ᠲᠡᠷᠢᠭᠦᠨ ᠨᠢᠭᠤᠷ  -  ᠪᠠᠶᠢᠴᠠᠭᠠᠬᠤ ᠬᠤᠰᠢᠭᠤᠴᠢ

ᠰᠦᠶ ᠶᠠ ᠵᠢᠩ ᠄ ᠰᠢᠳᠤᠷᠭᠤ ᠶᠣᠰᠣ ᠶᠢ ᠰᠠᠬᠢᠨ ᠬᠠᠮᠠᠭᠠᠯᠠᠬᠤ ᠬᠠᠩᠭᠢᠨᠠᠮ᠎ᠠ ᠰᠠᠷᠭᠠᠶ

2021-05-19 14:41:49
ᠵᠣᠬᠢᠶᠠᠭᠴᠢ
ᠭᠡᠭᠡᠷᠡᠯ

W020210420608000392942.jpg

ᠵᠠᠯᠠᠭᠤ ᠨᠠᠰᠤᠨ ᠳᠠᠭᠠᠨ ᠣᠰᠣᠯᠳᠠᠬᠤ ᠦᠭᠡᠢ
    ᠬᠡᠷᠡᠭ ᠰᠢᠶᠳᠪᠦᠷᠢᠯᠡᠬᠦ ᠨᠢᠭᠡᠳᠦᠭᠡᠷ ᠹᠷᠣᠨᠲ᠋ ᠲᠤ ᠠᠩᠬ᠎ᠠ ᠠᠵᠢᠯᠯᠠᠬᠤ ᠳᠤ᠂ ᠰᠦᠶ ᠶᠠ ᠵᠢᠩ ᠥᠪᠡᠷ ᠦᠨ ᠣᠨᠣᠯ ᠤᠨ ᠰᠤᠷᠤᠯᠴᠠᠯᠭ᠎ᠠ ᠨᠢ ᠬᠠᠤᠯᠢ ᠴᠠᠭᠠᠵᠠ ᠶᠢᠨ ᠦᠢᠯᠡᠳᠦᠯᠭᠡ ᠲᠡᠶ ᠪᠠᠰᠠ ᠵᠣᠬᠢᠬᠤ ᠵᠥᠷᠢᠶ᠎ᠡ ᠲᠡᠶ ᠪᠠᠶᠢᠬᠤ ᠪᠠᠨ ᠣᠯᠵᠤ ᠮᠡᠳᠡᠭᠡᠳ ᠂ ᠲᠡᠷᠡ ᠪᠡᠶ᠎ᠡ ᠪᠡᠨ ᠬᠢᠴᠢᠶᠡᠵᠦ᠂ ᠳᠠᠷᠤᠤ ᠬᠢᠴᠢᠶᠡᠩᠭᠦᠶ ᠪᠡᠷ ᠠᠰᠠᠭᠤᠨ ᠯᠠᠪᠯᠠᠵᠤ᠂ ᠬᠡᠷᠡᠭ ᠨᠢᠭᠡᠪᠦᠷᠢ ᠶᠢ ᠰᠢᠶᠳᠪᠦᠷᠢᠯᠡᠬᠦ ᠪᠡᠷ ᠳᠠᠮᠵᠢᠭᠤᠯᠤᠨ ᠤᠳᠤᠷᠢᠳᠤᠯᠭ᠎ᠠ ᠬᠠᠮᠲᠤ ᠠᠵᠢᠯᠯᠠᠭᠴᠢ ᠠᠴᠠ ᠪᠠᠨ ᠰᠤᠷᠤᠯᠴᠠᠵᠤ᠂ ᠥᠪᠡᠷ ᠦᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠡᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠷᠢᠳ ᠬᠣᠵᠢᠳ ᠡᠷᠡᠭᠦᠦ ᠶᠢᠨ ᠬᠡᠷᠡᠭ ᠢ ᠪᠠᠶᠢᠴᠠᠭᠠᠬᠤ ᠠᠯᠪᠠᠨ ᠵᠠᠭᠠᠯᠳᠤᠯᠭ᠎ᠠ᠂ ᠲᠤᠷᠰᠢᠨ ᠪᠠᠶᠢᠴᠠᠭᠠᠯᠲᠠ  ᠳᠤ ᠬᠢᠨᠠᠯᠲᠡ ᠲᠠᠯᠪᠢᠬᠤ ᠵᠡᠷᠭᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠲᠦ ᠠᠵᠢᠯᠯᠠᠵᠤ᠂ ᠪᠠᠷᠢᠪᠴᠢᠯᠠᠬᠤ ᠪᠠ ᠵᠠᠭᠠᠯᠳᠤᠬᠤ ᠶᠢ ᠨᠢᠭᠡ ᠴᠤᠭᠴᠠᠵᠢᠭᠤᠯᠤᠭᠰᠠᠨ ᠬᠠᠤᠯᠢ ᠴᠠᠭᠠᠵᠠ ᠶᠢᠨ ᠥᠭᠡᠷᠡᠴᠢᠯᠡᠯᠲᠡ ᠳᠦ ᠵᠣᠬᠢᠴᠠᠭᠤᠯᠤᠨ᠂ ᠥᠪᠡᠷ ᠦᠨ ᠳᠠᠭᠠᠭᠠᠨ  ᠰᠢᠢᠳᠭᠡᠭᠰᠡᠨ ᠬᠡᠷᠡᠭ ᠲᠦ ᠨᠢᠭᠡ ᠴᠦ ᠪᠤᠷᠤᠭᠤ ᠬᠡᠷᠡᠭ ᠦᠭᠡᠢ ᠪᠠᠶᠢᠬᠤ ᠶᠢ ᠦᠨᠡᠨ ᠬᠦ ᠪᠠᠲᠤᠯᠠᠪᠠ᠃ ᠠᠷᠪᠠᠨ ᠬᠡᠳᠦᠨ ᠵᠢᠯ ᠦᠨ ᠪᠠᠶᠢᠴᠠᠭᠠᠬᠤ ᠠᠵᠢᠯ  ᠢ ᠬᠢᠭᠰᠡᠨ  ᠡᠴᠡ ᠠᠪᠤᠭᠠᠳ ᠂ ᠲᠠᠰᠤᠷᠠᠯᠲᠠ ᠦᠭᠡᠢ ᠬᠤᠷᠠᠮᠳᠤᠭᠤᠯᠤᠨ ᠳᠡᠭᠡᠭᠰᠢᠯᠡᠭᠦᠯᠵᠦ᠂ ᠤᠷᠢᠳ ᠬᠣᠵᠢᠳ ᠪᠦᠬᠦ ᠤᠯᠤᠰ ᠤᠨ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ︽ᠲᠤᠬᠠᠶᠢᠯᠠᠭᠰᠠᠨ ᠠᠵᠢᠯ ᠤᠨ ᠴᠢᠳᠠᠪᠤᠷᠢᠲᠠᠨ︾᠂ ᠪᠦᠬᠦ ᠣᠷᠣᠨ ᠤ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ︽ᠲᠤᠬᠠᠶᠢᠯᠠᠭᠰᠠᠨ ᠠᠵᠢᠯ ᠤᠨ ᠵᠢᠱᠢᠶᠡᠴᠢ︾᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠦ ᠠᠵᠢᠯᠲᠠᠨ᠂ ᠪᠦᠬᠦ ᠬᠤᠲᠠ ᠶᠢᠨ ᠰᠢᠯᠢᠳᠡᠭ ᠠᠯᠪᠠᠨ ᠵᠠᠭᠠᠯᠳᠤᠭᠴᠢ᠂ ︽ᠯᠦᠩ ᠰᠢᠶᠠᠩ ᠤᠨ ᠬᠠᠮᠤᠭ ᠤᠨ ᠭᠤᠶᠤ ᠳᠡᠷᠭᠡᠳᠡᠬᠢ ᠡᠮᠡᠭᠲᠡᠢ︾ ᠵᠡᠷᠭᠡ ᠢᠷᠠᠭᠤ ᠠᠯᠳᠠᠷ ᠤᠨ ᠴᠣᠯᠠ ᠶᠢ ᠬᠦᠷᠲᠡᠵᠦ᠂ ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠪᠢ ᠬᠥᠮᠦᠨ ᠦ ᠭᠤᠷᠪᠠᠳᠤᠭᠠᠷ ᠳᠡᠰ ᠤᠨ ᠭᠠᠪᠢᠶ᠎ᠠ᠂ ᠬᠤᠲᠠ ᠶᠢᠨ ᠳᠡᠰ ᠤᠨ ᠬᠤᠪᠢ ᠬᠥᠮᠦᠨ ᠦ ᠬᠣᠶᠠᠳᠤᠭᠠᠷ ᠳᠡᠰ ᠤᠨ ᠭᠠᠪᠢᠶ᠎ᠠ ᠶᠢ ᠤᠯᠠᠨ ᠤᠳᠠᠭ᠎ᠠ ᠪᠠᠶᠢᠭᠤᠯᠪᠠ᠃ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠴᠢᠳᠠᠪᠤᠷᠢᠲᠠᠨ ᠤ ᠬᠥᠮᠥᠷᠭᠡ᠂ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠮᠡᠷᠭᠡᠵᠢᠯᠲᠡᠨ ᠴᠢᠳᠠᠪᠤᠷᠢᠲᠠᠨ ᠤ ᠬᠥᠮᠥᠷᠭᠡ ᠳᠦ ᠰᠣᠩᠭᠣᠭᠳᠠᠪᠠ᠃

W020210420608000868702.jpg

ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠬᠦ
ᠦᠰᠦᠨ ᠪᠣᠶᠢᠵᠢᠬᠤ ᠶᠢ ᠳᠠᠭᠠᠯᠳᠤᠨ ᠰᠦᠢ ᠶᠠ ᠵᠢᠩ ᠴᠦ ᠬᠦᠨᠳᠦ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠲᠤᠰᠢᠶᠠᠯ ᠢᠶᠠᠨ ᠢᠳᠡᠪᠬᠢᠲᠡᠢ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠠᠷᠢᠮ ᠬᠦᠴᠢᠷ ᠲᠦᠪᠡᠭᠲᠡᠢ ᠠᠵᠢᠯ ᠤᠨ ᠡᠭᠦᠷᠭᠡ ᠳᠦ ᠲᠤᠯᠭᠠᠷᠠᠬᠤ ᠦᠶ᠎ᠡ ᠳᠦ ᠲᠡᠷᠡ ᠶᠡᠷᠦ ᠡᠴᠡ ᠨᠠᠶᠢᠷ ᠲᠠᠯᠪᠢᠭᠰᠠᠨ ᠦᠭᠡᠢ︔ᠡᠭᠦᠨ ᠦ ᠡᠰᠡᠷᠭᠦ ᠪᠡᠷ᠂ ᠶᠡᠷᠦᠨᠢ ᠬᠦᠴᠢᠷ ᠢ ᠰᠦᠷᠦᠨ ᠤᠷᠤᠭᠰᠢᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠰᠢᠢᠳᠪᠦᠷᠢᠯᠡᠬᠦ ᠳᠦ ᠬᠦᠴᠢᠷ ᠠᠰᠠᠭᠤᠳᠠᠯ ᠤᠳ ᠢ ︽ᠰᠢᠢᠳᠪᠦᠷᠢᠯᠡᠵᠦ︾᠂ ᠵᠢᠱᠢᠶᠡᠯᠡᠪᠡᠯ ᠪᠦᠬᠦ ᠤᠯᠤᠰ ᠢ ᠳᠣᠩᠰᠣᠯᠭᠠᠭᠰᠠᠨ︽12.03︾᠋ ᠤ ᠪᠦᠦ ᠮᠠ ᠠᠭᠤᠷᠬᠠᠢ ᠶᠢᠨ ᠦᠢᠯᠡᠰ ᠦᠨ ᠳᠡᠯᠪᠡᠷᠡᠯᠲᠡ ᠶᠢᠨ ᠬᠡᠷᠡᠭ᠂ ᠵᠤᠤ ᠯᠢ ᠫᠢᠩ ᠦᠨ ᠵᠣᠷᠢᠭᠤᠳᠠ ᠬᠥᠮᠦᠨ ᠠᠯᠠᠭᠰᠠᠨ᠂ ᠤᠯᠠᠭᠠᠨᠬᠠᠳᠠ ᠶᠢᠨ ︽ᠲᠡᠷᠢᠭᠦᠨ ᠬᠠᠷ᠎ᠠ ︾᠋ ᠢᠢᠨ ᠬᠡᠷᠡᠭ ᠵᠡᠷᠭᠡ ᠶᠢ ᠰᠢᠢᠳᠪᠦᠷᠢᠯᠡᠬᠦ ᠳᠦ ᠲᠡᠷᠡ ᠢᠳᠡᠪᠬᠢᠲᠡᠢ ᠣᠷᠣᠯᠴᠠᠨ ᠵᠢᠯᠣᠭᠣᠳᠴᠤ᠂ ᠬᠡᠷᠡᠴᠢ ᠠᠪᠬᠤ ᠶᠠᠰᠤ ᠴᠢᠨᠠᠷ ᠦᠷ᠎ᠡ ᠠᠰᠢᠭ ᠢ ᠪᠠᠲᠤᠯᠠᠵᠠᠢ᠃
     ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠡᠬᠢᠯᠡᠮᠡᠭᠴᠡ᠂ ᠤᠯᠠᠭᠠᠨᠬᠠᠳᠠ ᠬᠤᠳᠠ ᠶᠢᠨ ᠪᠠᠶᠢᠴᠠᠭᠠᠬᠤ ᠬᠣᠷᠢᠢ᠎ᠠ ᠶᠢᠨ ᠳᠣᠲᠣᠭᠠᠳᠤ  ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠬᠢᠬᠦ ᠶᠠᠪᠤᠳᠠᠯ ᠲᠣᠬᠢᠶᠠᠯᠳᠤᠪᠠ᠂ ᠨᠠᠶᠢᠳᠠᠪᠤᠷᠢᠲᠠᠢ ᠤᠯᠤᠰ ᠲᠦᠷᠦ ᠶᠢᠨ ᠬᠡᠪ ᠴᠢᠨᠠᠷ ᠪᠣᠯᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠠᠴᠠ ᠪᠤᠯᠵᠤ᠂ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠠᠴᠠ ᠰᠦᠢ ᠶᠠ ᠵᠢᠩ ᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠦᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠣᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠠᠯᠪᠠᠨ ᠭᠡᠷ ᠦᠨ ᠲᠤᠬᠠᠶᠢᠯᠠᠭᠰᠠᠨ ᠠᠵᠢᠯ ᠤᠨ ᠵᠢᠯᠣᠭᠣᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠪᠦᠬᠦ ᠲᠠᠯ᠎ᠠ ᠶᠢᠨ ᠠᠵᠢᠯ ᠢ ᠵᠣᠬᠢᠴᠠᠭᠤᠯᠤᠨ ᠶᠠᠪᠤᠭᠳᠠᠭᠤᠯᠬᠤ ᠪᠠᠷ ᠪᠡᠯᠡᠳᠬᠡᠵᠦ ᠪᠠᠶᠢᠪᠠ ᠃ ᠪᠠᠶᠢᠴᠠᠭᠠᠬᠤ ᠹᠷᠣᠨᠲ᠋ ᠤᠨ ᠭᠣᠣᠯᠯᠠᠭᠴᠢ ᠬᠦᠴᠦᠨ ᠪᠣᠯᠤᠭᠰᠠᠨ ᠤ ᠬᠤᠪᠢ ᠳᠤ᠂ ᠰᠦᠢ ᠶᠠ ᠵᠢᠩ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠪᠣᠯ ᠨᠠᠮ ᠤᠨ ᠲᠥᠪ ᠬᠣᠷᠢᠶᠠᠨ ᠤ ᠭᠠᠷᠭᠠᠭᠰᠠᠨ ᠴᠢᠬᠤᠯᠠ ᠶᠡᠬᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠮᠥᠨ᠂ ᠨᠢᠭᠡ ᠵᠦᠢᠯ ᠦᠨ ᠪᠠᠶᠢᠴᠠᠭᠠᠬᠤ ᠠᠵᠢᠯ ᠨᠡᠩ ᠴᠤ ᠨᠢᠭᠡ ᠵᠦᠢᠯ ᠦᠨ ᠴᠢᠬᠤᠯᠠ ᠶᠡᠬᠡ ᠤᠯᠤᠰ ᠲᠦᠷᠦ ᠶᠢᠨ ᠡᠭᠦᠷᠭᠡ ᠮᠥᠨ᠂ ᠠᠷᠠᠳ ᠤᠯᠠᠨ ᠬᠠᠷ᠎ᠠ ᠪᠦᠯᠦᠭᠲᠡᠨ ᠬᠠᠷᠭᠢᠰ ᠬᠦᠴᠦᠨ ᠳᠦ ᠬᠣᠯᠪᠣᠭᠳᠠᠭᠰᠠᠨ ᠬᠡᠷᠡᠭ ᠲᠦ ᠡᠩ ᠦᠨ ᠡᠷᠡᠭᠦᠦ ᠶᠢᠨ ᠬᠡᠷᠡᠭ ᠡᠴᠡ ᠨᠡᠩ ᠢᠯᠡᠭᠦᠦ ᠬᠦᠰᠡᠯ ᠡᠷᠡᠮᠡᠯᠵᠡᠯ ᠲᠡᠶ ᠪᠠᠶᠢᠵᠤ᠂ ᠡᠨᠡᠬᠦ ᠬᠠᠲᠠᠭᠤ ᠪᠡᠷᠬᠡ ᠡᠭᠦᠷᠭᠡ ᠶᠢ ᠥᠪᠡᠷ ᠢᠶᠡᠨ ᠪᠡᠶᠡᠯᠡᠭᠦᠯᠵᠦ ᠴᠢᠳᠠᠨ᠎ᠠ ᠦᠦ︖ ᠲᠣᠯᠣᠭᠠᠶ ᠪᠠᠨ ᠤᠨᠵᠢᠭᠤᠯᠤᠨ ᠲᠠᠲᠠᠭᠠᠯᠵᠠᠬᠤ ᠦᠶ᠎ᠡ ᠳᠦ᠂ ᠰᠦᠢ ᠶᠠ ᠵᠢᠩ ᠴᠡᠭᠡᠵᠢᠨ ᠳᠡᠭᠡᠷ᠎ᠡ ᠪᠡᠨ ᠭᠡᠷᠡᠯ ᠰᠠᠴᠤᠷᠠᠭᠰᠠᠨ ᠪᠠᠶᠢᠴᠠᠭᠠᠬᠤ ᠰᠦᠯᠳᠡ ᠶᠢ ᠣᠯᠵᠤ ᠬᠠᠷᠠᠭᠠᠳ᠂ 13 ᠵᠢᠯ ᠦᠨ ᠡᠮᠦᠨ᠎ᠡ ᠠᠩᠬ᠎ᠠ ᠤᠳᠠᠭ᠎ᠠ ᠪᠠᠶᠢᠴᠠᠭᠠᠬᠤ ᠰᠦᠯᠳᠡ ᠪᠡᠨ ᠵᠡᠭᠦᠬᠦ ᠦᠶ᠎ᠡ ᠶᠢᠨ ᠳᠣᠭᠳᠣᠯᠤᠯ ᠪᠠ ᠪᠠᠶᠠᠷ ᠪᠠᠬᠠᠳᠤᠯ ᠢᠶᠠᠨ ᠪᠤᠲᠤᠵᠤ᠂ ︽ᠬᠠᠤᠯᠢ ᠴᠠᠭᠠᠵᠠ ᠶᠢᠨ ᠬᠢᠨᠠᠯᠲᠠ ᠶᠢ ᠴᠢᠩᠭᠠᠳᠬᠠᠵᠤ᠂ ᠲᠥᠪ ᠭᠣᠣᠯᠴᠢ ᠰᠢᠳᠤᠷᠭᠤ ᠶᠣᠰᠣ ᠶᠢ ᠬᠠᠮᠠᠭᠠᠯᠠᠨ᠎ᠠ︾ ᠭᠡᠰᠡᠨ ᠡᠷᠡᠰ ᠴᠢᠩᠭ᠎ᠠ ᠲᠠᠩᠭᠠᠷᠢᠭ ᠤᠨ ᠦᠭᠡ ᠴᠢᠬᠢᠨ ᠳᠦᠨᠢ ᠬᠠᠳᠠᠩᠰᠢᠵᠤ᠂ ᠲᠡᠷᠡ ᠡᠷᠡᠰ ᠰᠢᠭᠤᠷᠬᠠᠢ ᠪᠠᠷ ︽ᠪᠠᠶᠢᠯᠲᠤᠭᠠᠨ  ᠳᠦ ᠣᠷᠣᠯᠴᠠᠪᠠ︾᠃
2019 ᠣᠨ ᠳᠤ ᠤᠯᠠᠭᠠᠨᠬᠠᠳᠠ ᠬᠤᠳᠠ ᠶᠢᠨ ᠪᠠᠶᠢᠴᠠᠭᠠᠬᠤ ᠪᠠᠶᠢᠭᠤᠯᠭ᠎ᠠ  ᠶᠢᠨ ᠬᠢᠨ ᠪᠦᠬᠦ ᠬᠤᠳᠠ ᠶᠢᠨ ᠬᠠᠷ᠎ᠠ ᠪᠦᠯᠦᠭᠲᠡᠨ  ᠳᠦ ᠬᠣᠯᠪᠣᠭᠳᠠᠭᠰᠠᠨ ᠠᠩᠬᠠᠳᠠᠭᠴᠢ ᠬᠡᠷᠡᠭ ᠢ ᠬᠦᠯᠢᠶᠡᠨ ᠠᠪᠴᠤ ᠰᠢᠢᠳᠪᠦᠷᠢᠯᠡᠪᠡ᠂ ᠲᠤᠰ ᠵᠣᠬᠢᠶᠠᠨ ᠪᠠᠶᠢᠭᠤᠯᠤᠯᠲᠠ ᠦᠨᠳᠦᠰᠦᠨ ᠱᠠᠲᠤᠨ ᠤ ᠵᠠᠰᠠᠭ ᠤᠨ ᠡᠷᠬᠡ ᠶᠢ ᠡᠵᠡᠮᠳᠡᠵᠦ᠂ ᠦᠨᠳᠦᠰᠦᠨ ᠱᠠᠲᠤᠨ ᠤ ᠬᠤᠭᠤᠴᠠᠭ᠎ᠠ ᠰᠣᠯᠢᠬᠤ ᠰᠣᠩᠭᠣᠭᠤᠯᠢ ᠶᠢ ᠡᠪᠲᠡᠵᠦ  ᠂ ᠬᠥᠳᠡᠭᠡ ᠲᠣᠰᠬᠣᠨ ᠤ ᠡᠬᠢ ᠪᠠᠶᠠᠯᠢᠭ ᠢ ᠭᠠᠭᠴᠠᠭᠠᠷ ᠡᠵᠡᠮᠰᠢᠵᠦ᠂ ᠬᠠᠮᠲᠤ ᠶᠢᠨ ᠡᠳ᠋ ᠬᠦᠷᠦᠩᠭᠡ ᠶᠢ ᠪᠤᠯᠢᠶᠠᠨ ᠵᠠᠯᠬᠢᠵᠦ ᠂ ᠲᠦᠷᠦᠯ ᠤᠭᠰᠠᠭ᠎ᠠ ᠤᠳᠤᠮ ᠤᠭᠰᠠᠭ᠎ᠠ ᠶᠢᠨ ᠬᠦᠴᠦᠨ ᠢ ᠠᠰᠢᠭᠯᠠᠨ ᠬᠥᠳᠡᠭᠡ ᠲᠣᠰᠬᠣᠨ ᠳᠤ ᠬᠥᠨᠳᠡᠯᠡᠨ ᠭᠤᠯᠳᠤ ᠠᠭᠠᠰᠢᠯᠠᠵᠤ᠂ ᠨᠢᠭᠡ ᠭᠠᠵᠠᠷ ᠢ ᠡᠵᠡᠷᠬᠡᠪᠡ᠃ ᠨᠠᠷᠢᠨ ᠪᠤᠳᠤᠯᠢᠶᠠᠨᠲᠠᠶ ᠬᠡᠷᠡᠭ ᠦᠨ ᠡᠪᠬᠡᠮᠡᠯ ᠦᠨ ᠮᠠᠲ᠋ᠧᠷᠢᠶᠠᠯ ᠤᠨ ᠡᠮᠦᠨ᠎ᠡ ᠂ ᠰᠦᠶ ᠶᠠ ᠵᠢᠩ ᠪᠢᠴᠢᠭ ᠦᠨ ᠭᠡᠷᠡᠴᠢ ᠪᠠᠷᠢᠮᠲᠠ ᠶᠢ ᠨᠠᠷᠢᠨ ᠨᠢᠮᠪᠠᠶ ᠪᠠᠶᠢᠴᠠᠭᠠᠨ ᠦᠵᠡᠵᠦ ᠵᠠᠳᠠᠯᠤᠨ ᠰᠢᠨᠵᠢᠯᠡᠵᠦ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠡᠷᠡᠭ ᠰᠢᠶᠳᠪᠦᠷᠢᠯᠡᠬᠦ ᠠᠵᠢᠯᠲᠠᠨ ᠲᠠᠶ ᠢᠳᠡᠪᠬᠢᠲᠡᠶ ᠪᠡᠷ ᠨᠡᠪᠲᠡᠷᠡᠯᠴᠡᠵᠦ ᠂ ᠲᠣᠰ ᠪᠦᠯᠬᠦᠮ  ᠦᠨ ᠬᠠᠷ᠎ᠠ ᠪᠦᠯᠦᠭᠲᠡᠨ  ᠦ ᠵᠣᠬᠢᠶᠠᠨ ᠪᠠᠶᠢᠭᠤᠯᠤᠯᠲᠠ ᠳᠤ ᠬᠣᠯᠪᠣᠭᠳᠠᠭᠰᠠᠨ ᠶᠠᠯᠠᠲᠤ ᠬᠡᠷᠡᠭ ᠦᠨ ᠪᠣᠳᠠᠲᠤ ᠶᠠᠪᠤᠳᠠᠯ ᠢ ᠪᠠᠲᠤ ᠨᠤᠲᠠᠲᠠᠶ ᠪᠠᠶᠢᠴᠠᠭᠠᠨ ᠳᠣᠲᠣᠯᠠᠵᠠᠶ ᠃ ︽ᠠᠩᠬᠠᠨ ᠤ ᠪᠠᠶᠢᠯᠳᠤᠭᠠᠨ ᠳᠤ ᠢᠯᠠᠯᠲᠠ ᠤᠯᠬᠤ︾ ᠶᠢ ᠦᠨᠡᠨ ᠬᠦ ᠪᠠᠲᠤᠯᠠᠬᠤ ᠶᠢᠨ ᠲᠥᠯᠥᠭᠡ᠂ ᠰᠦᠢ ᠶᠠ ᠵᠢᠩ ᠪᠠᠰᠠ 4 ᠤᠳᠠᠭ᠎ᠠ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠣᠷᠢᠶᠠᠨ ᠤ ᠬᠠᠮᠲᠤᠷᠠᠭᠰᠠᠨ ᠬᠤᠷᠠᠯᠳᠤᠭᠠᠨ᠂ 3ᠤᠲᠠᠭ᠎ᠠ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠵᠢᠯᠤᠭᠤᠲᠤᠯᠭ᠎ᠠ  ᠢ ᠵᠣᠬᠢᠶᠠᠨ ᠪᠠᠶᠢᠭᠤᠯᠤᠨ ᠣᠷᠣᠯᠴᠠᠵᠤ ᠂ ᠵᠠᠭᠤ ᠰᠢᠬᠠᠮ ᠵᠦᠢᠯ ᠦᠨ ᠨᠥᠬᠥᠪᠥᠷᠢᠯᠡᠨ ᠪᠠᠶᠢᠴᠠᠭᠠᠬᠤ ᠰᠠᠨᠠᠯ ᠢ ᠳᠤᠷᠠᠳᠤᠨ ᠭᠠᠷᠭᠠᠵᠤ᠂ ᠡᠴᠦᠰ ᠲᠡᠬᠡᠨ ᠲᠤᠰ ᠬᠡᠷᠡᠭ ᠢ ᠨᠢᠭᠡ ᠯᠡ ᠤᠳᠠᠭ᠎ᠠ ᠪᠤᠴᠠᠭᠠᠵᠤ ᠨᠥᠬᠥᠪᠥᠷᠢᠯᠡᠭᠦᠯᠦᠮᠡᠭᠴᠡ ᠤᠷᠤᠭᠰᠢᠲᠠᠶ ᠪᠠᠷ ᠠᠯᠪᠠᠨ ᠵᠠᠭᠠᠯᠳᠤᠯᠭ᠎ᠠ ᠭᠠᠷᠭᠠᠵᠤ᠂ ᠰᠢᠭᠦᠬᠦ ᠬᠣᠷᠢᠶ᠎ᠠ ᠠᠴᠠ ᠪᠠᠶᠢᠴᠠᠭᠠᠬᠤ ᠪᠠᠶᠢᠭᠤᠯᠭ᠎ᠠ ᠶᠢᠨ ᠵᠠᠭᠠᠯᠳᠤᠭᠰᠠᠨ 12 ᠵᠦᠢᠯ ᠦᠨ ᠶᠠᠯ᠎ᠠ ᠶᠢᠨ ᠨᠡᠷ᠎ᠡ ᠶᠢᠨ 40 ᠰᠢᠬᠠᠮ ᠤᠳᠠᠭᠠᠨ ᠤ ᠶᠠᠯ᠎ᠠ  ᠶᠢᠨ ᠪᠤᠲᠠᠲᠤ ᠶᠠᠪᠤᠲᠠᠯ  ᠪᠠ ᠡᠷᠡᠭᠦᠦ ᠰᠢᠢᠳᠭᠡᠯ ᠣᠨᠣᠭᠳᠠᠭᠤᠯᠬᠤ ᠰᠠᠨᠠᠭᠤᠯᠭ᠎ᠠ ᠶᠢ ᠪᠦᠬᠦᠨ ᠢᠶᠡᠷ ᠨᠢ ᠬᠦᠯᠢᠶᠡᠨ ᠠᠪᠬᠤ ᠪᠠᠷ ᠰᠢᠭᠦᠨ ᠲᠠᠰᠤᠯᠪᠠ᠃
      ᠲᠤᠰᠬᠠᠶ ᠲᠡᠮᠡᠴᠡᠯ  ᠢ ᠥᠷᠨᠢᠭᠦᠯᠦᠭᠰᠡᠨ ᠡᠴᠡ ᠨᠠᠰᠢ ᠂ ᠰᠦᠶ ᠶᠠ ᠵᠢᠩ ᠤᠷᠢᠳ ᠬᠣᠵᠢᠳ ᠬᠡᠷᠡᠭᠵᠢᠭᠦᠯᠬᠦ ᠲᠥᠰᠦᠯ ᠂ ᠰᠦᠪᠡᠭᠴᠢ  ᠶᠢ ᠰᠢᠯᠵᠢᠭᠦᠯᠦᠨ ᠬᠦᠷᠭᠡᠬᠦ ᠲᠣᠭᠲᠠᠴᠠ ᠂ ᠤᠷᠢᠳᠴᠢᠯᠠᠨ ᠣᠷᠣᠯᠴᠠᠬᠤ ᠠᠵᠢᠯ  ᠤᠨ ᠲᠣᠭᠲᠠᠴᠠ ᠂ ᠳᠣᠲᠣᠭᠠᠳᠤ  ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠠᠤᠯᠢ ᠴᠠᠭᠠᠵᠠ  ᠶᠢᠨ ᠵᠣᠬᠢᠴᠠᠭᠤᠯᠤᠨ ᠬᠠᠮᠵᠢᠯᠴᠠᠬᠤ ᠠᠵᠢᠯ ᠤᠨ ᠲᠦᠷᠢᠮ ᠵᠡᠷᠭᠡ ᠪᠢᠴᠢᠭ ᠮᠠᠲ᠋ᠧᠷᠢᠶᠠᠯ  ᠢ 6 ᠬᠤᠪᠢ ᠲᠤᠭᠤᠷᠪᠢᠵᠤ ᠂ ᠠᠵᠢᠯ ᠤᠨ ᠬᠠᠷᠢᠭᠤ ᠮᠡᠳᠡᠭᠦᠯᠦᠯᠲᠡ ᠪᠠ ᠴᠡᠭᠴᠡᠯᠡᠨ ᠥᠭᠡᠷᠡᠴᠢᠯᠡᠬᠦ ᠮᠡᠳᠡᠭᠦᠯᠦᠯᠲᠡ  ᠶᠢ 30 ᠭᠠᠷᠤᠶ ᠬᠤᠪᠢ ᠪᠢᠴᠢᠵᠦ ᠂ ᠳᠣᠲᠣᠭᠠᠳᠤ  ᠶᠢ ᠬᠠᠮᠠᠭᠠᠯᠠᠬᠤ ᠪᠠᠶᠢᠭᠤᠯᠭ᠎ᠠ ᠲᠠᠶ ᠬᠠᠮᠲᠤᠷᠠᠨ 3 ᠪᠦᠯᠦᠭ ᠬᠤᠪᠢᠶᠠᠨ ᠫᠠᠶᠢᠰᠠ ᠡᠯᠭᠦᠨ 20 ᠭᠠᠷᠤᠶ ᠬᠠᠷ᠎ᠠ ᠬᠠᠷᠭᠢᠰ ᠬᠦᠴᠦᠨ ᠳᠦ ᠬᠣᠯᠪᠣᠭᠳᠠᠭᠰᠠᠨ ᠬᠡᠷᠡᠭ  ᠢ ᠰᠢᠪᠠᠳᠠᠨ ᠰᠢᠶᠳᠪᠦᠷᠢᠯᠡᠭᠦᠯᠵᠡᠶ ᠃ ᠬᠡᠷᠡᠭ ᠰᠢᠶᠳᠪᠦᠷᠢᠯᠡᠬᠦ ᠶᠠᠰᠤ ᠴᠢᠨᠠᠷ ᠢ ᠪᠠᠲᠤᠯᠠᠵᠤ ᠂ ᠲᠤᠷᠤᠭᠰᠢ ᠶᠢᠨ ᠵᠢᠯᠣᠭᠣᠳᠣᠯᠭ᠎ᠠ ᠶᠢ ᠴᠢᠩᠭᠠᠳᠬᠠᠬᠤ ᠶᠢᠨ ᠲᠥᠯᠥᠭᠡ ᠂ ᠰᠦᠶ ᠶᠠ ᠵᠢᠩ ᠬᠣᠲᠠ ᠶᠢᠨ ᠪᠠᠶᠢᠴᠠᠭᠠᠬᠤ ᠬᠣᠷᠢᠶ᠎ᠠ ᠶᠢᠨ ᠪᠠᠭ ᠤᠨ ᠪᠦᠷᠢᠯᠳᠦᠬᠦᠨ ᠦ ᠬᠡᠰᠡᠭ ᠳᠠᠭᠠᠭᠠᠴᠢᠯᠠᠨ ᠵᠢᠯᠣᠭᠣᠳᠬᠤ ᠲᠣᠭᠲᠠᠴᠠ ᠶᠢ ᠪᠠᠶᠢᠭᠤᠯᠬᠤ ᠶᠢ ᠳᠥᠯᠭᠢᠨ ᠠᠬᠢᠭᠤᠯᠵᠤ ᠂ ᠲᠡᠭᠦᠨ ᠦ ᠳᠠᠭᠠᠭᠤᠯᠭ᠎ᠠ ᠪᠠ ᠵᠢᠯᠣᠭᠣᠳᠣᠯᠭ᠎ᠠ ᠳᠣᠸᠷ᠎ᠠ ᠂ ᠬᠣᠶᠠᠷ ᠱᠠᠲᠤᠨ ᠤ ᠪᠠᠶᠢᠴᠠᠭᠠᠬᠤ ᠬᠣᠷᠢᠶ᠎ᠠ ᠶᠢᠨ ᠬᠠᠷ᠎ᠠ ᠪᠦᠯᠦᠭᠲᠡᠨ  ᠦ ᠵᠣᠬᠢᠶᠠᠨ ᠪᠠᠶᠢᠭᠤᠯᠤᠯᠲᠠ ᠶᠢ ᠠᠷᠢᠯᠭᠠᠬᠤ ᠠᠵᠢᠯ ᠤᠨ ᠠᠯᠪᠠᠨ ᠬᠡᠷ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ ᠲᠣᠳᠣᠷᠬᠠᠶᠢᠯᠠᠨ ᠂ ᠲᠣᠭᠲᠠᠴᠠ ᠪᠠᠨ ᠲᠡᠭᠦᠯᠳᠡᠷᠵᠢᠭᠦᠯᠵᠦ ᠂ ᠬᠠᠮᠢᠶᠠᠷᠤᠯᠲᠠ ᠪᠠᠨ ᠴᠢᠩᠭᠠᠳᠬᠠᠨ ᠂ ᠲᠠᠩᠰᠠ ᠨᠢ ᠲᠣᠳᠣᠷᠬᠠᠶ ᠂ ᠬᠥᠳᠡᠯᠦᠯ ᠪᠠᠶᠢᠳᠠᠯ ᠨᠢ ᠲᠣᠳᠣᠷᠬᠠᠶ ᠂ ᠨᠠᠶᠢᠳᠠᠪᠤᠷᠢᠵᠢᠭᠤᠯᠤᠯᠲᠠ ᠨᠢ ᠲᠦᠷᠭᠡᠨ ᠂ ᠵᠣᠯᠭᠠᠯᠴᠠᠭ᠎ᠠ ᠨᠢ ᠴᠢᠩᠭ᠎ᠠ ᠪᠠᠶᠢᠬᠤ ᠶᠢ ᠪᠡᠶᠡᠯᠡᠭᠦᠯᠪᠡ ᠃ ᠪᠠᠶᠢᠴᠠᠭᠠᠬᠤ ᠰᠠᠨᠠᠭᠤᠯᠭ᠎ᠠ ᠪᠠᠷ ᠭᠠᠷᠳᠠᠴᠠ ᠪᠣᠯᠭᠠᠵᠤ᠂ ᠨᠡᠶᠢᠭᠡᠮ ᠦᠨ ᠵᠠᠰᠠᠯᠲᠠ ᠳᠤ ᠢᠳᠡᠪᠬᠢᠲᠡᠶ ᠣᠷᠣᠯᠴᠠᠭᠠᠳ ᠢᠯᠡᠳᠲᠡ ᠦᠷ᠎ᠡ ᠪᠦᠲᠦᠮᠵᠢ ᠣᠯᠵᠤ᠂ ︽ᠪᠠᠶᠢᠴᠠᠭᠠᠬᠤ ᠡᠳᠦᠷ ᠦᠨ ᠰᠣᠨᠢᠨ︾ ᠳᠤ ︽ᠬᠠᠷ᠎ᠠ ᠪᠦᠯᠦᠭᠲᠡᠨ ᠬᠠᠷᠭᠢᠰ ᠬᠦᠴᠦᠨ  ᠦ ᠶᠠᠯᠠᠲᠤ ᠠᠵᠢᠯᠯᠠᠭ᠎ᠠ ᠶᠢ ᠡᠬᠢ ᠡᠭᠦᠰᠦᠯ ᠡᠴᠡ ᠨᠢ ᠵᠠᠰᠠᠬᠤ ᠶᠠᠪᠤᠳᠠᠯ ᠳᠤ ᠰᠢᠭᠤᠳ ᠴᠣᠬᠢᠯᠲᠠ ᠥᠭᠬᠦ 61 ᠬᠤᠪᠢ ᠰᠠᠨᠠᠭᠤᠯᠭ᠎ᠠ︾ ᠪᠠᠷ ᠮᠡᠳᠡᠭᠡᠯᠡᠪᠡ᠃
     ᠤᠳᠠᠭ᠎ᠠ ᠪᠦᠷᠢ ᠶᠢᠨ ᠨᠣᠶᠢᠷ ᠬᠤᠯᠵᠢᠵᠤ ᠰᠥᠨᠢᠵᠢᠨ ᠬᠡᠷᠡᠭ ᠦᠨ ᠪᠠᠶᠢᠳᠠᠯ ᠢ ᠪᠣᠳᠣᠯᠬᠢᠯᠠᠬᠤ ᠶᠠᠪᠤᠴᠠ ᠳᠤ᠂ ᠤᠳᠠᠭ᠎ᠠ ᠪᠦᠷᠢ ᠶᠢᠨ ᠠᠵᠢᠯ ᠤᠨ ᠠᠷᠭ᠎ᠠ ᠶᠢ ᠵᠢᠷᠤᠮᠵᠢᠭᠤᠯᠤᠨ ᠠᠵᠢᠯ ᠤᠨ ᠲᠤᠷᠰᠢᠯᠭ᠎ᠠ ᠪᠠᠨ ᠳ᠋ᠦᠩᠨᠡᠬᠦ ᠶᠠᠪᠤᠴᠠ ᠳᠤ᠂ ᠰᠦᠢ ᠶᠠ ᠵᠢᠩ ᠰᠢᠨ᠎ᠡ ᠪᠣᠳᠣᠯᠬᠢᠯᠠᠯ ᠲᠠᠶ ᠪᠤᠯᠲᠠᠭ ᠂ ᠬᠡᠷᠡᠭ ᠰᠢᠢᠳᠪᠦᠷᠢᠯᠡᠬᠦ ᠪᠣᠯ ᠴᠡᠭ᠂ ᠵᠠᠰᠠᠬᠤ ᠪᠣᠯ ᠲᠠᠯ᠎ᠠ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠦᠷᠦᠯ ᠦᠨ ᠢᠯᠠᠯᠲᠠ ᠶᠢ ᠤᠯᠬᠤ ᠳᠤ ᠡᠷᠬᠡᠪᠰᠢ ᠡᠬᠢ ᠡᠭᠦᠰᠦᠯ ᠡᠴᠡ ᠨᠢ ᠵᠠᠰᠠᠬᠤ ᠶᠢ ᠠᠬᠢᠭᠤᠯᠬᠤ ᠬᠡᠷᠡᠭᠲᠡᠢ᠃ ᠡᠬᠢ ᠡᠭᠦᠰᠦᠯ ᠡᠴᠡ ᠨᠢ ᠵᠠᠰᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠲᠡᠷᠡ ᠪᠠᠶᠢᠴᠠᠭᠠᠬᠤ ᠰᠠᠨᠠᠭᠤᠯᠭ᠎ᠠ ᠪᠠᠷ ᠭᠠᠷᠳᠠᠴᠠ ᠪᠣᠯᠭᠠᠵᠤ᠂ ᠪᠠᠶᠢᠴᠠᠭᠠᠬᠤ ᠰᠠᠨᠠᠭᠤᠯᠭ᠎ᠠ ᠶᠢ ᠮᠥᠷᠳᠡᠬᠦ ᠡᠭᠡ ᠲᠠᠨᠭᠰᠠ ᠶᠢ ᠡᠷᠬᠢᠯᠡᠨ ᠪᠠᠶᠢᠭᠤᠯᠵᠤ᠂ ᠬᠡᠷᠡᠭ ᠰᠢᠢᠳᠪᠦᠷᠢᠯᠡᠬᠦ ᠪᠠ ᠬᠢᠨᠠᠯᠲᠠ ᠲᠠᠯᠪᠢᠬᠤ ᠳᠤᠮᠳᠠ ᠪᠠᠨ ᠬᠠᠷ᠎ᠠ ᠪᠦᠯᠦᠭᠲᠡᠨ ᠬᠠᠷᠭᠢᠰ ᠬᠦᠴᠦᠨ ᠳᠦ ᠬᠣᠯᠪᠣᠭᠳᠠᠭᠰᠠᠨ ᠶᠠᠯᠠᠲᠤ ᠠᠵᠢᠯᠯᠠᠭ᠎ᠠ ᠳᠤ ᠲᠤᠰᠬᠠᠭᠰᠠᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠦᠨ ᠡᠭᠦᠷᠭᠡ ᠴᠢᠳᠠᠪᠤᠷᠢ ᠨᠢ ᠮᠠᠭᠤᠳᠠᠭᠰᠠᠨ ᠪᠤᠶᠤ ᠭᠣᠣᠯᠳᠠᠯᠭ᠎ᠠ ᠲᠠᠶ ᠠᠵᠢᠯ ᠲᠦᠷᠦᠯ᠂ ᠬᠦᠷᠢᠶᠡᠨ ᠳᠦ ᠣᠷᠣᠰᠢᠵᠤ ᠪᠠᠶᠢᠭ᠎ᠠ ᠬᠢᠨᠠᠯᠲᠠ ᠬᠠᠮᠢᠶᠠᠷᠤᠯᠲᠠ ᠶᠢᠨ ᠳᠤᠲᠠᠭᠳᠠᠯ ᠢ ᠢᠯᠡᠷᠡᠭᠦᠯᠦᠨ ᠮᠠᠭᠠᠳᠯᠠᠬᠤ ᠶᠢ ᠴᠢᠬᠤᠯᠠᠴᠢᠯᠠᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠵᠠᠰᠠᠬᠤ ᠰᠠᠨᠠᠭᠤᠯᠭ᠎ᠠ ᠳᠤᠷᠠᠳᠴᠤ᠂ ᠨᠢᠭᠡ ᠬᠡᠷᠡᠭ ᠢ ᠰᠢᠢᠳᠪᠦᠷᠢᠯᠡᠵᠦ᠂ ᠨᠢᠭᠡ ᠲᠠᠯ᠎ᠠ  ᠶᠢ ᠵᠠᠰᠠᠬᠤ ᠶᠢ ᠪᠡᠶᠡᠯᠡᠭᠦᠯᠪᠡ᠃ ᠨᠡᠩ ᠤᠯᠠᠨ ᠬᠥᠮᠦᠰ ᠲᠦ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠣᠶᠢᠯᠠᠭᠠᠭᠤᠯᠬᠤ ᠶᠢᠨ ᠲᠥᠯᠥᠭᠡ᠂ ᠲᠡᠷᠡ ᠪᠠᠰᠠ ᠪᠠᠶᠠᠷ ᠳᠤᠷᠠᠰᠬᠠᠯ ᠤᠨ ᠠᠮᠠᠷᠠᠯᠲᠠ ᠶᠢᠨ ᠴᠠᠭ ᠢᠶᠠᠨ ᠠᠰᠢᠭᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠦ ᠶᠠᠯᠠᠲᠤ ᠠᠵᠢᠯᠯᠠᠭ᠎ᠠ ᠶᠢᠨ ᠪᠠᠶᠢᠩᠭᠤ ᠲᠣᠬᠢᠶᠠᠯᠳᠤᠬᠤ ᠬᠡᠯᠪᠡᠷᠢ ᠶᠢᠨ ᠬᠣᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠰᠢᠰᠲ᠋ᠧᠮ ᠲᠡᠶ ᠡᠮᠬᠢᠳᠬᠡᠨ ᠭᠠᠷᠭᠠᠵᠤ᠂ ᠵᠢᠵᠢᠭ ᠳᠡᠪᠲᠡᠷ ᠨᠠᠶᠢᠷᠠᠭᠤᠯᠵᠦ ᠂ ᠠᠭᠤᠯᠭ᠎ᠠ ᠨᠢ ᠪᠤᠲᠠᠲᠤ ᠬᠡᠷᠡᠭᠴᠡᠭᠡ  ᠪᠡᠷ ᠴᠢᠩᠭ᠎ᠠ ᠂ ᠰᠢᠭᠤᠳ ᠪᠦᠭᠡᠳ ᠠᠮᠢᠲᠤᠯᠢᠭ ᠪᠠᠶᠢᠯ᠎ᠠ ᠃

W020210420608001246141.jpg     ᠰᠦᠢ ᠶᠠ ᠵᠢᠩ ᠨᠠᠰᠤᠨ ᠳᠤ ᠥᠯᠥ ᠬᠦᠷᠦᠭᠰᠡᠳ ᠦᠨ ᠬᠠᠮᠠᠭᠠᠯᠠᠯᠲᠠ ᠳᠤ ᠨᠡᠩ ᠭᠦᠨ ᠵᠤᠵᠠᠭᠠᠨ ᠬᠠᠶᠢᠷ᠎ᠠ ᠰᠡᠳᠬᠢᠯᠭᠡ ᠲᠡᠶ ᠪᠠᠶᠢᠵᠤ᠂ ᠠᠵᠢᠯ ᠤᠨ ᠳᠤᠮᠳᠠ ᠪᠠᠨ ᠨᠠᠰᠤᠨ ᠳᠤ ᠥᠯᠥ ᠬᠦᠷᠦᠭᠰᠡᠳ ᠦᠨ ᠪᠠᠶᠢᠴᠠᠭᠠᠬᠤ ᠰᠠᠯᠠᠭ᠎ᠠ ᠮᠥᠴᠢᠷ ᠲᠡᠶ ᠬᠠᠮᠵᠢᠯᠴᠠᠬᠤ ᠶᠢ ᠴᠢᠬᠤᠯᠠᠴᠢᠯᠠᠵᠤ᠂ ᠨᠠᠰᠤᠨ ᠳᠤ ᠥᠯᠥ ᠬᠦᠷᠦᠭᠰᠡᠳ ᠲᠦ ᠬᠣᠯᠪᠣᠭᠳᠠᠭᠰᠠᠨ ᠬᠠᠷ᠎ᠠ ᠪᠦᠯᠦᠭᠲᠡᠨ ᠬᠠᠷᠭᠢᠰ ᠬᠦᠴᠦᠨ ᠳᠦ ᠬᠣᠯᠪᠣᠭᠳᠠᠭᠰᠠᠨ ᠬᠡᠷᠡᠭ ᠢ ᠰᠤᠳᠤᠯᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠨᠠᠰᠤᠨ ᠳᠤ ᠥᠯᠥ ᠬᠦᠷᠦᠭᠰᠡᠳ ᠦᠨ ᠬᠠᠤᠯᠢ ᠴᠠᠭᠠᠵᠠ ᠶᠢᠨ ᠬᠠᠮᠠᠭᠠᠯᠠᠯᠲᠠ ᠪᠠ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠠᠵᠢᠯ ᠢ ᠪᠣᠳᠠᠲᠠᠢ ᠠᠳᠬᠤᠬᠤ ᠲᠤᠬᠠᠢ ᠰᠠᠨᠠᠭᠤᠯᠭ᠎ᠠ ᠳᠤᠷᠠᠳᠪᠠ᠃ ᠲᠡᠭᠦᠨ ᠦ ᠠᠬᠢᠭᠤᠯᠤᠯ ᠢᠶᠠᠷ᠂ ᠲᠤᠰᠬᠠᠢ ᠲᠡᠮᠡᠴᠡᠯ ᠦᠨ ᠳᠤᠮᠳᠠ ᠪᠦᠬᠦ ᠬᠤᠳᠠ ᠳᠤ ᠨᠡᠢᠢᠳᠡ 5 ᠨᠠᠰᠤᠨ ᠳᠤ ᠦᠯᠦ ᠬᠦᠷᠦᠭᠰᠡᠳ ᠦᠨ ᠰᠡᠷᠡᠮᠵᠢᠯᠡᠭᠦᠯᠬᠦ ᠬᠥᠮᠦᠵᠢᠯ ᠪᠣᠯᠤᠨ ᠬᠠᠷᠠᠵᠤ ᠬᠠᠮᠠᠭᠠᠯᠠᠬᠤ ᠰᠠᠭᠤᠷᠢᠨ ᠭᠠᠵᠠᠷ  ᠢ ᠪᠠᠶᠢᠭᠤᠯᠪᠠ᠃
         ᠢᠷᠡᠭᠡᠳᠦᠶ ᠪᠡᠨ ᠪᠠᠷᠠᠯᠠᠬᠤᠶ᠎ᠠ ᠡᠷᠡᠮᠡᠬᠡᠶᠢᠯᠡᠨ ᠤᠷᠤᠭᠰᠢᠯᠠᠶ᠎ᠠ
     ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ︽ᠣᠩᠭᠣᠴᠠ ᠳᠤᠮᠳᠠ ᠤᠷᠤᠰᠬᠠᠯ ᠳᠤ ᠬᠦᠷᠬᠦ  ᠳᠤ ᠳᠠᠪᠠᠯᠭᠠᠨ ᠨᠢ ᠨᠡᠩ ᠪᠠᠴᠢᠮ ︾ ᠪᠣᠭᠣᠮᠲᠠ ᠰᠢᠪᠲᠤᠯᠬᠤ ᠬᠤᠭᠤᠴᠠᠭ᠎ᠠ ᠶᠢ ᠤᠭᠲᠤᠨ ᠠᠪᠴᠢᠷᠠᠭᠰᠠᠨ ᠳᠤ᠂ ᠲᠡᠭᠦᠨ ᠦ ᠭᠡᠷ ᠪᠦᠯᠢ ᠳᠦ ᠬᠠᠷᠢᠨ ᠨᠢᠭᠡ ᠤᠳᠠᠭ᠎ᠠ ᠶᠢᠨ ᠬᠤᠪᠢᠷᠠᠯᠲᠠ ᠭᠠᠷᠴᠠᠢ --- ᠡᠴᠢᠭᠡ ᠨᠢ ᠬᠦᠨᠳᠦ ᠡᠪᠡᠳᠴᠢᠨ ᠳᠦ ᠨᠡᠷᠪᠡᠭᠳᠡᠵᠡᠢ᠃ ᠥᠬᠢᠨ ᠨᠢ ᠪᠣᠯᠤᠭᠰᠠᠨ ᠤ ᠬᠤᠪᠢ ᠳᠤ ᠲᠡᠷᠡ ᠪᠠᠰᠠ ᠠᠴᠢᠯᠠᠯ  ᠭᠦᠢᠴᠡᠳᠬᠡᠬᠦ ᠰᠠᠨᠠᠭ᠎ᠠ ᠲᠠᠶ ᠪᠤᠯᠪᠠᠴᠤ ᠠᠪᠤ ᠶᠢᠨ ᠬᠢᠨᠢ ᠡᠪᠡᠳᠴᠢᠨ ᠨᠢ ᠬᠦᠨᠳᠦᠷᠡᠭᠰᠡᠨ ᠡᠴᠡ ᠪᠣᠯᠵᠤ ᠪᠡᠭᠡᠵᠢᠩ ᠳᠦ ᠣᠴᠢᠵᠤ ᠰᠠᠴᠤᠷᠠᠭ ᠵᠠᠰᠠᠯ ᠬᠢᠬᠦ ᠴᠢᠬᠤᠯᠠ ᠲᠠᠶ᠃ ᠨᠢᠭᠡ ᠤᠳᠠᠭᠠᠨ ᠤ ᠡᠮᠴᠢᠯᠡᠭᠡᠨ ᠦ ᠬᠤᠭᠤᠴᠠᠭ᠎ᠠ ᠨᠢ ᠬᠠᠭᠠᠰ ᠰᠠᠷ᠎ᠠ ᠬᠡᠷᠡᠭᠰᠡᠨ᠎ᠡ᠂ ᠠᠵᠢᠯ ᠤᠨ ᠲᠠᠯ᠎ᠠ ᠪᠠᠷ ᠬᠢ ᠮᠠᠰᠢ ᠣᠯᠠᠨ ᠴᠢᠬᠤᠯᠠ ᠬᠡᠷᠡᠭ ᠦᠨ ᠪᠠᠶᠢᠳᠠᠯ ᠢ ᠲᠡᠷᠡ ᠨᠡᠯᠢᠶᠡᠳ ᠰᠠᠶᠢᠨ ᠮᠡᠳᠡᠳᠡᠭ ᠂ ᠭᠠᠷ ᠢᠶᠠᠷ ᠢᠶᠠᠨ ᠲᠤᠭᠤᠷᠪᠢᠵᠤ ᠲᠣᠭᠲᠠᠭᠠᠭᠰᠠᠨ ᠮᠠᠰᠢ ᠣᠯᠠᠨ ᠳᠦᠷᠢᠮ ᠲᠣᠭᠲᠠᠭᠠᠯ ᠢ ᠬᠠᠷᠠᠬᠠᠨ ᠨᠠᠶᠢᠳᠠᠪᠤᠷᠢᠵᠢᠭᠤᠯᠤᠭᠠᠳᠤᠶ ᠪᠠᠶᠢᠭᠰᠠᠭᠠᠷ ᠂ ᠡᠨᠡ ᠬᠤᠭᠤᠴᠠᠭᠠᠨ ᠳᠤ ᠤᠳᠤᠷᠢᠳᠤᠯᠭ᠎ᠠ ᠠᠴᠠ ᠨᠢ ᠪᠠᠰᠠ ︽ᠵᠠᠪ ᠴᠢᠯᠥᠭᠡ ᠪᠡᠷ ᠢᠶᠡᠨ ᠠᠪᠤ ᠳᠠᠭᠠᠨ ᠪᠠᠷ᠎ᠠ ᠪᠤᠯᠤᠭᠠᠷᠠᠢ ︾ ᠭᠡᠵᠦ ᠲᠡᠭᠦᠨ ᠳᠦ ᠣᠯᠠᠨ ᠤᠳᠠᠭ᠎ᠠ ᠰᠡᠳᠬᠢᠯ ᠲᠠᠯᠪᠢᠨ ᠬᠠᠯᠠᠮᠵᠢᠯᠠᠵᠦ ᠂ ᠲᠡᠷᠡ ᠶᠡᠷᠦ ᠨᠢ ᠤᠷᠢᠳ ᠢᠶᠠᠷ ᠡᠨᠡ ᠬᠡᠰᠡᠭ ᠬᠤᠭᠤᠴᠠᠭᠠᠨ ᠤ ᠠᠵᠢᠯ ᠢᠶᠠᠨ ᠶᠠᠭᠠᠷᠠᠭᠠᠳ ᠲᠠᠭᠤᠰᠬᠠᠴᠢᠬᠠᠶ᠎ᠠ ᠤᠷᠢᠳ ᠢᠶᠠᠷ ᠳᠠᠩᠰᠠ ᠡᠪᠬᠡᠮᠡᠯ ᠦᠨ ᠮᠠᠲ᠋ᠧᠷᠢᠶᠠᠯ ᠢᠶᠠᠨ ᠡᠮᠬᠢᠯᠡᠵᠦ ᠪᠠᠷᠠᠭᠠᠳ ᠂ ᠭᠠᠷ ᠲᠠᠬᠢ ᠬᠡᠷᠡᠭ ᠢ ᠤᠷᠢᠳ ᠢᠶᠠᠷ ᠰᠢᠶᠳᠪᠦᠷᠢᠯᠡᠵᠦ ᠂ ᠤᠷᠢᠳ  ᠢᠶᠠᠷ ᠤᠭᠲᠤᠨ ᠠᠪᠴᠤ ᠬᠢᠨᠠᠨ ᠵᠢᠯᠣᠭᠣᠳᠬᠤ ᠠᠵᠢᠯ ᠢᠶᠠᠨ ᠬᠢᠵᠦ ᠳᠠᠭᠤᠰᠬᠠᠶ᠎ᠠ ᠁ ᠢᠩᠬᠢᠭᠡᠳ ᠂ ᠬᠡᠳᠦ ᠤᠳᠠᠭ᠎ᠠ ᠪᠡᠭᠡᠵᠢᠩ ᠳᠦ ᠰᠠᠴᠤᠷᠠᠭ ᠵᠠᠰᠠᠯ ᠬᠢᠬᠦ ᠳᠦ  ᠪᠦᠷ ᠡᠷ᠎ᠡ ᠨᠥᠬᠥᠷ ᠨᠢ ᠪᠠᠷ᠎ᠠ ᠪᠣᠯᠵᠤ ᠂ ᠡᠴᠢᠭᠡ ᠨᠢ ᠡᠮᠨᠡᠯᠭᠡ ᠳᠦ ᠰᠠᠭᠤᠵᠤ ᠡᠮᠨᠡᠭᠦᠯᠵᠦ ᠪᠠᠶᠢᠬᠤ ᠬᠤᠭᠤᠴᠠᠭᠠᠨ ᠳᠠᠭᠠᠨ ᠴᠤ ᠠᠰᠠᠷᠠᠵᠤ ᠰᠤᠪᠢᠯᠠᠭᠰᠠᠨ ᠦᠭᠡᠢ᠂ ᠴᠢᠨᠠᠭᠰᠢᠯᠠᠪᠠᠯ ᠡᠭᠦᠨ ᠦ ᠲᠥᠯᠥᠭᠡ ᠪᠠᠶᠢᠭᠤᠯᠭ᠎ᠠ ᠠᠴᠠ ᠪᠠᠨ ᠨᠢᠭᠡ ᠤᠳᠠᠭ᠎ᠠ ᠴᠢᠯᠥᠭᠡ ᠭᠤᠶᠤᠭᠰᠠᠨ ᠦᠭᠡᠢ᠂ ᠠᠵᠢᠯ ᠳᠠᠭᠠᠨ ᠬᠠᠭᠠᠰ ᠬᠤᠪᠢ ᠴᠤ ᠰᠠᠭᠠᠲᠠᠭᠠᠭᠰᠠᠨ ᠦᠭᠡᠢ᠂ ᠤᠳᠤᠷᠢᠳᠤᠯᠭ᠎ᠠ ᠶᠢᠨ ᠬᠦᠨᠳᠦ ᠨᠠᠶᠢᠳᠠᠯᠭ᠎ᠠ ᠶᠢ ᠬᠥᠰᠡᠷᠳᠡᠭᠦᠯᠦᠭᠰᠡᠨ ᠦᠭᠡᠢ᠂ ᠪᠦᠬᠦ ᠶᠠᠪᠤᠴᠠ ᠳᠤ ᠲᠤᠰᠬᠠᠢ ᠠᠵᠢᠯᠯᠠᠭ᠎ᠠ ᠳᠤ ᠪᠦᠬᠦ ᠲᠠᠯ᠎ᠠ ᠪᠠᠷ ᠣᠷᠣᠯᠴᠠᠵᠤ᠂ ᠪᠦᠬᠦ ᠬᠤᠳᠠ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠠᠵᠢᠯᠯᠠᠭ᠎ᠠ ᠶᠢᠨ ᠦᠷ᠎ᠡ ᠪᠦᠲᠦᠮᠵᠢ ᠢᠯᠡᠳᠲᠡ ᠪᠠᠶᠢᠬᠤ ᠶᠢ ᠪᠠᠲᠤᠯᠠᠵᠤ᠂ ᠲᠤᠰ ᠭᠠᠵᠠᠷ ᠣᠷᠣᠨ ᠤ ᠨᠡᠶᠢᠭᠡᠮ ᠦᠨ ᠠᠮᠤᠷ ᠲᠦᠪᠰᠢᠨ ᠦ ᠶᠡᠬᠡ ᠲᠠᠯ᠎ᠠ ᠶᠢᠨ ᠦᠷᠭᠦᠯᠵᠢᠯᠡᠨ ᠰᠠᠶᠢᠵᠢᠷᠠᠨ ᠬᠥᠭᠵᠢᠬᠦ ᠳᠦ ᠪᠠᠶᠢᠴᠠᠭᠠᠬᠤ ᠬᠠᠷᠢᠭᠤᠴᠠᠯᠭ᠎ᠠ ᠪᠠᠨ ᠡᠷᠭᠦᠵᠡᠢ᠃
      ᠦᠨᠥ ᠪᠤᠯᠬᠤ  ᠳᠤ ᠂ ᠰᠦᠶ ᠶᠠ ᠵᠢᠩ ᠮᠥᠨ ᠯᠡ ᠡᠳᠦᠷ ᠪᠦᠷᠢ ᠬᠦᠨᠳᠦ ᠳᠠᠷᠤᠭᠠᠰᠤ ᠲᠠᠢ  ᠂ ᠬᠠᠶᠠ ᠵᠠᠷᠢᠮ ᠳᠠᠭᠠᠨ ᠡᠵᠢ ᠨᠢ ᠥᠬᠢᠨ ᠦ ᠪᠡᠨ ᠪᠡᠶ᠎ᠡ ᠮᠠᠬᠠᠪᠣᠳ ᠤᠨ ᠲᠥᠯᠥᠭᠡ ᠰᠠᠨᠠᠭ᠎ᠠ ᠵᠣᠪᠠᠵᠤ ᠭᠡᠲᠤᠨ ᠦᠭᠡ ᠵᠠᠬᠢᠳᠠᠭ ᠂ ᠪᠠᠰᠠ ᠥᠬᠢᠨ ᠨᠢ ᠡᠵᠢ ᠶᠢᠨ ᠢᠶᠡᠨ ᠬᠠᠨᠢ ᠪᠣᠯᠬᠤ ᠦᠭᠡᠢ  ᠳᠦ ᠨᠢ  ᠭᠣᠮᠣᠷᠬᠠᠳᠠᠭ ᠂ ᠭᠡᠷ ᠦᠨ ᠬᠥᠮᠦᠰ ᠦᠨ ᠢᠶᠡᠨ ᠣᠶᠢᠯᠠᠭᠠᠬᠤ ᠦᠭᠡᠶ ᠳᠦ ᠲᠡᠷᠡ ᠬᠦᠯᠢᠴᠡᠩᠭᠦᠶ ᠪᠡᠷ ᠲᠡᠶᠢᠯᠪᠤᠷᠢᠯᠡᠵᠦ ᠂ ᠨᠡᠩ ᠴᠤ ᠲᠡᠭᠦᠨ ᠢ ᠣᠶᠢᠯᠠᠭᠠᠵᠤ ᠳᠡᠮᠵᠢᠵᠦ ᠪᠠᠶᠢᠭ᠎ᠠ ᠡᠷ᠎ᠡ ᠨᠥᠬᠥᠷ ᠲᠠᠢ ᠪᠠᠶᠢᠵᠦ ᠂ ᠭᠡᠷ ᠪᠦᠯᠢ ᠪᠠ ᠠᠵᠢᠯ ᠦᠢᠯᠡᠰ  ᠢᠶᠡᠨ ᠨᠡᠩ ᠰᠠᠶᠢᠨ ᠲᠡᠩᠴᠡᠭᠦᠯᠳᠡᠭ ᠪᠠᠶᠢᠭᠰᠠᠨ ᠨᠢ ᠲᠡᠭᠦᠨ  ᠦ ᠪᠠᠶᠢᠴᠠᠭᠠᠬᠤ ᠦᠢᠯᠡᠰ  ᠦᠨ ᠲᠦᠯᠦᠭᠡ ᠬᠠᠨᠲᠢᠪᠯᠠᠬᠤ ᠰᠢᠢᠳᠪᠦᠷᠢ ᠵᠤᠷᠢᠭ  ᠢ ᠨᠢ ᠨᠡᠩ ᠬᠦᠪᠴᠢᠯᠡᠭᠰᠡᠨ ᠪᠠᠶᠢᠨ᠎ᠠ ᠃


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro