ᠲᠡᠷᠢᠭᠦᠨ ᠨᠢᠭᠤᠷ  -  ᠪᠠᠶᠢᠴᠠᠭᠠᠬᠤ ᠬᠤᠰᠢᠭᠤᠴᠢ

ᠫᠠᠨ ᡁᠢ ᠷᠦᠩ ᠄ ᠪᠢ ᠨᠠᠰᠤᠨ ᠲᠤᠷᠰᠢᠳᠠ ᠮᠠᠯᠴᠢᠨ ᠲᠦᠮᠡᠨ ᠦ ︽ ᠰᠠᠶᠢᠨ ᠠᠨᠳᠠ ︾ ᠪᠣᠯᠤᠨ᠎ᠠ

2021-10-27 18:27:33
ᠵᠣᠬᠢᠶᠠᠭᠴᠢ
ᠨᠠᠪᠴᠢ

   ᠫᠠᠨ ᡁᠢ ᠷᠦᠩ 

W020210827709941971902.png  

W020210827709943306868.jpg

 

ᠪᠢ ᠪᠠᠶᠢᠴᠠᠭᠠᠬᠤ ᠠᠵᠢᠯ ᠢ ᠬᠢᠭᠡᠳ 35 ᠵᠢᠯ  ᠪᠤᠯᠤᠭᠰᠠᠨ ᠪᠤᠯᠪᠠᠴᠦ ᠲᠩᠷᠢ ᠭᠠᠵᠠᠷ ᠢ ᠳᠣᠩᠰᠣᠯᠭᠠᠮ᠎ᠠ ᠶᠡᠬᠡ ᠶᠠᠪᠤᠳᠠᠯ ᠢ  ᠬᠢᠭᠡ ᠦᠭᠡᠢ᠂ ᠵᠥᠪᠬᠡᠨ ᠦᠨᠳᠦᠰᠦᠨ ᠱᠠᠲᠤᠨ ᠤ ᠨᠢᠭᠡᠨ ᠪᠠᠭ᠎ᠠ ᠬᠤᠷᠢᠶ᠎ᠠ᠂ ᠡᠩ ᠦᠨ ᠨᠢᠭᠡᠨ ᠠᠵᠢᠯ ᠤᠨ ᠪᠠᠶᠢᠷᠢ ᠳᠡᠭᠡᠷ᠎ᠡ ᠥᠪᠡᠷ ᠦᠨ ᠲᠤᠬᠠᠶᠢᠯᠠᠭᠰᠠᠨ ᠠᠵᠢᠯ ᠢᠶᠠᠨ ᠴᠢᠷᠮᠠᠶᠢᠨ ᠬᠢᠭᠰᠡᠭᠡᠷ ᠪᠠᠶᠢᠨ᠎ᠠ᠃

ᠡᠨᠡ ᠵᠢᠯ ᠪᠢ ᠵᠣᠯ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠦᠨ ᠤᠢ ᠶᠢ ᠪᠡᠯᠭᠡᠯᠡᠬᠦ ᠶᠡᠬᠡ ᠬᠤᠷᠠᠯ ᠳᠤ ᠣᠷᠣᠯᠴᠠᠵᠤ᠂ ᠲᠤᠬᠠᠢ ᠶᠢᠨ ᠲᠠᠯᠠᠪᠠᠢ ᠳᠤ ᠰᠢ ᠶᠢᠨ ᠫᠢᠩ ᠶᠡᠷᠦᠩᠬᠡᠢ ᠱᠦᠵᠢ ᠋ ᠤᠨ ᠴᠢᠬᠤᠯᠠ ᠶᠠᠷᠢᠶ᠎ᠠ ᠶᠢ ᠰᠣᠨᠣᠰᠤᠭᠠᠳ ᠲᠤᠶᠢᠯ ᠢᠶᠠᠷ ᠰᠡᠳᠬᠢᠯ ᠳᠣᠭᠳᠣᠯᠪᠠ᠃ ᠨᠠᠳᠠ ᠳᠤ ᠠᠪᠴᠤ ᠬᠡᠯᠡᠪᠡᠯ᠂ ᠡᠨᠡ ᠨᠢ ᠨᠢᠭᠡ ᠤᠳᠠᠭᠠᠨ ᠤ ᠦᠵᠡᠯ ᠰᠠᠨᠠᠭᠠᠨ ᠤ ᠲᠠᠯ᠎ᠠ ᠪᠠᠷ ᠬᠢ ᠤᠬᠢᠶᠠᠯ ᠪᠣᠯᠬᠤ ᠪᠠᠷ ᠪᠠᠷᠠᠬᠤ ᠂  ᠪᠠᠰᠠ ᠤᠯᠤᠰ ᠲᠦᠷᠦ ᠶᠢᠨ ᠲᠠᠯ᠎ᠠ ᠶᠢᠨ ᠳᠡᠭᠡᠭᠰᠢᠯᠡᠯᠲᠡ᠂ ᠨᠡᠩ ᠴᠤ ᠤᠶᠤᠨ ᠰᠠᠨᠠᠭᠠᠨ ᠤ ᠲᠠᠯ᠎ᠠ ᠶᠢᠨ  ᠳᠠᠪᠲᠠᠨ ᠪᠤᠯᠪᠠᠰᠤᠷᠠᠭᠤᠯᠤᠯᠲᠠ ᠪᠣᠯᠤᠨ᠎ᠠ᠃

ᠶᠡᠷᠦᠩᠬᠡᠢ ᠱᠦᠵᠢ᠄︽ᠪᠦᠬᠦ ᠲᠠᠯ᠎ᠠ ᠪᠠᠷ ᠬᠠᠤᠯᠢ ᠶᠤᠰᠤᠭᠠᠷ ᠤᠯᠤᠰ ᠢᠶᠠᠨ ᠵᠠᠰᠠᠬᠤ ᠶᠢᠨ ᠬᠠᠮᠤᠭ ᠤᠨ ᠥᠷᠭᠡᠨ ᠳᠡᠯᠭᠡᠷ᠂ ᠬᠠᠮᠤᠭ ᠤᠨ ᠵᠤᠵᠠᠭᠠᠨ ᠰᠠᠭᠤᠷᠢ ᠪᠣᠯ ᠠᠷᠠᠳ ᠲᠦᠮᠡᠨ ᠪᠣᠯᠤᠨ᠎ᠠ᠂ ᠡᠷᠬᠡᠪᠰᠢ ᠠᠷᠠᠳ ᠲᠦᠮᠡᠨ ᠦ ᠲᠥᠯᠥᠭᠡ ᠪᠠᠶᠢᠬᠤ᠂ ᠠᠷᠠᠳ ᠲᠦᠮᠡᠨ ᠳᠦ ᠲᠦᠰᠢᠭᠯᠡᠬᠦ ᠶᠢ ᠪᠠᠷᠢᠮᠲᠠᠯᠠᠬᠤ ᠬᠡᠷᠡᠭᠲᠡᠢ︾ᠭᠡᠵᠦ ᠭᠦᠨᠵᠡᠭᠡᠢ ᠵᠢᠭᠠᠵᠤ ᠭᠠᠷᠭᠠᠪᠠ᠃ ᠡᠨᠡ ᠦᠭᠡ  ᠵᠢᠨ ᠲᠤᠬᠠᠢ ᠪᠢ ᠲᠠᠯ᠎ᠠ ᠨᠤᠲᠤᠭ ᠪᠠ ᠦᠨᠳᠦᠰᠦᠨ ᠱᠠᠲᠤᠨ ᠤ ᠦᠢᠯᠡᠳᠦᠯᠭᠡ ᠶᠢᠨ ᠳᠤᠮᠳᠠ ᠮᠠᠰᠢ ᠭᠦᠨ ᠲᠥᠷᠥᠭᠳᠡᠯ ᠲᠡᠶ ᠶᠤᠮ᠃


W020210827709943545557.png


ᠳᠠᠷᠬᠠᠨ ᠮᠤᠤᠮᠢᠩᠭᠠᠨ ᠬᠤᠯᠪᠤᠭᠠᠲᠦ ᠬᠣᠰᠢᠭᠤ ᠪᠣᠯ ᠡᠬᠡ ᠤᠯᠤᠰ ᠤᠨ ᠤᠮᠠᠷᠠᠲᠤ ᠬᠢᠯᠢ ᠳᠦ ᠪᠠᠶᠢᠷᠢᠰᠢᠵᠤ ᠂ ᠥᠷᠭᠡᠨ ᠠᠭᠤᠳᠠᠮ ᠲᠠᠯ᠎ᠠ ᠨᠤᠲᠤᠭ ᠲᠠᠢ᠂ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ  ᠪᠠᠶᠢᠵᠤ ᠂ ᠮᠣᠩᠭᠣᠯ ᠦᠨᠳᠦᠰᠦᠲᠡᠨ ᠣᠯᠠᠩᠬᠢ ᠲᠣᠭ᠎ᠠ ᠶᠢ ᠡᠵᠡᠯᠡᠵᠦ ᠪᠠᠶᠢᠳᠠᠭ ᠃ ᠪᠢ ᠮᠠᠯᠵᠢᠬᠤ ᠣᠷᠣᠨ ᠳᠤ  ᠲᠦᠷᠦᠵᠦ  ᠦᠰᠦᠭᠰᠡᠨ ᠪᠤᠯᠬᠤᠷ᠂ ᠡᠨᠡ ᠬᠡᠰᠡᠭ ᠲᠠᠯ᠎ᠠ ᠨᠤᠲᠤᠭ᠂ ᠮᠠᠯᠵᠢᠬᠤ ᠣᠷᠣᠨ ᠤ  ᠮᠠᠯᠴᠢᠨ ᠲᠦᠮᠡᠨ ᠳᠦ ᠭᠦᠨ ᠵᠤᠵᠠᠭᠠᠨ ᠬᠠᠶᠢᠷ᠎ᠠ ᠰᠡᠳᠬᠢᠯᠭᠡ ᠲᠡᠶ ᠶᠤᠮ᠃


W020210827709944007342.jpg


ᠦᠨᠳᠦᠰᠦᠨ ᠱᠠᠲᠤᠨ ᠤ ᠪᠠᠶᠢᠴᠠᠭᠠᠭᠴᠢ ᠪᠣᠯᠤᠭᠰᠠᠨ ᠤ ᠬᠤᠪᠢ ᠳᠤ᠂ ᠮᠢᠨᠦ ᠡᠭᠦᠷᠭᠡ ᠬᠠᠷᠢᠭᠤᠴᠠᠯᠭ᠎ᠠ ᠪᠣᠯ ᠮᠠᠯᠵᠢᠬᠤ ᠣᠷᠣᠨ ᠤ ᠤᠯᠠᠨ ᠲᠦᠮᠡᠨ ᠳᠦ ᠨᠡᠩ ᠪᠦᠬᠦ ᠲᠠᠯ᠎ᠠ ᠶᠢᠨ ᠨᠡᠩ ᠨᠠᠷᠢᠨ ᠨᠢᠮᠪᠠᠢ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠶᠠᠪᠤᠳᠠᠯ ᠪᠣᠯᠤᠨ᠎ᠠ᠂ ᠭᠡᠪᠡᠴᠦ ᠡᠳᠡᠭᠡᠷ ᠠᠵᠢᠯ ᠤᠨ ᠤᠷᠢᠲᠠᠯ ᠪᠣᠯ ᠮᠣᠩᠭᠣᠯ ᠬᠡᠯᠡ ᠮᠡᠳᠡᠬᠦ ᠶᠠᠪᠤᠳᠠᠯ ᠪᠣᠯᠤᠨ᠎ᠠ᠂ ᠨᠠᠳᠠ ᠳᠤ ᠵᠣᠬᠢᠬᠤ ᠮᠣᠩᠭᠣᠯ ᠬᠡᠯᠡᠨ ᠦ ᠰᠠᠭᠤᠷᠢ ᠲᠠᠶ᠂ ᠭᠡᠪᠡᠴᠦ ᠦᠨᠳᠦᠰᠦᠨ ᠳᠡᠭᠡᠨ ᠰᠣᠨᠣᠰᠴᠤ  ᠲᠦᠬᠦᠭᠡᠷᠬᠦ  ᠪᠤᠯᠪᠠᠴᠦ ᠬᠡᠯᠡᠵᠦ  ᠴᠢᠳᠠᠬᠤ ᠦᠭᠡᠢ᠂ ᠡᠨᠡ ᠨᠢ ᠮᠢᠨᠦ ᠮᠠᠯᠴᠢᠳ ᠲᠠᠶ ᠬᠠᠷᠢᠯᠴᠠᠬᠤ  ᠨᠢᠭᠡᠨ ᠶᠡᠬᠡ ᠬᠠᠷᠰᠢ ᠰᠠᠭᠠᠳ ᠪᠣᠯᠵᠠᠢ᠃
       ᠮᠢᠨᠦ ᠴᠡᠭᠡᠵᠢᠯᠡᠵᠦ ᠪᠠᠶᠢᠬᠤ ᠪᠠᠷ᠂ ᠨᠢᠭᠡᠨ ᠨᠠᠰᠤᠨ ᠳᠤ ᠥᠯᠥ ᠭᠦᠷᠦᠭᠰᠡᠳ ᠦᠨ ᠳᠡᠭᠡᠷᠡᠮᠳᠡᠭᠰᠡᠨ ᠬᠡᠷᠡᠭ  ᠢ ᠰᠢᠶᠳᠪᠦᠷᠢᠯᠡᠬᠦ ᠳᠦ 3 ᠶᠠᠯ᠎ᠠ ᠬᠢᠭᠰᠡᠨ ᠰᠡᠵᠢᠭᠳᠡᠨ ᠪᠦᠬᠦᠯᠢ 16 ᠨᠠᠰᠤ ᠭᠦᠷᠦᠭᠡᠳᠦᠶ ᠪᠠᠶᠢᠭᠰᠠᠨ  ᠂ ᠲᠠᠳᠡᠨ ᠢ ᠬᠠᠸᠯᠢ ᠶᠣᠰᠣᠭᠠᠷ ᠰᠢᠭᠦᠨ ᠠᠰᠠᠭᠤᠬᠤ ᠶᠠᠪᠤᠴᠠ ᠳᠤ  ᠪᠠᠨ ᠪᠢ ᠲᠡᠳᠠᠨ ᠲᠠᠢ ᠬᠢᠲᠠᠳ ᠬᠡᠯᠡ ᠪᠡᠷ ᠶᠠᠷᠢᠯᠴᠠᠬᠤ ᠳᠤ ᠲᠠᠳᠠ ᠶᠡᠷᠦ ᠨᠢ ᠨᠠᠳᠠ  ᠶᠢ ᠮᠡᠯᠡᠷᠡᠨ ᠬᠠᠷᠠᠵᠤ ᠂ ᠠᠰᠠᠭᠤᠯᠲᠠ  ᠶᠢ ᠬᠠᠷᠢᠭᠤᠯᠳᠠᠭ ᠥᠬᠡᠶ ᠪᠠᠶᠢᠭᠰᠠᠨ  ᠢ ᠣᠯᠵᠤ ᠮᠡᠳᠡᠵᠡᠶ ᠃ ᠲᠡᠭᠡᠭᠡᠳ ᠪᠢ ᠮᠤᠩᠭᠤᠯ ᠬᠡᠯᠡ ᠪᠡᠷ ᠲᠡᠳᠡᠨ ᠲᠡᠶ ᠣᠶᠢᠯᠠᠭᠠᠯᠴᠠᠬᠤ ᠪᠠᠷ ᠲᠤᠷᠰᠢᠵᠤ ᠦᠵᠡᠭᠰᠡᠨ ᠳᠦ᠂ ᠲᠡᠳᠡᠨ ᠦ ᠬᠠᠷᠢᠭᠤᠯᠲᠠ ᠢᠯᠭᠤᠮ ᠰᠢᠯᠤᠭᠤᠨ᠂ ᠬᠠᠷᠠᠴᠠ ᠨᠢ ᠴᠦ ᠠᠮᠢᠳᠤᠯᠢᠭ ᠪᠣᠯᠤᠭᠰᠠᠨ ᠠᠴᠠ ᠪᠢ ᠰᠠᠶ᠋ᠢ ᠲᠠᠳᠠ ᠡᠳᠦᠷ ᠲᠤᠲᠤᠮ ᠤᠨ ᠠᠮᠢᠳᠤᠷᠠᠯ ᠳᠤ  ᠪᠠᠨ ᠮᠤᠩᠭᠤᠯ ᠬᠡᠯᠡ ᠪᠡᠷ ᠬᠠᠷᠢᠯᠴᠠᠳᠠᠭ ᠳᠠᠳᠬᠠᠯ ᠲᠡᠢ ᠭᠡᠳᠡᠭ ᠢ ᠨᠢ ᠣᠯᠵᠤ ᠮᠡᠳᠡᠵᠡᠢ᠃ ᠰᠡᠭᠦᠯᠴᠢ ᠶᠢᠨ ᠬᠤᠭᠤᠴᠠᠭᠠᠨ ᠤ ᠰᠢᠭᠦᠨ ᠠᠰᠠᠭᠤᠬᠤ  ᠶᠠᠪᠤᠴᠠ  ᠳᠦ᠂ ᠪᠢ ᠪᠤᠯᠪᠠᠰᠤᠷᠠᠩᠭᠤᠢ ᠪᠤᠰᠤ ᠮᠣᠩᠭᠣᠯ ᠬᠡᠯᠡ ᠪᠡᠷ ᠲᠡᠳᠡᠨ ᠲᠡᠶ ᠰᠠᠨᠠᠯ ᠢᠶᠠᠨ ᠰᠣᠯᠢᠯᠴᠠᠵᠤ᠂  ᠲᠤᠳᠤᠷᠬᠠᠢ ᠪᠤᠰᠤ ᠵᠦᠢᠯ ᠲᠡᠶ ᠲᠠᠭᠠᠷᠠᠯᠳᠤᠪᠠᠯ᠂ ᠪᠡᠶ᠎ᠡ ᠳᠡᠭᠡᠨ ᠠᠪᠴᠤ ᠶᠠᠪᠤᠭ᠎ᠠ ᠮᠣᠩᠭᠣᠯ ᠬᠢᠲᠠᠳ ᠦᠰᠦᠭ ᠦᠨ ᠲᠣᠯᠢ ᠪᠠᠨ ᠤᠷᠪᠠᠯᠠᠵᠤ᠂ ᠲᠡᠳᠡᠨ ᠲᠡᠶ ᠬᠦᠯᠢᠴᠡᠩᠭᠦᠶ ᠪᠡᠷ ᠰᠠᠨᠠᠯ ᠢᠶᠠᠨ ᠰᠤᠯᠢᠯᠴᠠᠵᠤ᠂ ᠡᠳᠡᠭᠡᠷ ᠬᠡᠦᠬᠡᠳ ᠦᠨ ᠰᠡᠳᠬᠢᠯ ᠢ ᠠᠭᠠᠵᠢᠮ ᠢᠶᠠᠷ ᠣᠶᠢᠷᠠᠲᠤᠭᠤᠯᠪᠠ᠃ ᠢᠩᠬᠢᠭᠰᠡᠨ ᠡᠴᠡ ᠲᠡᠳᠡ ᠰᠡᠳᠬᠢᠯ ᠦᠨ ᠳᠠᠷᠤᠭᠠᠰᠤ ᠪᠠᠨ ᠲᠠᠶᠠᠭᠳᠠᠵᠤ᠂ ᠤᠤᠯ ᠨᠢ ᠳᠤᠷ᠎ᠠ ᠦᠭᠡᠶᠢᠴᠡᠵᠦ ᠪᠠᠶᠢᠭᠰᠠᠨ ᠬᠡᠦᠬᠡᠳ ᠦᠳ ᠰᠠᠨᠠᠭᠠᠴᠢᠯᠠᠭ᠎ᠠ ᠠᠴᠠ ᠪᠠᠨ ᠶᠠᠯ᠎ᠠ ᠪᠠᠨ ᠮᠡᠳᠡᠷᠡᠵᠦ ᠶᠠᠯ᠎ᠠ ᠬᠢᠭᠰᠡᠨ ᠳᠦ  ᠪᠠᠨ ᠭᠡᠮᠰᠢᠪᠡ᠃ ᠮᠢᠨᠦ ᠰᠠᠨᠠᠭᠠᠨ ᠳᠤ ᠣᠷᠣᠭ᠎ᠠ ᠦᠭᠡᠢ ᠶᠠᠪᠤᠳᠠᠯ ᠭᠡᠪᠡᠯ᠂ ᠲᠡᠳᠡ ᠪᠠᠰᠠ ᠰᠠᠨᠠᠭᠠᠴᠢᠯᠠᠭ᠎ᠠ ᠠᠴᠠ ᠪᠠᠨ ᠪᠤᠰᠤᠳ ᠬᠡᠳᠦ ᠤᠳᠠᠭᠠᠨ ᠤ ᠶᠠᠯ᠎ᠠ ᠬᠢᠭᠰᠡᠨ ᠪᠣᠳᠠᠲᠤ ᠬᠡᠷᠡᠭ ᠢᠶᠡᠨ ᠲᠤᠰᠢᠶᠠᠭᠰᠠᠨ ᠶᠠᠪᠤᠳᠠᠯ ᠪᠣᠯᠤᠨ᠎ᠠ᠃
        ᠲᠤᠬᠠᠶ ᠶᠢᠨ ᠦᠶ᠎ᠡ ᠳᠦ ᠡᠨᠡ ᠬᠡᠷᠡᠭ ᠮᠢᠨᠦ ᠰᠡᠳᠬᠢᠯ ᠢ ᠶᠡᠬᠡᠳᠡ ᠬᠦᠨᠳᠡᠪᠡ᠃ ᠮᠠᠯᠵᠢᠬᠤ ᠣᠷᠣᠨ ᠤ ᠤᠯᠠᠨ ᠲᠦᠮᠡᠨ ᠳᠦ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠳᠠᠭᠠᠨ ᠲᠡᠳᠡᠨ ᠦ ᠦᠭᠡ ᠶᠠᠷᠢᠶ᠎ᠠ ᠶᠢ ᠣᠶᠢᠯᠠᠭᠠᠬᠤ ᠦᠭᠡᠢ ᠪᠠᠶᠢᠵᠤ ᠶᠠᠭᠠᠬᠢᠵᠤ ᠪᠣᠯᠬᠤ ᠪᠤᠢ︖ ᠡᠨᠡ ᠬᠡᠷᠡᠭ ᠨᠢ ᠮᠢᠨᠦ ᠮᠣᠩᠭᠣᠯ ᠬᠡᠯᠡᠨ ᠦ ᠬᠡᠷᠡᠭᠯᠡᠭᠡᠨ ᠦ ᠲᠦᠪᠰᠢᠨ  ᠢᠶᠠᠨ ᠳᠡᠭᠡᠭᠰᠢᠯᠡᠭᠦᠯᠬᠦ ᠪᠠ ᠮᠣᠩᠭᠣᠯ ᠦᠨᠳᠦᠰᠦᠲᠡᠨ ᠦ ᠬᠡᠦᠬᠡᠳ ᠦᠨ ᠵᠠᠮᠴᠢᠯᠠᠭᠴᠢ ᠪᠣᠯᠬᠤ ᠡᠷᠡᠰ ᠵᠣᠷᠢᠭ ᠢ ᠤᠯᠠᠮ ᠪᠠᠲᠤᠳᠬᠠᠪᠠ᠃ ᠲᠥᠭᠡᠷᠢᠭᠰᠡᠨ ᠬᠡᠦᠬᠡᠳ  ᠲᠤ ᠵᠠᠮ ᠵᠢᠭᠠᠵᠤ ᠂ ᠨᠢᠳᠦᠨ  ᠳ᠋ᠤᠨᠢ ᠭᠡᠷᠡᠯ  ᠤᠶᠢᠷᠠᠳᠤᠭᠤᠯᠵᠤ ᠂  ᠭᠡᠭᠡᠨ ᠰᠠᠷᠠᠭᠤᠯ ᠵᠠᠮ ᠳᠤ ᠬᠦᠲᠦᠯᠦᠶ᠎ᠡ᠃
       

W020210827709944220947.jpg


 ᠢᠩᠭᠢᠭᠡᠳ ᠪᠢ ᠮᠣᠩᠭᠣᠯ ᠬᠡᠯᠡᠨ ᠦ ᠰᠤᠷᠤᠯᠴᠠᠯᠭ᠎ᠠ ᠪᠠᠨ ᠴᠢᠩᠭᠠᠳᠬᠠᠵᠤ᠂ ᠮᠣᠩᠭᠣᠯ ᠬᠢᠲᠠᠳ ᠦᠭᠡᠰ ᠦᠨ ᠲᠣᠯᠢ ᠶᠢ  ᠤᠷᠪᠠᠯᠠᠵᠤ᠂ ᠮᠣᠩᠭᠣᠯ ᠰᠣᠨᠢᠨ ᠢ ᠬᠠᠭᠤᠯᠵᠤ᠂ ᠬᠥᠳᠡᠭᠡ ᠳᠦ ᠪᠠᠭᠤᠵᠤ ᠥᠪᠡᠷ ᠢ ᠪᠡᠨ ᠠᠯᠪᠠᠳᠠᠵᠤ ᠪᠠᠶᠢᠭᠠᠳ ᠮᠣᠩᠭᠣᠯ ᠬᠡᠯᠡ ᠬᠡᠯᠡᠭᠦᠯᠪᠡ᠃ ᠣᠳᠣ ᠪᠢ ᠮᠤᠩᠭᠤᠯ ᠬᠡᠯᠡ ᠪᠡᠷ ᠮᠠᠯᠴᠢᠳ ᠲᠠᠶ ᠬᠠᠷᠢᠯᠴᠠᠬᠤ ᠳᠠᠭᠠᠨ ᠳᠠᠳᠮᠠᠭᠠᠶ ᠪᠣᠯᠵᠠᠶ᠃ ᠡᠨᠡ ᠨᠢ ᠪᠠᠰᠠ ᠮᠢᠨᠦ ᠮᠠᠯᠴᠢᠨ ᠲᠦᠮᠡᠨ ᠲᠡᠶ ᠬᠠᠷᠢᠯᠴᠠᠬᠤ  ᠬᠠᠮᠤᠭ ᠡᠴᠦᠰ ᠦᠨ ᠬᠠᠷᠰᠢ ᠰᠠᠭᠠᠳ ᠢ ᠠᠷᠢᠯᠭᠠᠵᠤ᠂ ᠮᠠᠯᠵᠢᠬᠤ ᠣᠷᠣᠨ ᠤ ᠤᠯᠠᠨ ᠲᠦᠮᠡᠨ ᠦ ᠵᠥᠷᠢᠴᠡᠯ ᠵᠠᠭᠤᠷᠠᠯᠳᠤᠭᠠᠨ ᠢ ᠨᠡᠩ ᠰᠠᠢᠢᠨ ᠡᠶᠡᠳᠡᠭᠦᠯᠵᠦ᠂ ᠤᠯᠠᠨ ᠲᠦᠮᠡᠨ ᠳᠦ ᠦᠢᠯᠡᠴᠢᠯᠡᠬᠦ ᠬᠠᠮᠤᠭ ᠡᠴᠦᠰ ᠦᠨ ᠨᠢᠭᠡ ᠺᠢᠯᠣᠮᠧᠲ᠋ᠷ ᠢ  ᠰᠢᠯᠤᠭᠤᠨ ᠶᠠᠪᠤᠵᠤ ᠴᠢᠳᠠᠬᠤ ᠪᠣᠯᠭᠠᠪᠠ᠃ ᠮᠢᠨᠦ ᠦᠵᠡᠬᠦ ᠪᠡᠷ ᠂ ᠲᠠᠯ᠎ᠠ ᠨᠤᠲᠤᠭ ᠪᠣᠯ ᠶᠠᠭ ᠯᠠ ᠲᠣᠮᠣ ᠮᠣᠩᠭᠣᠯ ᠬᠡᠷ ᠰᠢᠭ ᠂ ᠮᠣᠩᠭᠣᠯ ᠦᠨᠳᠦᠰᠦᠲᠡᠨ ᠂ ᠬᠢᠲᠠᠳ ᠦᠨᠳᠦᠰᠦᠲᠡᠨ ᠪᠣᠯ ᠴᠥᠮ ᠨᠢᠭᠡ ᠬᠡᠷ ᠦᠨ  ᠬᠦᠮᠦᠰ ᠪᠠᠶᠢᠵᠤ ᠂ ᠣᠯᠠᠨ ᠲᠦᠮᠡᠨ  ᠢ ᠬᠠᠪᠰᠤᠷᠤᠨ ᠦᠶᠯᠡᠳᠪᠦᠷᠢᠯᠡᠯ ᠠᠮᠢᠳᠤᠷᠠᠯ ᠤᠨ ᠳᠤᠮᠳᠠᠬᠢ ᠬᠦᠴᠢᠷ ᠠᠰᠠᠭᠤᠳᠠᠯ  ᠢ ᠨᠢ ᠰᠢᠶᠳᠪᠦᠷᠢᠯᠡᠵᠦ ᠥᠭᠬᠦ ᠪᠣᠯ ᠪᠠᠶᠢᠴᠠᠭᠠᠬᠤ ᠲᠤᠰᠢᠶᠠᠯᠲᠠᠨ ᠤ ᠬᠠᠷᠢᠭᠤᠴᠠᠯᠭ᠎ᠠ ᠂ ᠨᠠᠩ ᠴᠤ ᠡᠪ ᠬᠠᠮᠲᠤ ᠨᠠᠮ ᠤᠨ ᠭᠡᠰᠢᠭᠦᠨ ᠦ ᠬᠠᠷᠢᠭᠤᠴᠠᠯᠭ᠎ᠠ ᠪᠤᠯᠤᠨ᠎ᠠ ᠃
        

W020210827709944479346.png


ᠮᠢᠨᠦ ᠴᠡᠭᠡᠵᠢᠯᠡᠵᠦ ᠪᠠᠶᠢᠬᠤ ᠪᠠᠷ᠂ ᠨᠢᠭᠡ ᠤᠳᠠᠭ᠎ᠠ ᠮᠠᠯᠵᠢᠬᠤ ᠣᠷᠣᠨ ᠳᠤ ᠬᠦᠷᠴᠦ ᠰᠤᠷᠪᠤᠯᠵᠢᠯᠠᠬᠤ ᠳᠠᠭᠠᠨ ᠭᠠᠳᠠᠷ ᠣᠷᠣᠨ ᠤ ᠨᠡᠭᠦᠳᠡᠯ ᠠᠷᠠᠳ ᠭᠤᠤ ᠯᠠᠨ ᠶᠢᠩ ᠲᠡᠶ ᠲᠠᠨᠢᠯᠴᠠᠭᠰᠠᠨ᠃  ᠲᠡᠷᠡ ᠨᠠᠳᠠᠳᠦ ᠲᠡᠭᠦᠨ ᠦ ᠬᠤᠳᠠᠯᠳᠤᠨ ᠠᠪᠤᠭᠰᠠᠨ ᠨᠤᠲᠤᠭ ᠪᠡᠯᠴᠢᠭᠡᠷ ᠨᠢ ᠵᠡᠷᠭᠡᠯᠡᠳᠡᠭᠡ ᠠᠶᠢᠯ ᠤᠨ ᠸᠠᠩ ᠣᠪᠣᠭᠲᠤ ᠳᠤ 2000 ᠭᠠᠷᠤᠶ ᠮᠦ ᠡᠵᠡᠯᠡᠭᠳᠡᠭᠰᠡᠨ  ᠢ ᠲᠤᠰᠬᠠᠪᠠ᠃ ᠭᠤᠤ ᠯᠠᠨ ᠶᠢᠩ ᠨᠢᠭᠡ ᠭᠡᠷ ᠢᠶᠡᠷ ᠢᠶᠡᠨ ᠮᠤᠩᠭᠤᠯ ᠬᠡᠯᠡ ᠮᠡᠳᠡᠬᠦ ᠦᠭᠡᠢ᠂  ᠲᠡᠭᠡᠬᠦ ᠳᠦ ᠸᠠᠩ ᠣᠪᠣᠭᠲᠤ  ᠨᠢᠭᠡ ᠭᠡᠷ   ᠪᠡᠷ ᠢᠶᠡᠨ ᠬᠢᠲᠠᠳ ᠬᠡᠯᠡ ᠲᠤᠩ ᠴᠥᠭᠡᠨ ᠮᠡᠳᠡᠳᠡᠭ ᠪᠣᠯᠬᠣᠷ ᠬᠣᠭᠣᠷᠣᠨᠳᠣ ᠪᠠᠨ ᠨᠡᠪᠲᠡᠷᠡᠯᠴᠡᠮᠡᠭᠴᠡ ᠬᠡᠷᠡᠯᠳᠦᠳᠡᠭ ᠪᠠᠶᠢᠨ᠎ᠠ᠃ ᠪᠢ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠵᠣᠬᠢᠴᠠᠭᠤᠯᠬᠤ ᠠᠵᠢᠯ ᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠲᠡᠶ ᠬᠠᠷᠢᠯᠴᠠᠵᠤ ᠪᠠᠶᠢᠭᠠᠳ ᠬᠣᠶᠠᠷ ᠭᠡᠷ ᠦᠨ ᠪᠡᠯᠴᠢᠭᠡᠷ ᠢ ᠤᠯᠠᠨ ᠤᠳᠠᠭ᠎ᠠ ᠲᠤᠬᠠᠶ ᠶᠢᠨ ᠭᠠᠵᠠᠷ ᠲᠤᠨᠢ ᠬᠡᠮᠵᠢᠵᠦ᠂ ᠵᠠᠭᠠᠭᠯᠠᠵᠤ᠂ ᠤᠷᠢᠳ ᠬᠣᠵᠢᠳ ᠬᠣᠶᠠᠷ ᠭᠡᠷ ᠦᠨ ᠬᠥᠮᠦᠰ ᠢ 4 ᠤᠳᠠᠭ᠎ᠠ ᠬᠠᠮᠲᠤ ᠳᠠᠭᠤᠳᠠᠵᠤ᠂ ᠬᠠᠤᠯᠢ ᠴᠠᠭᠠᠵᠠ ᠶᠢ ᠶᠠᠷᠢᠵᠤ᠂ ᠶᠣᠰᠣ ᠤᠴᠢᠷ ᠢ  ᠲᠣᠭᠠᠴᠠᠵᠦ᠂ ᠨᠠᠶᠢᠷ ᠲᠠᠯ᠎ᠠ  ᠬᠡᠯᠡᠵᠦ᠂ ᠬᠣᠶᠠᠷ ᠭᠡᠷ ᠦᠨ ᠣᠷᠴᠢᠭᠤᠯᠤᠭᠴᠢ ᠪᠣᠯᠪᠠ᠃ ᠣᠯᠠᠨ ᠤᠳᠠᠭᠠᠨ ᠤ ᠡᠶᠡᠳᠡᠭᠦᠯᠭᠡ ᠪᠡᠷ ᠳᠡᠮᠵᠢᠨ ᠸᠠᠩ ᠣᠪᠣᠭᠲᠤ ᠥᠪᠡᠷ ᠦᠨ ᠨᠤᠲᠤᠭ ᠪᠡᠯᠴᠢᠭᠡᠷ  ᠠᠴᠠ ᠪᠠᠨ1500 ᠮᠥ ᠭᠠᠷᠭᠠᠵᠤ ᠭᠣᠣ ᠯᠠᠨ ᠶᠢᠩ ᠳᠦ ᠪᠤᠴᠠᠭᠠᠵᠤ ᠥᠭᠬᠦ ᠪᠡᠷ ᠵᠥᠪᠰᠢᠶᠡᠷᠡᠭᠰᠡᠨ ᠪᠣᠯᠪᠠᠴᠤ ᠭᠣᠣ ᠯᠠᠨ ᠶᠢᠩ ᠦᠨ ᠭᠡᠷ ᠦᠨ ᠡᠭᠦᠳᠡᠨ ᠳᠡᠬᠢ 500 ᠮᠥ ᠪᠡᠯᠴᠢᠭᠡᠷ ᠢ ᠲᠡᠭᠦᠨ ᠳᠦ ᠪᠤᠴᠠᠭᠠᠵᠤ ᠥᠭᠬᠦ ᠳᠤᠷ᠎ᠠ ᠦᠭᠡᠶ ᠂ ᠵᠥᠪᠬᠡᠨ ᠪᠤᠰᠤᠳ ᠭᠠᠵᠠᠷ ᠠᠴᠠ ᠭᠣᠣ ᠯᠠᠨ ᠶᠢᠩ ᠳᠦ ᠨᠥᠬᠥᠪᠥᠷᠢᠯᠡᠵᠦ ᠥᠭᠬᠦ ᠳᠤᠷᠠᠲᠠᠶ ᠯᠡ ᠪᠠᠶᠢᠪᠠ ᠃ ᠬᠡᠷᠪᠡ ᠭᠤᠤ ᠯᠠᠨ ᠶᠢᠩ ᠦᠨ ᠬᠤᠨᠢ ᠨᠢ ᠰᠢᠨ᠎ᠡ ᠪᠡᠷ ᠬᠤᠪᠢᠶᠠᠭᠰᠠᠨ ᠪᠡᠯᠴᠢᠭᠡᠷ ᠲᠦ ᠣᠴᠢᠵᠤ ᠡᠪᠡᠰᠦ ᠢᠳᠡᠬᠦ ᠳᠦ ᠬᠦᠷᠪᠡᠯ᠂ ᠵᠠᠶᠢᠯᠠᠰᠢ ᠦᠭᠡᠢ ᠸᠠᠩ ᠣᠪᠣᠭᠲᠤ ᠶᠢᠨ ᠪᠡᠯᠴᠢᠭᠡᠷ ᠢᠶᠡᠷ ᠥᠩᠭᠡᠷᠡᠵᠦ᠂ ᠤᠳᠠᠭᠠᠨ  ᠳᠤ  ᠪᠠᠨ ᠮᠥᠨ ᠯᠡ ᠵᠥᠷᠢᠴᠡᠯ ᠡᠭᠦᠰᠬᠦ ᠪᠣᠯᠤᠨ᠎ᠠ᠃ ᠵᠥᠷᠢᠴᠡᠯ ᠢ ᠦᠨᠳᠦᠰᠦᠨ ᠡᠴᠡ ᠨᠢ ᠠᠷᠢᠯᠭᠠᠬᠤ ᠶᠢᠨ ᠲᠥᠯᠥᠭᠡ᠂ ᠪᠢ ᠰᠠᠨᠠᠭᠠᠴᠢᠯᠠᠭ᠎ᠠ ᠠᠴᠠ ᠪᠠᠨ ᠸᠠᠩ ᠣᠪᠣᠭᠲᠤ ᠲᠠᠶ ᠨᠠᠶᠢᠵᠠᠯᠠᠵᠤ᠂ ᠬᠥᠳᠡᠭᠡ ᠳᠦ ᠪᠠᠭᠤᠬᠤ ᠳᠠᠭᠠᠨ ᠨᠣᠭᠣᠭ᠎ᠠ ᠴᠠᠭ᠎ᠠ ᠬᠤᠳᠠᠯᠳᠤᠨ ᠠᠪᠴᠤ ᠲᠡᠳᠡᠨ ᠦ ᠭᠡᠷ ᠲᠦ ᠣᠴᠢᠵᠤ ᠬᠣᠭᠣᠯᠠ ᠤᠮᠳᠠ ᠪᠠᠵᠠᠭᠠᠵᠤ᠂ ᠬᠣᠭᠣᠯᠠ ᠢᠳᠡᠵᠦ ᠵᠣᠭᠣᠭᠳᠠᠳᠠᠭ᠂ ᠲᠡᠭᠦᠨ ᠦ ᠮᠠᠯᠵᠢᠬᠤ ᠭᠠᠵᠠᠷ ᠲᠤ ᠶᠠᠭᠤᠮ᠎ᠠ  ᠳᠤᠲᠠᠬᠤᠯᠠᠷ ᠪᠢ ᠪᠠᠯᠭᠠᠰᠤᠨ ᠠᠴᠠ ᠲᠡᠭᠦᠨ ᠳᠦ ᠶᠠᠭᠤᠮ᠎ᠠ ᠬᠤᠳᠠᠯᠳᠤᠨ ᠠᠪᠴᠦ᠂ ᠬᠥᠳᠡᠭᠡ  ᠪᠠᠭᠤᠬᠤ ᠳᠠᠭᠠᠨ ᠲᠡᠭᠦᠨ ᠳᠦ ᠬᠦᠷᠭᠡᠵᠦ ᠥᠭᠲᠡᠭ ᠃ ᠲᠡᠭᠦᠨ ᠲᠡᠶ ᠮᠣᠩᠭᠣᠯ ᠬᠡᠯᠡᠨ ᠪᠡᠷ ᠵᠤᠭᠤᠭᠲᠠᠵᠤ ᠬᠠᠷᠢᠴᠠᠭ᠎ᠠ ᠪᠠᠨ ᠤᠶᠢᠷᠠᠳᠤᠭᠤᠯᠬᠤ ᠠᠴᠠ ᠭᠠᠳᠠᠨ᠎ᠠ ᠪᠠᠰᠠ ᠲᠡᠭᠦᠨ ᠦ ᠵᠣᠭᠰᠣᠴᠠ ᠠᠴᠠ ᠡᠭᠦᠰᠴᠦ ᠂ ᠲᠡᠭᠦᠨ ᠲᠡᠶ ᠰᠡᠳᠬᠢᠯ ᠢᠶᠡᠨ ᠮᠡᠳᠡᠯᠴᠡᠵᠦ ᠨᠠᠶᠢᠵᠠ  ᠪᠤᠯᠤᠯᠴᠠᠪᠠ᠃ ᠡᠨᠡ ᠮᠡᠲᠦ ᠪᠡᠷ ᠬᠦᠯᠢᠴᠡᠩᠭᠦᠶ ᠪᠡᠷ ᠵᠣᠬᠢᠴᠠᠭᠤᠯᠬᠤ ᠪᠠᠷ ᠳᠡᠮᠵᠢᠨ ᠂ ᠡᠴᠦᠰ ᠲᠡᠬᠡᠨ ᠲᠡᠳᠡ ᠬᠣᠶᠠᠭᠤᠯᠠ 500 ᠮᠥ ᠨᠤᠲᠤᠭ ᠪᠡᠯᠴᠢᠭᠡᠷ ᠢ ᠬᠠᠮᠲᠤ ᠪᠠᠷ ᠬᠡᠷᠡᠭᠯᠡᠬᠦ ᠬᠡᠯᠡᠯᠴᠡᠭᠡᠷ ᠲᠣᠭᠲᠠᠭᠰᠠᠨ ᠪᠠᠶᠢᠨ᠎ᠠ ᠃ ᠬᠡᠷᠡᠭ ᠦᠨ ᠲᠠᠷᠠᠭ᠎ᠠ᠂ ᠭᠤᠤ ᠯᠠᠨ ᠶᠢᠩ ᠨᠠᠳᠠ  ᠳᠤ︽ᠪᠠᠶᠢᠴᠠᠭᠠᠭᠴᠢ ᠨᠣᠶᠠᠨ ᠪᠦᠬᠦ ᠬᠦᠴᠦᠨ ᠢᠶᠡᠷ ᠢᠶᠡᠨ ᠠᠷᠠᠳ ᠤᠨ ᠵᠣᠪᠠᠨᠢᠯ ᠢ ᠠᠷᠢᠯᠭᠠᠵᠤ᠂ ᠠᠷᠪᠠ ᠭᠠᠷᠤᠢ ᠵᠢᠯ ᠦᠨ  ᠲᠤᠷᠰᠢᠬᠢ ᠬᠥᠷᠰᠢ ᠵᠡᠷᠭᠡᠯᠡᠳᠡᠭᠡ ᠶᠢᠨ ᠵᠠᠭᠤᠷᠠᠯᠳᠤᠭᠠᠨ ᠢ ᠡᠴᠦᠰ ᠲᠡᠬᠡᠨ ᠰᠢᠢᠳᠪᠦᠷᠢᠯᠡᠵᠦ  ᠴᠢᠳᠠᠪᠠ︾ ᠭᠡᠰᠡᠨ ᠪᠢᠴᠢᠭᠡᠰᠦ ᠲᠠᠢ ᠬᠡᠮᠡᠷᠯᠢᠭ ᠲᠤᠭ ᠬᠦᠷᠭᠡᠵᠦ ᠢᠷᠡᠪᠡ᠂ ᠡᠨᠡᠬᠦ ᠬᠥᠬᠢᠭᠦᠯᠦᠯ ᠪᠠ ᠢᠲᠡᠭᠡᠯ ᠪᠣᠯ ᠨᠠᠳᠠ ᠳᠤ ᠥᠭᠭᠦᠭᠰᠡᠨ ᠬᠠᠮᠤᠭ ᠤᠨ ᠶᠡᠬᠡ ᠨᠤᠲᠠᠯᠠᠯᠲᠠ ᠪᠣᠯᠤᠨ᠎ᠠ᠃
       

W020210827709944953577.png


 ᠦᠨᠳᠦᠰᠦᠨ ᠱᠠᠲᠤᠨ ᠳᠤ ᠠᠵᠢᠯᠯᠠᠭᠰᠠᠨ 35 ᠵᠢᠯ  ᠤᠨ ᠳᠤᠲᠤᠷ᠎ᠠ᠂ ᠮᠢᠨᠦ ᠦᠵᠡᠬᠦ ᠪᠡᠷ ᠤᠯᠠᠨ ᠲᠦᠮᠡᠨ ᠦ ᠰᠡᠳᠬᠢᠯ ᠳᠦ᠂ ᠲᠠᠨ ᠤ ᠬᠤᠪᠢ ᠬᠥᠮᠦᠨ ᠦ ᠲᠦᠷᠢ ᠲᠥᠷᠬᠦ ᠴᠢᠨᠢ ᠨᠠᠮ ᠤᠨ ᠲᠦᠷᠢ ᠲᠥᠷᠬᠦ ᠶᠢ ᠲᠥᠯᠥᠭᠡᠯᠡᠵᠦ᠂ ᠲᠠ ᠶᠠᠮᠠᠷ ᠶᠠᠩᠵᠤ  ᠲᠠᠢ ᠪᠣᠯ ᠨᠠᠮ ᠳᠠᠷᠤᠢ ᠲᠠᠶᠢᠮᠦ ᠶᠠᠩᠵᠤ  ᠲᠠᠢ ᠪᠠᠶᠢᠳᠠᠭ᠂ ᠡᠶᠢᠮᠦ ᠡᠴᠡ ᠮᠠᠯᠵᠢᠬᠤ ᠣᠷᠣᠨ ᠳᠤ ᠣᠴᠢᠵᠤ ᠮᠠᠯᠴᠢᠳ ᠲᠠᠶ ᠬᠠᠮᠲᠤ ᠰᠠᠭᠤᠵᠤ᠂ ᠨᠢᠭᠲᠠᠷᠠᠨ ᠪᠦᠯᠬᠦᠮᠳᠡᠪᠡᠯ ᠰᠠᠶ᠋ᠢ ᠤᠯᠠᠨ ᠲᠦᠮᠡᠨ ᠲᠡᠶ ᠦᠨᠡᠨᠬᠦ ᠣᠶᠢᠷᠠᠲᠤᠵᠤ᠂ ᠤᠯᠠᠨ ᠲᠦᠮᠡᠨ ᠢ ᠣᠶᠢᠯᠠᠭᠠᠵᠤ᠂ ᠤᠯᠠᠨ ᠲᠦᠮᠡᠨ ᠳᠦ ᠨᠡᠩ ᠰᠠᠢᠢᠨ ᠦᠢᠯᠡᠴᠢᠯᠡᠵᠦ ᠴᠢᠳᠠᠨ᠎ᠠ ᠭᠡᠵᠦ ᠪᠢ ᠪᠤᠳᠤᠵᠦ ᠪᠠᠶᠢᠨ᠎ᠠ᠃ ᠃ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ ᠳᠤ 13 ᠲᠦᠮᠡ ᠬᠦᠷᠬᠦ ᠦᠭᠡᠢ ᠬᠥᠮᠦᠨ ᠠᠮᠠ ᠲᠠᠶ ᠪᠣᠯᠪᠠᠴᠤ ᠭᠠᠵᠠᠷ  ᠰᠢᠷᠤᠢ ᠵᠢᠨ ᠲᠠᠯᠠᠪᠠᠢ ᠨᠢ ᠬᠠᠷᠢᠨ 1.8 ᠲᠦᠮᠡᠨ ᠲᠡᠭᠰᠢ ᠳᠥᠷᠪᠡᠯᠵᠢᠨ ᠺᠢᠯᠣᠮᠧᠲ᠋ᠷ ᠪᠠᠶᠢᠳᠠᠭ᠃ ᠪᠢ ᠵᠢᠯ ᠪᠦᠷᠢ ᠶᠢᠨ ᠭᠤᠷᠪᠠᠨ ᠤ ᠬᠣᠶᠠᠷ ᠬᠤᠪᠢ ᠶᠢᠨ  ᠴᠠᠭ ᠲᠤ  ᠪᠠᠨ ᠬᠠᠮᠤᠭ ᠤᠨ ᠦᠨᠳᠦᠰᠦᠨ ᠱᠠᠲᠤ᠂ ᠬᠠᠮᠤᠭ ᠤᠨ ᠪᠤᠢᠢᠳᠠ ᠪᠥᠭᠯᠡᠭᠦᠦ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠵᠦ᠂ ᠪᠦᠭᠦ ᠬᠣᠰᠢᠭᠤᠨ ᠤ 77 ᠭᠠᠴᠠᠭ᠎ᠠ᠂ ᠲᠣᠰᠬᠣᠨ ᠤ ᠵᠥᠪᠯᠡᠯ ᠪᠣᠯᠤᠨ 143 ᠠᠶᠢᠯ ᠲᠣᠰᠬᠣᠨ ᠢᠶᠠᠷ ᠶᠠᠪᠤᠵᠤ᠂ 1100 ᠭᠠᠷᠤᠢ ᠮᠠᠯᠵᠢᠯ ᠤᠨ ᠲᠠᠯᠠᠪᠠᠢ ᠶᠢᠨ ᠴᠡᠭ ᠪᠣᠯᠤᠨ 6400 ᠭᠠᠷᠤᠢ ᠮᠠᠯᠴᠢᠨ ᠲᠠᠷᠢᠶᠠᠴᠢᠨ ᠤ ᠬᠡᠷ ᠪᠦᠯᠢ ᠪᠡᠷ ᠲᠣᠭᠣᠷᠢᠨ ᠰᠤᠷᠪᠤᠯᠵᠢᠯᠠᠵᠤ᠂ ᠤᠯᠠᠨ ᠲᠦᠮᠡᠨ ᠦ  ᠵᠦᠷᠢᠴᠡᠯ ᠵᠢᠭᠤᠷᠠᠯᠳᠤᠭᠠᠨ ᠢ ᠵᠠᠭᠤ ᠭᠠᠷᠤᠢ ᠰᠢᠢᠳᠪᠦᠷᠢᠯᠡᠪᠡ᠂ ᠮᠠᠯᠴᠢᠨ ᠲᠠᠷᠢᠶᠠᠴᠢᠨ ᠨᠠᠳᠠ ᠶᠢ ︽ᠨᠡᠭᠦᠳᠡᠯ ᠪᠠᠶᠢᠴᠠᠭᠠᠭᠴᠢ︾ ᠭᠡᠵᠦ ᠳᠠᠭᠤᠳᠠᠳᠠᠭ᠃ ᠪᠢ ᠮᠣᠩᠭᠣᠯ ᠬᠢᠲᠠᠳ ᠬᠣᠣᠰ ᠬᠡᠯᠡᠨ ᠦ︽ ᠪᠠᠶᠢᠴᠠᠭᠠᠭᠴᠢ ᠪᠠ  ᠮᠠᠯᠴᠢᠳ  ᠤᠨ ᠬᠠᠷᠢᠯᠴᠠᠭᠠᠨ ᠤ ᠺᠠᠷᠲ︾᠋ ᠢ ᠦᠢᠯᠡᠳᠴᠦ᠂ ᠤᠷᠢᠳ ᠬᠣᠵᠢᠳ 6000 ᠭᠠᠷᠤᠢ ᠮᠠᠯᠴᠢᠨ ᠲᠠᠷᠢᠶᠠᠴᠢᠨ ᠤ ᠭᠠᠷ ᠲᠤ ᠬᠦᠷᠭᠡᠵᠦ᠂ ᠭᠠᠷ ᠤᠲᠠᠰᠤ ᠪᠠᠨ 24 ᠴᠠᠭ ᠬᠠᠭᠠᠬᠤ ᠦᠭᠡᠢ ᠪᠠᠶᠢᠬᠤ ᠶᠢ ᠲᠡᠳᠡᠨ ᠳᠦ ᠪᠠᠲᠤᠯᠠᠪᠠ᠂ ᠭᠠᠷ ᠤᠲᠠᠰᠤᠨ ᠳᠤ 620 ᠭᠠᠷᠤᠢ ᠮᠠᠯᠴᠢᠨ ᠲᠠᠷᠢᠶᠠᠴᠢᠨ ᠤ ᠤᠲᠠᠰᠤ ᠶᠢ ᠬᠠᠳᠠᠭᠠᠯᠠᠵᠤ ᠪᠤᠢ᠂ ᠲᠡᠳᠡ ᠶᠠᠮᠠᠷ ᠤᠴᠢᠷ ᠲᠠᠶ ᠪᠣᠯ ᠬᠡᠵᠢᠶ᠎ᠡ ᠬᠠᠮᠢᠭ᠎ᠠ ᠴᠤ ᠨᠠᠳᠠ ᠲᠠᠶ ᠬᠠᠷᠢᠯᠴᠠᠵᠤ ᠪᠣᠯᠤᠨ᠎ᠠ᠂ ᠡᠭᠦᠨ ᠢ ᠮᠠᠯᠴᠢᠨ ᠲᠠᠷᠢᠶᠠᠴᠢᠨ ᠲᠦᠮᠡᠨ︽ ᠲᠤᠳᠤᠨᠤ ᠳᠠᠭᠤᠳᠠᠭᠤᠷ︾ᠭᠡᠵᠦ ᠨᠡᠷᠡᠯᠡᠵᠡᠢ᠃ ᠪᠢ ᠮᠠᠯᠴᠢᠨ ᠡᠷᠦᠬᠡ ᠪᠡᠷ ᠠᠶᠢᠯᠴᠢᠯᠠᠭᠰᠠᠨ ᠪᠠᠶᠢᠳᠠᠯ ᠢᠶᠠᠨ ︽ᠠᠷᠠᠳ ᠤᠨ ᠪᠠᠶᠢᠳᠠᠯ ᠤᠨ ᠡᠳᠦᠷ ᠦᠨ ᠲᠡᠮᠳᠡᠭᠯᠡᠯ ︾ ᠳᠡᠭᠡᠷ᠎ᠡ ᠨᠠᠷᠢᠨ ᠲᠡᠮᠳᠡᠭᠯᠡᠵᠦ ᠂ ᠣᠲᠣ ᠪᠣᠯᠲᠠᠯ᠎ᠠ ᠨᠢᠭᠡᠨᠲᠡ 10 ᠲᠦᠮᠡ ᠭᠠᠷᠤᠶ ᠥᠰᠥᠭ  ᠲᠠᠮᠳᠡᠭᠯᠡᠵᠦ᠂ ᠪᠠᠶᠢᠴᠠᠭᠠᠬᠤ ᠠᠵᠢᠯ ᠤᠨ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠵᠤ ᠡᠵᠡᠮᠰᠢᠬᠦ ᠂ ᠠᠷᠠᠳ ᠣᠯᠠᠨ ᠳᠤ ᠦᠶᠯᠡᠴᠢᠯᠡᠬᠦ ︽ ᠴᠠᠭ ᠠᠭᠤᠷ ᠤᠨ ᠬᠡᠮᠵᠢᠭᠦᠷ ︾ ᠪᠣᠯᠤᠭᠰᠠᠨ ᠪᠠᠶᠢᠨ᠎ᠠ ᠃ ᠪᠢ ᠬᠡᠳᠦᠨ ᠠᠷᠪᠠᠨ ᠵᠢᠯ ᠦᠨ ᠦᠨᠳᠦᠰᠦᠨ ᠱᠠᠲᠤᠨ ᠤ ᠴᠥᠭᠡᠨ ᠲᠣᠭᠠᠲᠤ ᠦᠨᠳᠦᠰᠦᠲᠡᠨ ᠦ ᠭᠠᠵᠠᠷ ᠣᠷᠣᠨ ᠤ ᠠᠵᠢᠯ ᠤᠨ ᠲᠤᠷᠰᠢᠯᠭ᠎ᠠ ᠶᠢ《ᠴᠢᠳᠠᠬᠤ᠂ ᠣᠶᠢᠯᠠᠭᠠᠬᠤ᠂ ᠢᠲᠡᠭᠡᠬᠦ᠂ ᠪᠣᠳᠠᠲᠠᠶ》 ᠭᠡᠬᠦ ᠲᠦᠷᠪᠡᠨ ᠦᠰᠦᠭ ᠦᠨ ᠠᠨᠢᠰᠤ ᠪᠣᠯᠭᠠᠨ  ᠬᠤᠷᠢᠶᠠᠩᠭᠤᠶᠢᠯᠠᠵᠤ᠂ ᠤᠯᠠᠨ ᠤ ᠨᠡᠶᠢᠳᠡᠮ ᠦᠨ ᠲᠠᠭᠠᠰᠢᠶᠠᠯ ᠢ  ᠣᠯᠪᠠ᠃


W020210827709945402908.png


ᠢᠷᠡᠬᠦ ᠵᠢᠯ ᠪᠢ ᠬᠠᠶᠢᠷ᠎ᠠ ᠰᠢᠩᠭᠡᠭᠰᠡᠨ ᠪᠠᠶᠢᠴᠠᠭᠠᠬᠤ ᠠᠵᠢᠯ ᠤᠨ ᠪᠠᠶᠢᠷᠢ ᠠᠴᠠ ᠪᠠᠨ ᠰᠠᠯᠬᠤ ᠪᠣᠯᠣᠨ᠎ᠠ᠂ ᠪᠠᠶᠢᠴᠠᠭᠠᠬᠤ ᠠᠵᠢᠯ ᠤᠨ 35 ᠵᠢᠯ  ᠦ ᠠᠶᠠᠨ ᠳᠤ ᠨᠠᠮ ᠪᠣᠯᠤᠨ ᠠᠷᠠᠳ ᠲᠦᠮᠡᠨ ᠨᠠᠳᠠ ᠳᠤ ᠮᠠᠰᠢ ᠤᠯᠠᠨ ᠢᠷᠠᠭᠤ ᠠᠯᠳᠠᠷ ᠣᠯᠭᠣᠵᠠᠢ᠃ ᠭᠡᠪᠡᠴᠦ ᠢᠷᠠᠭᠤ ᠠᠯᠳᠠᠷ ᠬᠡᠳᠦᠶ ᠠᠷᠪᠢᠨ ᠪᠣᠯᠬᠤ ᠲᠤᠳᠤᠮ᠂ ᠮᠢᠨᠦ ᠬᠠᠷᠢᠭᠤᠴᠠᠯᠭ᠎ᠠ ᠲᠡᠳᠦᠶ ᠬᠦᠨᠳᠦ ᠰᠢᠭ ᠰᠠᠨᠠᠭᠳᠠᠨ᠎ᠠ᠃ ᠶᠡᠷᠦᠩᠬᠡᠢ ᠱᠦᠵᠢ︽ᠠᠷᠠᠳ ᠲᠦᠮᠡᠨ ᠪᠣᠯ ᠳᠠᠷᠤᠢ ᠲᠦᠷᠦ ᠭᠦᠷᠦᠨ᠂ ᠲᠦᠷᠦ ᠭᠦᠷᠦᠨ ᠪᠣᠯ ᠳᠠᠷᠤᠢ ᠠᠷᠠᠳ ᠲᠦᠮᠡᠨ᠂ ᠲᠦᠷᠦ ᠭᠦᠷᠦᠨ ᠢᠶᠡᠨ ᠴᠣᠭᠴᠠᠯᠠᠵᠤ᠂ ᠲᠦᠷᠦ ᠭᠦᠷᠦᠨ ᠢᠶᠡᠨ ᠰᠠᠬᠢᠨ ᠬᠠᠮᠠᠭᠠᠯᠠᠬᠤ ᠭᠡᠪᠡᠯ  ᠳᠠᠷᠤᠢ ᠠᠷᠠᠳ ᠲᠦᠮᠡᠨ ᠦ ᠰᠡᠳᠬᠢᠯ ᠢ ᠰᠠᠬᠢᠨ ᠬᠠᠮᠠᠭᠠᠯᠠᠬᠤ ᠶᠠᠪᠤᠳᠠᠯ ᠪᠤᠯᠤᠨ᠎ᠠ︾ᠭᠡᠵᠦ ᠶᠠᠷᠢᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠦᠨ ᠲᠡᠮᠡᠴᠡᠯ ᠦᠨ ᠥᠩᠭᠡᠷᠡᠯᠲᠡ  ᠨᠢ ᠨᠠᠳᠠ ᠳᠤ︽ᠪᠢ ᠬᠡᠨ  ᠪᠤᠯᠬᠣ ᠂ ᠬᠡᠨ ᠢ ᠲᠦᠰᠢᠭᠯᠡᠬᠦ᠂ ᠬᠡᠨ ᠦ ᠲᠥᠯᠥᠭᠡ ᠪᠠᠶᠢᠬᠤ︾ᠠᠰᠠᠭᠤᠳᠠᠯ ᠢ ᠭᠦᠨᠵᠡᠭᠡᠢ ᠲᠠᠨᠢᠭᠤᠯᠵᠠᠢ᠃ ᠡᠨᠡ ᠨᠢ  ᠪᠠᠰᠠ  ᠮᠢᠨᠦ ᠦᠨᠳᠦᠰᠦᠨ ᠱᠠᠲᠤᠨ ᠳᠤ ᠦᠨᠳᠦᠰᠦᠯᠡᠵᠦ᠂ ᠲᠠᠯ᠎ᠠ ᠨᠤᠲᠤᠭ ᠲᠤ ᠦᠨᠳᠦᠰᠦᠯᠡᠵᠦ᠂ ᠠᠷᠠᠳ ᠤᠯᠠᠨ ᠤ ᠳᠤᠮᠳᠠ ᠦᠨᠳᠦᠰᠦᠯᠡᠵᠦ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ ᠠᠷᠠᠳ ᠲᠦᠮᠡᠨ ᠳᠦ ᠦᠢᠯᠡᠴᠢᠯᠡᠵᠦ᠂ ᠠᠷᠠᠳ ᠲᠦᠮᠡᠨ ᠦ ᠰᠠᠢᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠨᠠᠰᠤᠨ ᠲᠤᠷᠰᠢᠳᠠ ᠶᠢᠨ ᠲᠡᠮᠡᠴᠡᠯ ᠦᠨ ᠬᠠᠷᠠᠯᠲᠠ ᠪᠠᠨ ᠪᠣᠯᠭᠠᠵᠤ᠂ ᠥᠨᠢ ᠡᠭᠦᠷᠢᠳᠡ ᠮᠠᠯᠴᠢᠨ ᠲᠠᠷᠢᠶᠠᠴᠢᠨ ᠤ ᠢᠲᠡᠭᠡᠳᠡᠭ ︽ᠰᠠᠢᠢᠨ ᠠᠨᠳᠠ︾ ᠪᠤᠯᠤᠶ᠎ᠠ ᠭᠡᠰᠡᠨ  ᠨᠠᠰᠤᠨ ᠲᠤᠷᠰᠢᠳᠠ ᠶᠢᠨ ᠬᠦᠭᠡᠭᠡᠴᠡᠯᠳᠤᠯ  ᠢ ᠤᠯᠠᠮ  ᠪᠠᠲᠤᠳᠬᠠᠪᠠ ︕


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro