ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠯᠢᠭᠡᠷ ᠳᠠᠭᠤᠷᠢᠶᠠᠯ ᠤᠨ ᠬᠦᠴᠦᠨ ᠢ ᠤᠷᠤᠯᠳᠤᠨ ᠭᠠᠷᠭᠠᠵᠤ᠂ ᠪᠠᠶᠢᠴᠠᠭᠠᠬᠤ ᠠᠵᠢᠯ ᠤᠨ ᠰᠢᠯᠢᠳᠡᠭ ᠠᠮᠵᠢᠯᠲᠠ ᠶᠢ ᠡᠭᠦᠳᠦᠶ᠎ᠡ

2023-05-08 16:05:07
ᠵᠣᠬᠢᠶᠠᠭᠴᠢ
ᠨᠠᠪᠴᠢ

 

 

4 ᠰᠠᠷ᠎ᠠ ᠶᠢᠨ 27 ᠤ ᠡᠳᠦᠷ ᠦᠨ ᠦᠳᠡ ᠶᠢᠨ ᠬᠣᠶᠢᠨ᠎ᠠ ᠂ ᠳᠥᠷᠪᠡᠳᠦᠭᠡᠷ ᠬᠤᠭᠤᠴᠠᠭᠠᠨ ᠤ ᠪᠥᠬᠥ ᠣᠷᠣᠨ ᠤ ᠠᠷᠪᠠᠨ ᠰᠢᠯᠢᠳᠡᠭ ᠠᠯᠪᠠᠨ ᠵᠠᠭᠠᠯᠳᠤᠭᠴᠢ ᠵᠢᠴᠢ ᠬᠣᠶᠠᠳᠤᠭᠠᠷ ᠬᠤᠭᠤᠴᠠᠭᠠᠨ ᠤ ᠪᠥᠬᠥ ᠣᠷᠣᠨ ᠤ ᠡᠷᠡᠭᠦᠸ ᠶᠢᠨ ᠬᠡᠷᠡᠭ ᠦᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠴᠢᠳᠠᠪᠤᠷᠢᠲᠠᠨ ᠤ ᠤᠷᠤᠯᠳᠤᠭᠠᠨ ᠤ ᠳ᠋ᠦᠩᠨᠡᠨ ᠬᠥᠬᠢᠭᠦᠯᠬᠦ ᠶᠡᠬᠡ ᠬᠤᠷᠠᠯ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠳᠤ  ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠪᠠᠶᠢᠴᠠᠭᠠᠬᠤ ᠳᠠᠷᠤᠭ᠎ᠠ ᠯᠢ ᠵᠢᠶᠠᠨ ᠬᠤᠷᠠᠯ ᠡᠷᠭᠢᠯᠡᠵᠦ ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠪᠠᠶᠢᠴᠠᠭᠠᠬᠤ ᠳᠠᠷᠤᠭ᠎ᠠ ᠸᠠᠩ ᠶᠠᠨ ᠴᠦᠨ ᠤᠷᠤᠯᠳᠤᠭᠠᠨ ᠤ ᠳ᠋ᠦᠩᠨᠡᠯᠲᠡ ᠶᠢ ᠬᠢᠵᠦ ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠤᠯᠤᠰ ᠲᠥᠷᠥ ᠶᠢᠨ ᠬᠡᠯᠲᠡᠰ ᠦᠨ ᠡᠷᠬᠢᠯᠡᠭᠴᠢ ᠵᠧᠩ ᠵᠢᠶᠠ ᠮᠧᠶ ᠤᠷᠤᠯᠳᠤᠭᠠᠨ ᠤ ᠦᠷ᠎ᠡ ᠳ᠋ᠦᠩ  ᠢ ᠵᠠᠷᠯᠠᠨ ᠨᠡᠶᠢᠲᠡᠯᠡᠵᠦ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠪᠠᠶᠢᠴᠠᠭᠠᠬᠤ ᠺᠣᠮᠢᠰ ᠤᠨ ᠲᠤᠰᠬᠠᠶ ᠲᠤᠰᠢᠶᠠᠯᠲᠤ ᠭᠡᠰᠢᠭᠦᠨ ᠬᠥᠬᠢᠭᠦᠯᠦᠨ ᠰᠠᠶᠢᠰᠢᠶᠠᠬᠤ ᠬᠤᠷᠠᠯ ᠳᠤ ᠣᠷᠣᠯᠴᠠᠭᠰᠠᠨ ᠪᠥᠭᠡᠳ ᠱᠠᠩᠨᠠᠯ ᠬᠦᠷᠲᠡᠭᠰᠡᠨ ᠬᠤᠪᠢ ᠬᠦᠮᠦᠨ ᠪᠠ ᠨᠢᠭᠡᠴᠡ ᠳᠦ ᠱᠠᠩᠨᠠᠯ ᠭᠠᠷᠳᠠᠭᠤᠯᠪᠠ ᠃

 

 

ᠯᠢ ᠶᠦᠩ ᠵᠢᠶᠦ᠋ᠨ ᠤᠷᠤᠯᠳᠤᠭᠠᠨ ᠳᠤ ᠣᠷᠣᠯᠴᠠᠭᠰᠠᠳ ᠲᠤ ᠪᠠᠶᠠᠷ ᠬᠦᠷᠭᠡᠬᠦ ᠶᠢᠨ ᠬᠠᠮᠲᠤ ᠬᠦᠰᠡᠯ ᠱᠠᠭᠠᠷᠳᠠᠯᠭ᠎ᠠ ᠳᠤᠷᠠᠳᠪᠠ ᠃ ᠨᠢᠭᠡ ᠳᠦ ᠤᠷᠤᠯᠳᠤᠭᠠᠨ ᠭᠡᠬᠦ ᠡᠨᠡ ᠬᠦ 《ᠴᠡᠷᠢᠭ ᠦᠨ ᠡᠷᠳᠡᠮ ᠦᠨ ᠲᠣᠭᠯᠠᠯᠲᠠ ᠶᠢᠨ ᠲᠠᠯᠠᠪᠠᠢ》 ᠶᠢ ᠰᠠᠶᠢᠲᠤᠷ ᠬᠡᠷᠡᠭᠯᠡᠬᠦ ᠬᠡᠷᠡᠭᠲᠡᠶ᠃ 《ᠭᠤᠷᠪᠠᠨ ᠦᠨᠡᠨ ᠮᠠᠶ᠋ᠢᠭ》 ᠤᠨ ᠪᠣᠳᠠᠲᠠᠶ ᠪᠣᠯᠪᠠᠰᠤᠷᠠᠯ ᠪᠣᠯ ᠬᠢᠷᠢ ᠬᠡᠮᠵᠢᠶ᠎ᠡ ᠶᠢ ᠰᠢᠯᠭᠠᠬᠤ᠂ ᠴᠢᠳᠠᠪᠤᠷᠢ ᠶᠢ ᠳᠡᠭᠡᠭᠰᠢᠯᠡᠭᠦᠯᠬᠦ ᠪᠦᠲᠦᠮᠵᠢᠲᠡᠶ ᠠᠷᠭ᠎ᠠ ᠪᠠᠷᠢᠯ ᠮᠥᠨ᠂ 《ᠬᠢᠲᠤᠭ᠎ᠠ ᠶᠢ ᠴᠢᠯᠠᠭᠤᠨ ᠳᠡᠭᠡᠷ᠎ᠡ ᠪᠢᠯᠡᠭᠦᠳᠡᠵᠦ᠂ ᠬᠥᠮᠦᠨ ᠢ  ᠬᠡᠷᠡᠭ ᠳᠡᠭᠡᠷ᠎ᠡ ᠪᠣᠯᠪᠠᠰᠤᠷᠠᠭᠤᠯᠳᠠᠭ》᠂ ᠪᠣᠳᠠᠲᠤ ᠪᠠᠶᠢᠯᠳᠤᠭᠠᠨ ᠢ ᠥᠩᠭᠡᠷᠡᠭᠡᠬᠦ ᠦᠭᠡᠢ ᠪᠣᠯ ᠴᠢᠳᠠᠪᠤᠷᠢ ᠶᠢ ᠰᠢᠯᠭᠠᠬᠤ ᠶᠢᠨ ᠠᠷᠭ᠎ᠠ ᠦᠭᠡᠢ᠂ ᠡᠩᠨᠡᠭᠡ ᠪᠡᠨ ᠳᠠᠪᠲᠠᠨ ᠪᠣᠯᠪᠠᠰᠤᠷᠠᠭᠤᠯᠬᠤ ᠶᠢᠨ ᠠᠷᠭ᠎ᠠ ᠦᠭᠡᠢ ᠶᠤᠮ᠃ ᠬᠣᠶᠠᠷ ᠲᠤ ᠤᠷᠤᠯᠳᠤᠭᠠᠨ ᠤ ᠦᠷ᠎ᠡ ᠳ᠋ᠦᠩ ᠳᠦ ᠵᠥᠪ ᠢᠶᠡᠷ ᠬᠠᠨᠳᠤᠬᠤ ᠬᠡᠷᠡᠭᠲᠡᠶ᠃ ᠤᠷᠤᠯᠳᠤᠭᠠᠨ ᠤ ᠳᠤᠮᠳᠠ ᠢᠷᠠᠭᠤ ᠠᠯᠳᠠᠷ ᠣᠯᠤᠭᠰᠠᠨ ᠡᠰᠡᠬᠦ ᠬᠠᠮᠢᠶ᠎ᠠ ᠦᠭᠡᠶ ᠂ ᠤᠷᠤᠯᠳᠤᠭᠠᠨ ᠤ ᠲᠠᠯᠠᠪᠤᠷ ᠠᠴᠠ ᠰᠠᠯᠤᠮᠠᠭᠴᠠ ᠴᠥᠮ ᠳᠠᠬᠢᠨ ᠮᠣᠷᠳᠠᠬᠤ ᠶᠠᠪᠤᠳᠠᠯ ᠲᠤᠯᠭᠠᠷᠠᠬᠤ ᠪᠣᠯᠤᠨ᠎ᠠ ᠃  ᠰᠠᠶᠢᠨ ᠲᠠᠶ ᠲᠠᠯ᠎ᠠ ᠪᠠᠨ  ᠬᠠᠳᠠᠭᠠᠯᠠᠵᠤ ᠰᠠᠭᠠᠷᠠᠤ ᠲᠠᠯ᠎ᠠ ᠪᠠᠨ ᠨᠦᠬᠦᠨ᠂ ᠴᠢᠳᠠᠪᠤᠷᠢ ᠶᠢᠨ ᠳᠠᠪᠠᠭᠤᠯᠢᠭ  ᠢᠶᠠᠨ ᠪᠠᠳᠠᠷᠠᠭᠤᠯᠤᠨ᠂ ᠴᠢᠳᠠᠪᠤᠷᠢ ᠶᠢᠨ ᠵᠥᠷᠢᠶ᠎ᠡ  ᠶᠢ ᠨᠦᠬᠦᠨ ᠭᠦᠢᠴᠡᠬᠦ  ᠪᠡᠷ ᠴᠢᠷᠮᠠᠶᠢᠵᠤ᠂ ᠤᠷᠤᠯᠳᠤᠭᠠᠨ ᠤ ᠳᠤᠮᠳᠠᠬᠢ ᠣᠯᠤᠯᠲᠠ ᠶᠢ ᠠᠵᠢᠯ ᠤᠨ ᠳᠤᠮᠳᠠᠬᠢ ᠠᠳᠠᠯᠢᠳᠬᠠᠬᠤ ᠰᠤᠷᠬᠤ ᠬᠥᠭᠡᠭᠡᠵᠦ ᠭᠦᠢᠴᠡᠬᠦ ᠳᠠᠪᠠᠵᠤ ᠭᠠᠷᠬᠤ ᠶᠢᠨ ᠬᠥᠳᠡᠯᠭᠡᠬᠦ ᠬᠦᠴᠦᠨ ᠦ ᠡᠬᠢ ᠰᠤᠷᠪᠤᠯᠵᠢ ᠪᠣᠯᠭᠠᠨ ᠬᠤᠪᠢᠷᠠᠭᠤᠯᠬᠤ ᠬᠡᠷᠡᠭᠲᠡᠶ᠃ ᠭᠤᠷᠪᠠ ᠳᠤ ᠤᠷᠤᠯᠳᠤᠭᠠᠨ ᠤ ᠲᠠᠯᠠᠪᠤᠷ ᠢ ᠰᠢᠨ᠎ᠡ 《ᠲᠤᠰᠤ ᠨᠡᠮᠡᠬᠦ ᠦᠷᠳᠡᠭᠡ》 ᠪᠣᠯᠭᠠᠬᠤ ᠬᠡᠷᠡᠭᠲᠡᠶ᠃ ᠤᠷᠤᠯᠳᠤᠭᠠᠨ ᠢ ᠪᠦᠬᠦ ᠲᠠᠯ᠎ᠠ ᠪᠠᠷ ᠡᠷᠭᠢᠴᠡᠭᠦᠯᠦᠨ ᠳ᠋ᠦᠩᠨᠡᠵᠦ᠂ ᠤᠷᠤᠯᠳᠤᠭᠠᠨ ᠤ ᠦᠨ᠎ᠡ ᠦᠷᠳᠡᠭ ᠢ ᠭᠦᠢᠴᠡᠳ ᠪᠠᠳᠠᠷᠠᠭᠤᠯᠵᠤ᠂ ᠴᠡᠷᠢᠭ ᠮᠣᠷᠢ ᠪᠠᠨ ᠬᠤᠷᠴᠠᠯᠠᠵᠤ ᠪᠦᠬᠦ ᠤᠯᠤᠰ ᠤᠨ ᠤᠷᠤᠯᠳᠤᠭᠠᠨ ᠤ ᠲᠠᠯᠠᠪᠤᠷ ᠲᠤ ᠣᠴᠢᠬᠤ ᠳᠤ ᠰᠠᠶᠢᠲᠤᠷ ᠪᠡᠯᠡᠳᠬᠡᠯ ᠬᠢᠬᠦ ᠬᠡᠷᠡᠭᠲᠡᠢ᠃ ᠤᠷᠤᠯᠳᠤᠭᠠᠨ ᠳᠤ ᠣᠷᠣᠯᠴᠠᠭᠰᠠᠨ ᠪᠠᠶᠢᠴᠠᠭᠠᠬᠤ ᠠᠵᠢᠯᠲᠠᠳ ᠡᠭᠦᠷᠭᠡᠯᠡᠵᠦ ᠪᠠᠶᠢᠭ᠎ᠠ ᠴᠢᠬᠤᠯᠠ ᠡᠭᠦᠷᠭᠡ ᠪᠡᠨ ᠰᠠᠶᠢᠲᠤᠷ ᠭᠦᠢᠴᠡᠳᠬᠡᠵᠦ᠂ ᠥᠪᠥᠷ ᠮᠣᠩᠭᠣᠯ ᠤᠨ ᠪᠠᠶᠢᠴᠠᠭᠠᠬᠤ ᠠᠵᠢᠯ ᠤᠨ ᠳᠡᠭᠵᠢᠷᠡᠯᠲᠡ ᠳᠦ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃

 

 

 

ᠸᠠᠩ ᠶᠠᠨ ᠴᠦᠨ ᠲᠤᠰ ᠤᠳᠠᠭᠠᠨ ᠤ ᠤᠷᠤᠯᠳᠤᠭᠠᠨ ᠳᠤ ᠳᠥᠭᠥᠮ  ᠳ᠋ᠦᠩᠨᠡᠯᠲᠡ ᠬᠢᠵᠦ ᠂ ᠲᠣᠰ ᠤᠳᠠᠭᠠᠨ ᠤ ᠤᠷᠤᠯᠳᠤᠭᠠᠨ ᠨᠢ ᠵᠣᠷᠢᠭ ᠰᠠᠨᠠᠭ᠎ᠠ ᠶᠢ ᠬᠥᠭᠵᠢᠭᠡᠬᠦ ᠂ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠂ ᠴᠢᠳᠠᠪᠤᠷᠢᠲᠠᠨ ᠢ ᠢᠯᠡᠷᠡᠭᠦᠯᠬᠦ ᠂ ᠲᠤᠷᠰᠢᠯᠭ᠎ᠠ ᠬᠤᠷᠠᠮᠳᠤᠭᠤᠯᠬᠤ ᠵᠡᠷᠭᠡ ᠳᠥᠷᠪᠡᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ ᠭᠡᠵᠦ ᠵᠢᠭᠠᠵᠤ ᠭᠠᠷᠭᠠᠭᠠᠳ ᠂ ᠡᠷᠡᠭᠦᠸ ᠶᠢᠨ ᠬᠡᠷᠡᠭ ᠦᠨ ᠪᠠᠶᠢᠴᠠᠭᠠᠬᠤ ᠡᠩᠨᠡᠭᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ ᠂ ᠦᠨᠳᠦᠰᠦᠨ ᠣᠨᠣᠯ ᠂ ᠦᠨᠳᠦᠰᠦᠨ ᠴᠢᠳᠠᠪᠤᠷᠢ ᠪᠠ ᠦᠨᠳᠦᠰᠦᠨ ᠬᠡᠪ ᠪᠣᠯᠪᠠᠰᠤᠷᠠᠯ ᠤᠨ ᠬᠥᠮᠦᠵᠢᠭᠦᠯᠦᠯ ᠪᠠ ᠪᠣᠯᠪᠠᠰᠤᠷᠠᠭᠤᠯᠤᠯ ᠢ ᠦᠷᠭᠦᠯᠵᠢᠯᠡᠨ ᠴᠢᠩᠭᠠᠳᠬᠠᠵᠤ ᠂ ᠯᠠᠪᠳᠠᠭᠤᠨ ᠪᠠᠲᠤᠲᠠᠶ ᠬᠡᠷᠡᠭ ᠰᠢᠶᠳᠪᠦᠷᠢᠯᠡᠭᠰᠡᠨ ᠦᠷ᠎ᠡ ᠪᠦᠲᠦᠮᠵᠢ ᠪᠡᠷ ᠥᠪᠥᠷ ᠮᠣᠩᠭᠣᠯ ᠤᠨ ᠡᠷᠡᠭᠦᠸ ᠶᠢᠨ ᠬᠡᠷᠡᠭ ᠦᠨ ᠪᠠᠶᠢᠴᠠᠭᠠᠬᠤ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ ᠃

ᠲᠤᠰ ᠤᠳᠠᠭᠠᠨ ᠤ ᠤᠷᠤᠯᠳᠤᠭᠠᠨ ᠪᠣᠯ 2020 ᠣᠨ ᠠᠴᠠ ᠨᠠᠰᠢᠬᠢ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠵᠢᠨ ᠡᠷᠭᠢᠯᠡᠭᠰᠡᠨ ᠬᠡᠪᠴᠢᠶ᠎ᠡ ᠪᠡᠷ ᠬᠠᠮᠤᠭ ᠤᠨ ᠶᠡᠬᠡ ᠡᠷᠡᠭᠦᠦ ᠶᠢᠨ ᠬᠡᠷᠡᠭ ᠦᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠤᠷᠤᠯᠳᠤᠭᠠᠨ ᠪᠣᠯᠤᠨ᠎ᠠ ᠂ ᠬᠡᠷᠡᠭ ᠰᠢᠶᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠂ ᠡᠷᠡᠭᠦᠦ ᠶᠢᠨ ᠬᠡᠷᠡᠭ ᠦᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠪᠢᠷ ᠦᠨ ᠰᠢᠯᠭᠠᠯᠲᠠ ᠂ ᠠᠷᠭ᠎ᠠ ᠪᠣᠳᠣᠯᠭ᠎ᠠ ᠶᠢᠨ ᠥᠭᠦᠯᠡᠯᠲᠡ ᠶᠢᠨ ᠵᠣᠬᠢᠶᠠᠨ ᠪᠢᠴᠢᠯᠭᠡ ᠪᠠ ᠳᠤᠭᠤᠶᠢᠯᠠᠩ ᠬᠤᠪᠢᠶᠠᠵᠤ 4 ᠡᠳᠦᠷ 4 ᠡᠭᠡᠯᠵᠢ ᠶᠢᠨ ᠰᠢᠷᠦᠭᠦᠨ ᠮᠠᠷᠭᠤᠯᠳᠤᠭᠠᠨ ᠢᠶᠠᠷ ᠳᠡᠮᠵᠢᠨ ᠂ ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶ᠎ᠠ ᠵᠢᠨ ᠲᠠᠶ ᠵᠢᠩ ᠶᠠᠨ ᠵᠡᠷᠭᠡ 10  ᠪᠠᠶᠢᠴᠠᠭᠠᠭᠴᠢ ︽ ᠪᠥᠬᠥ ᠣᠷᠣᠨ ᠤ ᠠᠷᠪᠠᠨ ᠰᠢᠯᠢᠳᠡᠭ ᠠᠯᠪᠠᠨ ᠵᠠᠭᠠᠯᠳᠤᠭᠴᠢ ︾ ᠪᠠᠷ ᠦᠨᠡᠯᠡᠭᠳᠡᠵᠦ ᠂ ᠪᠠᠶᠠᠨᠨᠠᠭᠤᠷ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠶᠢᠨ ᠵᠧᠸ ᠷᠦᠩ ᠵᠡᠷᠭᠡ 10 ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ ︽ ᠪᠥᠬᠥ ᠣᠷᠣᠨ ᠤ ᠡᠷᠡᠭᠦᠸ ᠶᠢᠨ ᠬᠡᠷᠡᠭ ᠦᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠴᠢᠳᠠᠪᠤᠷᠢᠲᠠᠨ ︾ ᠢᠶᠠᠷ ᠦᠨᠡᠯᠡᠭᠳᠡᠵᠦ ᠂ ᠬᠥᠬᠡᠬᠣᠲᠠ ᠶᠢᠨ ᠰᠠᠶᠢᠬᠠᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ ᠶᠢᠨ ᠺᠠᠩ ᠳ᠋ᠦᠩ ᠳ᠋ᠦᠩ ᠵᠡᠷᠭᠡ 9 ᠨᠥᠬᠥᠳ ︽ ᠬᠡᠷᠡᠭ ᠰᠢᠶᠳᠪᠦᠷᠢᠯᠡᠭᠰᠡᠨ ᠰᠢᠯᠢᠳᠡᠭ ᠱᠠᠩᠨᠠᠯ ︾ ︽ ᠰᠢᠯᠢᠳᠡᠭ ᠥᠭᠦᠯᠡᠯ ᠦᠨ ᠱᠠᠩᠨᠠᠯ ︾ ︽ ᠰᠢᠯᠢᠳᠡᠭ ᠮᠠᠷᠭᠤᠭᠠᠨ ᠤ ᠱᠠᠩᠨᠠᠯ ︾ ᠵᠡᠷᠭᠡ ᠲᠠᠩ ᠲᠥᠷᠥᠯ ᠦᠨ ᠱᠠᠩᠨᠠᠯ ᠢ ᠭᠥᠷᠳᠡᠪᠡ ᠃ ᠬᠥᠬᠡᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠵᠡᠷᠭᠡ 3 ᠨᠢᠭᠡᠴᠡ ︽ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ︾ ᠭᠥᠷᠳᠡᠪᠡ ᠃

 

     ᠱᠠᠩᠨᠠᠯ ᠣᠯᠤᠭᠰᠠᠨ ᠨᠡᠷᠡᠰ


ᠪᠦᠬᠦ ᠣᠷᠣᠨ ᠤ ᠠᠷᠪᠠᠨ ᠰᠢᠯᠢᠳᠡᠭ ᠠᠯᠪᠠᠨ ᠵᠠᠭᠠᠯᠳᠤᠭᠴᠢ ᠶᠢᠨ ᠨᠡᠷᠡᠰ

ᠲᠠᠢ ᠵᠢᠩ ᠶᠠᠨ   ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶ᠎ᠠ

ᠾᠧ ᠶᠠ ᠨᠠᠨ   ᠣᠷᠳᠣᠰ ᠬᠣᠲᠠ ᠶᠢᠨ ᠳ᠋ᠦᠩᠱᠧᠩ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ

ᠺᠠᠩ ᠳ᠋ᠦᠩ ᠳ᠋ᠦᠩ   ᠬᠥᠬᠡᠬᠣᠲᠠ ᠶᠢᠨ ᠰᠠᠶᠢᠬᠠᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ

ᠯᠢᠦ ᠴᠦᠨ ᠶᠠᠩ   ᠲᠦᠩᠯᠢᠶᠣᠤ ᠬᠣᠲᠠ ᠶᠢᠨ ᠬᠣᠷᠴᠢᠨ ᠵᠡᠭᠦᠨ ᠭᠠᠷᠤᠨ ᠬᠣᠶᠢᠲᠤ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ

ᠸᠠᠩ ᠭᠤᠸᠠᠩ ᠢᠦᠶ   ᠬᠥᠯᠥᠨ ᠪᠣᠶᠢᠷ ᠬᠣᠲᠠ ᠶᠢᠨ ᠠᠷᠤᠨ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ

ᠹᠠᠨ ᠴᠢᠶᠠᠨ   ᠪᠤᠭᠤᠲᠤ ᠬᠤᠲᠠ ᠶᠢᠨ ᠬᠥᠨᠳᠡᠯᠡᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ

ᠸᠠᠩ ᠢᠩ   ᠬᠥᠬᠡᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ

ᠵᠠᠩ ᠵᠧᠨ ᠢᠦᠢ   ᠪᠤᠭᠤᠲᠤ ᠬᠤᠲᠠ ᠶᠢᠨ ᠳ᠋ᠦᠩ ᠾᠧ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ

ᠰᠢᠤᠢ ᠵᠢᠩ   ᠪᠤᠭᠤᠲᠤ ᠬᠣᠲᠠ ᠶᠢᠨ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ

ᠰᠢᠤᠢ ᠵᠢᠶᠤᠤ ᠵᠢᠶᠤᠤ   ᠲᠦᠩᠯᠢᠶᠣᠤ ᠬᠣᠲᠠ ᠶᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ

 

ᠪᠦᠬᠦ ᠣᠷᠣᠨ ᠤ ᠡᠷᠡᠭᠦᠦ ᠶᠢᠨ ᠬᠡᠷᠡᠭ ᠦᠨ ᠪᠠᠶᠢᠴᠠᠭᠠᠬᠤ ᠠᠵᠢᠯ ᠤᠨ ᠴᠢᠳᠠᠪᠤᠷᠢᠲᠠᠨ ᠤ ᠨᠠᠷᠠᠰ

ᠵᠧᠦ ᠷᠦᠩ   ᠪᠠᠶᠠᠨᠨᠠᠭᠤᠷ ᠬᠤᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ

ᠴᠧᠩ ᠶᠤᠸᠠᠨ ᠵᠧᠨ   ᠬᠢᠩᠭᠠᠨ ᠠᠶᠢᠮᠠᠭ ᠤᠨ ᠷᠠᠰᠢᠶᠠᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ

ᠸᠠᠩ ᠴᠢ   ᠬᠥᠯᠥᠨ  ᠪᠣᠶᠢᠷ  ᠦᠨ ᠵᠠᠯᠠᠨ ᠠᠶᠢᠯ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ

ᠭᠣᠸ ᠷᠦᠢ ᠽᠸ   ᠬᠥᠬᠡᠬᠣᠲᠠ ᠶᠢᠨ ᠰᠢᠨ᠎ᠡ ᠬᠣᠲᠠ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ

ᠯᠢᠦ ᠢᠦᠶ ᠶᠠᠨ   ᠣᠷᠳᠣᠰ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ

ᠶᠠᠩ ᠯᠦ   ᠲᠦᠩᠯᠢᠶᠣᠤ ᠬᠤᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ

ᠵᠠᠩ ᠷᠦ᠋   ᠪᠤᠭᠤᠲᠤ ᠬᠤᠲᠠ ᠶᠢᠨ ᠳ᠋ᠦᠩ ᠾᠧ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ

ᠯᠢ ᠰᠢᠤᠸᠠᠢ   ᠬᠥᠬᠡᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ

ᠾᠧ ᠯᠢᠩ ᠯᠢᠩ   ᠲᠦᠩᠯᠢᠶᠣᠤ ᠬᠣᠲᠠ ᠶᠢᠨ ᠬᠦᠷᠢᠶ᠎ᠡ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ

ᠯᠢ  ᠮᠸᠩ   ᠬᠥᠯᠥᠨ ᠪᠣᠶᠢᠷ  ᠤᠨ ᠭᠡᠭᠡᠨ ᠭᠣᠸᠯ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ

 

ᠬᠡᠷᠡᠭ ᠰᠢᠳᠬᠡᠭᠰᠡᠨ ᠰᠢᠯᠢᠳᠡᠭ ᠱᠠᠩᠨᠠᠯ ᠤᠨ ᠨᠡᠷᠡᠰ

ᠺᠠᠩ ᠳ᠋ᠦᠩ ᠳ᠋ᠦᠩ   ᠬᠥᠬᠡᠬᠣᠲᠠ ᠶᠢᠨ ᠰᠠᠶᠢᠬᠠᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ

ᠲᠠᠢ ᠵᠢᠩ ᠶᠠᠨ   ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶ᠎ᠠ

ᠾᠧ ᠶᠠ ᠨᠠᠨ   ᠣᠷᠳᠣᠰ ᠬᠣᠲᠠ ᠶᠢᠨ ᠳ᠋ᠦᠩᠱᠧᠩ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ

 

ᠰᠢᠯᠢᠳᠡᠭ ᠥᠭᠦᠯᠡᠯ ᠦᠨ ᠱᠠᠩᠨᠠᠯ ᠤᠨ ᠨᠡᠷᠡᠰ

ᠹᠠᠨ ᠴᠢᠶᠠᠨ   ᠪᠤᠭᠤᠲᠤ ᠬᠤᠲᠠ ᠶᠢᠨ ᠬᠥᠨᠳᠡᠯᠡᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ

ᠵᠠᠩ ᠵᠧᠨ ᠢᠦᠢ   ᠪᠤᠭᠤᠲᠤ ᠬᠤᠲᠠ ᠶᠢᠨ ᠳ᠋ᠦᠩ ᠾᠧ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ

ᠯᠢᠦ ᠴᠦᠨ ᠶᠠᠩ   ᠲᠦᠩᠯᠢᠶᠣᠤ ᠬᠣᠲᠠ ᠶᠢᠨ ᠬᠣᠷᠴᠢᠨ ᠵᠡᠭᠦᠨ ᠭᠠᠷᠤᠨ ᠬᠣᠶᠢᠲᠤ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ

 

ᠰᠢᠯᠢᠳᠡᠭ ᠮᠠᠷᠭᠤᠭᠠᠨ ᠤ ᠱᠠᠩᠨᠠᠯ ᠤᠨ ᠨᠡᠷᠡᠰ

ᠵᠠᠩ ᠵᠧᠨ ᠢᠦᠢ   ᠪᠤᠭᠤᠲᠤ ᠬᠤᠲᠠ ᠶᠢᠨ ᠳ᠋ᠦᠩ ᠾᠧ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ

ᠲᠠᠢ ᠵᠢᠩ ᠶᠠᠨ   ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶ᠎ᠠ

ᠭᠣᠸ ᠷᠦᠢ ᠽᠸ   ᠬᠥᠬᠡᠬᠣᠲᠠ ᠶᠢᠨ ᠰᠢᠨ᠎ᠡ ᠬᠣᠲᠠ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ

 

ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠤᠨ ᠨᠡᠷᠡᠰ

ᠬᠥᠬᠡᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ

ᠪᠤᠭᠤᠲᠤ ᠬᠤᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ

ᠲᠦᠩᠯᠢᠶᠣᠤ ᠬᠤᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ

 

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro