ᠲᠡᠷᠢᠭᠦᠨ ᠨᠢᠭᠤᠷ  -  ᠪᠠᠶᠢᠴᠠᠭᠠᠬᠤ ᠬᠤᠰᠢᠭᠤᠴᠢ

ᠪᠠᠶᠢᠴᠠᠭᠠᠬᠤ ᠡᠳᠦᠷ ᠦᠨ ᠰᠣᠨᠢᠨ ᠄ ᠤᠳᠠᠭ᠎ᠠ ᠪᠦᠷᠢ ᠶᠢᠨ ︽ ᠶᠡᠬᠡ ᠰᠢᠯᠭᠠᠯᠲᠠ ︾ ᠳ᠋ᠤ ᠪᠦᠷ ᠲᠡᠭᠦᠨ ᠦ ᠪᠠᠷ᠎ᠠ ᠬᠠᠷᠠᠭᠳᠠᠨ᠎ᠠ

2022-06-09 17:18:45
ᠵᠣᠬᠢᠶᠠᠭᠴᠢ
ᠨᠠᠪᠴᠢ


640 11.jpg


ᠪᠠᠶ ᠵᠢᠩ ᠪᠠᠶᠢᠴᠠᠭᠠᠬᠤ ᠠᠵᠢᠯ ᠤᠨ ᠨᠡᠭᠡᠭᠡᠯᠲᠡᠲᠦ ᠡᠳᠦᠷ ᠦᠨ ᠠᠵᠢᠯᠯᠠᠭ᠎ᠠ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢᠳ ᠲᠦ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠢ ᠲᠠᠨᠢᠯᠴᠠᠭᠤᠯᠪᠠ ᠃ 

ᠡᠨᠡ ᠵᠢᠯ ᠦᠨ 3 ᠳ᠋ᠤᠭᠠᠷ ᠰᠠᠷ᠎ᠠ ᠶᠢᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ  ︽ᠪᠥᠬᠥ ᠤᠯᠤᠰ ᠤᠨ ᠲᠡᠷᠢᠭᠦᠨ ᠦ ᠠᠵᠢᠯᠲᠠᠨ ︾ ︽ ᠪᠥᠬᠥ ᠤᠯᠤᠰ ᠤᠨ ᠵᠢᠱᠢᠶᠡᠴᠢ ᠪᠠᠶᠢᠴᠠᠭᠠᠬᠤ ᠲᠤᠰᠢᠶᠠᠯᠲᠠᠨ ︾ ᠪᠠᠢ ᠵᠢᠩ  ᠶᠠᠭᠠᠷᠠᠯᠲᠠᠢ ᠯᠡ ᠪᠠᠶᠢᠯ᠎ᠠ᠃ ᠡᠨᠡ ᠤᠳᠠᠭ᠎ᠠ ᠲᠡᠷᠡ ᠵᠥᠪᠬᠡᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠣᠲᠠ ᠶᠢᠨ ᠪᠠᠶᠢᠴᠠᠭᠠᠬᠤ ᠬᠣᠷᠢᠶ᠎ᠠ ᠶᠢᠨ ᠨᠠᠶᠮᠠᠳᠤᠭᠠᠷ ᠪᠠᠶᠢᠴᠠᠭᠠᠬᠤ ᠬᠡᠯᠲᠡᠰ ᠦᠨ ᠡᠷᠬᠢᠯᠡᠭᠴᠢ ᠲᠡᠳᠦᠶ ᠪᠢᠰᠢ ᠂ ᠮᠥᠨ ᠴᠦ ᠬᠥᠬᠡᠬᠣᠲᠠ ᠶᠢᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠣᠳᠬᠤ ᠭᠠᠵᠠᠷ ᠤᠨ ᠬᠢᠨᠠᠨ ᠵᠢᠯᠣᠭᠣᠳᠬᠤ ᠳᠤᠭᠤᠶᠢᠯᠠᠩ ᠤᠨ ᠭᠡᠰᠢᠭᠦᠨ ᠪᠣᠯᠤᠨ᠎ᠠ ᠃ ᠰᠢ ᠶᠢᠨ ᠫᠢᠩ  ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠦᠭᠴᠢ᠂ ᠨᠡᠶᠢᠲᠡ ᠶᠢᠨ ᠠᠰᠢᠭᠲᠤ ᠵᠠᠷᠭᠤ  ᠵᠢᠨ ᠪᠠᠶᠢᠴᠠᠭᠠᠬᠤ ᠠᠵᠢᠯ ᠤᠨ  ᠬᠤᠰᠢᠭᠤᠴᠢ ᠪᠣᠯᠤᠭᠰᠠᠨ ᠤ ᠬᠤᠪᠢ ᠳᠤ᠂ ᠤᠳᠠᠭ᠎ᠠ ᠪᠦᠷᠢ ᠶᠢᠨ ︽ᠶᠡᠬᠡ ᠰᠢᠯᠭᠠᠯᠲᠠ︾ᠳ᠋ᠤ ᠪᠦᠷ ᠲᠡᠭᠦᠨ ᠦ ᠪᠠᠷ᠎ᠠ ᠬᠠᠷᠠᠭᠳᠠᠳᠠᠭ᠂ ᠲᠦᠷᠦᠭᠦᠬᠡᠨ ᠲᠡᠷᠡ ᠲᠥᠪ ᠦᠨ ᠤᠯᠤᠰ ᠲᠦᠷᠦ ᠬᠠᠤᠯᠢ ᠴᠠᠭᠠᠵᠠ ᠶᠢᠨ ᠬᠣᠷᠢᠢ᠎ᠠ ᠳᠤ ︽ᠬᠣᠣᠰ ᠵᠠᠭᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠭᠠᠲᠤᠷ ᠵᠢᠱᠢᠶᠡᠴᠢ︾ ᠪᠡᠷ ᠦᠨᠡᠯᠡᠭᠳᠡᠪᠡ᠃


640.png


ᠦᠭᠡᠢ ᠠᠴᠠ ᠪᠠᠶᠢᠬᠤ ᠪᠣᠯᠪᠠ᠂ ᠲᠡᠷᠡ ︽ᠴᠢᠯᠠᠭᠤ  ᠲᠠᠮᠳᠠᠷᠢᠭ᠍ᠰᠡᠭᠡᠷ  ᠭᠣᠣᠯ ᠭᠡᠲᠦᠯᠪᠡ︾᠃

《 ᠪᠤᠳᠤᠯᠭᠠᠲᠠᠨ ᠪᠣᠯᠬᠤ ᠠᠴᠠ ᠪᠢᠰᠢ᠂ ᠰᠣᠬᠣᠷ ᠪᠠᠯᠠᠶ ᠪᠠᠷ ᠲᠠᠭᠠᠭᠴᠢ ᠪᠣᠯᠬᠤ ᠦᠭᠡᠢ ᠃》 2010 ᠣᠨ ᠳᠤ ᠂ ᠪᠠᠶ ᠵᠢᠩ ᠦᠬᠠᠨ ᠶᠡᠬᠡ ᠰᠤᠷᠭᠠᠭᠤᠯᠢ  ᠶᠢᠨ ᠬᠠᠤᠯᠢ ᠴᠠᠭᠠᠵᠠ  ᠶᠢᠨ ᠰᠠᠯᠪᠤᠷᠢ  ᠶᠢᠨ ᠠᠰᠫᠢᠷᠠᠨᠲ  ᠠᠴᠠ ᠲᠡᠭᠦᠰᠦᠭᠰᠡᠨ ᠦ ᠳᠠᠷᠠᠭ᠎ᠠ ᠬᠥᠬᠡᠬᠣᠲᠠ  ᠶᠢᠨ ᠪᠠᠶᠢᠴᠠᠭᠠᠬᠤ ᠬᠣᠷᠢᠶᠠᠨ ᠳᠤ ᠤᠷᠤᠭᠰᠢᠲᠠᠶ ᠪᠠᠷ ᠰᠢᠯᠭᠠᠨ ᠣᠷᠣᠵᠤ ᠠᠷᠠᠳ ᠤᠨ ᠪᠠᠩᠬᠢ  ᠶᠢᠨ ᠪᠠᠶᠢᠴᠠᠭᠠᠬᠤ ᠠᠵᠢᠯ  ᠢ ᠬᠢᠵᠡᠶ ᠃

ᠰᠤᠳᠤᠯᠭᠠᠨ ᠤ ᠰᠡᠳᠦᠪ  ᠲᠤ ᠢᠳᠡᠪᠬᠢᠲᠡᠶ ᠣᠷᠣᠯᠴᠠᠭᠰᠠᠭᠠᠷ ᠢᠷᠡᠭᠰᠡᠨ ᠲᠡᠷᠡ ᠂ ᠵᠠᠷᠭᠤ ᠶᠢᠨ ᠭᠠᠳᠠᠨᠠᠬᠢ ᠮᠠᠰᠢ ᠣᠯᠠᠨ ᠵᠠᠰᠠᠭ ᠵᠠᠬᠢᠷᠭᠠᠨ ᠤ ᠬᠠᠸᠯᠢ ᠶᠢ ᠵᠥᠷᠢᠴᠡᠭᠰᠡᠨ ᠦᠶᠯᠡ ᠠᠵᠢᠯᠯᠠᠭ᠎ᠠ ᠨᠢ ᠲᠦᠷᠢᠮ ᠲᠣᠭᠲᠠᠭᠠᠯ ᠤᠨ ᠪᠡᠷᠬᠡ ᠰᠡᠳᠦᠪ ᠲᠦ ᠲᠤᠯᠭᠠᠷᠠᠵᠤ ᠪᠠᠶᠢᠨ᠎ᠠ  ᠭᠡᠳᠡᠭ ᠢ ᠣᠯᠵᠤ ᠮᠡᠳᠡᠭᠰᠡᠨ ᠪᠠᠶᠢᠨ᠎ᠠ᠂   ᠲᠡᠷᠡ᠄ ︽ 2015 ᠣᠨ ᠤ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠢ ᠥᠪᠥᠷ ᠮᠣᠩᠭᠣᠯ ᠳᠤ ᠤᠷᠢᠳ ᠢᠶᠠᠷ ᠲᠤᠷᠰᠢᠨ ᠬᠢᠬᠦ ᠳᠦ ᠪᠢ ᠮᠠᠰᠢ ᠪᠠᠶᠠᠷᠯᠠᠵᠤ ᠪᠠᠶᠢᠨ᠎ᠠ ᠂ ᠥᠪᠡᠷ ᠦᠨ  ᠪᠤᠲᠤᠵᠤ ᠪᠠᠶᠢᠭᠰᠠᠨ ᠵᠦᠢᠯ ᠤᠯᠤᠰ ᠤᠨ ᠶᠡᠬᠡ ᠲᠥᠷᠥ ᠶᠢᠨ ᠪᠣᠳᠣᠯᠭ᠎ᠠ ᠲᠠᠶ  ᠶᠠᠭ ᠨᠡᠶᠢᠴᠡᠵᠡᠢ ᠂ ᠪᠢ ᠡᠨᠡ ᠬᠦ ᠵᠠᠮ ᠬᠠᠶᠢᠭᠴᠢ ᠪᠣᠯᠬᠤ ᠮᠠᠰᠢ ᠳᠤᠷᠠᠲᠠᠶ ᠪᠠᠶᠢᠨ᠎ᠠ ︾ ᠭᠡᠵᠡᠶ ᠃ 

ᠪᠠᠶ ᠵᠢᠩ ︽ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠲᠤᠰᠬᠠᠶ ᠠᠩᠭᠢ ᠶᠢᠨ ᠭᠡᠰᠢᠭᠦᠨ ︾ ᠬᠢᠭᠡᠳ ᠬᠥᠬᠡᠬᠣᠲᠠ ᠶᠢᠨ ᠪᠠᠶᠢᠴᠠᠭᠠᠬᠤ ᠬᠣᠷᠢᠶ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠤᠨ ᠬᠠᠷᠢᠭᠤᠴᠠᠯᠭᠠᠲᠠᠨ ᠤ ᠳᠠᠪᠬᠤᠷ ᠪᠡᠶ᠎ᠡ ᠬᠡᠮ   ᠲᠠᠢ ᠪᠠᠶᠢᠵᠤ ᠂ ᠰᠢᠨ᠎ᠡ ᠬᠦᠷᠢᠶᠡᠨ ᠳᠦ ︽ ᠴᠢᠯᠠᠭᠤ ᠲᠡᠮᠲᠡᠷᠢᠨ ᠭᠣᠣᠯ ᠭᠡᠲᠦᠯᠵᠦ ︾ ᠡᠬᠢᠯᠡᠪᠡ ᠃ ᠭᠡᠲᠡᠯ᠎ᠡ ᠬᠠᠶᠢᠨ ᠰᠦᠪᠡᠭᠴᠢᠯᠡᠬᠦ ᠵᠠᠮ ᠳᠤ ᠂ ᠭᠣᠸᠯ  ᠭᠡᠲᠦᠯᠬᠦ ᠴᠢᠯᠠᠭᠤ ᠶᠢ ᠡᠷᠢᠬᠦ ᠳᠦ ᠪᠡᠷᠬᠡ ᠪᠠᠶᠢᠳᠠᠭ ᠄ ᠬᠠᠸᠯᠢ ᠴᠠᠭᠠᠵᠠ ᠶᠢᠨ ᠦᠨᠳᠦᠰᠦ ᠪᠠᠷᠢᠮᠲᠠ ᠪᠠᠷ ᠲᠦᠰᠢᠭ ᠲᠤᠯᠭᠠᠭᠤᠷᠢ ᠪᠣᠯᠭᠠᠬᠤ ᠥᠬᠡᠶ ᠂ ᠯᠠᠪᠯᠠᠯᠲᠠ ᠪᠣᠯᠭᠠᠬᠤ ᠬᠡᠷᠡᠭ ᠦᠨ ᠵᠢᠱᠢᠶ᠎ᠡ ᠪᠠᠶᠢᠬᠤ ᠥᠬᠡᠶ ᠂ ᠲᠢᠩᠬᠢᠮ ᠦᠨ ᠰᠢᠭᠦᠯᠲᠡ ᠪᠡᠷ ᠯᠠᠪᠯᠠᠯᠲᠠ ᠪᠣᠯᠭᠠᠮᠠᠷ ᠵᠦᠶᠯ ᠪᠠᠶᠢᠬᠤ ᠥᠬᠡᠶ ᠁ ᠲᠤᠷᠰᠢᠭᠠᠳ ᠪᠤᠷᠤᠭᠤ ᠭᠠᠷᠭᠠᠬᠤ ᠵᠢᠨ ᠥᠪᠡᠷ ᠦᠨ ᠥᠷᠲᠡᠭ ᠨᠢ ᠮᠠᠰᠢ ᠣᠯᠠᠨ ᠬᠥᠮᠦᠰ ᠦᠨ ᠠᠩᠬᠠᠷᠤᠯ ᠳᠦ ᠣᠷᠤᠨ᠎ᠠ ᠃

《 ᠲᠤᠷᠰᠢᠯᠲᠠ  ᠶᠢᠨ ᠴᠡᠭ ᠪᠣᠯᠤᠭᠰᠠᠨ ᠤ ᠬᠤᠪᠢ ᠳᠤ᠂  ᠪᠢᠳᠡ  ᠶᠠᠮᠠᠷ ᠶᠠᠩᠵᠦ ᠲᠠᠢ ᠬᠢᠵᠦ ᠭᠠᠷᠭᠠᠪᠠᠯ ᠳᠦᠷᠢᠮ ᠲᠣᠭᠲᠠᠭᠠᠯ  ᠨᠢ ᠳᠠᠷᠤᠢ ᠲᠡᠶᠢᠮᠦ ᠶᠠᠩᠵᠦ ᠲᠠᠢ   ᠪᠤᠯᠤᠨ᠎ᠠ ᠂ ᠪᠢᠳᠡ ᠡᠷᠬᠡᠪᠰᠢ ᠲᠤᠷᠰᠢᠵᠤ ᠦᠵᠡᠬᠦ ᠬᠡᠷᠡᠭᠲᠡᠶ  》 ᠪᠠᠶ ᠵᠢᠩ ᠣᠭᠲᠣ ᠲᠠᠲᠠᠭᠠᠯᠵᠠᠬᠤ ᠦᠭᠡᠶ ᠪᠠᠷ ᠢᠩᠬᠢᠵᠦ ᠶᠠᠷᠢᠵᠤ ᠪᠠᠢᠯ᠎ᠠ ᠃ ᠳᠡᠮᠡᠶ ᠤᠳᠠᠯ ᠦᠭᠡᠢ ᠲᠡᠷᠡ ᠬᠠᠮᠢᠶ᠎ᠠ ᠪᠦᠬᠦᠢ ᠶᠡᠬᠡ ᠬᠡᠮᠵᠢᠶᠡᠨ ᠦ  ᠪᠢᠴᠢᠭ ᠮᠠᠲ᠋ᠧᠷᠢᠶᠠᠯ ᠢ ᠤᠷᠪᠠᠭᠤᠯᠤᠨ ᠦᠵᠡᠵᠦ᠂ ᠬᠥᠭᠥᠷᠭᠡ ᠦᠩᠭᠡᠷᠡᠵᠦ᠂ ᠠᠭᠤᠯᠠ  ᠳᠠᠪᠠᠵᠤ᠂ ᠠᠶᠢᠯ ᠡᠷᠦᠬᠡ ᠪᠠᠷ ᠤᠷᠤᠨ᠂ ᠭᠣᠣᠯ  ᠤᠨ ᠵᠠᠮ ᠢᠶᠠᠷ ᠲᠣᠭᠣᠷᠢᠵᠤ᠂ ᠬᠥᠬᠡᠬᠣᠲᠠ ᠶᠢᠨ 9 ᠬᠣᠰᠢᠭᠤ ᠰᠢᠶᠠᠨ ᠲᠣᠭᠣᠷᠢᠭ ᠢᠶᠠᠷ ᠪᠦᠷ  ᠶᠠᠪᠤᠭᠰᠠᠨ ᠪᠠᠶᠢᠨ᠎ᠠ᠃ 

 2016 ᠣᠨ ᠳᠤ᠂ ᠬᠥᠬᠡᠬᠣᠲᠠ ᠶᠢᠨ ᠲᠣᠭᠲᠠᠬᠤ ᠰᠢᠶᠠᠨ ᠤ ᠪᠠᠶᠢᠴᠠᠭᠠᠬᠤ ᠬᠣᠷᠢᠢ᠎ᠠ ᠠᠴᠠ ᠣᠷᠴᠢᠨ ᠲᠣᠭᠣᠷᠢᠨ ᠤ ᠬᠠᠮᠠᠭᠠᠯᠠᠯᠲᠠ ᠶᠢᠨ ᠲᠣᠪᠴᠢᠢ᠎ᠠ ᠶᠢᠨ ᠣᠷᠴᠢᠨ ᠲᠣᠭᠣᠷᠢᠨ ᠤ ᠬᠢᠨᠠᠯᠲᠠ ᠬᠠᠮᠢᠶᠠᠷᠤᠯᠲᠠ ᠶᠢᠨ ᠬᠡᠷᠡᠭ ᠢ ᠭᠦᠢᠴᠡᠳᠬᠡᠬᠦ ᠶᠢ ᠬᠣᠶᠢᠷᠭᠣᠰᠢᠭᠰᠠᠨ ᠢ ᠵᠠᠭᠠᠯᠳᠤᠬᠰᠠᠨ ᠨᠢ ᠲᠤᠷᠰᠢᠯᠲᠠ ᠶᠢᠨ  ᠴᠢᠭ ᠤᠨ ᠰᠢᠪᠲᠤᠯᠤᠯᠲᠠ ᠶᠢᠨ ᠴᠡᠭ ᠪᠣᠯᠵᠠᠢ᠃ ᠲᠣᠭᠲᠠᠬᠤ ᠰᠢᠶᠠᠨ ᠤ ᠪᠠᠶᠢᠴᠠᠭᠠᠬᠤ ᠬᠣᠷᠢᠶ᠎ᠠ ᠬᠢᠨᠠᠯᠲᠠ ᠲᠠᠯᠪᠢᠬᠤ ᠳᠤᠮᠳᠠ ᠪᠠᠨ ᠂ ᠨᠢᠭᠡᠨ ᠡᠮ ᠦᠨ ᠺᠣᠮᠫᠠᠨᠢ ᠬᠠᠤᠯᠢ  ᠠᠴᠠ ᠵᠥᠷᠢᠴᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ  ᠢ ᠴᠢᠳᠬᠤᠭᠠᠳ ᠨᠢᠭᠡ ᠯᠡ ᠡᠳᠦᠷ ᠪᠣᠯᠵᠤ ᠪᠠᠶᠢᠭ᠎ᠠ ᠪᠢᠰᠢ  ᠂ ᠲᠤᠰ ᠰᠢᠶᠠᠨ ᠤ ᠣᠷᠴᠢᠨ ᠲᠤᠭᠤᠷᠢᠨ   ᠤ ᠬᠠᠮᠠᠭᠠᠯᠠᠯᠲᠠ  ᠶᠢᠨ ᠲᠣᠪᠴᠢᠶ᠎ᠠ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠶ ᠡᠴᠡ ᠪᠣᠯᠵᠤ ᠡᠷᠭᠢᠨ ᠲᠣᠭᠣᠷᠢᠨ ᠤ ᠣᠷᠴᠢᠨ  ᠲᠤᠭᠤᠷᠢᠨ ᠤ ᠪᠣᠬᠢᠷᠲᠤᠯ  ᠢ ᠢᠯᠡᠳᠲᠡ ᠬᠡᠴᠡᠭᠦᠳᠡᠭᠦᠯᠦᠭᠰᠡᠨ ᠢ ᠣᠯᠵᠤ ᠮᠡᠳᠡᠵᠡᠢ᠃ ᠡᠭᠦᠨ ᠦ ᠲᠤᠬᠠᠶ ᠪᠠᠶ ᠵᠢᠩ ᠪᠣᠯᠤᠨ ᠪᠦᠯᠬᠦᠮ ᠦᠨ ᠪᠦᠷᠢᠯᠳᠦᠬᠦᠨ ᠨᠡᠷ ᠡᠨᠡ ᠬᠦ ᠰᠦᠪᠡᠭᠴᠢ  ᠶᠢ ᠵᠠᠳᠠᠯᠵᠤ  ᠦᠵᠡᠭᠡᠳ ᠬᠡᠷᠡᠭ ᠪᠣᠯᠬᠤ ᠶᠢ  ᠮᠡᠳᠡᠭᠰᠡᠨ ᠪᠠᠢᠨ᠎ᠠ ᠃ 

ᠬᠠᠭᠤᠯᠪᠤᠷᠢᠯᠠᠵᠤ ᠪᠣᠯᠬᠤ ᠬᠡᠪ ᠵᠠᠭᠪᠤᠷ ᠡᠰᠡ ᠣᠯᠳᠠᠭᠰᠠᠨ ᠠᠴᠠ  ᠪᠠᠶ ᠵᠢᠩ ᠪᠦᠯᠬᠦᠮ ᠨᠡᠶᠢᠲᠡ ᠪᠡᠨ ᠳᠠᠭᠠᠭᠤᠯᠤᠨ ᠰᠥᠨᠢᠵᠢᠨ ᠠᠵᠢᠯᠯᠠᠵᠤ ᠂ ᠨᠠᠷᠢᠨ ᠵᠦᠶᠯᠡᠰ ᠪᠦᠬᠦᠨ  ᠢ  ᠨᠢᠮᠪᠠᠶ  ᠵᠠᠳᠠᠯᠵᠤ ᠂ ᠴᠢᠨᠠᠭᠰᠢᠯᠠᠪᠠᠯ ᠰᠢᠭᠦᠯᠲᠡ ᠡᠬᠢᠯᠡᠬᠦ ᠡᠴᠡ  ᠡᠮᠦᠨ᠎ᠡ ᠣᠷᠣᠶ  ᠰᠢᠭᠦᠬᠦ  ᠪᠠᠶᠢᠴᠠᠭᠠᠬᠤ ᠬᠣᠷᠢᠶ᠎ᠠ ᠪᠠᠰᠠ ᠨᠡᠶᠢᠲᠡ ᠶᠢᠨ ᠠᠰᠢᠭᠲᠤ  ᠵᠡᠷᠭᠤ ᠳᠤ ᠤᠷᠤᠯᠴᠠᠭᠰᠠᠳ ᠤᠨ  ᠰᠢᠷᠡᠭᠡᠨ  ᠳᠡᠭᠡᠷ᠎ᠡ ᠲᠡᠯᠪᠢᠬᠤ ᠨᠡᠷ᠎ᠡ ᠵᠢᠨ ᠬᠠᠭᠤᠳᠠᠰᠦ ᠶᠢ  ᠬᠡᠷᠬᠢᠨ ᠪᠢᠴᠢᠪᠡᠯ ᠵᠣᠬᠢᠬᠤ ᠶᠢ ᠶᠠᠷᠢᠯᠴᠠᠵᠤ ᠪᠠᠶᠢᠯ᠎ᠠ ᠃

 ᠨᠢᠭᠡᠨᠲᠡ6 ᠵᠢᠯ ᠦᠩᠭᠡᠷᠡᠯ᠎ᠡ᠂  6 ᠵᠢᠯ ᠦᠨ ᠲᠤᠷᠰᠢ ᠂ ᠪᠠᠶ ᠵᠢᠩ ᠲᠤᠬᠠᠶ  ᠶᠢᠨ ᠭᠠᠵᠠᠷ ᠤᠨ ᠨᠡᠶᠢᠲᠡ  ᠶᠢᠨ ᠠᠰᠢᠭᠲᠤ ᠵᠠᠷᠭᠤ  ᠶᠢᠨ ᠬᠡᠷᠡᠭ ᠨᠢᠭᠡᠪᠦᠷᠢ  ᠶᠢ ᠮᠥᠷᠳᠡᠬᠦ ᠳᠦ ᠣᠷᠣᠯᠴᠠᠭᠰᠠᠨ ᠪᠥᠭᠡᠳ ᠨᠡᠶᠢᠲᠡ  ᠶᠢᠨ ᠠᠰᠢᠭᠲᠤ ᠵᠠᠷᠭᠤ  ᠶᠢᠨ ᠬᠦᠷᠢᠶᠡᠨ ᠳᠡᠬᠢ ᠮᠡᠷᠭᠡᠵᠢᠯᠲᠡᠨ ᠪᠣᠯᠤᠭᠰᠠᠨ ᠪᠠᠶᠢᠨ᠎ᠠ᠃ ᠲᠡᠷᠡ ᠨᠢᠭᠡᠳᠦᠭᠡᠷ ᠤᠳᠠᠭᠠᠨ ᠤ ᠲᠢᠩᠬᠢᠮ ᠦᠨ ᠰᠢᠭᠦᠯᠲᠡ  ᠶᠢ ᠲᠣᠪ ᠲᠣᠳᠣᠷᠬᠠᠶ ᠴᠡᠭᠡᠵᠢᠯᠡᠭᠰᠡᠭᠡᠷ  ᠪᠠᠶᠢᠯ᠎ᠠ ᠂ 《 ᠪᠢᠳᠡ ᠡᠨᠡ ᠤᠳᠠᠭᠠᠨ ᠤ ᠲᠢᠩᠬᠢᠮ ᠦᠨ ᠰᠢᠭᠦᠯᠲᠡ ᠪᠡᠷ ᠳᠠᠮᠵᠢᠭᠤᠯᠤᠨ ᠨᠡᠶᠢᠲᠡ  ᠶᠢᠨ ᠠᠰᠢᠭᠲᠤ ᠵᠠᠷᠭᠤ  ᠵᠢᠨ ᠪᠠᠶᠢᠴᠠᠭᠠᠬᠤ ᠠᠵᠢᠯ ᠤᠨ ᠠᠩᠬᠠᠨ ᠤ  ᠤᠷᠢᠶ᠎ᠠ ᠶᠢ ᠬᠠᠩᠭᠢᠨᠠᠭᠤᠯᠵᠤ ᠂ ᠤᠴᠢ  ᠶᠢᠨ ᠭᠠᠯ ᠠᠭᠤᠯᠠ  ᠶᠢ ᠰᠢᠲᠠᠭᠠᠬᠤ ᠠᠩᠬᠠᠨ ᠤ ᠠᠯᠬᠤᠮ  ᠢ ᠡᠬᠢᠯᠡᠭᠦᠯᠵᠡᠶ 》 ᠃

 ᠬᠣᠵᠢᠮ ᠨᠢ ᠣᠷᠣᠯᠴᠠᠭᠰᠠᠨ 400 ᠭᠠᠷᠤᠢ ᠬᠡᠷᠡᠭ ᠦᠨ ᠳᠣᠲᠣᠷ᠎ᠠ᠂ ᠪᠠᠢ ᠵᠢᠩ ᠵᠣᠷᠢᠭᠲᠠᠢ ᠪᠠᠷ ᠬᠤᠰᠢᠭᠤᠴᠢ ᠪᠤᠯᠬᠤ ᠤᠭ ᠰᠠᠨᠠᠭ᠎ᠠ ᠪᠠᠨ ᠢᠮᠠᠭᠲᠠ ᠪᠠᠷᠢᠮᠲᠠᠯᠠᠵᠤ᠂ ᠪᠣᠬᠢᠷ ᠤᠰᠤ ᠪᠢᠯᠬᠠᠨ ᠤᠷᠤᠰᠬᠤ ᠠᠰᠠᠭᠤᠳᠠᠯ ᠢ ᠣᠯᠵᠤ ᠮᠡᠳᠡᠭᠰᠡᠨ ᠦᠶ᠎ᠡ ᠳᠦ᠂ ᠲᠡᠷᠡ ᠬᠠᠮᠲᠤ ᠠᠵᠢᠯᠯᠠᠭᠰᠠᠳ ᠲᠠᠶ ᠪᠠᠨ ᠵᠥᠪᠬᠡᠨ ᠪᠠᠶᠢᠴᠠᠭᠠᠬᠤ ᠰᠠᠨᠠᠭᠤᠯᠭ᠎ᠠ  ᠭᠠᠷᠭᠠᠭᠠᠳ  ᠵᠣᠭᠰᠤᠭᠰᠠᠨ ᠪᠢᠰᠢ  ᠬᠠᠷᠢᠨ ᠵᠠᠭᠠᠯᠳᠤᠬᠤ ᠠᠴᠠ ᠡᠮᠦᠨᠡᠬᠢ ᠲᠣᠭᠣᠷᠢᠭ ᠰᠢᠷᠡᠭᠡᠨ ᠦ ᠬᠤᠷᠠᠯ ᠬᠤᠷᠠᠯᠳᠤᠭᠤᠯᠬᠤ ᠶᠢ ᠠᠬᠢᠭᠤᠯᠵᠤ᠂ ᠨᠡᠶᠢᠲᠡ ᠶᠢᠨ  ᠠᠰᠢᠭ ᠤᠨ ᠬᠠᠮᠠᠭᠠᠯᠠᠯᠲᠠ ᠶᠢᠨ︽ᠡᠴᠦᠰ ᠦᠨ ᠨᠢᠭᠡ ᠺᠢᠯᠤᠮᠸ᠋ᠲᠷ︾ ᠢ ᠬᠠᠮᠵᠢᠯᠴᠠᠨ ᠨᠡᠪᠲᠡᠷᠡᠭᠦᠯᠪᠡ︔ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠣᠲᠠ ᠶᠢᠨ ᠱᠠᠲᠤᠨ ᠤ ᠵᠠᠰᠠᠭ ᠵᠠᠬᠢᠷᠭᠠᠨ ᠤ  ᠪᠠᠶᠢᠭᠤᠯᠭ᠎ᠠ ᠶᠢᠨ ᠵᠠᠭᠠᠯᠳᠤᠭᠳᠠᠭᠰᠠᠨ ᠬᠡᠷᠡᠭ ᠢ ᠰᠢᠶᠳᠪᠦᠷᠢᠯᠡᠬᠦ ᠦᠶ᠎ᠡ ᠳᠦ ᠂ ᠪᠠᠶ ᠵᠢᠩ ᠬᠣᠲᠠ ᠶᠢᠨ ᠲᠣᠭᠣᠷᠢᠭ ᠤᠨ ᠬᠣᠶᠠᠷ ᠱᠠᠲᠤᠨ ᠤ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠲᠤᠰᠢᠶᠠᠯᠲᠠᠨ ᠢᠶᠠᠷ ᠪᠦᠷᠢᠯᠳᠦᠭᠰᠡᠨ ᠲᠤᠰᠬᠠᠶᠢᠵᠢᠭᠰᠠᠨ ᠬᠡᠷᠡᠭ ᠰᠢᠶᠳᠪᠦᠷᠢᠯᠡᠬᠦ ᠳᠤᠭᠤᠶᠢᠯᠠᠩ ᠢ ᠳᠠᠭᠠᠭᠤᠯᠤᠨ ᠂ 10 ᠵᠢᠯ ᠦᠨ ᠬᠠᠭᠤᠴᠢᠨ ᠬᠡᠷᠡᠭ ᠢ ᠰᠢᠶᠳᠪᠦᠷᠢᠯᠡᠬᠦ ᠶᠢ ᠳᠥᠯᠭᠢᠨ ᠠᠬᠢᠭᠤᠯᠪᠠ ᠂ ᠰᠡᠭᠦᠯᠡᠷ ᠨᠢ ᠲᠣᠰ ᠬᠡᠷᠡᠭ ᠢ ︽ ᠰᠢᠨ᠎ᠡ ᠲᠤᠰᠢᠶᠠᠯᠲᠠᠨ ᠡᠷᠬᠡᠪᠰᠢ ᠬᠠᠭᠤᠴᠢᠨ ᠲᠠᠩᠰᠠ ᠶᠢ ᠰᠢᠶᠳᠪᠦᠷᠢᠯᠡᠬᠦ ᠬᠡᠷᠡᠭᠲᠡᠶ ︾ ᠨᠡᠶᠢᠲᠡᠯᠢᠭ ᠬᠡᠷᠡᠭ ᠦᠨ ᠵᠢᠱᠢᠶ᠎ᠡ ᠪᠣᠯᠭᠠᠵᠤ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠲᠤᠰᠬᠠᠶ ᠮᠡᠳᠡᠭᠦᠯᠦᠯᠲᠡ ᠳᠦ ᠪᠢᠴᠢᠵᠦ ᠣᠷᠣᠭᠤᠯᠪᠠ ︔ᠨᠢᠭᠡᠨ ᠴᠠᠬᠢᠯᠭᠠᠨ ᠦᠢᠯᠡᠳᠪᠦᠷᠢ ᠶᠢᠨ ᠦᠨᠡᠰᠦ ᠬᠠᠳᠠᠭᠠᠯᠠᠬᠤ ᠲᠠᠯᠠᠪᠠᠢ ᠶᠢᠨ ᠬᠣᠭ ᠲᠣᠭᠣᠰᠣᠨ ᠤ ᠪᠣᠬᠢᠷᠲᠤᠯ ᠤᠨ ᠬᠡᠷᠡᠭ ᠢ ᠰᠢᠶᠳᠪᠦᠷᠢᠯᠡᠬᠦ ᠳᠡᠭᠡᠨ ᠵᠠᠭᠠᠯᠳᠤᠬᠤ ᠠᠴᠠ ᠡᠮᠦᠨᠡᠬᠢ ᠵᠥᠪᠳᠡᠯᠴᠡᠭᠡ ᠶᠢ ᠢᠳᠡᠪᠬᠢᠲᠡᠶ ᠠᠬᠢᠭᠤᠯᠵᠤ᠂ ᠦᠨᠡᠰᠦ ᠬᠠᠳᠠᠭᠠᠯᠠᠬᠤ ᠲᠠᠯᠠᠪᠠᠢ ᠶᠢ ᠠᠮᠢ ᠠᠬᠤᠢ ᠵᠢᠨ ᠭᠣᠣᠯ ᠰᠡᠳᠦᠪᠲᠦ ᠴᠡᠴᠡᠷᠯᠢᠭ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠲᠤᠬᠠᠶ ᠶᠢᠨ ᠲᠠᠯᠠᠪᠠᠢ ᠶᠢᠨ ᠬᠤᠷᠠᠯ ᠤᠨ ᠬᠡᠯᠪᠡᠷᠢ ᠪᠡᠷ ᠳᠠᠮᠵᠢᠭᠤᠯᠤᠨ 《ᠨᠢᠭᠡ ᠬᠡᠷᠡᠭ ᠢ ᠰᠢᠶᠳᠪᠦᠷᠢᠯᠡᠵᠦ᠂ ᠨᠢᠭᠡ ᠲᠦᠷᠦᠯ ᠦᠨ ᠠᠰᠠᠭᠤᠳᠠᠯ ᠢ ᠰᠢᠶᠳᠪᠦᠷᠢᠯᠡᠬᠦ》 ᠶᠢ ᠲᠦᠯᠬᠢᠨ ᠠᠬᠢᠭᠤᠯᠪᠠ᠃

 

640 (2).jpg


ᠭᠠᠭᠴᠠ ᠴᠡᠷᠢᠭ ᠢᠶᠡᠷ ᠪᠠᠶᠢᠯᠳᠤᠬᠤ ᠠᠴᠠ ᠤᠯᠠᠨ ᠰᠠᠯᠠᠭ᠎ᠠ ᠮᠥᠴᠢᠷ ᠭᠠᠷ ᠬᠣᠯᠪᠣᠨ ᠤᠷᠤᠭᠰᠢᠯᠠᠬᠤ ᠬᠦᠷᠲᠡᠯ᠎ᠡ

 

ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠵᠠᠷᠭᠤ  ᠵᠢᠨ ᠨᠢᠰᠬᠦ ᠮᠡᠲᠦ ᠬᠦᠭᠵᠢᠯᠲᠡ

《ᠨᠡᠶᠢᠲᠡ ᠶᠢᠨ ᠠᠰᠢᠭᠲᠤ ᠵᠠᠷᠭᠤ  ᠵᠢᠨ ᠪᠠᠶᠢᠴᠠᠭᠠᠬᠤ ᠠᠵᠢᠯ ᠦᠭᠡᠢ ᠠᠴᠠ ᠪᠠᠨ ᠪᠠᠶᠢᠬᠤ ᠪᠤᠯᠵᠤ᠂ ᠲᠠᠰᠤᠷᠠᠯᠳᠠ ᠦᠭᠡᠢ ᠤᠰᠤᠯᠠᠵᠤ ᠰᠢᠷᠣᠶ ᠨᠡᠮᠡᠪᠡᠯ ᠰᠠᠶ᠋ᠢ ᠨᠢᠰᠬᠦ ᠮᠡᠲᠦ ᠲᠦᠷᠭᠡᠨ ᠬᠥᠭᠵᠢᠵᠦ ᠴᠢᠳᠠᠨ᠎ᠠ᠃》 ᠪᠠᠶ ᠵᠢᠩ  ᠂ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠤᠨ ᠤᠷᠤᠭᠰᠢᠯᠠᠯᠲᠠ ᠨᠢ ᠡᠯ᠎ᠡ ᠲᠠᠯ᠎ᠠ ᠶᠢᠨ ᠬᠢᠨ ᠦ ᠳᠡᠮᠵᠢᠯᠭᠡ ᠡᠴᠡ ᠰᠠᠯᠵᠤ ᠴᠢᠳᠠᠬᠤ ᠥᠬᠡᠶ ᠶᠤᠮ  ᠭᠡᠵᠦ ᠢᠯᠡᠷᠬᠡᠶᠢᠯᠡᠵᠡᠢ᠃ 

ᠭᠡᠪᠡᠴᠦ ᠲᠤᠷᠰᠢᠯᠲᠠ ᠵᠢᠨ ᠦᠶ᠎ᠡ ᠳᠦ 《 ᠶᠠᠭᠤ  ᠶᠢ ᠪᠠᠶᠢᠴᠠᠭᠠᠬᠤ ᠰᠠᠨᠠᠭᠤᠯᠭ᠎ᠠ ᠭᠡᠬᠦ ᠪᠤᠶ  》 《 ᠶᠠᠭᠤᠨ ᠤ ᠤᠴᠢᠷ ᠠᠴᠠ ᠪᠢᠳᠡᠨ ᠳᠦ ᠶᠠᠪᠤᠭᠤᠯᠵᠤ ᠥᠭᠬᠦ ᠪᠤᠶ︖》  《ᠲᠠᠨ ᠤ ᠪᠠᠶᠢᠴᠠᠭᠠᠬᠤ ᠬᠣᠷᠢᠶ᠎ᠠ ᠴᠢᠨᠢ ᠶᠠᠭᠤ ᠬᠢᠵᠦ ᠴᠢᠳᠠᠬᠤ ᠪᠤᠢ︖》  ᠭᠡᠳᠡᠭ ᠭᠤᠷᠪᠠᠨ  ᠠᠰᠠᠭᠤᠯᠲᠠ ᠨᠢ ᠵᠠᠰᠠᠭ ᠵᠠᠬᠢᠷᠭᠠᠨ ᠤ ᠪᠠᠶᠢᠭᠤᠯᠭ᠎ᠠ  ᠶᠢᠨ ᠦᠯᠦ ᠣᠶᠢᠯᠠᠭᠠᠬᠤ ᠪᠠ ᠲᠤᠷᠰᠢᠯᠲᠠ ᠬᠢᠬᠦ ᠦᠶ᠎ᠡ  ᠶᠢᠨ ᠵᠣᠪᠠᠭᠤᠷᠢ ᠵᠦᠳᠡᠭᠦᠷᠢ  ᠶᠢ ᠠᠰᠠᠭᠤᠵᠤ ᠭᠠᠷᠭᠠᠵᠠᠶ ᠃ ᠪᠠᠢ ᠵᠢᠩ  ᠪᠠ ᠲᠡᠭᠦᠨ ᠦ ᠪᠦᠯᠬᠦᠮ ᠨᠢ ᠤᠳᠠᠭ᠎ᠠ ᠪᠦᠷᠢ ᠶᠢᠨ ᠬᠡᠷᠡᠭ ᠰᠢᠢᠳᠪᠦᠷᠢᠯᠡᠬᠦ ᠶᠠᠪᠤᠳᠠᠯ ᠢ ᠴᠥᠮ ᠨᠡᠪᠲᠡᠷᠡᠯᠴᠡᠬᠦ ᠠᠵᠢᠯ ᠪᠣᠯᠤᠨ ᠨᠡᠶᠢᠲᠡ ᠶᠢᠨ ᠠᠰᠢᠭᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ  ᠰᠠᠶᠢᠨ ᠲᠣᠬᠢᠶᠠᠯ ᠪᠣᠯᠭᠠᠵᠤ᠂ ᠬᠠᠮᠤᠭ ᠤᠨ ᠶᠡᠬᠡ ᠬᠡᠮᠵᠢᠶ᠎ᠡ ᠪᠡᠷ ᠣᠶᠢᠯᠠᠭᠠᠬᠤ ᠪᠠ ᠳᠡᠮᠵᠢᠬᠦ ᠶᠢᠨ ᠲᠥᠯᠥᠭᠡ᠂ ᠬᠡᠳᠦᠨ ᠵᠢᠯ ᠦᠨ ᠲᠤᠷᠰᠢ᠂ ᠬᠥᠬᠡᠬᠣᠲᠠ ᠵᠢᠨ ᠰᠢᠶᠠᠨ ᠤ ᠬᠣᠶᠠᠷ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠦ ᠬᠦᠷᠦᠭᠰᠡᠨ ᠪᠠᠶᠢᠨ᠎ᠠ᠃ 

ᠡᠭᠦᠨ ᠦ ᠵᠡᠷᠭᠡ ᠳᠦ ᠲᠡᠷᠡ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠶ ᠪᠠᠷ ᠭᠦᠢᠴᠡᠳᠬᠡᠬᠦ  ᠶᠢ ᠢᠮᠠᠭᠲᠠ ᠪᠠᠷᠢᠮᠲᠠᠯᠠᠵᠤ ᠂ 《 ᠪᠢᠳᠡ ᠢᠯᠡᠭᠦᠦ ᠪᠣᠳᠣᠯᠬᠢᠯᠠᠵᠤ ᠢᠯᠡᠭᠦᠦ ᠨᠢᠭᠡ ᠠᠯᠬᠤᠮ ᠠᠯᠬᠤᠪᠠᠯ ᠂ ᠬᠡᠷᠡᠭ  ᠢ ᠨᠡᠩ ᠤᠷᠤᠭᠰᠢᠲᠠᠶ ᠰᠢᠶᠳᠪᠦᠷᠢᠯᠡᠵᠦ ᠴᠢᠳᠠᠬᠤ ᠪᠣᠯᠤᠨ᠎ᠠ 》 ᠭᠡᠵᠦ ᠬᠡᠯᠡᠭᠰᠡᠨ ᠪᠠᠶᠢᠨ᠎ᠠ ᠂ ᠡᠭᠦᠨ ᠦ ᠵᠡᠷᠭᠡ ᠳᠦ ᠲᠡᠷᠡ ᠪᠠᠰᠠ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠶ ᠪᠠᠷ ᠭᠦᠢᠴᠡᠳᠬᠡᠬᠦ  ᠶᠢ ᠢᠮᠠᠭᠲᠠ ᠪᠠᠷᠢᠮᠲᠠᠯᠠᠭᠰᠠᠭᠠᠷ ᠢᠷᠡᠵᠡᠶ ᠃ 

ᠨᠢᠭᠡᠨ ᠲᠣᠪᠴᠢᠶ᠎ᠠ ᠬᠡᠷᠡᠭ ᠲᠦ ᠬᠣᠯᠪᠣᠭᠳᠠᠭᠰᠠᠨ ᠲᠠᠷᠢᠶᠠᠨ ᠭᠠᠵᠠᠷ ᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠬᠠᠸᠯᠢ ᠶᠣᠰᠣᠭᠠᠷ ᠪᠥᠬᠥ ᠲᠠᠯ᠎ᠠ ᠪᠠᠷ  ᠦᠯᠦ ᠭᠦᠶᠴᠡᠳᠬᠡᠭᠰᠡᠨ  ᠭᠡᠵᠦ ᠵᠠᠭᠠᠯᠳᠤᠬᠤ ᠦᠶ᠎ᠡ ᠳᠦ ᠂ ᠪᠠᠶ ᠵᠢᠩ ᠪᠣᠯᠤᠨ ᠪᠦᠯᠬᠦᠮ ᠦᠨ ᠬᠢᠨ ᠣᠯᠠᠨ ᠰᠠᠯᠠᠭ᠎ᠠ ᠮᠥᠴᠢᠷ ᠦᠨ ᠡᠭᠦᠷᠭᠡ ᠴᠢᠳᠠᠪᠤᠷᠢ ᠨᠢ ᠰᠣᠯᠪᠢᠴᠠᠵᠤ ᠪᠠᠶᠢᠬᠤ ᠶᠢ ᠣᠯᠵᠤ ᠮᠡᠳᠡᠭᠡᠳ ᠰᠠᠨᠠᠭᠠᠴᠢᠯᠠᠭ᠎ᠠ  ᠠᠴᠠ ᠪᠠᠨ ᠪᠤᠰᠤᠳ ᠰᠠᠯᠠᠭ᠎ᠠ ᠮᠥᠴᠢᠷ ᠲᠦ ᠵᠠᠭᠠᠯᠳᠤᠬᠤ  ᠠᠴᠠ ᠡᠮᠦᠨᠡᠬᠢ ᠪᠠᠶᠢᠴᠠᠭᠠᠬᠤ ᠰᠠᠨᠠᠭᠤᠯᠭ᠎ᠠ ᠭᠠᠷᠭᠠᠭᠰᠠᠨ ᠪᠥᠭᠡᠳ ᠵᠣᠬᠢᠴᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠲᠠᠷᠢᠶᠠᠨ ᠭᠠᠵᠠᠷ ᠤᠨ ᠤᠸᠯ ᠤᠨ ᠪᠠᠶᠢᠳᠠᠯ ᠢ ᠰᠡᠷᠭᠦᠭᠡᠬᠦ ᠲᠥᠰᠦᠯ ᠢ ᠬᠠᠮᠵᠢᠯᠴᠠᠨ ᠲᠣᠭᠲᠠᠭᠠᠪᠠ ᠃ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠥᠳ᠄《ᠪᠠᠶᠢᠴᠠᠭᠠᠬᠤ ᠪᠠᠶᠢᠭᠤᠯᠭ᠎ᠠ ᠦᠨᠡᠬᠡᠷ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ ᠶᠤᠮ︕》 ᠭᠡᠵᠡᠢ᠃ 

ᠥᠪᠥᠷ ᠮᠣᠩᠭᠣᠯ ᠤᠨ ᠨᠢᠭᠡᠨ ᠺᠣᠮᠫᠠᠨᠢ ᠶᠢᠨ ᠦᠨᠦᠷ ᠦᠨ ᠪᠣᠬᠢᠷᠲᠤᠯ ᠤᠨ ᠬᠡᠷᠡᠭ ᠢ ᠰᠢᠶᠳᠪᠦᠷᠢᠯᠡᠬᠦ ᠦᠶ᠎ᠡ ᠳᠦ ᠂ ᠪᠠᠶ ᠵᠢᠩ ᠬᠡᠷᠡᠭ ᠦᠨ ᠰᠢᠶᠳᠪᠦᠷᠢᠯᠡᠯᠲᠡ ᠶᠢ ᠠᠵᠤ ᠠᠬᠤᠶᠢᠯᠠᠯ ᠤᠨ ᠬᠥᠭᠵᠢᠯᠲᠡ ᠲᠡᠶ ᠲᠡᠩᠴᠡᠭᠦᠯᠬᠦ ᠶᠢᠨ ᠲᠥᠯᠥᠭᠡ ᠂ ᠬᠣᠯᠪᠣᠭᠳᠠᠯ ᠪᠥᠬᠥᠶ ᠰᠠᠯᠠᠭ᠎ᠠ ᠮᠥᠴᠢᠷ ᠲᠡᠶ ᠠᠷᠪᠠ ᠭᠠᠷᠤᠶ ᠤᠳᠠᠭ᠎ᠠ ᠵᠣᠯᠭᠠᠭᠤᠯᠵᠤ ᠂ ᠲᠣᠰ ᠺᠣᠮᠫᠠᠨᠢ ᠳᠤ ᠣᠯᠠᠨ ᠤᠳᠠᠭ᠎ᠠ ᠲᠤᠬᠠᠶ ᠶᠢᠨ ᠲᠠᠯᠠᠪᠤᠷ ᠤᠨ ᠬᠤᠷᠠᠯ ᠬᠢᠵᠦ ᠂ ᠡᠯ᠎ᠡ ᠲᠠᠯ᠎ᠠ ᠶᠢᠨ ᠬᠢᠨ ᠢ ᠨᠢᠭᠲᠠᠷᠠᠭᠤᠯᠤᠨ ᠬᠦᠴᠦ ᠪᠡᠨ ᠬᠠᠮᠲᠤᠳᠬᠠᠨ 2 ᠳ᠋ᠦᠩᠰᠢᠭᠤᠷ ᠲᠥᠭᠥᠷᠢᠭ ᠦᠨ ᠪᠠᠯᠠ ᠮᠥᠩᠭᠥ ᠣᠷᠣᠭᠤᠯᠵᠤ ᠂ ᠠᠵᠢᠯ ᠲᠥᠷᠥᠯ ᠦᠨ ᠪᠡᠷᠬᠡ ᠰᠡᠳᠦᠪ ᠢ ᠰᠢᠶᠳᠪᠦᠷᠢᠯᠡᠭᠰᠡᠨ ᠢᠶᠡᠷ ᠪᠠᠷᠠᠬᠤ ᠥᠬᠡᠶ ᠪᠠᠰᠠ ᠤᠯᠤᠰ ᠤᠨ ᠣᠷᠴᠢᠨ ᠲᠤᠭᠤᠷᠢᠨ  ᠤ ᠬᠠᠮᠠᠭᠠᠯᠠᠯᠲᠠ ᠶᠢᠨ ᠲᠤᠰᠬᠠᠶ ᠠᠰᠢᠭ ᠢ ᠪᠣᠶ ᠪᠣᠯᠭᠠᠭᠰᠠᠨ ᠪᠠᠶᠢᠨ᠎ᠠ ᠃《 ᠪᠠᠶ ᠵᠢᠩ ᠪᠠᠢ᠌ᠴᠠᠭᠠᠭᠴᠢ ᠪᠢᠳᠡᠨ ᠦ ᠵᠣᠪᠠᠯᠠᠩ ᠢ ᠨᠠᠷᠢᠪᠴᠢᠯᠡᠨ ᠰᠤᠨᠤᠰᠴᠠᠢ᠂ ᠬᠡᠷᠡᠭ ᠰᠢᠶᠳᠪᠦᠷᠢᠯᠡᠬᠦ ᠳᠡᠭᠡᠨ ᠨᠢᠭᠡ ᠯᠡ  ᠬᠡᠷᠴᠢᠵᠦ  ᠪᠣᠯᠬᠤ ᠦᠭᠡᠢ ᠂ ᠲᠡᠭᠦᠨ ᠦ ᠦᠭᠡ ᠶᠢ ᠪᠢᠳᠡ ᠪᠢᠰᠢᠷᠡᠨ᠎ᠡ 》 ᠭᠡᠵᠦ ᠺᠣᠮᠫᠠᠨᠢ ᠶᠢᠨ ᠬᠠᠷᠢᠭᠤᠴᠠᠯᠭᠠᠲᠠᠨ ᠢᠯᠡᠳᠬᠡᠪᠡ ᠃

 ᠨᠡᠩ ᠤᠯᠠᠨ  ᠵᠦᠪᠰᠢᠶᠡᠷᠡᠯ  ᠢ ᠤᠯᠬᠤ ᠶᠢᠨ ᠲᠥᠯᠥᠭᠡ᠂ ᠥᠩᠭᠡᠷᠡᠭᠰᠡᠨ ᠬᠡᠳᠦᠨ ᠵᠢᠯ ᠳᠦ᠂ ᠪᠠᠢ ᠵᠢᠩ ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠶᠢᠲᠡ ᠶᠢᠨ ᠠᠰᠢᠭᠲᠤ ᠵᠠᠷᠭᠤ ᠶᠢᠨ ᠲᠤᠰᠬᠠᠢ ᠰᠡᠳᠦᠪᠲᠦ ᠲᠠᠶᠢᠯᠤᠮᠵᠢ ᠶᠢ ᠠᠵᠤ ᠠᠬᠤᠶᠢᠯᠠᠯ᠂ ᠠᠶᠢᠯ ᠲᠣᠰᠬᠣᠨ ᠳᠤ ᠬᠦᠷᠭᠡᠪᠡ︔ᠲᠡᠷᠡ ᠬᠥᠬᠡᠬᠣᠲᠠ ᠶᠢᠨ ᠨᠠᠮ ᠤᠨ ᠬᠣᠷᠢᠶᠠᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠬᠤᠪᠢ ᠪᠠᠷ ᠨᠡᠶᠢᠲᠡ ᠶᠢᠨ ᠠᠰᠢᠭᠲᠤ ᠵᠠᠷᠭᠤ ᠶᠢᠨ ᠲᠠᠶᠢᠯᠤᠮᠵᠢ ᠶᠢ ᠮᠠᠰᠢ ᠤᠯᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠦ ᠣᠷᠣᠭᠤᠯᠵᠠᠢ︔ᠥᠪᠥᠷ ᠮᠣᠩᠭᠣᠯ ᠤᠨ ᠶᠡᠬᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠣᠨᠴᠠ ᠤᠷᠢᠭᠰᠠᠨ ᠯᠧᠺᠲ᠋ᠣᠷ ᠪᠣᠯᠤᠭᠰᠠᠨ ᠤ ᠬᠤᠪᠢ ᠳᠤ᠂ ᠲᠡᠭᠦᠨ ᠦ ᠪᠠᠶᠢᠭᠤᠯᠤᠭᠰᠠᠨ ᠨᠡᠶᠢᠲᠡ ᠶᠢᠨ ᠠᠰᠢᠭᠲᠤ ᠵᠠᠷᠭᠤ ᠶᠢᠨ ᠳᠠᠭᠤᠷᠢᠶᠠᠮᠠᠯ ᠰᠢᠭᠦᠬᠦ ᠲᠢᠩᠬᠢᠮ ᠨᠢ ᠰᠤᠷᠭᠠᠭᠤᠯᠢ ᠶᠢᠨ ᠬᠦᠷᠢᠶᠡᠨ ᠦ ᠬᠥᠮᠦᠰ ᠦᠨ ᠬᠦᠷᠢᠶᠡᠯᠡᠯ ᠢ ᠶᠡᠬᠡᠳᠡ ᠣᠯᠤᠭᠰᠠᠨ ᠬᠢᠴᠢᠶᠡᠯ ᠪᠣᠯᠵᠠᠢ᠃ ᠲᠡᠭᠦᠨ ᠦ ᠰᠢᠩᠭᠡᠭᠡᠨ ᠦᠢᠯᠡᠳᠦᠭᠰᠡᠨ ᠰᠦᠯᠵᠢᠶᠡᠨ ᠦ ᠪᠢᠴᠢᠯ ᠬᠢᠴᠢᠶᠡᠯ ᠨᠢ ᠳᠤᠮᠳᠠᠳᠤ ᠤᠯᠤᠰ ᠤᠨ ᠪᠠᠶᠢᠴᠠᠭᠠᠬᠤ ᠠᠵᠢᠯ ᠤᠨ ᠰᠤᠷᠭᠠᠨ ᠬᠥᠮᠦᠵᠢᠯ ᠦᠨ ᠪᠣᠯᠪᠠᠰᠤᠷᠠᠭᠤᠯᠤᠯ ᠤᠨ ᠰᠦᠯᠵᠢᠶᠡᠨ ᠦ ᠳᠡᠭᠡᠳᠦ ᠰᠤᠷᠭᠠᠭᠤᠯᠢ ᠶᠢᠨ ᠡᠭᠦᠯᠡᠨ ᠬᠢᠴᠢᠶᠡᠯ ᠦᠨ ᠲᠠᠩᠬᠢᠮ ᠳᠤ ᠣᠷᠣᠵᠤ ᠂ ᠲᠤᠬᠠᠶᠢᠯᠠᠭᠰᠠᠨ ᠠᠵᠢᠯ ᠤᠨ ᠱᠤᠭᠤᠮ ᠤᠨ ᠵᠠᠪᠠᠯ ᠰᠤᠷᠬᠤ ᠬᠢᠴᠢᠶᠡᠯ ᠪᠣᠯᠤᠭᠰᠠᠨ ᠪᠠᠶᠢᠨ᠎ᠠ ᠃ 

ᠲᠡᠭᠦᠨ ᠦ ᠳᠠᠭᠠᠭᠤᠯᠭ᠎ᠠ ᠪᠠᠷ ᠂ ᠬᠥᠬᠡᠬᠣᠲᠠ ᠶᠢᠨ ᠪᠠᠶᠢᠴᠠᠭᠠᠬᠤ ᠬᠣᠷᠢᠶ᠎ᠠ ᠶᠢᠨ ᠰᠢᠶᠳᠪᠦᠷᠢᠯᠡᠭᠰᠡᠨ 400 ᠭᠠᠷᠤᠶ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠦᠨ 40% ᠡᠴᠡ ᠳᠡᠭᠡᠭᠰᠢᠬᠢ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠠᠨᠠᠭᠠᠴᠢᠯᠠᠭ᠎ᠠ  ᠠᠴᠠ ᠪᠠᠨ ᠬᠠᠩᠭᠠᠭᠰᠠᠨ ᠰᠦᠪᠡᠭᠴᠢ ᠡᠴᠡ ᠢᠷᠡᠯᠲᠡ ᠲᠡᠶ ᠶᠤᠮ ᠃


ᠪᠡᠶ᠎ᠡ ᠪᠡᠨ ᠳᠠᠭᠠᠭᠠᠵᠤ ᠬᠡᠷᠡᠭ ᠰᠢᠶᠳᠪᠦᠷᠢᠯᠡᠬᠦ ᠡᠴᠡ ᠳᠡᠭᠡᠳᠦ ᠳᠣᠸᠷᠠᠳᠤ ᠱᠠᠲᠤ ᠬᠣᠯᠪᠣᠭᠠᠯᠠᠨ ᠬᠥᠳᠡᠯᠦᠯᠴᠡᠬᠦ ᠬᠦᠷᠲᠡᠯ᠎ᠡ

 

︽ ᠪᠠᠶᠢᠴᠠᠭᠠᠬᠤ ᠪᠠᠷ ᠬᠦᠬᠡᠬᠤᠲᠠ  ᠳᠦ ᠠᠰᠢᠭ ᠬᠦᠷᠲᠡᠭᠡᠨ᠎ᠡ ︾ᠦᠵᠡᠰᠬᠦᠯᠡᠩᠲᠦ ᠰᠠᠶᠢᠬᠠᠨ  ᠬᠦᠬᠡᠬᠤᠲᠠ ᠶᠢ ᠰᠠᠬᠢᠨ ᠬᠠᠮᠠᠭᠠᠯᠠᠪᠠ


︽ ᠪᠠᠶᠢᠴᠠᠭᠠᠬᠤ ᠪᠠᠷ ᠬᠦᠬᠡᠬᠤᠲᠠ  ᠳᠦ ᠠᠰᠢᠭ ᠬᠦᠷᠲᠡᠭᠡᠨ᠎ᠡ ︾ ᠨᠢ ᠬᠥᠬᠡᠬᠣᠲᠠ ᠶᠢᠨ ᠪᠠᠶᠢᠴᠠᠭᠠᠬᠤ ᠬᠣᠷᠢᠶ᠎ᠠ ᠶᠢᠨ 2019 ᠣᠨ ᠳᠤ ᠡᠭᠦᠳᠦᠨ ᠡᠷᠭᠢᠯᠡᠭᠰᠡᠨ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠨᠠᠷᠠᠲᠤ ᠲᠡᠮᠳᠡᠭᠲᠦ ᠪᠣᠯᠬᠤ ᠪᠠᠷ ᠪᠠᠷᠠᠬᠤ ᠥᠬᠡᠶ ᠂ ᠨᠠᠩ ᠴᠤ 47 ᠬᠥᠮᠦᠨ ᠲᠡᠶ ᠬᠡᠷᠡᠭ ᠰᠢᠶᠳᠪᠦᠷᠢᠯᠡᠬᠦ ᠪᠦᠯᠬᠦᠮ ᠪᠣᠯᠤᠨ᠎ᠠ ᠂ ︽  ᠪᠠᠶᠢᠴᠠᠭᠠᠬᠤ ᠪᠠᠷ ᠬᠦᠬᠡᠬᠤᠲᠠ  ᠳᠦ ᠠᠰᠢᠭ ᠬᠦᠷᠳᠡᠭᠡᠬᠦ︾ ᠪᠠᠷ ᠳᠠᠮᠵᠢᠭᠤᠯᠤᠨ ᠬᠥᠬᠡᠬᠣᠲᠠ ᠶᠢᠨ ᠬᠣᠶᠠᠷ ᠱᠠᠲᠤᠨ ᠤ ᠬᠣᠷᠢᠶ᠎ᠠ ᠶᠢᠨ ᠤᠢ ᠤᠬᠠᠭᠠᠨ ᠂ ᠮᠡᠷᠭᠡᠵᠢᠯ ᠂ ᠠᠵᠢᠯᠲᠠᠨ ᠤ ᠲᠠᠯ᠎ᠠ ᠪᠠᠷ ᠳᠡᠮᠵᠢᠨ ᠬᠠᠪᠰᠤᠷᠤᠯᠴᠠᠬᠤ ᠪᠠ ᠬᠡᠷᠡᠭ ᠦᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ  ᠪᠡᠶᠡᠯᠡᠭᠦᠯᠪᠡ ᠃ ᠡᠨᠡ ᠬᠦ ᠪᠦᠯᠬᠦᠮ ᠦᠨ ᠨᠢᠭᠡ ᠶᠡᠬᠡ ᠣᠨᠴᠠᠯᠢᠭ ᠪᠣᠯ ᠳᠠᠷᠤᠶ ᠲᠤᠬᠠᠶᠢᠯᠠᠭᠰᠠᠨ ᠠᠵᠢᠯ ᠨᠢ ︽ ᠵᠠᠯᠠᠭᠤ ︾ ᠂ ᠠᠵᠢᠯᠲᠠᠨ ᠨᠢ ᠵᠠᠯᠠᠭᠤ ᠂ ᠭᠡᠰᠢᠭᠦᠳ ᠢᠶᠡᠨ ︽ ᠨᠢᠭᠡ ᠨᠢᠭᠡ ᠪᠡᠷ ᠢᠶᠡᠨ ᠬᠢᠵᠦ ᠳᠡᠶᠢᠯᠬᠦ ︾ ᠪᠣᠯᠭᠠᠬᠤ ᠪᠣᠯ  ᠪᠠᠢ ᠵᠢᠩ ᠶᠢᠨ ᠬᠠᠷᠠᠯᠲᠠ ᠮᠥᠨ ᠃ 

ᠪᠦᠯᠬᠦᠮ ᠦᠨ ᠪᠦᠷᠢᠯᠳᠦᠬᠦᠨ ᠢ ᠲᠦᠷᠭᠡᠨ  ᠬᠦᠮᠦᠵᠢᠭᠦᠯᠬᠦ  ᠶᠢᠨ ᠲᠥᠯᠥᠭᠡ᠂ ᠪᠠᠢ ᠵᠢᠩ ᠤᠯᠠᠨ ᠢ ᠨᠢᠭᠡ ᠬᠡᠷᠡᠭ ᠢ ᠰᠢᠢᠳᠪᠦᠷᠢᠯᠡᠬᠦ ᠳᠡᠭᠡᠨ ᠴᠥᠮ ᠰᠡᠳᠬᠢᠨ ᠪᠣᠳᠣᠯᠬᠢᠯᠠᠵᠤ᠂ ᠣᠯᠤᠯᠲᠠ ᠲᠦᠷᠦᠭᠳᠡᠯ ᠢᠶᠡᠨ ᠪᠢᠴᠢᠵᠦ᠂ ᠰᠠᠷ᠎ᠠ ᠳᠤ ᠬᠡᠷᠡᠭ ᠢ ᠡᠮᠬᠢᠯᠡᠨ ᠵᠢᠯᠣᠭᠣᠳᠴᠤ᠂ ᠤᠯᠠᠷᠢᠯ ᠳᠤ ᠠᠰᠠᠭᠤᠳᠠᠯ ᠤᠨ ᠦᠷ᠎ᠡ ᠪᠦᠲᠦᠭᠡᠯ ᠢ ᠳ᠋ᠦᠩᠨᠡᠬᠦ ᠲᠣᠭᠲᠠᠴᠠ ᠶᠢ ᠪᠠᠶᠢᠭᠤᠯᠵᠤ᠂ ᠪᠠᠰᠠ ᠬᠤᠳᠠ ᠶᠢᠨ ᠪᠠᠶᠢᠴᠠᠭᠠᠬᠤ ᠬᠣᠷᠢᠶᠠᠨ ᠤ ᠪᠠᠶᠢᠴᠠᠭᠠᠭᠴᠢ ᠶᠢᠨ ᠲᠤᠰᠠᠯᠠᠭᠴᠢ ᠶᠢᠨ ᠦᠨᠳᠦᠰᠦᠨ ᠱᠠᠲᠤᠨ ᠤ ᠪᠠᠶᠢᠴᠠᠭᠠᠬᠤ ᠬᠣᠷᠢᠢ᠎ᠠ ᠲᠠᠶ ᠬᠠᠷᠢᠯᠴᠠᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

2018 ᠣᠨ ᠳᠤ ᠬᠥᠬᠡᠬᠣᠲᠠ ᠶᠢᠨ ᠪᠠᠶᠢᠴᠠᠭᠠᠬᠤ ᠬᠣᠷᠢᠶᠠᠨ ᠳᠤ ᠤᠷᠤᠭᠰᠠᠨ ᠪᠠᠶᠢᠴᠠᠭᠠᠭᠴᠢ ᠶᠢᠨ ᠲᠤᠰᠠᠯᠠᠭᠴᠢ ᠵᠧᠦ ᠫᠸ᠋ᠩ ᠪᠣᠯ ᠵᠠᠰᠠᠭ ᠵᠠᠬᠢᠷᠭᠠᠨ ᠤ ᠬᠠᠤᠯᠢ ᠶᠢᠨ ᠤᠬᠠᠭᠠᠨ ᠤ ᠲᠤᠰᠬᠠᠢ ᠮᠡᠷᠭᠡᠵᠢᠯ ᠦᠨ ᠠᠰᠫᠢᠷᠠᠨᠲ ᠪᠠᠶᠢᠵᠤ᠂ ᠰᠠᠶᠢᠬᠠᠨ ᠲᠣᠭᠣᠷᠢᠭ ᠤᠨ ᠪᠠᠶᠢᠴᠠᠭᠠᠬᠤ ᠬᠣᠷᠢᠢ᠎ᠠ ᠲᠠᠶ ᠬᠠᠷᠢᠯᠴᠠᠬᠤ ᠡᠭᠦᠷᠭᠡ ᠶᠢ ᠡᠭᠦᠷᠭᠡᠯᠡᠵᠦ ᠪᠤᠢ᠃ ᠲᠡᠭᠦᠨ ᠦ ᠰᠠᠶᠢᠬᠠᠨ ᠲᠣᠭᠣᠷᠢᠭ ᠤᠨ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠲᠤᠰᠢᠶᠠᠯᠲᠠᠨ ᠲᠠᠶ ᠬᠠᠮᠲᠤ ᠰᠢᠶᠳᠪᠦᠷᠢᠯᠡᠭᠰᠡᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠰᠢᠪᠠᠳᠠᠨ ᠭᠦᠢᠴᠡᠳᠬᠡᠭᠦᠯᠬᠦ ᠵᠠᠰᠠᠭ ᠵᠠᠬᠢᠷᠭᠠᠨ ᠤ ᠨᠡᠶᠢᠲᠡ ᠶᠢᠨ ᠠᠰᠢᠭᠲᠤ ᠵᠠᠷᠭᠤ ᠶᠢᠨ ᠵᠠᠭᠠᠯᠳᠤᠯᠭ᠎ᠠ ᠶᠢᠨ ᠬᠡᠷᠡᠭ ᠢ ᠨᠢᠳᠤᠨᠤᠨ ᠵᠢᠯ ᠦᠨ ᠡᠴᠦᠰ ᠲᠦ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠬᠣᠷᠢᠶᠠᠨ ᠤ ᠨᠡᠶᠢᠲᠡ ᠶᠢᠨ ᠠᠰᠢᠭᠲᠤ ᠵᠠᠷᠭᠤ ᠵᠢᠨ ᠵᠠᠭᠠᠯᠳᠤᠭᠰᠠᠨ ᠨᠡᠶᠢᠲᠡᠯᠢᠭ ᠬᠡᠷᠡᠭ ᠪᠤᠯᠤᠭᠰᠠᠨ ᠪᠠᠶᠢᠨ᠎ᠠ᠃ 

2021 ᠣᠨ ᠳᠤ ᠂ ᠬᠥᠬᠡᠬᠣᠲᠠ ᠶᠢᠨ ᠪᠠᠶᠢᠴᠠᠭᠠᠬᠤ ᠬᠣᠷᠢᠶ᠎ᠠ ᠪᠠᠰᠠ ᠨᠡᠶᠢᠲᠡ ᠶᠢᠨ ᠠᠰᠢᠭᠲᠤ ᠵᠠᠷᠭᠤ ᠶᠢᠨ ᠵᠢᠯᠣᠭᠣᠳᠬᠤ ᠲᠥᠪ ᠪᠠᠶᠢᠭᠤᠯᠵᠤ ᠂ ᠬᠣᠲᠠ ᠰᠢᠶᠠᠨ ᠬᠣᠶᠠᠷ ᠱᠠᠲᠤᠨ ᠤ ᠪᠠᠶᠢᠴᠠᠭᠠᠬᠤ ᠬᠣᠷᠢᠶ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠪᠦᠯᠬᠦᠮ ᠦᠨ ᠪᠦᠷᠢᠯᠳᠦᠬᠦᠨ ᠨᠡᠷ ᠴᠥᠮ ᠲᠠᠪᠴᠠᠩ ᠢᠶᠠᠷ ᠳᠡᠮᠵᠢᠨ ᠮᠡᠳᠡᠭᠡ ᠵᠠᠩᠭᠢ ᠴᠤᠭᠯᠠᠭᠤᠯᠵᠤ ᠂ ᠬᠡᠷᠡᠭ ᠦᠨ ᠰᠦᠪᠡᠭᠴᠢ ᠶᠢ ᠲᠣᠭᠲᠠᠭᠠᠨ ᠂ ᠲᠥᠷᠥᠯ ᠦᠨ ᠬᠡᠷᠡᠭ ᠦᠨ ᠣᠨᠴᠠᠯᠢᠭ ᠢ ᠢᠯᠡᠷᠡᠭᠦᠯᠵᠦ ᠂ ᠬᠡᠷᠡᠭ ᠢ ᠰᠤᠳᠤᠯᠤᠨ ᠮᠠᠭᠠᠳᠯᠠᠵᠤ ᠪᠣᠯᠤᠨ᠎ᠠ ᠃ 

ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠦᠭᠡᠢ ᠠᠴᠠ ᠪᠠᠨ ᠪᠠᠶᠢᠬᠤ ᠪᠤᠯᠵᠤ᠂ ︽ᠭᠠᠳᠠᠨᠠᠬᠢ︾  ᠬᠦᠷᠢᠶᠡᠨ ᠡᠴᠡ  ᠳᠤᠲᠤᠭᠰᠢ ᠪᠠᠨ ᠬᠠᠶᠢᠨ ᠰᠦᠪᠡᠭᠴᠢᠯᠡᠬᠦ ᠪᠤᠯᠵᠤ᠂ ᠪᠠᠢ ᠵᠢᠩ ᠪᠦᠯᠬᠦᠮ ᠢᠶᠡᠨ ᠳᠠᠭᠠᠭᠤᠯᠤᠨ ᠲᠠᠰᠤᠷᠠᠯᠲᠠ ᠦᠭᠡᠢ ᠰᠢᠨ᠎ᠡ ᠠᠰᠠᠭᠤᠳᠠᠯ ᠢ ᠪᠣᠳᠣᠯᠬᠢᠯᠠᠪᠠ᠃ᠲᠡᠳᠡ ᠣᠶᠢᠷ᠎ᠠ  ᠶᠢᠨ ᠲᠠᠪᠤᠨ ᠵᠢᠯ ᠦᠨ ᠲᠤᠷᠰᠢᠬᠢ ᠨᠡᠶᠢᠲᠡ  ᠶᠢᠨ  ᠠᠰᠢᠭᠲᠤ ᠵᠠᠷᠭᠤ  ᠶᠢᠨ ᠬᠦᠷᠢᠶᠡᠨ ᠳᠦ ᠭᠠᠷᠤᠭᠰᠠᠨ ᠵᠢᠷᠤᠮ ᠤᠨ ᠴᠢᠨᠠᠷᠲᠠᠶ ᠪᠠ ᠪᠣᠳᠠᠲᠤ ᠴᠣᠭᠴᠠ  ᠶᠢᠨ ᠴᠢᠨᠠᠷᠲᠠᠶ ᠠᠰᠠᠭᠤᠳᠠᠯ  ᠢ ᠡᠮᠬᠢᠯᠡᠨ ᠬᠤᠷᠢᠶᠠᠩᠭᠤᠶᠢᠯᠠᠵᠤ ᠂ ᠡᠭᠦᠨ ᠦ ᠳᠣᠲᠣᠷ᠎ᠠ  ᠠᠴᠠ ᠵᠢᠮ᠎ᠡ ᠶᠣᠰᠣ  ᠶᠢ ᠳ᠋ᠦᠩᠨᠡᠨ ᠂ 4 ᠬᠡᠷᠡᠭ ᠰᠢᠶᠳᠪᠦᠷᠢᠯᠡᠬᠦ ᠵᠢᠯᠣᠭᠣᠳᠤᠮᠵᠢ ᠲᠣᠭᠲᠠᠭᠠᠵᠤ ᠂ 《 ᠵᠢᠷᠤᠮᠵᠢᠭᠤᠯᠤᠭᠰᠠᠨ ᠬᠡᠷᠡᠭ ᠰᠢᠶᠳᠪᠦᠷᠢᠯᠡᠬᠦ  ᠶᠢ ᠵᠢᠯᠣᠭᠣᠳᠣᠯᠭ᠎ᠠ ᠪᠠᠷ ᠬᠥᠲᠥᠯᠥᠨ ᠳᠠᠭᠠᠭᠤᠯᠵᠠᠶ 》 ᠃ ᠪᠠᠶ ᠵᠢᠩ ᠦᠨ ᠬᠠᠷᠠᠯᠲᠠ ᠨᠢ ᠮᠠᠰᠢ ᠲᠣᠳᠣᠷᠬᠠᠶ ᠪᠠᠶᠢᠳᠠᠭ ᠂ ︽ ᠡᠨᠡ ᠬᠡᠳᠦᠨ ᠵᠢᠯ ᠳᠦ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠦᠨ ᠲᠣᠭ᠎ᠠ ᠲᠦᠷᠭᠡᠨ ᠨᠡᠮᠡᠭᠳᠡᠵᠦ ᠪᠠᠶᠢᠨ᠎ᠠ ᠂ ︿ ᠶᠠᠰᠤ ᠴᠢᠨᠠᠷ ᠤᠨ ᠪᠠᠶᠢᠭᠤᠯᠤᠯᠲᠠ ᠶᠢᠨ ᠣᠨ ﹀ ᠳ᠋ᠤ ᠂ ᠪᠢᠳᠡ ᠨᠠᠩ ᠴᠤ ᠬᠡᠷᠡᠭ ᠰᠢᠶᠳᠪᠦᠷᠢᠯᠡᠬᠦ ᠶᠢ ᠨᠠᠷᠢᠯᠢᠬᠵᠢᠭᠤᠯᠬᠤ ᠳᠡᠭᠡᠷ᠎ᠡ ᠬᠦᠴᠦ ᠲᠠᠯᠪᠢᠵᠤ ᠂ ᠲᠣᠭ᠎ᠠ ᠬᠡᠮᠵᠢᠶᠡᠨ ᠦ ︿ ᠬᠦᠯᠢᠶᠡᠰᠦᠯᠡᠯ ﹀ ᠡᠴᠡ ᠭᠠᠷᠴᠤ ᠂ ᠶᠠᠰᠤ ᠴᠢᠨᠠᠷ ᠤᠨ ᠲᠠᠯ᠎ᠠ ᠪᠠᠷ ᠬᠦᠴᠦ ᠲᠠᠯᠪᠢᠬᠤ ᠬᠡᠷᠡᠭᠲᠡᠶ ︾  ᠭᠡᠵᠡᠢ᠃ 

ᠣᠶᠢᠷ᠎ᠠ ᠶᠢᠨ ᠬᠣᠶᠠᠷ ᠵᠢᠯ ᠳᠦ ᠂ ᠪᠠᠶ ᠵᠢᠩ 《 ᠪᠠᠶᠢᠴᠠᠭᠠᠬᠤ ᠪᠠᠷ ᠬᠦᠬᠡᠬᠤᠲᠠ  ᠳᠦ ᠠᠰᠢᠭ  ᠬᠦᠷᠭᠡᠬᠦ  》 ᠶᠢ ᠳᠠᠭᠠᠭᠤᠯᠤᠨ ᠬᠠᠲᠤᠨ ᠭᠣᠣᠯ ᠤᠨ ᠰᠠᠪᠠ ᠭᠠᠵᠠᠷ ᠤᠨ  ᠤᠷᠴᠢᠨ ᠲᠤᠭᠤᠷᠢᠨ ᠤᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠠᠩᠬᠠᠳᠠᠭᠴᠢ ᠰᠠᠭᠤᠷᠢᠨ ᠭᠠᠵᠠᠷ ᠢ ᠪᠠᠶᠢᠭᠤᠯᠵᠤ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠳᠤ ᠡᠩ ᠲᠡᠷᠢᠭᠦᠨ ᠳᠦ ᠣᠷᠣᠨ ᠪᠦᠰᠡ ᠠᠯᠤᠰᠯᠠᠭᠰᠠᠨ ᠬᠡᠷᠡᠭ ᠢ ᠣᠨᠳᠣᠣ ᠭᠠᠵᠠᠷ ᠲᠤ ᠬᠠᠷᠢᠶᠠᠯᠠᠭᠤᠯᠬᠤ ᠶᠢ ᠪᠡᠶᠡᠯᠡᠭᠦᠯᠦᠭᠰᠡᠨ ᠪᠥᠭᠡᠳ ᠪᠠᠰᠠ ᠪᠦᠬᠦ ᠣᠷᠣᠨ ᠤ ᠠᠩᠬᠠᠳᠠᠭᠴᠢ ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠵᠠᠷᠭᠤ ᠶᠢᠨ ᠴᠠᠭᠠᠨ ᠭᠠᠳᠠᠷᠳᠦ ᠪᠢᠴᠢᠭ ᠢ ᠨᠡᠶᠢᠲᠡᠯᠡᠪᠡ ᠁ ᠲᠤᠰ ᠪᠦᠯᠬᠦᠮ ᠨᠢ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠬᠡᠷᠡᠭ ᠰᠢᠢᠳᠪᠦᠷᠢᠯᠡᠬᠦ ᠰᠢᠯᠢᠳᠡᠭ ᠪᠦᠯᠬᠦᠮ ᠢᠶᠡᠷ ᠦᠨᠡᠯᠡᠭᠳᠡᠵᠦ᠂ ᠬᠥᠬᠡᠬᠣᠲᠠ ᠶᠢᠨ︽ᠡᠮᠡᠭᠲᠡᠶᠢᠴᠦᠳ ᠦᠨ ᠪᠣᠯᠪᠠᠰᠤᠨ ᠠᠵᠢᠯ ᠤᠨ ᠪᠠᠶᠢᠷᠢ︾ᠪᠡᠷ ᠦᠨᠡᠯᠡᠭᠳᠡᠵᠦ᠂ ᠲᠡᠳᠡᠨ ᠦ ᠰᠢᠢᠳᠪᠦᠷᠢᠯᠡᠭᠰᠡᠨ ᠬᠡᠷᠡᠭ ᠦᠨ ᠳᠣᠲᠣᠷᠠᠬᠢ 2 ᠬᠤᠪᠢ ᠨᠢ ᠠᠷᠠᠳ ᠤᠨ ᠳᠡᠭᠡᠳᠦ ᠪᠠᠶᠢᠴᠠᠭᠠᠬᠤ ᠬᠣᠷᠢᠢ᠎ᠠ ᠶᠢᠨ ᠨᠡᠶᠢᠲᠡᠯᠢᠭ ᠬᠡᠷᠡᠭ ᠦᠨ ᠵᠢᠱᠢᠢ᠎ᠡ ᠪᠡᠷ ᠰᠣᠩᠭᠣᠭᠳᠠᠵᠠᠢ᠃

 ᠦᠭᠡ ᠶᠠᠷᠢᠵᠤ ᠤᠴᠢᠷ ᠪᠦᠲᠦᠭᠡᠬᠦ ᠨᠢ ᠡᠷᠬᠡᠪᠰᠢ ᠶᠣᠰᠣ ᠵᠢᠷᠤᠮ ᠤᠨ ᠵᠠᠶᠢᠯᠠᠰᠢ ᠦᠭᠡᠢ ᠴᠢᠨᠠᠷ ᠢ ᠱᠠᠭᠠᠷᠳᠠᠮᠤᠶ᠂ ᠬᠡᠳᠦᠶ ᠶᠡᠬᠡ ᠵᠦᠳᠡᠷᠡᠭᠰᠡᠨ ᠴᠦ ᠰᠠᠮᠠᠭᠤᠷᠠᠯ ᠭᠠᠷᠬᠤ ᠦᠭᠡᠢ ᠪᠣᠯᠪᠠᠰᠤ ᠮᠥᠨ ᠴᠦ ᠨᠠᠮ ᠵᠢᠮ ᠳᠦᠷ ᠲᠣᠭᠠᠴᠠᠭᠳᠠᠮᠤᠶ᠃ ᠪᠠᠶ ᠵᠢᠩ ᠬᠡᠯᠡᠬᠦ ᠳᠡᠭᠡᠨ ᠂ ᠥᠪᠡᠷ ᠢ ᠪᠡᠨ 《 ᠰᠡᠳᠬᠢᠯ ᠳᠡᠭᠡᠨ ᠭᠡᠷᠡᠯ ᠭᠢᠯᠪᠠᠭ᠎ᠠ ᠲᠠᠶ ᠬᠥᠮᠦᠨ ᠪᠣᠯᠤᠶ᠎ᠠ 》 ᠭᠡᠪᠡ ᠃ ᠨᠠᠮᠵᠢᠭᠤᠬᠠᠨ ᠭᠡᠷᠡᠯ ᠲᠠᠢ ᠂ ᠬᠥᠮᠦᠨ  ᠨᠢ ᠦᠨᠡᠭᠡᠷ ᠨᠡᠷ᠎ᠡ ᠲᠠᠢ ᠪᠠᠨ ᠠᠳᠠᠯᠢᠬᠠᠨ ᠳ᠋ᠠ ᠃

 

 


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro