡ ᠬᠣᠴᠣᠷᠤᠭᠤᠯᠬᠤ ᠥᠬᠡᠶ ︾ ︽  ᠪᠢᠳᠡ ᠡᠬᠡ ᠤᠯᠤᠰ ᠲᠠᠶ ᠪᠠᠨ ᠬᠠᠮᠲᠤ ᠶᠠᠪᠤᠵᠤ ᠢᠷᠡᠭᠰᠡᠨ -- ᠨᠢᠭᠡ ᠪᠠᠶᠢᠴᠠᠭᠠᠬᠤ ᠠᠵᠢᠯᠲᠠᠨ ᠤ ᠶᠠᠳᠠᠭᠤ ᠶᠢ ᠲᠡᠳᠬᠦᠭᠰᠡᠨ ᠲᠡᠮᠳᠡᠭᠯᠡᠯ ︾ ︽ ᠬᠦᠢᠲᠡᠨ ᠰᠢᠯᠢ  ᠶᠢᠨ ᠲᠡᠮᠳᠡᠭᠯᠡᠯ ︾ ᠵᠡᠷᠭᠡ ᠶᠢ ᠥᠪᠥᠷ ᠮᠣᠩᠭᠣᠯ ᠤᠨ ᠪᠠᠶᠢᠴᠠᠭᠠᠬᠤ ᠣᠯᠠᠨ ᠨᠡᠶᠢᠲᠡ ᠶᠢᠨ ᠲᠠᠪᠴᠠᠩ ᠳᠠᠮᠵᠢᠭᠤᠯᠤᠨ ᠲᠠᠷᠬᠠᠭᠠᠪᠠ ᠃ ᠶᠠᠳᠠᠭᠤ ᠶᠢ ᠲᠡᠳᠬᠦᠬᠦ ᠰᠤᠯᠠ ᠲᠡᠮᠳᠡᠭᠯᠡᠯ︽ᠪᠠᠭ᠎ᠠ ᠴᠡᠷᠢᠭ ᠶᠡᠬᠡ ᠶᠠᠪᠤᠳᠠᠯ︾   ᠢ ᠤᠯᠤᠰ ᠤᠨ ᠵᠠᠭᠤᠴᠢᠯᠠᠭᠤᠷ ᠤᠨ ︽ᠪᠠᠶᠢᠴᠠᠭᠠᠬᠤ ᠡᠳᠦᠷ ᠦᠨ ᠰᠣᠨᠢᠨ︾᠋ ᠤ 2019 ᠣᠨ ᠤ 12 ᠰᠠᠷ᠎ᠠ ᠶᠢᠨ 14 ᠦ ᠡᠳᠦᠷ ᠦᠨ ᠳᠥᠷᠪᠡᠳᠦᠭᠡᠷ ᠨᠢᠭᠤᠷ ᠲᠤ ᠨᠡᠶᠢᠲᠡᠯᠡᠪᠡ︔ ︽ᠬᠦᠢᠲᠡᠨ ᠰᠢᠯᠢ  ᠶᠢᠨ ᠲᠡᠮᠳᠡᠭᠯᠡᠯ ︾ ᠢ ︽ ᠤᠯᠠᠭᠠᠨᠴᠠᠪ ᠤᠨ ᠡᠳᠦᠷ ᠦᠨ ᠰᠣᠨᠢᠨ ︾ ᠤ 2021 ᠣᠨ ᠤ 3 ᠰᠠᠷ᠎ᠠ ᠶᠢᠨ 12 ᠤᠨ ᠡᠳᠦᠷ ᠦᠨ ᠲᠠᠪᠤᠳᠤᠭᠠᠷ ᠬᠡᠪᠯᠡᠯ ᠦᠨ ︽ ᠳᠠᠯᠠᠨ ᠬᠠᠷ᠎ᠠ ᠠᠭᠤᠯᠠ ︾ ᠲᠤᠰᠬᠠᠶ ᠪᠤᠯᠤᠩ ᠳᠤ ᠨᠡᠶᠢᠲᠡᠯᠡᠪᠡ ︔ᠤᠷᠳᠤ ᠬᠤᠭᠤᠴᠠᠭᠠᠨ ᠤ ᠬᠦᠨᠳᠦ ᠳᠠᠷᠤᠭᠠᠰᠤ ᠲᠠᠶ ᠠᠵᠢᠯ ᠵᠡᠷᠭᠡ ᠰᠢᠯᠲᠠᠭᠠᠨ ᠠᠴᠠ ᠪᠤᠯᠵᠤ ᠲᠡᠷᠡ ᠪᠠᠮᠪᠠᠢ ᠪᠤᠯᠴᠢᠷᠬᠠᠢ ᠶᠢᠨ ᠠᠵᠢᠯᠯᠠᠭ᠎ᠠ ᠴᠢᠩᠭᠠᠷᠠᠬᠤ ᠬᠦᠨᠳᠦ ᠡᠪᠡᠳᠴᠢᠨ ᠳᠦ ᠨᠡᠷᠪᠡᠭᠳᠡᠪᠡ᠂ ᠲᠡᠷᠡ ᠰᠢᠷᠬᠠᠲᠤᠭᠰᠠᠨ ᠪᠤᠯᠪᠠᠴᠤ ᠲᠠᠶᠢᠨ  ᠤ ᠹᠷᠣᠨᠲ᠋ ᠠᠴᠠ ᠪᠠᠭᠤᠬᠤ ᠦᠭᠡᠢ᠂ ᠮᠥᠨ ᠯᠡ ᠡᠴᠡᠩᠬᠡᠶ ᠲᠤᠷᠠᠩᠬᠠᠢ ᠪᠡᠶ᠎ᠡ  ᠢᠶᠡᠷ  ᠢᠶᠡᠨ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠡᠮᠦᠨ᠎ᠡ ᠹᠷᠣᠨᠲ᠋ ᠲᠤ ᠲᠡᠮᠡᠦᠯᠦᠭᠰᠡᠭᠡᠷ ᠪᠠᠶᠢᠯ᠎ᠠ᠃ ᠤᠯᠠᠨ ᠲᠦᠮᠡᠨ ᠦ ᠬᠤᠪᠴᠠᠰᠤ ᠨᠢᠮᠭᠡᠨ ᠪᠠᠶᠢᠬᠤ ᠶᠢ ᠦᠵᠡᠭᠡᠳ᠂ ᠲᠡᠷᠡ ᠳᠠᠷᠤᠶ ᠥᠪᠡᠷ ᠦᠨ ᠬᠥᠪᠥᠩᠲᠡᠶ ᠬᠤᠪᠴᠠᠰᠤ ᠪᠠᠨ ᠲᠠᠢᠢᠯᠵᠤ ᠳᠡᠳᠡᠨ ᠳᠦ ᠡᠮᠦᠰᠬᠡᠳᠡᠭ︔ ᠤᠯᠠᠨ ᠲᠦᠮᠡᠨ ᠦ ᠣᠷᠣᠨ ᠰᠠᠭᠤᠴᠠ ᠳᠤ ᠭᠡᠮ ᠰᠣᠭᠣᠭ ᠣᠷᠣᠰᠢᠵᠤ ᠪᠠᠶᠢᠬᠤ ᠶᠢ ᠣᠯᠵᠤ ᠦᠵᠡᠭᠡᠳ᠂ ᠲᠡᠷᠡ ᠳᠠᠷᠤᠢ ᠲᠦᠷᠭᠡᠨ ᠬᠣᠯᠪᠣᠭᠳᠠᠯ ᠪᠦᠬᠦᠢ ᠪᠠᠶᠢᠭᠤᠯᠭ᠎ᠠ  ᠶᠢ ᠤᠷᠢᠶᠠᠯᠠᠨ ᠰᠢᠢᠳᠪᠦᠷᠢᠯᠡᠭᠦᠯᠵᠡᠢ᠃ ᠠᠵᠢᠯ ᠤᠨ ᠠᠮᠵᠢᠯᠲᠠ ᠲᠤᠪᠤᠢᠢᠮ᠎ᠠ ᠪᠣᠯᠬᠣᠷ᠂ 2020 ᠣᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠵᠠᠰᠠᠭ ᠤᠨ ᠣᠷᠳᠣᠨ ᠳᠤ ᠪᠦᠬᠦ ᠣᠷᠣᠨ ᠤ ᠲᠡᠷᠢᠭᠦᠨ ᠦ ᠠᠵᠢᠯᠳᠠᠨ ᠢᠶᠠᠷ ᠦᠨᠡᠯᠡᠭᠳᠡᠪᠡ᠃

W020210420611829041017.jpg

ᠲᠥᠪ ᠭᠣᠣᠯᠴᠢ ᠶᠢ ᠰᠠᠬᠢᠵᠤ ᠦᠨᠡᠨᠴᠢ ᠰᠢᠳᠤᠷᠭᠤ ᠪᠠᠷ ᠥᠨᠢ ᠤᠳᠠᠭᠠᠨ ᠭᠠᠪᠢᠶ᠎ᠠ ᠪᠠᠶᠢᠭᠤᠯᠬᠤ
       ᠽᠠᠩ ᠺᠸ ᠵᠢᠶᠠ ᠬᠡᠯᠡᠬᠦ ᠳᠡᠭᠡᠨ ᠂ ︽ ᠵᠠᠷᠢᠮ ᠬᠥᠮᠦᠨ   ᠤ ᠠᠮᠢᠳᠤᠷᠠᠵᠤ ᠪᠠᠶᠢᠬᠤ ᠨᠢ ᠣᠯᠠᠩᠬᠢ ᠬᠥᠮᠦᠨ ᠦ ᠨᠡᠩ ᠰᠠᠶᠢᠨ ᠠᠮᠢᠲᠤᠷᠡᠬᠤ  ᠶᠢᠨ ᠲᠥᠯᠥᠭᠡ ᠪᠤᠯᠤᠨ᠎ᠠ ︾ ᠂ ᠡᠨᠡ ᠨᠢ ᠮᠥᠨ ᠴᠦ ᠡᠪ ᠬᠠᠮᠲᠤ ᠨᠠᠮ ᠤᠨ ᠭᠡᠰᠢᠭᠦᠨ ᠳᠦ ᠲᠠᠯᠪᠢᠵᠤ ᠪᠠᠶᠢᠭ᠎ᠠ ᠬᠠᠮᠤᠭ ᠤᠨ ᠦᠨᠳᠦᠰᠦᠨ ᠱᠠᠭᠠᠷᠳᠠᠯᠭ᠎ᠠ ᠮᠥᠨ ᠃ ᠲᠡᠷᠡ ᠬᠡᠯᠡᠬᠦ ᠳᠡᠭᠡᠨ ᠄ ︽ ᠦᠨᠡᠨ ᠪᠠᠶᠢᠳᠠᠯ  ᠢ ᠣᠶᠢᠯᠠᠭᠠᠶ᠎ᠠ ᠭᠡᠪᠡᠯ ᠡᠷᠬᠡᠪᠰᠢ ᠣᠯᠠᠨ ᠲᠦᠮᠡᠨ ᠦ ᠳᠤᠮᠳᠠ ᠦᠨᠡᠨ ᠬᠦ ᠠᠭᠤᠰᠤᠨ ᠣᠷᠣᠵᠤ ᠂ ᠣᠯᠠᠨ ᠲᠦᠮᠡᠨ ᠳᠦ ᠪᠢᠳᠡ ᠪᠣᠯ ᠳᠠᠷᠤᠶ ᠲᠡᠳᠡ ᠮᠥᠨ ᠭᠡᠵᠦ ᠮᠡᠳᠡᠭᠦᠯᠬᠦ ᠬᠡᠷᠡᠭᠲᠡᠶ ᠂ ᠭᠠᠭᠴᠠ ᠬᠦ ᠰᠡᠳᠬᠢᠯ ᠣᠶᠢᠷᠠᠳᠪᠠᠯ ᠣᠯᠠᠨ ᠲᠦᠮᠡᠨ ᠰᠠᠶ᠋ᠢ ᠪᠢᠳᠡᠨ ᠳᠦ ᠰᠡᠳᠬᠢᠯ ᠦᠨ ᠦᠭᠡ ᠪᠡᠨ ᠬᠡᠯᠡᠵᠦ ᠥᠭᠴᠦ ᠴᠢᠳᠠᠨ᠎ᠠ ︾ ᠭᠡᠵᠡᠶ ᠃ ᠡᠶᠢᠮᠦ ᠡᠴᠡ ᠬᠠᠮᠢᠭ᠎ᠠ ᠣᠴᠢᠭᠰᠠᠨ ᠴᠤ ᠶᠡᠷᠦ ᠨᠢ ᠨᠤᠲᠤᠭ ᠤᠨ ᠬᠥᠮᠦᠰ ᠦᠨ ᠬᠥᠷᠥᠭᠡᠭᠦᠷ᠂ ᠤᠰᠤᠨ ᠭᠠᠩ ᠢ ᠨᠢ ᠨᠡᠭᠡᠭᠡᠵᠦ᠂ ᠰᠡᠷᠢᠭᠦᠨ ᠭᠡᠷ ᠢ ᠨᠢ ᠦᠵᠡᠵᠦ᠂ ᠣᠯᠠᠨ ᠲᠦᠮᠡᠨ ᠦ ᠦᠭᠬᠦᠭᠰᠡᠨ ᠤᠰᠤ ᠶᠢ ᠤᠤᠭᠤᠵᠤ᠂ ᠣᠯᠠᠨ ᠲᠦᠮᠡᠨ ᠦ ᠡᠩ ᠦᠨ ᠬᠣᠭᠣᠯᠠ ᠶᠢ ᠠᠮᠲᠠᠯᠠᠨ᠂ ᠣᠯᠠᠨ ᠲᠦᠮᠡᠨ ᠯᠦᠭᠡ ᠶᠢᠨ ᠬᠠᠷᠢᠴᠠᠭ᠎ᠠ ᠶᠢ ᠣᠶᠢᠷᠠᠲᠤᠭᠤᠯᠵᠤ᠂ ᠲᠡᠳᠡᠨ ᠦ ᠡᠷᠡᠭᠡᠯᠵᠡᠯ ᠢ ᠠᠷᠢᠯᠭᠠᠵᠤ᠂ ᠡᠭᠦᠨ ᠦ ᠤᠯᠠᠮ ᠠᠴᠠ ᠮᠠᠰᠢ ᠣᠯᠠᠨ ᠦᠨᠡᠨ ᠪᠣᠳᠠᠲᠠᠶ ᠪᠠᠶᠢᠳᠠᠯ ᠢ ᠣᠶᠢᠯᠠᠭᠠᠵᠤ  ᠮᠡᠲᠡᠲᠡᠭ ᠃ ᠲᠡᠷᠡ ᠤᠳᠠᠭ᠎ᠠ ᠪᠦᠷᠢ ᠣᠶᠢᠯᠠᠭᠠᠵᠤ ᠮᠡᠳᠡᠭᠰᠡᠨ ᠠᠰᠠᠭᠤᠳᠠᠯ ᠢᠶᠠᠨ ᠲᠦᠷᠦᠯ ᠵᠦᠢᠯ ᠬᠤᠪᠢᠶᠠᠨ ᠨᠠᠷᠢᠨ ᠨᠢᠭᠲᠠ ᠰᠠᠶᠢᠲᠤᠷ ᠲᠡᠮᠳᠡᠭᠯᠡᠵᠦ᠂ ᠵᠦᠢᠯ ᠳᠠᠷᠠᠭᠠᠯᠠᠨ ᠬᠢᠨᠠᠨ ᠬᠠᠷᠭᠤᠭᠤᠯᠤᠭᠰᠠᠨ ᠤ ᠳᠠᠷᠠᠭ᠎ᠠ ᠬᠣᠯᠪᠣᠭᠳᠠᠯ ᠪᠦᠬᠦᠢ ᠬᠠᠷᠢᠭᠤᠴᠠᠬᠤ ᠰᠠᠯᠠᠭ᠎ᠠ ᠮᠥᠴᠢᠷ ᠲᠦ ᠬᠠᠷᠢᠭᠤ ᠲᠤᠰᠬᠠᠬᠤ ᠶᠢᠨ ᠬᠠᠮᠲᠤ ᠰᠢᠶᠳᠪᠦᠷᠢᠯᠡᠭᠰᠡᠨ ᠠᠬᠢᠴᠠ ᠶᠢ ᠮᠥᠷᠳᠡᠵᠦ᠂ ᠠᠰᠠᠭᠤᠳᠠᠯ ᠢ ᠪᠦᠬᠦ ᠲᠠᠯ᠎ᠠ ᠪᠠᠷ ᠰᠢᠶᠳᠪᠦᠷᠢᠯᠡᠲᠡᠯ᠎ᠡ ᠮᠥᠷᠳᠡᠳᠡᠭ᠃ ᠲᠡᠷᠡ ᠬᠡᠯᠡᠬᠦ ᠳᠡᠭᠡᠨ ᠂ ᠣᠯᠠᠨ ᠲᠦᠮᠡᠨ ᠦ ᠤᠴᠢᠷ ᠶᠠᠪᠤᠳᠠᠯ ᠳᠤ ᠪᠠᠭ᠎ᠠ ᠶᠠᠪᠤᠳᠠᠯ ᠭᠡᠵᠦ ᠥᠬᠡᠶ ᠂ ᠣᠯᠠᠨ ᠲᠦᠮᠡᠨ ᠦ ᠳᠤᠷᠠᠳᠤᠭᠰᠠᠨ ᠠᠰᠠᠭᠤᠳᠠᠯ  ᠢ ᠲᠡᠷᠡ ᠳᠠᠷᠤᠶ ᠳᠤᠨᠢ ᠬᠠᠷᠢᠭᠤᠯᠵᠤ ᠳᠡᠶᠢᠯᠬᠦ ᠡᠴᠡ ᠪᠤᠰᠤᠳ ᠠᠰᠠᠭᠤᠳᠠᠯ  ᠢ ᠴᠥᠮ ᠨᠠᠷᠢᠨ ᠬᠢᠨᠠᠮᠠᠭᠠᠶ ᠲᠡᠮᠳᠡᠭᠯᠡᠵᠦ ᠂ ᠬᠠᠷᠢᠯᠴᠠᠬᠤ ᠠᠷᠭ᠎ᠠ ᠮᠠᠶ᠋ᠢᠭ  ᠢ ᠰᠠᠶᠢᠲᠤᠷ ᠦᠯᠡᠳᠡᠭᠡᠨ ᠬᠠᠳᠠᠭᠠᠯᠠᠵᠤ ᠂ ᠬᠣᠯᠪᠣᠭᠳᠠᠯ ᠪᠥᠬᠥᠶ ᠰᠠᠯᠠᠭ᠎ᠠ ᠮᠥᠴᠢᠷ ᠨᠢᠭᠡᠴᠡ ᠡᠴᠡ ᠴᠠᠭ ᠲᠤᠬᠠᠶ ᠳᠤᠨᠢ ᠠᠰᠠᠭᠤᠨ ᠯᠠᠪᠯᠠᠵᠤ ᠂ ᠲᠥᠷᠥ  ᠶᠢᠨ ᠪᠣᠳᠣᠯᠭ᠎ᠠ  ᠶᠢ ᠲᠣᠳᠣᠷᠬᠠᠶᠢᠯᠠᠭᠰᠠᠨ ᠤ ᠳᠠᠷᠠᠭ᠎ᠠ ᠲᠡᠷᠡ ᠳᠠᠷᠤᠶ ᠳᠤᠨᠢ ᠬᠠᠷᠢᠭᠤ ᠲᠤᠰᠬᠠᠳᠠᠭ ᠭᠡᠵᠡᠶ ᠃ ᠬᠥᠳᠡᠭᠡ ᠪᠠᠭᠤᠬᠤ ᠶᠠᠪᠤᠴᠠ ᠳᠤ ᠨᠠᠰᠤᠲᠠᠨ ᠤ ᠬᠦᠯ ᠭᠠᠷ ᠳᠥᠭᠥᠮ ᠦᠭᠡᠢ ᠡᠴᠡ ᠪᠤᠯᠵᠤ᠂ ᠬᠠᠪᠰᠤᠷᠴᠤ ᠪᠠᠶᠢᠭᠠᠳ ᠪᠠᠭ᠎ᠠ ᠰᠠᠭ᠎ᠠ ᠶᠠᠭᠤᠮ᠎ᠠ ᠬᠤᠳᠠᠯᠳᠤᠨ ᠠᠪᠴᠤ ᠦᠭᠬᠦ ᠵᠡᠷᠭᠡ ᠶᠠᠪᠤᠳᠠᠯ ᠲᠣᠬᠢᠶᠠᠯᠳᠤᠪᠠᠯ᠂ ᠲᠡᠷᠡ ᠶᠡᠷᠦ ᠨᠢ ᠨᠠᠷᠢᠨ ᠲᠡᠮᠳᠡᠭᠯᠡᠵᠦ᠂ ᠠᠯᠢ ᠲᠦᠷᠭᠡᠨ ᠢᠶᠡᠷ ᠤᠯᠠᠨ ᠲᠦᠮᠡᠨ ᠦ ᠭᠠᠷ ᠲᠤ ᠬᠦᠷᠭᠡᠵᠦ ᠥᠭᠲᠡᠭ᠃ ᠡᠲᠡᠭᠡᠷ ᠪᠠᠭ᠎ᠠ ᠶᠠᠪᠤᠳᠠᠯ ᠢᠶᠠᠷ ᠳᠠᠮᠵᠢᠭᠤᠯᠤᠨ ᠂ ᠣᠯᠠᠨ ᠲᠦᠮᠡᠨ ᠦ ᠰᠡᠳᠬᠢᠯ ᠢ ᠳᠤᠯᠠᠭᠠᠴᠠᠭᠤᠯᠵᠤ ᠂ ᠨᠠᠮ ᠤᠨ ᠬᠡᠷᠡᠯ ᠰᠠᠴᠤᠷᠠᠩᠭᠤᠶ ᠳᠦᠷᠢ ᠲᠥᠷᠬᠦ ᠶᠢ ᠣᠯᠠᠨ ᠲᠦᠮᠡᠨ ᠦ ᠰᠡᠳᠬᠢᠯ ᠳᠦ ᠦᠨᠳᠦᠰᠦᠯᠡᠭᠦᠯᠵᠦ ᠂ ᠣᠯᠠᠨ ᠲᠦᠮᠡᠨ ᠤᠬᠠᠮᠰᠠᠷ  ᠠᠴᠠ ᠪᠠᠨ ᠨᠠᠮ ᠤᠨ ᠳᠠᠭᠠᠭᠤᠯᠭ᠎ᠠ ᠶᠢ ᠳᠠᠭᠠᠵᠤ ᠂ ᠺᠠᠳ᠋ᠷ ᠣᠯᠠᠨ ᠲᠦᠮᠡᠨ ᠰᠡᠳᠬᠢᠯ ᠨᠢᠭᠡᠳᠦᠨ ᠂ ᠶᠠᠳᠠᠭᠤ  ᠠᠴᠠ ᠠᠩᠭᠢᠵᠢᠷᠠᠭᠤᠯᠬᠤ ᠪᠡᠷᠬᠡ ᠰᠡᠳᠦᠪ  ᠢ ᠰᠢᠶᠳᠪᠦᠷᠢᠯᠡᠬᠦ ᠡᠷᠡᠮᠡᠬᠡᠶᠢᠯᠡᠨ ᠤᠷᠤᠭᠰᠢᠯᠠᠬᠤ ᠰᠦᠷ ᠳᠠᠯᠠᠶᠢᠴᠠᠲᠠᠶ ᠬᠦᠴᠦᠨ ᠴᠢᠳᠠᠯ  ᠢ ᠨᠢᠭᠲᠠᠷᠠᠭᠤᠯᠤᠭᠰᠠᠨ ᠪᠠᠶᠢᠨ᠎ᠠ ᠃ 2020 ᠣᠨ ᠤ ᠡᠬᠢᠨ ᠳᠦ ᠂ ᠭᠡᠨᠡᠳᠲᠡ ᠡᠭᠦᠰᠦᠭᠰᠡᠨ ᠰᠢᠨ᠎ᠡ ᠪᠡᠷ ᠳᠡᠯᠭᠡᠷᠡᠭᠰᠡᠨ ᠬᠢᠵᠢᠭ ᠦᠨ ᠪᠠᠶᠢᠳᠠᠯ ᠤᠨ ᠡᠮᠦᠨ᠎ᠡ ᠂ ᠲᠡᠷᠡ ᠳᠠᠷᠤᠶ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ ᠤ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ᠋ ᠲᠤ ᠬᠦᠷᠴᠦ ᠂ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠣᠷᠣᠯᠴᠠᠵᠤ ᠂ ᠪᠥᠬᠥ ᠬᠣᠰᠢᠭᠤᠨ ᠤ ᠵᠠᠮ ᠬᠠᠷᠢᠯᠴᠠᠭᠠᠨ ᠤ ᠴᠢᠬᠤᠯᠠ ᠱᠤᠭᠤᠮ ᠳᠤ ᠭᠦᠨᠵᠡᠭᠡᠶᠢᠷᠡᠨ ᠂ ᠬᠤᠷᠢᠭ᠎ᠠ ᠪᠠᠶᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠵᠤ ᠂ ᠨᠠᠮ ᠤᠨ ᠵᠣᠬᠢᠶᠠᠨ ᠪᠠᠶᠢᠭᠤᠯᠤᠯᠲᠠ ᠪᠠᠷ ᠳᠠᠮᠵᠢᠭᠤᠯᠤᠨ ᠂ ᠨᠠᠮ ᠤᠨ ᠰᠦᠶᠳᠬᠡᠯ ᠦᠨ ᠠᠷᠭ᠎ᠠ ᠮᠠᠶ᠋ᠢᠭ ᠢᠶᠠᠷ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ᠋ ᠲᠤ ᠥᠪᠡᠷ ᠦᠨ ᠬᠦᠴᠦᠨ ᠴᠢᠳᠠᠯ ᠢᠶᠠᠨ ᠢᠳᠡᠪᠬᠢᠲᠡᠶ ᠪᠡᠷ ᠡᠷᠭᠦᠪᠡ ᠃ ᠲᠡᠷᠡ ᠬᠥᠳᠡᠭᠡ ᠲᠣᠰᠬᠣᠨ ᠤ ᠭᠡᠷ ᠢᠶᠡᠨ ᠰᠠᠬᠢᠵᠤ ᠬᠣᠴᠣᠷᠤᠭᠰᠠᠨ ᠬᠡᠦᠬᠡᠳ ᠦᠨ ᠡᠷᠡᠭᠦᠯ ᠢᠶᠡᠷ ᠦᠰᠦᠨ ᠪᠣᠶᠢᠵᠢᠬᠤ ᠶᠢ ᠬᠠᠯᠠᠮᠵᠢᠯᠠᠨ ᠬᠠᠶᠢᠷᠠᠯᠠᠵᠤ᠂ ᠬᠥᠬᠡᠬᠣᠲᠠ ᠶᠢᠨ ᠰᠠᠶᠢᠬᠠᠨ ᠲᠣᠭᠣᠷᠢᠭ ᠤᠨ ᠨᠠᠨ ᠮᠧᠨ ᠸᠠᠢ ᠪᠠᠭ᠎ᠠ ᠰᠤᠷᠭᠠᠭᠤᠯᠢ ᠶᠢᠨ ᠸᠠᠨ ᠳ᠋ᠠ ᠬᠤᠪᠢᠶᠠᠷᠢ ᠰᠤᠷᠭᠠᠭᠤᠯᠢ ᠪᠣᠯᠤᠨ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ ᠤ ᠭᠤᠸᠠᠩ ᠢ ᠯᠦᠩ ᠲᠤᠰᠬᠤᠨ ᠤ ᠪᠠᠭ᠎ᠠ ᠰᠤᠷᠭᠠᠭᠤᠯᠢ᠂ ᠲᠤ ᠴᠧᠩ ᠽᠢ ᠰᠢᠶᠠᠩ ᠤᠨ ᠬᠣᠩ ᠲᠦ᠋ ᠭᠸᠡ ᠳ᠋ᠠ  ᠪᠠᠭ᠎ᠠ ᠰᠤᠷᠭᠠᠭᠤᠯᠢ ᠲᠠᠶ ᠨᠥᠬᠥᠷᠯᠡᠯ ᠦᠨ ᠰᠤᠷᠭᠠᠭᠤᠯᠢ ᠪᠠᠶᠢᠭᠤᠯᠬᠤ ᠶᠢ ᠢᠳᠡᠪᠬᠢᠲᠡᠢ ᠵᠣᠬᠢᠴᠠᠭᠤᠯᠤᠭᠰᠠᠨ ᠪᠥᠭᠡᠳ ᠨᠠᠨ ᠮᠧᠨ ᠸᠠᠢ ᠪᠠᠭ᠎ᠠ ᠰᠤᠷᠭᠠᠭᠤᠯᠢ ᠶᠢᠨ ᠸᠠᠨ ᠳ᠋ᠠ ᠬᠤᠪᠢᠶᠠᠷᠢ ᠰᠤᠷᠭᠠᠭᠤᠯᠢ ᠶᠢ ᠣᠷᠣᠯᠠᠨ ᠳᠡᠭᠡᠷ᠎ᠡ ᠳᠤᠷᠠᠳᠤᠭᠰᠠᠨ ᠬᠣᠶᠠᠷ ᠪᠠᠭ᠎ᠠ ᠰᠤᠷᠭᠠᠭᠤᠯᠢ ᠶᠢᠨ 60 ᠭᠠᠷᠤᠢ ᠰᠤᠷᠤᠭᠴᠢᠳ ᠲᠤ 2000 ᠭᠠᠷᠤᠢ ᠲᠥᠭᠥᠷᠢᠭ ᠦᠨ ᠦᠷᠳᠡᠭ ᠲᠡᠶ ᠰᠤᠷᠤᠯᠭ᠎ᠠ ᠶᠢᠨ ᠬᠡᠷᠡᠭᠰᠡᠯ ᠬᠦᠷᠭᠡᠪᠡ᠃

W020210420611829389826.jpg

      ᠲᠡᠭᠦᠨ ᠦ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ ᠤ ᠥᠷᠭᠡᠨ ᠤᠯᠠᠨ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠺᠠᠳ᠋ᠷ ᠤᠯᠠᠨ ᠲᠦᠮᠡᠨ  ᠤ ᠬᠠᠮᠲᠤ ᠶᠢᠨ ᠲᠡᠮᠡᠴᠡᠯ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ 2020 ᠣᠨ ᠤ 2 ᠰᠠᠷ᠎ᠠ ᠶᠢᠨ 24 ᠦ ᠡᠳᠦᠷ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ︽ᠬᠣᠶᠠᠷ ᠲᠤ ᠵᠣᠪᠠᠬᠤ ᠦᠭᠡᠢ ᠭᠤᠷᠪᠠ ᠶᠢ ᠪᠠᠲᠤᠯᠠᠬᠤ︾ ᠵᠡᠷᠭᠡ ᠡᠯ᠎ᠡ ᠵᠦᠢᠯ ᠦᠨ ᠲᠣᠭ᠎ᠠ ᠪᠠᠷᠢᠮᠲᠠ ᠨᠢ ᠶᠠᠳᠠᠭᠤ ᠠᠴᠠ ᠠᠩᠭᠢᠵᠢᠷᠠᠭᠤᠯᠬᠤ ᠪᠠᠷᠢᠮᠵᠢᠶ᠎ᠠ ᠳᠤ ᠬᠦᠷᠦᠭᠰᠡᠨ ᠢ ᠨᠡᠶᠢᠲᠡᠯᠡᠵᠦ᠂ ᠶᠠᠳᠠᠭᠤ ᠬᠦᠴᠢᠷᠳᠡᠯᠲᠡᠢ ᠬᠣᠰᠢᠭᠤ ᠰᠢᠶᠠᠨ ᠤ ᠲᠡᠰ ᠳᠠᠷᠠᠭᠠᠯᠠᠯ ᠠᠴᠠ ᠭᠠᠷᠤᠭᠰᠠᠨ ᠢ ᠵᠠᠷᠯᠠᠪᠠ᠃ 2020 ᠣᠨ ᠤ 11 ᠰᠠᠷ᠎ᠠ ᠳᠤ᠂ ᠦᠯᠡᠳᠡᠭᠰᠡᠨ 215 ᠡᠷᠦᠬᠡ ᠶᠢᠨ 419 ᠬᠥᠮᠦᠨ ᠪᠦᠬᠦᠨ ᠢᠶᠡᠷ ᠢᠶᠡᠨ ᠶᠠᠳᠠᠭᠤ ᠠᠴᠠ ᠠᠩᠭᠢᠵᠢᠷᠠᠪᠠ᠃ ᠡᠨᠳᠡ ᠬᠦᠷᠦᠭᠡᠳ ᠂ ᠪᠥᠬᠥ ᠬᠣᠰᠢᠭᠤᠨ ᠤ ᠳᠡᠩᠰᠡᠯᠡᠨ ᠺᠠᠷᠲ᠋ᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ 11500 ᠡᠷᠦᠬᠡ 24533 ᠪᠣᠯᠵᠣ ᠂ ︽ ᠬᠣᠶᠠᠷ ᠲᠤ ᠵᠣᠪᠠᠬᠤ ᠥᠬᠡᠶ ᠂ ᠭᠤᠷᠪᠠ ᠶᠢ ᠪᠠᠲᠤᠯᠠᠬᠤ ︾ ᠠᠰᠠᠭᠤᠳᠠᠯ ᠢ ᠨᠢᠭᠡᠨᠲᠡ ᠪᠦᠬᠦᠨ ᠢ ᠰᠢᠶᠳᠪᠦᠷᠢᠯᠡᠵᠦ ᠂ ᠪᠥᠬᠥ ᠬᠣᠰᠢᠭᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠂ ᠶᠠᠳᠠᠭᠤᠷᠠᠯ ᠤᠨ ᠡᠭᠦᠰᠦᠯᠲᠡ ᠶᠢᠨ ᠨᠣᠷᠮ᠎ᠠ ᠶᠢᠨ ᠬᠣᠶᠠᠷ ᠲᠣᠭ᠎ᠠ ᠪᠠᠷᠢᠮᠲᠠ ᠶᠢ ᠪᠦᠷᠢᠮᠦᠰᠦᠨ ᠦᠭᠡᠶᠢᠰᠬᠡᠵᠦ ᠂ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ ᠤ ᠲᠤᠶᠢᠯ ᠤᠨ ᠶᠠᠳᠠᠭᠤ ᠬᠦᠴᠢᠷᠳᠡᠯ ᠦᠨ ᠠᠰᠠᠭᠤᠳᠠᠯ ᠢ ᠲᠡᠸᠬᠡᠲᠦ ᠴᠢᠨᠠᠷᠲᠠᠶ ᠪᠠᠷ ᠰᠢᠶᠳᠪᠦᠷᠢᠯᠡᠵᠦ ᠂ ᠪᠥᠬᠥ ᠬᠣᠰᠢᠭᠤᠨ ᠤ ᠣᠯᠠᠨ ᠲᠦᠮᠡᠨ ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ ᠴᠢᠭᠯᠡᠯ ᠢᠶᠡᠷ ᠣᠮᠣᠭ ᠲᠡᠭᠦᠯᠳᠡᠷ ᠢᠶᠡᠷ ᠤᠷᠤᠭᠰᠢᠯᠠᠵᠤ ᠪᠠᠶᠢᠨ᠎ᠠ ᠃

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro