ᠲᠡᠷᠢᠭᠦᠨ ᠨᠢᠭᠤᠷ  -  ᠪᠠᠶᠢᠴᠠᠭᠠᠬᠤ ᠬᠤᠰᠢᠭᠤᠴᠢ

ᠰᠦᠯᠢᠺ ᠄ ᠦᠨᠡᠨᠴᠢ ᠰᠢᠳᠤᠷᠭᠤ ᠪᠠ ᠬᠠᠷᠢᠭᠤᠴᠠᠯᠭ᠎ᠠ ᠡᠭᠦᠷᠭᠡᠯᠡᠬᠦ ᠪᠡᠷ  ᠢᠶᠡᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠨ᠎ᠡ

2021-05-19 14:44:58
ᠵᠣᠬᠢᠶᠠᠭᠴᠢ
ᠭᠡᠭᠡᠷᠡᠯ

W020210511403522592218.jpg

︽ᠪᠤᠷᠤᠭᠤ ᠭᠠᠷᠭᠠᠲᠠᠭ ᠦᠭᠡᠢ︾ ᠲᠡᠷᠡ
     2018 ᠣᠨ ᠳᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠥᠷᠨᠢᠭᠦᠯᠦᠭᠰᠡᠨ ᠡᠴᠡ ᠨᠠᠰᠢ᠂ ᠰᠦᠯᠢᠺ ᠣᠨᠴᠠᠭᠠᠢ ᠶᠠᠭᠠᠷᠠᠯᠲᠠᠢ ᠪᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠦ ᠶᠠᠯᠠᠲᠤ ᠠᠵᠢᠯᠯᠠᠭ᠎ᠠ  ᠶᠢᠨ ᠠᠯᠭᠠᠰᠠᠯ ᠬᠤᠭᠤᠴᠠᠭ᠎ᠠ ᠤᠷᠳᠤ ᠂ ᠣᠷᠣᠯᠴᠠᠭᠰᠠᠨ ᠬᠥᠮᠦᠨ ᠤᠯᠠᠨ᠂ ᠭᠣᠣᠯᠯᠠᠭᠴᠢ ᠪᠤᠰᠤ ᠬᠥᠮᠦᠰ ᠦᠨ ᠰᠢᠯᠵᠢᠩᠭᠦᠢ ᠴᠢᠨᠠᠷ ᠶᠡᠬᠡ ᠵᠡᠷᠭᠡ ᠣᠨᠴᠠᠯᠢᠭ ᠠᠴᠠ ᠡᠭᠦᠰᠴᠦ᠂ ᠬᠡᠷᠡᠴᠢ ᠪᠠᠷᠢᠮᠲᠠ ᠶᠢ ᠬᠢᠨᠠᠨ ᠪᠠᠶᠢᠴᠠᠭᠠᠬᠤ᠂ ᠲᠠᠬᠢᠨ ᠬᠢᠨᠠᠬᠤ ᠳᠤ ᠬᠦᠴᠢᠷᠳᠡᠯ ᠶᠡᠬᠡ ᠪᠠᠶᠢᠵᠤ᠂ ᠬᠡᠷᠡᠴᠢ ᠪᠠᠷᠢᠮᠲᠠ ᠶᠢ ᠬᠢᠨᠠᠨ ᠪᠠᠶᠢᠴᠠᠭᠠᠬᠤ ᠴᠢᠳᠠᠪᠤᠷᠢ ᠳᠤ ᠨᠡᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠪᠠᠶᠢᠴᠠᠭᠠᠬᠤ ᠠᠵᠢᠯ ᠢ ᠨᠢᠭᠡ ᠴᠤᠭᠴᠠᠵᠢᠭᠤᠯᠤᠭᠰᠠᠨ ᠬᠡᠷᠡᠭ ᠰᠢᠶᠳᠪᠦᠷᠢᠯᠡᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠤᠤᠷᠠᠳᠤ ᠱᠠᠲᠤᠨ ᠤ ᠰᠢᠭᠦᠬᠦ ᠬᠣᠷᠢᠶ᠎ᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠦ ᠶᠠᠯᠠᠲᠤ ᠬᠡᠷᠡᠭ ᠲᠦ ᠬᠠᠤᠯᠢ ᠶᠣᠰᠣᠭᠠᠷ ᠤᠨᠢᠨ ᠳᠡᠭᠡᠷ᠎ᠡ ᠨᠢ ᠴᠣᠬᠢᠯᠲᠠ ᠥᠭᠬᠦ ᠶᠢ ᠳᠡᠮᠵᠢᠬᠦ ᠶᠢᠨ ᠲᠥᠯᠥᠭᠡ᠂ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠲᠤᠰᠬᠠᠶ ᠮᠡᠷᠭᠡᠵᠢᠯᠲᠡᠨ ᠪᠣᠯᠤᠭᠰᠠᠨ ᠲᠡᠷᠡ ᠲᠤᠤᠷᠠᠳᠤ ᠱᠠᠲᠤᠨ ᠤ ᠬᠢᠨ ᠢ ᠵᠢᠯᠣᠭᠣᠳᠤᠨ ᠪᠣᠭᠣᠮᠲᠠ ᠶᠢ ᠰᠠᠬᠢᠬᠤ ᠡᠨᠡ ᠬᠦ ᠪᠡᠷᠬᠡ ᠬᠠᠲᠠᠭᠤᠵᠢᠯᠲᠠᠶ ᠡᠭᠦᠷᠭᠡ ᠶᠢ                       ᠰᠠᠨᠠᠭᠠᠴᠢᠯᠠᠭ᠎ᠠ ᠠᠴᠠ ᠪᠠᠨ ᠡᠭᠦᠷᠭᠡᠯᠡᠪᠡ᠃
   ᠶᠠᠭᠰᠢ  ᠶᠢᠨ ᠸᠠᠩ ᠣᠪᠤᠭᠲᠤ  ᠶᠢᠨ ᠬᠠᠷ᠎ᠠ ᠪᠦᠯᠦᠭᠲᠡᠨ  ᠦ ᠶᠠᠯᠠᠲᠤ ᠠᠵᠢᠯᠯᠠᠭ᠎ᠠ  ᠶᠢᠨ ᠵᠣᠬᠢᠶᠠᠨ ᠪᠠᠶᠢᠭᠤᠯᠤᠯᠲᠠ ᠳᠤ ᠬᠣᠯᠪᠣᠭᠳᠠᠭᠰᠠᠨ ᠬᠡᠷᠡᠭ  ᠢ ᠵᠢᠯᠤᠭᠤᠲᠤᠨ ᠲᠤᠷᠰᠢᠨ ᠰᠢᠢᠳᠪᠦᠷᠢᠯᠡᠬᠦ  ᠶᠠᠪᠤᠴᠠ ᠳᠤ ᠰᠦᠯᠢᠺ ᠲᠠᠷᠣᠵᠦ ᠲᠤᠲᠠᠭᠠᠭᠰᠠᠨ ᠭᠠᠶᠢᠯᠢ  ᠶᠢᠨ ᠵᠣᠭᠣᠰ  ᠢ ᠲᠤᠯᠭᠠᠨ ᠪᠤᠳᠤᠬᠤ  ᠶᠢ ᠴᠠᠭ ᠲᠤᠬᠠᠶ ᠳᠤᠨᠢ ᠣᠯᠵᠤ ᠮᠡᠳᠡᠭᠡᠳ ᠰᠢᠪᠠᠳᠠᠨ ᠱᠠᠭᠠᠷᠳᠠᠵᠤ ᠂ ᠲᠤᠷᠰᠢᠨ ᠪᠠᠶᠢᠴᠠᠭᠠᠬᠤ ᠴᠢᠭᠯᠡᠯ ᠦᠨ ᠪᠤᠷᠤᠭᠤᠳᠠᠬᠤ  ᠠᠴᠠ ᠪᠦᠲᠦᠮᠵᠢᠲᠡᠶ ᠪᠡᠷ ᠵᠠᠶᠢᠯᠠᠰᠬᠢᠵᠦ ᠂ ᠭᠡᠷᠡᠴᠢ ᠪᠠᠷᠢᠮᠲᠠ  ᠶᠢᠨ ᠭᠢᠨᠵᠢ  ᠶᠢ ᠨᠥᠬᠥᠪᠥᠷᠢᠯᠡᠨ ᠲᠡᠭᠦᠯᠳᠡᠷᠵᠢᠭᠦᠯᠵᠦ ᠂ ᠬᠡᠷᠡᠭ  ᠢ ᠤᠷᠤᠭᠰᠢᠲᠠᠶ ᠪᠠᠷ ᠰᠢᠶᠳᠪᠦᠷᠢᠯᠡᠬᠦ  ᠶᠢ ᠪᠠᠲᠤᠯᠠᠭᠰᠠᠨ ᠪᠠᠶᠢᠨ᠎ᠠ ᠃ ᠲᠤᠰᠬᠠᠶ ᠲᠡᠮᠡᠴᠡᠯ ᠢ ᠥᠷᠨᠢᠭᠦᠯᠦᠭᠰᠡᠨ 2 ᠵᠢᠯ ᠦᠨ ᠬᠤᠭᠤᠴᠠᠭᠠᠨ ᠳᠤ ᠂ ᠲᠡᠷᠡ ᠲᠣᠭ᠎ᠠ ᠲᠣᠮᠰᠢ ᠦᠭᠡᠶ ᠣᠯᠠᠨ ᠤᠳᠠᠭ᠎ᠠ ᠡᠯ᠎ᠡ ᠬᠣᠰᠢᠭᠤ ᠬᠣᠲᠠ ︵ ᠲᠣᠭᠣᠷᠢᠭ ︶ ᠪᠠᠷ ᠨᠠᠰᠢ ᠴᠠᠰᠢ ᠶᠠᠪᠤᠵᠤ ᠂ ᠥᠷᠭᠡᠨ ᠳᠡᠯᠭᠡᠷ ᠲᠤᠰᠬᠠᠶ ᠮᠡᠷᠭᠡᠵᠢᠯ ᠦᠨ ᠮᠡᠳᠡᠯᠭᠡ ᠪᠠ ᠬᠡᠷᠡᠭ ᠰᠢᠶᠳᠪᠦᠷᠢᠯᠡᠬᠦ ᠪᠠᠶᠠᠯᠢᠭ ᠲᠤᠷᠰᠢᠯᠭ᠎ᠠ ᠪᠠᠷ ᠂ ᠤᠷᠢᠳ ᠬᠣᠵᠢᠳ ᠳᠣᠸᠷᠠᠳᠤ ᠱᠠᠲᠤᠨ ᠤ ᠬᠣᠷᠢᠶ᠎ᠠ ᠪᠠᠨ ᠵᠢᠯᠣᠭᠣᠳᠴᠤ ᠪᠠᠶᠢᠭᠠᠳ ᠠᠷᠠᠳ ᠬᠣᠰᠢᠭᠤᠨ ᠤ ᠱᠣᠸ ᠣᠪᠣᠭᠲᠤ ᠶᠢᠨ ᠬᠠᠷ᠎ᠠ ᠪᠦᠯᠦᠭᠲᠡᠨ  ᠳᠦ ᠬᠣᠯᠪᠣᠭᠳᠠᠭᠰᠠᠨ ᠶᠠᠯᠠᠲᠤ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠂ ᠮᠠᠨᠵᠤᠸᠷ ᠤᠨ ᠯᠢᠦ ᠣᠪᠣᠭᠲᠤ ᠶᠢᠨ ᠬᠠᠷᠭᠢᠰ ᠬᠦᠴᠦᠨ ᠦ ᠶᠠᠯᠠᠲᠤ ᠪᠦᠯᠦᠭᠯᠡᠯ ᠂ ᠡᠷᠭᠦᠨ᠎ᠡ ᠶᠢᠨ ᠴᠢᠦ ᠣᠪᠣᠭᠲᠤ ᠶᠢᠨ ᠬᠠᠷᠭᠢᠰ ᠬᠦᠴᠦᠨ ᠦ ᠶᠠᠯᠠᠲᠤ ᠪᠦᠯᠬᠦᠮ ᠵᠡᠷᠭᠡ 23 ᠬᠠᠷ᠎ᠠ ᠪᠦᠯᠦᠭᠲᠡᠨ ᠬᠠᠷᠭᠢᠰ ᠬᠦᠴᠦᠨ ᠦ ᠶᠠᠯᠠᠲᠤ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠳᠤ ᠤᠷᠤᠭᠰᠢᠲᠠᠶ ᠴᠣᠬᠢᠯᠲᠠ ᠥᠭᠴᠦ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠡᠷᠬᠡ ᠰᠡᠳᠦᠪ ᠢ ᠰᠢᠶᠳᠪᠦᠷᠢᠯᠡᠬᠦ ᠲᠡᠶᠢᠨ ᠦ ᠢᠯᠠᠯᠲᠠ ᠶᠢ ᠤᠯᠬᠤ ᠳᠤ ᠥᠪᠡᠷ ᠦᠨ ᠬᠤᠪᠢ ᠨᠡᠮᠡᠷᠢ ᠪᠡᠨ ᠦᠵᠡᠭᠦᠯᠪᠡ ᠃
         ︽ᠬᠦᠴᠢᠷ ᠡᠴᠡ ᠠᠶᠤᠬᠤ ᠦᠭᠡᠢ︾ ᠲᠡᠷᠡ
      2018 ᠣᠨ ᠤ ᠵᠢᠯ ᠦᠨ ᠡᠴᠦᠰ ᠲᠦ ᠂ ᠲᠡᠷᠡ ᠳᠠᠩ ᠣᠪᠣᠭᠲᠤ ᠵᠡᠷᠭᠡ ᠬᠥᠮᠦᠰ ᠦᠨ ᠬᠠᠷ᠎ᠠ ᠪᠦᠯᠦᠭᠲᠡᠨ ᠤ ᠰᠢᠨᠵᠢ  ᠴᠢᠨᠠᠷᠲᠠᠶ ᠵᠣᠬᠢᠶᠠᠨ ᠪᠠᠶᠢᠭᠤᠯᠤᠯᠲᠠ ᠶᠢᠨ ᠶᠠᠯ᠎ᠠ ᠬᠢᠭᠰᠡᠨ ᠢᠶᠡᠷ ᠰᠡᠵᠢᠭᠯᠡᠭᠳᠡᠭᠰᠡᠨ ᠬᠡᠷᠡᠭ ᠢ ᠰᠢᠶᠳᠪᠦᠷᠢᠯᠡᠬᠦ ᠳᠦ ᠣᠷᠣᠯᠴᠠᠵᠤ ᠂ ᠲᠠᠩ ᠣᠪᠣᠭᠲᠤ  ᠪᠠᠷ ᠲᠣᠯᠣᠭᠠᠶᠢᠯᠠᠭᠤᠯᠤᠭᠰᠠᠨ ᠬᠠᠷ᠎ᠠ ᠪᠦᠯᠦᠭᠲᠡᠨ ᠤ ᠰᠢᠨᠵᠢ ᠴᠢᠨᠠᠷᠲᠠᠶ ᠵᠣᠬᠢᠶᠠᠨ ᠪᠠᠶᠢᠭᠤᠯᠤᠯᠲᠠ ᠤᠷᠲᠤ ᠬᠤᠭᠤᠴᠠᠭ᠎ᠠ  ᠪᠠᠷ ᠶᠠᠭᠰᠢ ᠣᠷᠣᠨ ᠳᠤ ᠡᠭᠦᠷᠯᠡᠵᠦ ᠂ ᠬᠦᠴᠦᠷᠬᠡᠭᠯᠡᠯ ᠂ ᠰᠦᠷᠳᠡᠭᠦᠯᠦᠯ ᠵᠡᠷᠭᠡ ᠠᠷᠭ᠎ᠠ  ᠪᠠᠷ ᠵᠣᠬᠢᠶᠠᠨ ᠪᠠᠶᠢᠭᠤᠯᠤᠯᠲᠠ  ᠲᠠᠶ ᠂ ᠲᠥᠯᠥᠪᠯᠡᠭᠡ ᠲᠡᠶ ᠪᠡᠷ ᠬᠠᠤᠯᠢ  ᠶᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠵᠦ ᠂ ᠮᠠᠭᠤ ᠬᠡᠷᠡᠭ ᠦᠢᠯᠡᠳᠴᠦ ᠂ ᠣᠯᠠᠨ ᠲᠦᠮᠡᠨ ᠢ ᠬᠢᠬᠠᠨ ᠳᠠᠷᠤᠯᠠᠨ ᠬᠣᠣᠷᠯᠠᠵᠤ ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠦᠨ ᠠᠮᠢᠳᠤᠷᠠᠯ ᠤᠨ ᠡᠮᠬᠢ ᠵᠢᠷᠤᠮ ᠢ ᠬᠦᠨᠳᠦ ᠨᠣᠴᠢᠲᠠᠶ ᠡᠪᠳᠡᠵᠦ ᠂ ᠲᠤᠶᠢᠯ ᠤᠨ ᠮᠠᠭᠤ ᠨᠥᠯᠥᠭᠡ ᠭᠠᠷᠭᠠᠭᠰᠠᠨ ᠪᠠᠶᠢᠨ᠎ᠠ ᠃ ᠲᠤᠰ ᠬᠡᠷᠡᠭ ᠢ ᠬᠡᠷᠡᠭ ᠪᠣᠯᠭᠠᠨ ᠳᠠᠩᠰᠠᠯᠠᠬᠤ ᠶᠢᠨ ᠡᠬᠢᠨ ᠦ ᠦᠶ᠎ᠡ ᠳᠦ᠂ ᠲᠡᠷᠡ ᠪᠤᠰᠤᠳ 3 ᠪᠠᠶᠢᠴᠠᠭᠠᠬᠤ ᠲᠤᠰᠢᠶᠠᠯᠲᠠᠨ ᠲᠠᠶ ᠬᠠᠮᠲᠤ ᠪᠠᠷ ᠬᠡᠷᠡᠭ ᠢ ᠲᠤᠷᠰᠢᠨ ᠪᠠᠶᠢᠴᠠᠭᠠᠬᠤ ᠠᠵᠢᠯᠯᠠᠭ᠎ᠠ ᠳᠤ ᠤᠷᠢᠯᠭ᠎ᠠ ᠪᠠᠷ ᠣᠷᠣᠯᠴᠠᠵᠤ᠂ ᠬᠡᠷᠡᠭ ᠰᠢᠶᠳᠪᠦᠷᠢᠯᠡᠬᠦ ᠳᠤᠭᠤᠶᠢᠯᠠᠩ ᠳᠤ ᠬᠡᠳᠦᠨ ᠠᠷᠪᠠᠨ ᠤᠳᠠᠭ᠎ᠠ ᠣᠴᠢᠵᠤ᠂ ᠵᠣᠬᠢᠶᠠᠨ ᠪᠠᠶᠢᠭᠤᠯᠤᠯᠲᠠ ᠶᠢᠨ ᠣᠨᠴᠠᠯᠢᠭ᠂ ᠠᠵᠤ ᠠᠬᠤᠶ ᠶᠢᠨ ᠣᠨᠴᠠᠯᠢᠭ᠂ ᠦᠢᠯᠡ ᠠᠵᠢᠯᠯᠠᠭ᠎ᠠ ᠶᠢᠨ ᠣᠨᠴᠠᠯᠢᠭ ᠵᠡᠷᠭᠡ ᠲᠠᠯ᠎ᠠ ᠪᠠᠷ ᠵᠠᠭᠤ ᠭᠠᠷᠤᠶ ᠲᠤᠰᠬᠠᠶ ᠮᠡᠷᠭᠡᠵᠢᠯ ᠦᠨ ᠰᠠᠨᠠᠯ ᠳᠤᠷᠠᠳᠴᠤ᠂ ᠲᠤᠷᠰᠢᠨ ᠪᠠᠶᠢᠴᠠᠭᠠᠬᠤ ᠪᠠᠶᠢᠭᠤᠯᠭ᠎ᠠ ᠶᠢᠨ ᠬᠡᠷᠡᠴᠢ ᠪᠠᠷᠢᠮᠲᠠ ᠶᠢ ᠲᠡᠭᠦᠯᠳᠡᠷᠵᠢᠭᠦᠯᠬᠦ ᠳᠦ ᠴᠠᠭ ᠬᠠᠩᠭᠠᠵᠤ᠂ ᠪᠣᠳᠠᠲᠤ ᠬᠡᠷᠡᠭ᠂ ᠬᠡᠷᠡᠴᠢ ᠪᠠᠷᠢᠮᠲᠠ ᠶᠢᠨ ᠠᠰᠠᠭᠤᠳᠠᠯ ᠢ ᠵᠠᠭᠠᠯᠳᠤᠬᠤ ᠠᠴᠠ ᠡᠮᠦᠨ᠎ᠡ ᠰᠢᠶᠳᠪᠦᠷᠢᠯᠡᠭᠰᠡᠨ ᠪᠠᠶᠢᠨ᠎ᠠ᠃
      ᠬᠡᠷᠡᠭ ᠢ ᠵᠠᠭᠠᠯᠲᠤᠬᠤ  ᠶᠢ ᠬᠢᠨᠠᠨ ᠪᠠᠶᠢᠴᠠᠭᠠᠯᠭᠠᠬᠤ  ᠪᠠᠷ ᠰᠢᠯᠵᠢᠭᠦᠯᠦᠨ ᠬᠦᠷᠭᠡᠬᠦ ᠦᠶ᠎ᠡ ᠳᠦ ᠂ 15 ᠶᠠᠯ᠎ᠠ ᠶᠢᠨ ᠨᠡᠷ᠎ᠡ ᠂ 155 ᠲᠠᠩᠰᠠ ᠡᠪᠬᠡᠮᠡᠯ ᠂ 44 ᠶᠠᠯ᠎ᠠ ᠬᠢᠭᠰᠡᠨ ᠰᠡᠵᠢᠭᠳᠡᠨ ᠳᠦ ᠬᠣᠯᠪᠣᠭᠳᠠᠵᠠᠶ ᠃ ᠰᠦᠯᠢᠺ ᠲᠤᠰᠬᠠᠶ ᠬᠡᠷᠡᠭ ᠦᠨ ᠳᠤᠭᠤᠶᠢᠯᠠᠩ ᠤᠨ ᠨᠢᠭᠡ ᠭᠡᠰᠢᠭᠦᠨ ᠪᠣᠯᠤᠭᠰᠠᠨ ᠤ ᠬᠤᠪᠢ ᠳᠤ ᠂ ᠲᠤᠰᠬᠠᠶ ᠬᠡᠷᠡᠭ ᠦᠨ ᠳᠤᠭᠤᠶᠢᠯᠠᠩ ᠤᠨ ᠪᠤᠰᠤᠳ ᠪᠦᠷᠢᠯᠳᠦᠬᠦᠨ ᠲᠡᠶ ᠬᠠᠮᠲᠤ 45 ᠡᠳᠦᠷ ᠰᠥᠨᠢ ᠵᠠᠯᠭᠠᠭ᠎ᠠ ᠪᠠᠷ ᠡᠷᠡᠯᠬᠡᠭᠯᠡᠨ ᠪᠠᠶᠢᠯᠳᠤᠭᠰᠠᠨ ᠪᠠᠶᠢᠨ᠎ᠠ ᠃ ᠡᠲᠡᠭᠡᠷ ᠬᠦᠴᠢᠷ ᠪᠡᠷᠬᠡᠰᠢᠶᠡᠯ ᠲᠡᠶ ᠡᠳᠦᠷ ᠦᠳ ᠲᠦ ᠂ ᠡᠨᠡ ᠬᠦ ᠵᠢᠷᠠ ᠰᠢᠬᠠᠭᠰᠠᠨ ᠨᠠᠰᠤᠲᠠᠨ ᠶᠠᠮᠠᠷ ᠴᠤ ᠬᠠᠷᠠᠭᠠᠯᠵᠠᠯ ᠬᠦᠷᠲᠡᠭᠡᠬᠦ ᠶᠢ ᠱᠠᠭᠠᠷᠳᠠᠭᠰᠠᠨ ᠥᠬᠡᠶ ᠂ ᠬᠡᠵᠢᠶᠡᠳᠡ ᠪᠡᠶ᠎ᠡ ᠪᠡᠷ ᠢᠶᠡᠨ ᠲᠦᠷᠦᠭᠦᠯᠡᠨ ᠡᠭᠡᠯᠵᠢ ᠴᠠᠭ ᠨᠡᠮᠡᠵᠦ ᠲᠠᠩᠰᠠ ᠡᠪᠬᠡᠮᠡᠯ ᠢ ᠬᠢᠨᠠᠨ ᠦᠵᠡᠵᠦ ᠂ ᠳᠡᠷᠭᠡᠳᠡᠬᠢ ᠬᠥᠮᠦᠰ ᠢᠶᠠᠨ ᠭᠦᠨ ᠨᠦᠯᠦᠭᠡᠯᠡᠭᠰᠡᠨ ᠪᠠᠶᠢᠨ᠎ᠠ ᠃ ᠰᠥᠨᠢ ᠳᠦᠯᠢ ᠪᠡᠷ᠂ ᠲᠡᠭᠦᠨ ᠦ ᠠᠯᠪᠠᠨ ᠭᠡᠷ ᠦᠨ ᠳ᠋ᠧᠩ ᠨᠢ ᠵᠠᠯᠠᠭᠤ ᠺᠠᠳ᠋ᠷ ᠴᠠᠭᠳᠠᠭ᠎ᠠ ᠨᠠᠷ ᠤᠨ ᠰᠡᠳᠬᠢᠯ ᠢ ᠠᠮᠤᠷᠵᠢᠭᠤᠯᠬᠤ ᠭᠡᠷᠡᠯᠲᠦ ᠴᠠᠮᠬᠠᠭ ᠪᠤᠯᠤᠭᠰᠠᠨ ᠪᠠᠶᠢᠨ᠎ᠠ ᠪᠣᠯᠪᠠ᠃

W020210511403522872742.jpg     ᠵᠠᠯᠭᠠᠭ᠎ᠠ ᠪᠠᠷ ᠴᠠᠭ ᠨᠡᠮᠡᠨ ᠠᠵᠢᠯᠯᠠᠵᠤ ᠰᠥᠨᠢᠵᠢᠨ ᠠᠵᠢᠯᠯᠠᠭᠰᠠᠨ ᠠᠴᠠ ᠲᠡᠭᠦᠨ ᠦ ᠪᠡᠶ᠎ᠡ ᠶᠢᠨ ᠡᠭᠡᠯᠢᠯᠡᠭᠡ ᠶᠢᠨ ᠴᠢᠳᠠᠪᠤᠷᠢ ᠨᠢ ᠬᠦᠨᠳᠦ ᠨᠣᠴᠢᠲᠠᠶ ᠪᠠᠭᠤᠷᠠᠵᠤ᠂ ᠤᠯᠠᠨ ᠵᠢᠯ ᠬᠥᠳᠡᠯᠦᠭᠡ ᠦᠭᠡᠢ ᠲᠤᠯᠠᠢ ᠡᠪᠡᠳᠴᠢᠨ ᠬᠥᠳᠡᠯᠵᠦ᠂ ᠬᠣᠶᠠᠷ ᠬᠦᠯ ᠢᠶᠡᠷ ᠢᠶᠡᠨ ᠤᠳᠠᠭᠠᠨ ᠵᠣᠭᠰᠣᠬᠤ ᠶᠢᠨ ᠠᠷᠭ᠎ᠠ ᠦᠭᠡᠢ ᠪᠠᠶᠢᠪᠠ᠂ ᠭᠡᠪᠡᠴᠦ ᠡᠶᠢᠮᠦᠷᠬᠦᠦ ᠪᠠᠶᠢᠳᠠᠯ ᠳᠣᠣᠷ᠎ᠠ᠂ ᠬᠡᠷᠡᠭ ᠰᠢᠶᠳᠪᠦᠷᠢᠯᠡᠬᠦ ᠳᠤᠭᠤᠶᠢᠯᠠᠩ ᠤᠨ ᠲᠤᠰᠠᠯᠠᠮᠵᠢ ᠭᠤᠶᠤᠴᠢᠯᠠᠬᠤ ᠤᠲᠠᠰᠤ ᠶᠢ ᠲᠤᠰᠤᠮᠠᠭᠴᠠ ᠲᠡᠷᠡ ᠮᠥᠨ ᠯᠡ ᠡᠷᠡᠰ ᠰᠢᠭᠤᠷᠬᠠᠶ ᠪᠠᠷ ᠠᠵᠢᠯ ᠳᠠᠭᠠᠨ ᠪᠤᠴᠠᠨ ᠢᠷᠡᠵᠤ᠂ ᠨᠢᠭᠡ ᠯᠡ ᠰᠡᠳᠬᠢᠯ ᠢᠶᠡᠷ ᠬᠡᠷᠡᠭ ᠲᠦ ᠰᠢᠭᠢᠳᠦᠨ ᠣᠷᠣᠪᠠ᠃ ᠡᠴᠦᠰ ᠲᠦ ᠂ ᠬᠡᠷᠡᠭ ᠰᠢᠶᠳᠪᠦᠷᠢᠯᠡᠬᠦ ᠳᠤᠭᠤᠶᠢᠯᠠᠩ ᠡᠯ᠎ᠡ ᠵᠦᠶᠯ ᠦᠨ ᠬᠦᠴᠢᠷᠳᠡᠯ ᠢ ᠢᠯᠠᠨ ᠳᠠᠪᠠᠵᠤ ᠂ ᠪᠣᠳᠠᠲᠤ ᠬᠡᠷᠡᠭ ᠢᠶᠡᠷ ᠦᠨᠳᠦᠰᠦᠯᠡᠯ ᠪᠣᠯᠭᠠᠨ ᠂ ᠬᠠᠸᠯᠢ ᠴᠠᠭᠠᠵᠠ ᠪᠠᠷ ᠪᠠᠷᠢᠮᠵᠢᠶ᠎ᠠ ᠪᠣᠯᠭᠠᠵᠤ ᠂ ᠰᠢᠭᠦᠬᠦ ᠬᠣᠷᠢᠶ᠎ᠠ ᠳᠤ 41 ᠶᠠᠯ᠎ᠠ ᠬᠢᠭᠰᠡᠨ ᠰᠡᠵᠢᠭᠳᠡᠨ ᠳᠦ ᠠᠯᠪᠠᠨ ᠵᠠᠭᠠᠯᠳᠤᠯᠭ᠎ᠠ ᠭᠠᠷᠭᠠᠵᠤ ᠂ ᠶᠠᠯ᠎ᠠ ᠶᠢ ᠨᠢ ᠵᠣᠬᠢᠰᠲᠠᠶ ᠲᠣᠷᠭᠠᠬᠤ ᠶᠢ ᠦᠨᠡᠨ ᠬᠦ ᠪᠠᠲᠤᠯᠠᠵᠤ ᠂ ᠬᠠᠸᠯᠢ ᠶᠣᠰᠣᠭᠠᠷ ᠥᠨᠳᠥᠷ ᠪᠦᠲᠦᠮᠵᠢᠲᠡᠶ ᠨᠠᠷᠢᠯᠢᠭ ᠣᠨᠣᠴᠠᠲᠠᠶ ᠪᠠᠷ ᠶᠠᠯᠠᠲᠤ ᠠᠵᠢᠯᠯᠠᠭ᠎ᠠ ᠶᠢ ᠵᠠᠭᠠᠯᠳᠤᠪᠠ ᠃ ᠲᠠᠩ ᠣᠪᠣᠭᠲᠤ  ᠶᠢᠨ ᠬᠠᠷ᠎ᠠ ᠪᠦᠯᠦᠭᠲᠡᠨ  ᠦ ᠵᠣᠬᠢᠶᠠᠨ ᠪᠠᠶᠢᠭᠤᠯᠤᠯᠲᠠ  ᠶᠢᠨ ᠶᠠᠯ᠎ᠠ ᠬᠢᠭᠰᠡᠨ ᠬᠡᠷᠡᠭ  ᠢ ᠰᠢᠶᠳᠪᠦᠷᠢᠯᠡᠵᠦ ᠳᠠᠭᠤᠰᠬᠠᠭᠠᠳ ᠵᠠᠭᠠᠯᠳᠤᠭᠤᠯᠬᠤ ᠪᠠᠷ ᠰᠢᠯᠵᠢᠭᠦᠯᠦᠭᠰᠡᠨ ᠦ ᠳᠠᠷᠠᠭ᠎ᠠ ᠂ ᠶᠠᠭᠰᠢ   ᠶᠢᠨ ᠣᠷᠣᠨ ᠳᠤ ᠮᠠᠰᠢ ᠶᠡᠬᠡ ᠲᠤᠰᠬᠠᠯ ᠭᠠᠷᠴᠤ ᠂ ᠠᠷᠠᠳ ᠢᠷᠭᠡᠳ ᠠᠯᠠᠭ᠎ᠠ ᠲᠠᠰᠢᠨ ᠪᠠᠶᠠᠷᠯᠠᠵᠠᠶ ᠃
       ︽ᠪᠡᠷᠬᠡᠰᠢᠶᠡᠯ  ᠡᠴᠡ ᠠᠶᠤᠬᠤ ᠦᠭᠡᠢ︾ ᠲᠡᠷᠡ
     ᠬᠠᠷ᠎ᠠ ᠪᠦᠯᠦᠭᠲᠡᠨ ᠬᠠᠷᠭᠢᠰ ᠬᠦᠴᠦᠨ ᠦ ᠶᠠᠯᠠᠲᠤ ᠠᠵᠢᠯᠯᠠᠭ᠎ᠠ ᠴᠥᠮ ᠤᠯᠠᠨ ᠲᠦᠮᠡᠨ ᠦ ᠳᠡᠷᠭᠡᠳᠡ ᠡᠭᠦᠰᠴᠦ᠂ ᠠᠷᠠᠳ ᠤᠯᠠᠨ ᠤ ᠠᠮᠤᠷ ᠲᠦᠪᠰᠢᠨ ᠦ ᠲᠦᠷᠦᠭᠳᠡᠯ ᠢ ᠬᠦᠨᠳᠦ ᠨᠣᠴᠢᠲᠠᠢ ᠨᠥᠯᠥᠭᠡᠯᠡᠵᠦ ᠪᠠᠶᠢᠬᠤ ᠤᠴᠢᠷ ᠠᠴᠠ ᠡᠷᠬᠡᠪᠰᠢ ᠬᠠᠤᠯᠢ ᠶᠣᠰᠣᠭᠠᠷ ᠴᠢᠩᠭ᠎ᠠ  ᠰᠢᠢᠳᠭᠡᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠦ ᠰᠥᠷᠭᠡᠦ ᠣᠮᠣᠭ ᠰᠦᠷ ᠢ ᠪᠦᠲᠦᠮᠵᠢᠲᠡᠢ ᠬᠣᠷᠢᠭᠯᠠᠵᠤ᠂ ᠠᠷᠠᠳ ᠤᠯᠠᠨ ᠤ ᠬᠠᠨᠤᠮᠵᠢ ᠶᠢᠨ ᠬᠡᠮᠵᠢᠢ᠎ᠡ ᠶᠢ ᠳᠡᠭᠡᠭᠰᠢᠯᠡᠭᠦᠯᠬᠦ ᠬᠡᠷᠡᠭᠲᠡᠢ᠃ ᠬᠡᠷᠡᠭ ᠰᠢᠶᠳᠪᠦᠷᠢᠯᠡᠬᠦ ᠠᠵᠢᠯᠳᠠᠨ ᠪᠣᠯᠤᠭᠰᠠᠨ ᠤ ᠬᠤᠪᠢ ᠳᠤ᠂ ᠨᠡᠩ ᠡᠷᠡᠰ ᠴᠢᠩᠭ᠎ᠠ ᠣᠪᠣᠷ᠂ ᠨᠡᠩ ᠴᠢᠩᠭ᠎ᠠ ᠪᠠᠷᠢᠮᠵᠢᠶ᠎ᠠ᠂ ᠨᠡᠩ ᠬᠦᠴᠦᠲᠡᠶ ᠠᠷᠭ᠎ᠠ ᠬᠡᠮᠵᠢᠶ᠎ᠡ᠂ ᠨᠡᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠳᠠᠭᠠᠭᠠᠨ ᠰᠢᠶᠳᠪᠦᠷᠢᠯᠡᠭᠰᠡᠨ ᠬᠡᠷᠡᠭ ᠨᠢᠭᠡᠪᠦᠷᠢ ᠶᠢ ᠴᠥᠮ ᠨᠠᠷᠢᠨ ᠨᠢᠮᠪᠠᠶ ᠲᠤᠩᠭᠠᠨ ᠪᠣᠳᠣᠯᠬᠢᠯᠠᠵᠤ᠂ ᠨᠠᠷᠢᠨ ᠨᠢᠮᠪᠠᠶ ᠨᠤᠲᠠᠯᠠᠬᠤ ᠬᠡᠷᠡᠭᠲᠡᠶ᠃ ᠰᠦᠯᠢᠺ ᠬᠡᠷᠡᠭ ᠦᠨ ᠪᠠᠶᠢᠳᠠᠯ  ᠢ ᠭᠦᠢᠴᠡᠳ ᠣᠶᠢᠯᠠᠭᠠᠭᠰᠠᠨ ᠰᠠᠭᠤᠷᠢᠨ ᠳᠡᠭᠡᠷ᠎ᠡ ᠂ ᠬᠠᠤᠯᠢᠴᠢ ᠂ ᠰᠡᠵᠢᠭᠳᠡᠨ ᠂ ᠬᠣᠣᠷᠯᠠᠭᠳᠠᠭᠴᠢ  ᠶᠢᠨ ᠰᠠᠨᠠᠯ  ᠢ ᠬᠢᠨᠠᠮᠠᠭᠠᠶ ᠰᠣᠨᠣᠰᠴᠤ ᠂ ᠪᠤᠶ ᠪᠣᠯᠤᠭᠰᠠᠨ ᠬᠠᠤᠯᠢ ᠴᠠᠭᠠᠵᠠ  ᠶᠢᠨ ᠪᠢᠴᠢᠭ ᠬᠠᠷ᠎ᠠ  ᠶᠢ ᠨᠠᠷᠢᠨ ᠬᠢᠨᠠᠮᠠᠭᠠᠶ ᠳᠠᠬᠢᠨ ᠳᠠᠪᠲᠠᠨ ᠬᠠᠷᠭᠤᠭᠤᠯᠵᠤ ᠂ ᠰᠡᠵᠢᠭ ᠲᠡᠶ ᠵᠦᠢᠯ ᠦᠨ ᠭᠡᠷᠡᠴᠢ ᠪᠠᠷᠢᠮᠲᠠ  ᠶᠢ ᠶᠡᠷᠦ ᠡᠴᠡ ᠵᠦᠭᠡᠷ ᠲᠠᠯᠪᠢᠬᠤ ᠦᠭᠡᠶ ᠪᠠᠶᠢᠵᠤ ᠂ ᠰᠠᠨᠠᠭᠠᠴᠢᠯᠠᠭ᠎ᠠ  ᠠᠴᠠ ᠪᠠᠨ ᠪᠠᠶᠢᠴᠠᠭᠠᠨ ᠬᠠᠷᠭᠤᠭᠤᠯᠵᠤ ᠂ ᠰᠡᠵᠢᠭ  ᠢ ᠵᠠᠳᠠᠯᠵᠤ ᠂ ᠳᠠᠭᠠᠭᠠᠨ ᠰᠢᠶᠳᠪᠦᠷᠢᠯᠡᠭᠰᠡᠨ ᠬᠡᠷᠡᠭ ᠨᠢᠭᠡᠪᠦᠷᠢ ᠴᠥᠮ ᠲᠡᠦᠬᠡ ᠪᠠ ᠬᠠᠤᠯᠢ ᠴᠠᠭᠠᠵᠠ  ᠶᠢᠨ ᠰᠢᠯᠭᠠᠯᠲᠠ  ᠶᠢ ᠳᠠᠭᠠᠭᠠᠵᠤ ᠳᠡᠶᠢᠯᠬᠦ  ᠶᠢ ᠦᠨᠡᠨᠬᠦ ᠪᠠᠲᠤᠯᠠᠭᠰᠠᠨ ᠪᠠᠶᠢᠨ᠎ᠠ ᠃
      2019 ᠣᠨ ᠤ 6 ᠰᠠᠷ᠎ᠠ ᠳᠤ᠂ ᠰᠦᠯᠢᠺ ᠮᠠᠨᠵᠤᠤᠷ ᠤᠨ ᠯᠢ ᠣᠪᠣᠭᠲᠤ ᠪᠠᠷ ᠲᠦᠷᠦᠭᠦᠯᠡᠭᠦᠯᠦᠭᠰᠡᠨ ᠬᠠᠷ᠎ᠠ ᠪᠦᠯᠦᠭᠲᠡᠨ  ᠤ ᠰᠢᠨᠵᠢ ᠴᠢᠨᠠᠷᠲᠠᠢ ᠵᠣᠬᠢᠶᠠᠨ ᠪᠠᠶᠢᠭᠤᠯᠤᠯᠲᠠ ᠶᠢᠨ ᠶᠠᠯᠠᠲᠤ ᠬᠡᠷᠡᠭ ᠢ ᠳᠠᠭᠠᠭᠤᠯᠤᠨ ᠰᠢᠢᠳᠪᠦᠷᠢᠯᠡᠪᠡ᠃ ᠲᠣᠰ ᠬᠡᠷᠡᠭ ᠨᠢ ᠤᠨᠠᠭᠤᠯᠢ ᠲᠠᠢ ᠵᠢᠭᠡᠯᠡᠯᠭᠡ ᠂ ᠭᠠᠭᠴᠠᠭᠠᠷ ᠡᠵᠡᠮᠰᠢᠯ ᠦᠨ ᠡᠵᠡᠩᠨᠡᠯᠲᠡ ᠳᠦ ᠬᠣᠯᠪᠣᠭᠳᠠᠭᠰᠠᠨ ᠣᠯᠠᠨ ᠤᠳᠠᠭᠠᠨ ᠤ ᠶᠠᠯᠠᠲᠤ ᠬᠡᠷᠡᠭ ᠲᠦ ᠬᠣᠯᠪᠣᠭᠳᠠᠵᠤ ᠂ ᠡᠯ᠎ᠡ ᠵᠦᠶᠯ ᠦᠨ ᠶᠠᠯᠠᠲᠤ ᠠᠵᠢᠯᠯᠠᠭ᠎ᠠ  ᠶᠢᠨ ᠬᠤᠭᠤᠷᠤᠨᠲᠦ  ᠪᠠᠨ  ᠬᠠᠷᠢᠴᠠᠭ᠎ᠠ ᠲᠠᠢ ᠪᠠᠶᠢᠵᠦ ᠂ ᠲᠤᠬᠠᠶ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠭᠤᠷᠪᠠᠨ ᠪᠠᠶᠢᠭᠤᠯᠭ᠎ᠠ ᠶᠠᠯ᠎ᠠ ᠪᠣᠯᠵᠣ ᠪᠦᠷᠢᠯᠳᠦᠭᠰᠡᠨ ᠡᠰᠡᠬᠦ ᠳᠦ ᠲᠤᠶᠢᠯ ᠤᠨ ᠶᠡᠬᠡ ᠮᠠᠷᠭᠤᠭᠠᠨ ᠲᠠᠶ ᠪᠠᠶᠢᠵᠤ ᠂ ᠣᠯᠠᠨ ᠤᠳᠠᠭ᠎ᠠ ᠪᠠᠷᠢᠪᠴᠢᠯᠠᠭᠰᠠᠨ ᠥᠬᠡᠶ ᠨᠥᠬᠥᠵᠦ ᠲᠤᠷᠰᠢᠨ ᠪᠠᠶᠢᠴᠠᠭᠠᠯᠭᠠᠬᠤ  ᠪᠠᠷ ᠪᠤᠴᠠᠭᠠᠭᠰᠠᠨ ᠨᠢ ᠴᠥᠮ ᠪᠣᠳᠠᠲᠠᠶ ᠠᠬᠢᠴᠠ ᠥᠬᠡᠶ ᠪᠠᠶᠢᠵᠤ ᠂ ᠬᠡᠷᠡᠭ ᠢ ᠲᠠᠩᠨᠠᠨ ᠰᠢᠶᠳᠪᠦᠷᠢᠯᠡᠬᠦ ᠠᠵᠢᠯ ᠪᠣᠭᠣᠮᠢ ᠳᠤ ᠤᠴᠠᠷᠠᠵᠤ ᠂ ᠡᠭᠦᠨ ᠡᠴᠡ ᠪᠣᠯᠵᠣ ᠲᠥᠪ ᠦᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠬᠢᠨᠠᠨ ᠵᠢᠯᠣᠭᠣᠳᠬᠤ ᠳᠤᠭᠤᠶᠢᠯᠠᠩ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠬᠤᠭᠤᠴᠠᠭ᠎ᠠ ᠲᠣᠭᠲᠠᠭᠠᠨ ᠰᠢᠶᠳᠪᠦᠷᠢᠯᠡᠵᠦ ᠳᠠᠭᠤᠰᠬᠠᠬᠤ ᠪᠠᠷ ᠱᠠᠭᠠᠷᠳᠠᠪᠠ ᠃ ᠡᠶᠢᠮᠦ ᠪᠠᠶᠢᠳᠠᠯ ᠤᠨ ᠳᠣᠣᠷ᠎ᠠ᠂ ᠲᠡᠷᠡ ᠠᠶᠤᠯ ᠲᠦᠭᠰᠢᠭᠦᠷᠢᠲᠡᠶ ᠦᠶ᠎ᠡ ᠳᠦ ᠵᠠᠷᠯᠢᠭ ᠬᠦᠯᠢᠶᠡᠵᠦ᠂ ᠬᠤᠳ᠋ᠠ ᠶᠢᠨ ᠬᠣᠷᠢᠶᠠᠨ ᠤ ᠲᠣᠮᠢᠯᠠᠯᠲᠠ ᠶᠢ ᠬᠦ᠋ᠯᠢᠶᠡᠨ ᠠᠪᠴᠤ ᠪᠦ᠋ᠬᠦ ᠶᠠᠪᠤᠴᠠ ᠶᠢ ᠳᠠᠭᠠᠭᠤᠯᠤᠨ ᠭᠦᠢᠴᠡᠳᠬᠡᠪᠡ᠃ ᠡᠭᠦᠨ ᠦ ᠲᠤᠯᠠᠳᠠ ᠲᠡᠷᠡ ᠰᠥᠨᠢ ᠳᠦᠯᠢ ᠪᠡᠷ ᠡᠪᠬᠡᠮᠡᠯ ᠦᠨ ᠮᠠᠲ᠋ᠧᠷᠢᠶᠠᠯ ᠢ ᠬᠢᠨᠠᠨ ᠦᠵᠡᠵᠦ᠂ ᠨᠠᠢᠮᠠᠨ ᠨᠢᠭᠤᠷ ᠲᠠᠶ ᠨᠥᠬᠥᠪᠥᠷᠢᠯᠡᠨ ᠲᠤᠷᠰᠢᠨ ᠪᠠᠶᠢᠴᠠᠭᠠᠬᠤ ᠲᠣᠪᠴᠢ ᠶᠢ ᠪᠦᠷᠢᠯᠳᠦᠭᠦᠯᠵᠦ᠂ ᠲᠡᠷᠡ ᠳᠠᠷᠤᠢ ᠳᠤᠨᠢ ᠲᠤᠷᠰᠢᠨ ᠪᠠᠶᠢᠴᠠᠭᠠᠬᠤ ᠠᠵᠢᠯᠳᠠᠨ ᠲᠠᠶ ᠨᠡᠪᠲᠡᠷᠡᠯᠴᠡᠵᠦ᠂ ᠬᠡᠷᠡᠴᠢ ᠠᠪᠬᠤ ᠴᠢᠭᠯᠡᠯ᠂ ᠱᠠᠭᠠᠷᠳᠠᠯᠭ᠎ᠠ ᠵᠢᠴᠢ ᠨᠥᠬᠥᠪᠥᠷᠢᠯᠡᠨ ᠪᠠᠶᠢᠴᠠᠭᠠᠭᠰᠠᠨ ᠰᠢᠯᠲᠠᠭᠠᠨ ᠢᠶᠠᠨ ᠨᠢᠭᠡᠳ ᠨᠢᠭᠡ ᠪᠡᠷ ᠲᠣᠳᠣᠷᠬᠠᠶᠢᠯᠠᠪᠠ᠃ ᠬᠡᠷᠡᠭ ᠦᠨ ᠠᠬᠢᠴᠠ  ᠶᠢ ᠴᠠᠭ ᠲᠤᠬᠠᠶ ᠳᠤᠨᠢ ᠡᠵᠡᠮᠰᠢᠬᠦ ᠶᠢᠨ ᠲᠥᠯᠥᠭᠡ ᠂ ᠲᠡᠷᠡ ᠠᠮᠠᠷᠠᠯᠲᠠ ᠶᠢᠨ ᠡᠳᠦᠷ ᠢᠶᠡᠨ ᠪᠦᠬᠦᠨ ᠢ ᠦᠷᠡᠭᠲᠡᠭᠦᠯᠵᠦ ᠂ ᠬᠡᠷᠡᠭ ᠢ ᠲᠤᠷᠰᠢᠨ ᠪᠠᠶᠢᠴᠠᠭᠠᠵᠤ ᠰᠢᠶᠳᠪᠦᠷᠢᠯᠡᠬᠦ ᠠᠵᠢᠯ ᠢ ᠤᠷᠢᠳ ᠬᠣᠵᠢᠳ ᠳᠥᠷᠪᠡ ᠤᠳᠠᠭ᠎ᠠ ᠮᠥᠷᠳᠡᠨ ᠰᠢᠪᠠᠳᠠᠵᠤ ᠂ ᠲᠤᠷᠰᠢᠨ ᠪᠠᠶᠢᠴᠠᠭᠠᠬᠤ ᠠᠵᠢᠯᠲᠠᠨ ᠲᠠᠶ ᠬᠠᠮᠲᠤ ᠢᠳᠡᠵᠦ ᠬᠠᠮᠲᠤ ᠰᠠᠭᠤᠵᠤ᠂ ᠭᠡᠷᠡᠴᠢ ᠪᠠᠷᠢᠮᠲᠠ ᠶᠢᠨ ᠮᠠᠲ᠋ᠧᠷᠢᠶᠠᠯ ᠨᠢᠭᠡᠪᠦᠷᠢ ᠶᠢ ᠨᠠᠷᠢᠨ ᠨᠢᠮᠪᠠᠢ ᠬᠢᠨᠠᠨ ᠦᠵᠡᠵᠦ᠂ ᠲᠤᠷᠰᠢᠨ ᠪᠠᠶᠢᠴᠠᠭᠠᠬᠤ ᠠᠵᠢᠯᠲᠠᠨ ᠤ ᠳᠠᠷᠠᠭᠠᠴᠢ ᠶᠢᠨ ᠠᠯᠬᠤᠮ ᠤᠨ ᠲᠤᠷᠰᠢᠨ ᠪᠠᠶᠢᠴᠠᠭᠠᠵᠤ ᠭᠡᠷᠡᠴᠢ ᠠᠪᠬᠤ ᠴᠢᠭᠯᠡᠯ ᠢ ᠲᠣᠳᠣᠷᠬᠠᠶᠢᠯᠠᠵᠤ᠂ ᠭᠡᠷᠡᠴᠢ ᠪᠠᠷᠢᠮᠲᠠ ᠶᠢ ᠨᠥᠬᠥᠪᠥᠷᠢᠯᠡᠨ ᠲᠡᠭᠦᠯᠳᠡᠷᠵᠢᠭᠦᠯᠬᠦ ᠶᠢ ᠬᠦᠳᠦᠯᠦᠨ ᠵᠢᠯᠣᠭᠣᠳᠴᠤ᠂ ᠤᠯᠠᠨ ᠤ ᠬᠠᠮᠲᠤᠷᠠᠯ ᠤᠨ ᠬᠦᠴᠦᠨ ᠢᠶᠡᠷ ᠡᠴᠦᠰ ᠲᠡᠬᠡᠨ ᠬᠡᠷᠡᠭ ᠢ ᠲᠠᠩᠨᠠᠨ ᠰᠢᠢᠳᠪᠦᠷᠢᠯᠡᠬᠦ ᠠᠵᠢᠯ ᠢ ᠲᠡᠭᠦᠰ ᠠᠮᠵᠢᠯᠲᠠ ᠲᠠᠶ ᠪᠡᠶᠡᠯᠡᠭᠦᠯᠵᠦ᠂ 21 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠬᠤ ᠶᠢ ᠵᠥᠪᠰᠢᠶᠡᠷᠡᠵᠦ᠂ 26 ᠵᠦᠢᠯ ᠦᠨ ᠶᠠᠯᠠᠲᠤ ᠬᠡᠷᠡᠭ ᠦᠨ ᠪᠣᠳᠠᠲᠤ ᠶᠠᠪᠤᠳᠠᠯ ᠢ ᠲᠣᠳᠣᠷᠬᠠᠶᠢᠯᠠᠵᠤ᠂ 8 ᠶᠠᠯ᠎ᠠ ᠳᠤ ᠬᠣᠯᠪᠣᠭᠳᠠᠭᠰᠠᠨ ᠶᠠᠯ᠎ᠠ ᠶᠢᠨ ᠨᠡᠷ᠎ᠡ ᠶᠢ ᠲᠣᠳᠣᠷᠬᠠᠶᠢᠯᠠᠵᠠᠢ᠃

W020210511403523137529.jpg     ᠰᠦᠯᠢᠺ ᠠᠵᠢᠯ ᠳᠠᠭᠠᠨ ᠨᠠᠷᠢᠨ ᠬᠢᠨᠠᠮᠠᠭᠠᠶ ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ ᠂ ᠪᠥᠬᠥ ᠲᠤᠷᠰᠢᠨ ᠪᠠᠶᠢᠴᠠᠭᠠᠬᠤ ᠠᠵᠢᠯᠲᠠᠳ ᠤᠨ ᠢᠲᠡᠭᠡᠯ ᠢ ᠣᠯᠵᠠᠶ ᠃ ᠡᠨᠡ ᠤᠳᠠᠭ᠎ᠠ  ᠶᠢᠨ ᠰᠢᠭᠦᠬᠦ ᠬᠣᠷᠢᠶ᠎ᠠ ᠪᠣᠯᠤᠨ ᠪᠠᠶᠢᠴᠠᠭᠠᠬᠤ ᠬᠣᠷᠢᠶ᠎ᠠ ᠬᠣᠶᠠᠷ ᠲᠠᠯ᠎ᠠ  ᠶᠢ ᠵᠠᠪᠰᠠᠷ ᠦᠭᠡᠶ ᠵᠠᠯᠭᠠᠯᠳᠤᠭᠤᠯᠵᠤ ᠂ ᠴᠣᠬᠢᠯᠲᠠ ᠥᠭᠬᠦ ᠨᠡᠶᠢᠯᠡᠮᠡᠯ ᠬᠦᠴᠦᠨ  ᠢ ᠪᠤᠶ ᠪᠣᠯᠭᠠᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠦ ᠣᠮᠣᠭ ᠰᠦᠷ  ᠢ ᠪᠦᠲᠦᠮᠵᠢᠲᠡᠶ ᠪᠡᠷ ᠬᠣᠷᠢᠭᠯᠠᠨ ᠵᠣᠭᠰᠣᠭᠠᠵᠤ ᠂ ᠪᠤᠰᠤᠳ ᠠᠳᠠᠯᠢᠪᠲᠤᠷ ᠬᠡᠷᠡᠭ  ᠢ ᠲᠤᠷᠰᠢᠨ ᠪᠠᠶᠢᠴᠠᠭᠠᠬᠤ ᠳᠤ ᠠᠮᠵᠢᠯᠲᠠ  ᠲᠠᠶ ᠲᠤᠷᠰᠢᠯᠭ᠎ᠠ ᠬᠤᠷᠠᠮᠳᠤᠭᠤᠯᠵᠠᠶ ᠃
        ︽ᠭᠡᠷ ᠲᠡᠬᠡᠨ ᠬᠠᠷᠢᠲᠠᠭ ᠦᠭᠡᠢ ︾ ᠲᠡᠷᠡ
     ᠥᠪᠡᠷ ᠦᠨ ᠠᠵᠢᠯ ᠢᠶᠠᠨ ᠶᠠᠷᠢᠬᠤ ᠪᠣᠯᠭᠠᠨ ᠳᠤ ᠂ ᠰᠦᠯᠢᠺ ᠶᠡᠷᠦ ᠨᠢ ᠪᠡᠶ᠎ᠡ ᠳᠡᠭᠡᠨ ᠢᠲᠡᠭᠡᠯ ᠲᠡᠶ ᠪᠠᠶᠢᠳᠠᠭ ︔ ᠭᠡᠲᠡᠯ᠎ᠡ ᠭᠡᠷ ᠦᠨ ᠬᠥᠮᠦᠰ ᠢᠶᠡᠨ ᠳᠤᠷᠠᠳᠬᠤ ᠪᠦᠷᠢ ᠲᠡᠷᠡ ᠬᠠᠷᠢᠨ ᠭᠦᠨ ᠬᠠᠷᠠᠮᠰᠠᠯ ᠲᠠᠢ ᠪᠠᠶᠢᠲᠠᠭ ᠃ ᠲᠡᠷᠡ ᠄ ︽ᠪᠠᠰᠠ ᠬᠡᠳᠦᠨ ᠵᠠᠭᠤᠨ ᠡᠳᠦᠷ ᠪᠠᠶᠢᠪᠠᠯ ᠪᠢ ᠠᠵᠢᠯ ᠠᠴᠠ ᠪᠠᠨ ᠠᠮᠠᠷᠠᠴᠢᠬᠠᠨ᠎ᠠ ᠂ ᠠᠵᠢᠯ ᠠᠴᠠ ᠪᠠᠨ ᠪᠠᠭᠤᠪᠠᠯ ᠪᠢ ᠡᠬᠡᠨᠡᠷ ᠬᠡᠦᠬᠡᠳ ᠢᠶᠡᠨ ᠳᠠᠭᠠᠭᠤᠯᠵᠤ ᠡᠨᠳᠡ ᠲᠡᠨᠳᠡ ᠲᠤᠭᠤᠷᠢᠨ᠎ᠠ ︾ ᠭᠡᠵᠦ ᠦᠷᠭᠦᠯᠵᠢ ᠬᠡᠯᠡᠳᠡᠭ᠃ ᠭᠡᠪᠡᠴᠦ ᠬᠡᠷᠡᠭ ᠶᠠᠪᠤᠳᠠᠯ ᠶᠠᠷᠦ ᠨᠢ ᠰᠠᠨᠠᠭᠰᠠᠨ  ᠲᠠᠢ  ᠡᠰᠡᠷᠭᠦ ᠪᠠᠶᠢᠵᠤ ᠂ ︽ᠡᠲᠦᠷ ᠨᠡᠮᠡᠬᠦ ᠰᠦᠨᠢ ︾ ︽ᠲᠠᠪᠤ ᠨᠡᠮᠡᠬᠦ ᠬᠤᠶᠠᠷ ︾ ᠠᠵᠢᠯ ᠤᠨ ᠬᠡᠪ ᠦᠨ ᠪᠠᠶᠢᠳᠠᠯ ᠨᠢ ᠲᠡᠭᠦᠨ  ᠢ ᠬᠡᠳᠦᠨ ᠭᠠᠷᠠᠭ ᠬᠡᠷ ᠦᠨ ᠬᠥᠮᠦᠰ ᠲᠡᠬᠡᠨ ᠬᠠᠨᠢ ᠪᠣᠯᠬᠤ ᠵᠠᠪ ᠥᠬᠡᠶ ᠪᠣᠯᠭᠠᠳᠠᠭ ᠃
        2020 ᠣᠨ ᠤ ᠴᠠᠭᠠᠨ ᠰᠠᠷ᠎ᠠ ᠣᠶᠢᠷᠠᠳᠴᠤ᠂ ᠬᠥᠯᠥᠨ ᠪᠤᠢᠢᠷ ᠤᠨ ᠶᠡᠬᠡ ᠲᠤᠯᠢ ᠭᠣᠣᠯ ᠪᠠᠯᠭᠠᠰᠤᠨ  ᠤ ᠬᠡᠲᠦᠨ  ︽ ᠫᠤᠤ ᠶᠢᠨ ᠳᠠᠭᠤᠨ︾ ᠰᠠᠶ᠋ᠢᠬᠠᠨ ᠭᠡᠷ ᠲᠡᠬᠡᠨ ᠢᠷᠡᠭᠰᠡᠨ ᠲᠡᠭᠦᠨ ᠢ ᠳᠠᠬᠢᠨᠲᠠ ᠳᠠᠭᠤᠳᠠᠨ ᠠᠪᠠᠴᠢᠪᠠ᠃ ᠶᠡᠬᠡ ᠲᠤᠯᠢ ᠭᠣᠣᠯ ᠤᠨ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ  ᠶᠢᠨ ᠨᠢᠭᠡ ᠺᠠᠳ᠋ᠷ ᠴᠠᠭᠳᠠᠭ᠎ᠠ ᠵᠢᠵᠢᠭᠦᠷᠯᠡᠵᠦ ᠪᠠᠶᠢᠬᠤ ᠬᠤᠭᠤᠴᠠᠭᠠᠨ ᠳᠠᠭᠠᠨ ᠨᠢᠭᠡᠴᠡ ᠶᠢᠨ 2 ᠬᠠᠮᠲᠤ ᠠᠵᠢᠯᠯᠠᠭᠴᠢ ᠶᠢ ᠫᠤᠤᠳᠠᠨ ᠠᠯᠠᠵᠠᠢ᠂ ᠡᠨᠡᠬᠦ ᠬᠡᠷᠡᠭ ᠨᠢ ᠪᠦᠬᠦᠶᠢᠯᠡ ᠬᠥᠯᠥᠨ ᠪᠤᠢᠢᠷ ᠬᠤᠳᠠ᠂ ᠥᠪᠡᠷᠲᠡᠭᠡᠨ ᠵᠠᠰᠠᠬᠤ ᠣᠷᠣᠨ ᠂ ᠴᠢᠨᠠᠭᠰᠢᠯᠠᠪᠠᠯ ᠲᠥᠪ ᠬᠣᠷᠢᠢ᠎ᠠ ᠶᠢ ᠰᠣᠴᠢᠭᠠᠵᠠᠢ᠃ ᠳᠣᠲᠣᠭᠠᠳᠤ ᠶᠢ ᠬᠠᠮᠠᠭᠠᠯᠠᠬᠤ ᠶᠠᠮᠤᠨ ᠂ ᠳᠣᠲᠣᠭᠠᠳᠤ ᠶᠢ ᠬᠠᠮᠠᠭᠠᠯᠠᠬᠤ ᠲᠢᠩᠬᠢᠮ ᠡᠴᠡ ᠤᠷᠢᠳ ᠬᠣᠵᠢᠳ ᠮᠠᠰᠢ ᠣᠯᠠᠨ ᠲᠤᠷᠰᠢᠨ ᠪᠠᠶᠢᠴᠠᠭᠠᠬᠤ ᠲᠤᠰᠬᠠᠶ ᠮᠡᠷᠭᠡᠵᠢᠯᠲᠡᠨ ᠢ ᠲᠣᠮᠢᠯᠠᠨ ᠲᠣᠰ ᠬᠡᠷᠡᠭ ᠢ ᠳᠡᠩᠨᠡᠨ ᠪᠠᠶᠢᠴᠠᠭᠠᠬᠤ ᠳᠤ ᠬᠠᠮᠵᠢᠯᠴᠠᠭᠤᠯᠤᠭᠰᠠᠨ ᠪᠣᠯᠪᠠᠴᠤ ᠶᠠᠯ᠎ᠠ ᠬᠢᠭᠰᠡᠨ ᠣᠭ ᠰᠠᠨᠠᠭ᠎ᠠ ᠶᠢ ᠨᠢ ᠶᠡᠷᠦ ᠲᠣᠳᠣᠷᠬᠠᠶᠢᠯᠠᠬᠤ ᠶᠢᠨ ᠠᠷᠭ᠎ᠠ ᠥᠬᠡᠶ ᠪᠠᠶᠢᠪᠠ ᠃ ᠲᠣᠰ ᠬᠡᠷᠡᠭ ᠨᠢ ᠬᠥᠯᠥᠨ ᠪᠣᠶᠢᠷ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠶᠢᠨ ᠳᠡᠩᠨᠡᠨ ᠪᠠᠶᠢᠴᠠᠭᠠᠵᠤ ᠰᠢᠶᠳᠪᠦᠷᠢᠯᠡᠭᠰᠡᠨ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠳᠦ ᠬᠣᠯᠪᠣᠭᠳᠠᠵᠤ ᠪᠠᠶᠢᠬᠤ ᠶᠢ ᠦᠨᠳᠦᠰᠦᠯᠡᠨ ᠂ ᠬᠡᠷᠡᠭ ᠢ ᠤᠷᠤᠭᠰᠢᠲᠠᠶ ᠳᠡᠩᠨᠡᠨ ᠰᠢᠶᠳᠪᠦᠷᠢᠯᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ ᠂ ᠤᠳᠤᠷᠢᠳᠤᠯᠭ᠎ᠠ ᠶᠡᠷᠦᠩᠬᠡᠶᠢᠯᠡᠨ ᠪᠣᠳᠣᠯᠬᠢᠯᠠᠭᠰᠠᠨ ᠤ ᠳᠠᠷᠠᠭ᠎ᠠ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠠᠵᠢᠯᠯᠠᠭ᠎ᠠ ᠶᠢ ᠳᠡᠩᠨᠡᠨ ᠪᠠᠶᠢᠴᠠᠭᠠᠬᠤ ᠴᠢᠳᠠᠪᠤᠷᠢᠲᠠᠨ ᠰᠦᠯᠢᠺ ᠵᠢᠡᠷ ᠲᠣᠰ ᠬᠦᠨᠳᠦ ᠡᠭᠦᠷᠭᠡ ᠶᠢ ᠡᠭᠦᠷᠭᠡᠯᠡᠭᠦᠯᠬᠦ ᠪᠡᠷ ᠲᠣᠭᠲᠠᠪᠠ ᠃  ᠡᠨᠡ ᠦᠶ᠎ᠡ  ᠳᠤ ᠂ ᠲᠡᠷᠡ ᠰᠠᠶ᠋ᠢᠬᠠᠨ ᠨᠢᠭᠡ ᠰᠠᠷ᠎ᠠ ᠳᠠᠷᠠᠭᠠᠯᠠᠨ ᠨᠦᠬᠦᠭᠡ ᠨᠢᠭᠡ 《ᠬᠠᠮᠠᠭᠠᠯᠠᠭᠴᠢ ᠰᠢᠬᠦᠷ》  ᠤᠨ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠬᠡᠷᠡᠭ  ᠢ ᠪᠠᠶᠢᠴᠠᠭᠠᠨ ᠰᠢᠶᠳᠪᠦᠷᠢᠯᠡᠭᠡᠳ ᠰᠢᠪᠲᠤᠯᠤᠯᠲᠠ ᠲᠠᠶ ᠪᠣᠯᠤᠭᠰᠠᠨ ᠠᠴᠠ ᠭᠡᠷ ᠲᠡᠬᠡᠨ ᠬᠠᠷᠢᠵᠤ᠂ ᠶᠠᠭ ᠠᠮᠠᠷᠠᠵᠦ ᠪᠠᠶᠢᠪᠠ᠃
      ᠤᠳᠤᠷᠢᠳᠤᠯᠭ᠎ᠠ ᠨᠢ ᠰᠠᠨᠠᠯ ᠬᠤᠷᠢᠶᠠᠬᠤ ᠦᠶ᠎ᠡ  ᠳᠤ ᠲᠡᠷᠡ ᠥᠴᠦᠬᠡᠨ ᠴᠦ ᠲᠠᠲᠠᠭᠠᠯᠵᠠᠭᠰᠠᠨ ᠦᠭᠡᠢ ᠪᠡᠷ ᠥᠪᠡᠷ   ᠤᠨ ᠪᠡᠶ᠎ᠡ  ᠶᠢᠨ ᠡᠷᠡᠭᠦᠯ ᠴᠢᠭᠢᠷᠠᠭ  ᠤᠨ ᠪᠠᠶᠢᠳᠠᠯ  ᠢᠶᠠᠨ ᠬᠠᠶᠢᠬᠤᠷᠤᠯ ᠦᠭᠡᠢ ᠪᠡᠷ ᠲᠡᠷᠡ ᠳᠠᠷᠤᠶ ᠳᠤᠨᠢ ᠣᠴᠢᠵᠠᠶ᠃ 48 ᠴᠠᠭ ᠦᠷᠭᠦᠯᠵᠢᠯᠡᠨ ᠠᠵᠢᠯᠯᠠᠬᠤ ᠪᠠᠷ ᠲᠠᠮᠵᠢᠨ᠂ ᠲᠡᠷᠡ ᠡᠮᠦᠨᠡᠬᠢ ᠬᠤᠭᠤᠴᠠᠭᠠᠨ  ᠤ ᠡᠷᠬᠡ ᠲᠤᠰᠢᠶᠠᠯ   ᠢᠶᠠᠨ ᠠᠰᠢᠭᠯᠠᠨ ᠬᠢᠭᠰᠡᠨ ᠶᠠᠯᠠᠲᠤ ᠠᠵᠢᠯᠯᠠᠭ᠎ᠠ  ᠶᠢᠨ ᠬᠡᠷᠡᠴᠢ ᠠᠪᠬᠤ ᠮᠠᠲ᠋ᠧᠷᠢᠶᠠᠯ  ᠡᠴᠡ  ᠰᠢᠪᠲᠤᠯᠤᠯᠲᠠ  ᠶᠢᠨ ᠴᠡᠭ  ᠢ ᠣᠨᠣᠪᠴᠢᠲᠠᠶ ᠡᠮᠬᠢᠯᠡᠨ ᠭᠠᠷᠭᠠᠵᠤ᠂ ᠲᠤᠷᠰᠢᠨ ᠪᠠᠶᠢᠴᠠᠭᠠᠬᠤ ᠠᠵᠢᠯᠳᠠᠨ ᠲᠠᠶ ᠰᠢᠭᠦᠨ ᠠᠰᠠᠭᠤᠬᠤ ᠲᠥᠯᠥᠪᠯᠡᠭᠡ  ᠶᠢ ᠰᠤᠳᠤᠯᠤᠨ ᠲᠣᠭᠲᠠᠭᠠᠵᠤ᠂ ᠨᠠᠷᠢᠨ ᠨᠢᠭᠲᠠ ᠰᠤᠳᠤᠯᠬᠤ᠂ ᠰᠢᠨᠵᠢᠯᠡᠬᠦ ᠤᠬᠠᠭᠠᠨᠴᠢ ᠪᠠᠷ ᠰᠢᠭᠦᠨ ᠠᠰᠠᠭᠤᠬᠤ ᠪᠠᠷ ᠲᠠᠮᠵᠢᠨ᠂ ᠡᠴᠦᠰ ᠲᠡᠬᠡᠨ ᠶᠠᠯ᠎ᠠ ᠬᠢᠭᠰᠡᠨ ᠤᠭ ᠰᠠᠨᠠᠭ᠎ᠠ  ᠶᠢ ᠪᠠᠶᠢᠴᠠᠭᠠᠨ ᠲᠤᠳᠤᠯᠠᠵᠤ᠂ ᠪᠠᠶᠢᠴᠠᠭᠠᠨ ᠰᠢᠶᠳᠪᠦᠷᠢᠯᠡᠬᠦ  ᠳᠤ ᠬᠦᠴᠢᠷᠲᠡᠶ ᠪᠠᠶᠢᠳᠠᠯ  ᠡᠴᠡ ᠳᠠᠪᠠᠵᠤ᠂ ᠬᠡᠷᠡᠭ  ᠢ ᠤᠷᠤᠭᠰᠢᠲᠠᠶ ᠪᠠᠶᠢᠴᠠᠭᠠᠨ ᠰᠢᠶᠳᠪᠦᠷᠢᠯᠡᠬᠦ  ᠶᠢ ᠪᠠᠲᠤᠯᠠᠪᠠ᠃
     ᠡᠷᠬᠢᠮ ᠳᠡᠭᠡᠳᠦ ᠨᠢ ᠡᠭᠡᠯ ᠵᠢᠷ  ᠤᠨ ᠪᠠᠶᠢᠳᠠᠯ  ᠤᠨ ᠠᠷᠤ  ᠳᠤ ᠨᠢᠭᠤᠭᠳᠠᠵᠤ᠂ ᠬᠡᠭᠡᠨᠴᠢᠷ ᠪᠤᠰᠤ ᠨᠢ ᠮᠥᠨ ᠴᠢᠨᠠᠷ  ᠢᠶᠠᠷ ᠢᠶᠠᠨ ᠢᠯᠡᠷᠡᠨ᠎ᠡ᠃ ᠲᠡᠷᠡ ᠦᠭᠡ ᠲᠠᠭᠤ ᠴᠦᠭᠡᠨ ᠂ ᠶᠡᠷᠦ ᠡᠴᠡ ᠣᠮᠣᠭ ᠲᠡᠭᠦᠯᠳᠡᠷ ᠦᠭᠡ ᠬᠡᠯᠡᠵᠦ ᠥᠩᠭᠡᠷᠡᠭᠰᠡᠨ ᠦᠭᠡᠢ᠂ ᠭᠡᠪᠡᠴᠦ ᠨᠢᠭᠡ ᠨᠢᠭᠡ ᠬᠡᠷᠡᠭ  ᠢ ᠳᠠᠭᠤᠰᠬᠠᠵᠤ᠂ ᠨᠢᠭᠡ ᠨᠢᠭᠡ ᠨᠣᠶᠢᠷ ᠦᠭᠡᠢ ᠰᠥᠨᠢ ᠪᠡᠷ ᠬᠠᠤᠯᠢ ᠴᠠᠭᠠᠵᠠ  ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠨᠠᠮ  ᠢ ᠰᠡᠳᠬᠢᠯ ᠠᠮᠤᠷ ᠪᠠᠶᠢᠯᠭᠠᠵᠤ᠂ ᠠᠷᠠᠳ ᠲᠦᠮᠡᠨ  ᠢ ᠰᠡᠳᠬᠢᠯ ᠬᠠᠨᠤᠮᠵᠢᠲᠠᠢ ᠪᠣᠯᠭᠠᠵᠤ᠂ ᠠᠷᠠᠳ ᠤᠯᠠᠨ  ᠢ ᠨᠡᠩ ᠪᠣᠳᠠᠲᠠᠢ ᠬᠦᠷᠲᠡᠮᠵᠢ  ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠲᠦᠷᠦᠭᠳᠡᠯ ᠲᠡᠶ ᠪᠣᠯᠭᠠᠬᠤ ᠪᠠᠷ ᠴᠢᠷᠮᠠᠶᠢᠪᠠ᠃

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro