ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠤᠳᠠᠲᠦ ᠪᠤᠯᠪᠠᠰᠤᠷᠠᠯ ᠢᠶᠠᠷ ᠲᠤᠬᠠᠶᠢᠯᠠᠬᠰᠠᠨ ᠠᠵᠢᠯ ᠤᠨ ᠤᠷ᠎ᠠ ᠴᠢᠳᠠᠪᠦᠷᠢ ᠪᠠᠨ ᠳᠡᠭᠡᠭᠰᠢᠯᠡᠬᠦᠯᠤᠨ᠎ᠡ

2023-05-17 14:31:45
ᠵᠣᠬᠢᠶᠠᠭᠴᠢ
ᠨᠠᠷᠠᠨᠲᠤᠶᠠᠭ᠎ᠠ

4 ᠰᠠᠷ᠎ᠠ ᠶᠢᠨ 21 ᠤ ᠡᠳᠤᠷ ᠤᠨ ᠦᠳᠡ ᠶᠢᠨ ᠬᠤᠶᠢᠨ᠎ᠡ᠂ ᠭᠤᠷᠪᠡᠨ ᠡᠳᠤᠷ ᠤᠨ ᠬᠤᠭᠤᠴᠠᠭ᠎ᠠ ᠲᠠᠢ ᠶᠠᠪᠤᠬᠳᠠᠬᠰᠠᠨ ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠨᠢᠬᠡᠳᠦᠬᠡᠷ ᠬᠤᠭᠤᠴᠠᠭᠠᠨ ᠤ ᠬᠤᠤᠰ ᠬᠡᠯᠡᠨ ᠤ ᠰᠢᠬᠦᠯᠳᠡ ᠳᠤ ᠤᠷᠤᠯᠴᠠᠬᠤ ᠴᠢᠳᠠᠪᠦᠷᠢ ᠶᠢᠨ ᠪᠤᠯᠪᠠᠰᠤᠷᠠᠯ ᠤᠨ ᠠᠩᠬᠢ ᠰᠢᠯᠢ ᠶᠢᠨ ᠬᠤᠳᠠ ᠳᠤ ᠠᠮᠵᠢᠯᠳᠠ ᠲᠠᠢ ᠰᠤᠷᠤᠯᠭ᠎ᠠ ᠲᠡᠬᠦᠰᠴᠦ᠂ ᠪᠦᠬᠦ ᠤᠷᠤᠨ ᠠᠴᠠ ᠬᠦᠷᠦᠯᠴᠠᠨ ᠢᠷᠡᠭᠰᠡᠨ 50 ᠭᠠᠷᠤᠢ ᠬᠤᠤᠰ ᠬᠡᠯᠡᠨ ᠤ ᠪᠠᠶᠢᠴᠠᠭᠠᠬᠤ ᠠᠵᠢᠯᠳᠡᠨ ᠭᠠᠨᠵᠤᠭ᠎ᠠ ᠲᠦᠭᠦᠷᠡᠩ ᠤᠯᠤᠯᠳᠠ ᠶᠡᠬᠡᠳᠡᠢ ᠰᠤᠷᠤᠯᠭ᠎ᠠ ᠲᠡᠬᠦᠰᠭᠡᠭᠰᠡᠨ ᠪᠠᠶᠢᠨ᠎ᠡ᠃
     

 

 ᠲᠤᠰ ᠤᠳᠠᠭᠠᠨ ᠤ ᠪᠤᠯᠪᠠᠰᠤᠷᠠᠯ ᠨᠢ ᠪᠦᠬᠦ ᠤᠷᠤᠨ ᠤ ᠪᠠᠶᠢᠴᠠᠭᠠᠬᠤ ᠳᠠᠷᠤᠭ᠎ᠠ ᠶᠢᠨ ᠵᠤᠷᠢᠭ ᠰᠠᠨᠠᠭ᠎ᠠ ᠶᠢ ᠬᠦᠨᠵᠡᠬᠡᠢ ᠨᠠᠶᠢᠳᠠᠪᠦᠷᠢᠵᠢᠭᠤᠯᠤᠨ ᠲᠤᠤᠱᠯᠠᠭᠤᠯᠵᠦ᠂ ᠪᠦᠬᠦ ᠤᠷᠤᠨ ᠤ ᠪᠠᠶᠢᠴᠠᠭᠠᠬᠤ ᠡᠩᠨᠡᠭᠡ ᠶᠢᠨ ᠬᠡᠪ ᠪᠤᠯᠪᠠᠰᠤᠷᠠᠯ ᠤᠨ ᠴᠢᠳᠠᠪᠦᠷᠢ ᠶᠢᠨ ᠢᠨᠵᠧᠨ᠋ᠷᠢᠩ ᠤᠨ ᠠᠵᠢᠯ ᠢ ᠰᠠᠶᠢᠳᠤᠷ ᠦᠷᠨᠢᠬᠦᠯᠤᠨ᠂ ᠪᠤᠳᠠᠲᠦ ᠪᠤᠯᠪᠠᠰᠤᠷᠠᠯ ᠢᠶᠠᠷ ᠬᠤᠤᠰ ᠬᠡᠯᠡᠨ ᠤ ᠪᠠᠶᠢᠴᠠᠭᠠᠬᠤ ᠠᠵᠢᠯᠳᠡᠨ ᠤ ᠬᠡᠪ ᠪᠤᠯᠪᠠᠰᠤᠷᠠᠯ ᠤᠨ ᠴᠢᠳᠠᠪᠦᠷᠢ ᠶᠢ ᠳᠡᠭᠡᠭᠰᠢᠯᠡᠬᠦᠯᠵᠦ᠂ ᠦᠨᠳᠤᠰᠤᠳᠠᠨ ᠤ ᠤᠷᠤᠨ ᠤ ᠬᠠᠤᠯᠢ ᠴᠠᠭᠠᠵᠠ ᠶᠢᠨ ᠦᠢᠯᠡᠳᠦᠯᠬᠡ ᠳᠤ ᠢᠳᠡᠪᠬᠢᠳᠡᠢ ᠤᠷᠤᠯᠴᠠᠭᠤᠯᠤᠨ᠂ ᠪᠠᠶᠢᠴᠠᠭᠠᠬᠤ ᠪᠠᠶᠢᠭᠤᠯᠭ᠎ᠠ ᠶᠢᠨ ᠬᠤᠤᠰ ᠬᠡᠯᠡᠨ ᠤ ᠰᠢᠬᠦᠯᠳᠡ ᠳᠤ ᠤᠷᠤᠯᠴᠠᠬᠤ ᠴᠢᠳᠠᠪᠦᠷᠢ ᠶᠢ ᠪᠦᠳᠦᠮᠵᠢᠳᠡᠢ ᠳᠡᠭᠡᠭᠰᠢᠯᠡᠬᠦᠯᠬᠦ ᠶᠢ ᠠᠬᠢᠭᠤᠯᠬᠤ ᠪᠤᠯᠤᠨ᠎ᠡ᠃

 

 

ᠲᠤᠰ ᠤᠳᠠᠭᠠᠨ ᠤ ᠪᠤᠯᠪᠠᠰᠤᠷᠠᠯ ᠳᠤ ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠥᠩ ᠵᠢᠶᠦ᠋ᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠦᠷᠢᠵᠢᠭᠤᠯᠤᠨ — ᠰᠢᠨ᠎ᠡ ᠴᠠᠭ ᠡᠷᠢᠨ ᠤ ᠬᠠᠤᠯᠢ ᠴᠠᠭᠠᠵᠠ ᠶᠢᠨ ᠬᠢᠨᠡᠯᠳᠡ ᠳᠠᠯᠪᠢᠬᠤ ᠠᠵᠢᠯ ᠢ ᠬᠢᠴᠢᠶᠡᠩᠬᠦᠶᠢᠯᠡᠨ ᠬᠦᠢᠴᠡᠳᠭᠡᠬᠦ︾ ᠭᠡᠬᠦ ᠭᠤᠤᠯ ᠰᠡᠳᠦᠪᠲᠦ ᠬᠢᠴᠢᠶᠡᠯ ᠢ ᠸᠢᠳᠢᠤ᠋ ᠬᠡᠯᠪᠡᠷᠢ ᠪᠠᠷ ᠤᠷᠤᠬᠰᠠᠨ ᠪᠠᠶᠢᠨ᠎ᠡ᠃ ᠡᠬᠦᠨ ᠠᠴᠠ ᠭᠠᠳᠠᠨ᠎ᠡ ᠤᠷᠤᠨ ᠤ ᠲᠤᠳᠤᠨ᠎ᠡ ᠭᠠᠳᠠᠨᠠᠬᠢ 7 ᠫᠷᠦᠹᠧᠰᠰᠤᠷ ᠪᠠ ᠪᠦᠬᠦ ᠤᠷᠤᠨ ᠤ ᠰᠢᠯᠢᠳᠡᠭ ᠠᠯᠪᠡᠨ ᠵᠠᠭᠠᠯᠳᠤᠬᠴᠢ ᠶᠢ ᠤᠷᠢᠨ ᠵᠠᠯᠠᠵᠦ ᠬᠢᠴᠢᠶᠡᠯ ᠤᠷᠤᠭᠤᠯᠤᠨ᠂ ᠰᠢ ᠶᠢᠨ ᠫᠢᠩ ᠤᠨ  ᠬᠠᠥᠯᠢ ᠪᠠᠷ ᠵᠠᠰᠠᠬᠤ ᠦᠵᠠᠯ ᠰᠠᠨᠠᠭ᠎ᠠ᠂ ᠲᠤᠮᠳᠠᠲᠦ ᠶᠢᠨ ᠦᠨᠳᠦᠰᠤᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ᠂ ᠬᠠᠮᠤᠭ ᠰᠢᠨ᠎ᠡ ᠬᠠᠤᠯᠢ ᠴᠠᠭᠠᠵᠠ ᠶᠢᠨ ᠨᠡᠷ᠎ᠡ ᠲᠤᠮᠢᠶ᠎ᠠ ᠵᠢᠴᠢ ᠪᠠᠶᠢᠴᠠᠭᠠᠬᠤ ᠬᠠᠤᠯᠢ ᠴᠠᠭᠠᠵᠠ ᠶᠢᠨ ᠪᠢᠴᠢᠭ  ᠬᠠᠷ᠎ᠠ ᠶᠢ ᠬᠡᠷᠬᠢᠨ ᠪᠢᠴᠢᠬᠦ᠂ ᠡᠷᠡᠬᠦᠦ ᠶᠢᠨ ᠬᠡᠷᠡᠭ ᠤᠨ ᠰᠢᠬᠦᠯᠳᠡ ᠳᠤ ᠤᠷᠤᠯᠴᠠᠬᠤ ᠠᠩᠬᠠᠷᠬᠤ ᠵᠤᠶᠢᠯᠡᠰ᠂ ᠠᠯᠪᠡᠨ ᠵᠠᠭᠠᠯᠳᠤᠬᠳᠠᠴᠢ ᠶᠢᠨ ᠰᠢᠬᠦᠯᠳᠡ ᠳᠤ ᠤᠷᠤᠯᠴᠠᠬᠤ ᠪᠤᠳᠠᠲᠦ ᠪᠤᠯᠪᠠᠰᠤᠷᠠᠯ ᠵᠢᠴᠢ ᠤᠷᠴᠢᠭᠤᠯᠭ᠎ᠠ ᠶᠢᠨ ᠤᠷ᠎ᠠ ᠮᠡᠷᠭᠡᠵᠢᠯ ᠵᠡᠷᠭᠡ ᠡᠯᠪᠡᠭ ᠪᠠᠶᠠᠯᠢᠭ ᠭᠢᠴᠢᠶᠡᠯ ᠤᠨ ᠠᠭᠤᠯᠭ᠎ᠠ ᠶᠢ ᠲᠤᠬᠢᠷᠠᠭᠤᠯᠤᠨ᠂ ᠰᠤᠷᠤᠯᠴᠠᠬᠰᠠᠳ ᠲᠤ ᠠᠳᠠᠯᠢ ᠪᠤᠰᠤ ᠪᠤᠯᠪᠠᠰᠤᠷᠠᠯ ᠤᠨ ᠱᠠᠭᠠᠷᠳᠠᠯᠭ᠎ᠠ ᠶᠢ ᠬᠠᠩᠭᠠᠵᠦ᠂ ᠲᠡᠳᠡᠨᠠᠷ ᠤᠨ ᠲᠤᠬᠠᠶᠢᠯᠠᠬᠰᠠᠨ ᠠᠵᠢᠯ ᠤᠨ ᠪᠤᠯᠪᠠᠰᠤᠷᠠᠯ ᠢ ᠳᠡᠭᠡᠭᠰᠢᠯᠡᠬᠦᠯᠬᠦ ᠳᠤ ᠪᠤᠯᠪᠠᠰᠤᠷᠠᠯ ᠤᠨ ᠳᠠᠪᠴᠠᠩ ᠬᠠᠩᠭᠠᠬᠰᠠᠨ ᠪᠠᠶᠢᠨ᠎ᠡ᠃
       

 

4 ᠰᠠᠷ᠎ᠠ ᠶᠢᠨ 20 ᠤ ᠡᠳᠤᠷ᠂ ᠰᠢᠯᠢ ᠶᠢᠨ ᠭᠤᠤᠯ ᠠᠶᠢᠮᠠᠭ ᠤᠨ ᠲᠤᠮᠳᠠ ᠵᠡᠷᠭᠡ ᠶᠢᠨ ᠠᠷᠠᠳ ᠤᠨ ᠰᠢᠬᠦᠬᠦ ᠬᠤᠷᠢᠶᠡᠨ ᠳᠤ ᠰᠤᠷᠤᠯᠴᠠᠬᠰᠠᠳ ᠠᠯᠤᠰ ᠡᠵᠡᠮᠰᠢᠲᠦ ᠸᠢᠳᠢᠤ᠋ ᠶᠢᠨ ᠬᠡᠯᠪᠡᠷᠢ ᠪᠠᠷ ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠡᠨ ᠤ ᠠᠯᠪᠠᠨ ᠵᠠᠭᠠᠯᠳᠤᠯᠭ᠎ᠠ ᠭᠠᠷᠭᠠᠬᠰᠠᠨ ᠨᠢᠬᠡᠨ ᠵᠤᠷᠢᠭᠤᠳᠠ ᠬᠦᠮᠦᠨ ᠠᠯᠠᠬᠰᠠᠨ ᠬᠡᠷᠡᠭ ᠤᠨ ᠲᠢᠩᠬᠢᠮ ᠤᠨ ᠰᠢᠬᠦᠯᠳᠡ ᠶᠢ ᠦᠵᠡᠭᠰᠡᠨ ᠪᠠᠶᠢᠨ᠎ᠡ᠃ ᠲᠢᠩᠬᠢᠮ ᠤᠨ ᠰᠢᠬᠦᠯᠳᠡ ᠳᠤ ᠰᠢᠬᠦᠬᠦ ᠲᠢᠩᠬᠢᠮ ᠤᠨ ᠰᠠᠬᠢᠯᠭ᠎ᠠ ᠪᠠᠲᠦ ᠶᠢ ᠨᠡᠶᠢᠳᠡᠯᠡᠬᠦ ᠠᠴᠠ ᠬᠡᠷᠡᠴᠢ ᠭᠠᠷᠭᠠᠬᠤ ᠭᠡᠷᠡᠴᠢ ᠲᠤᠯᠭᠠᠬᠤ ᠬᠦᠷᠳᠡᠯ᠎ᠡ᠂ ᠰᠢᠬᠦᠬᠦ ᠲᠢᠩᠬᠢᠮ ᠤᠨ ᠮᠠᠷᠭᠤᠯᠳᠤᠬᠤ ᠪᠦᠬᠦᠶᠢᠯᠡ ᠶᠠᠪᠤᠴᠠ ᠳᠤ ᠬᠠᠤᠯᠢ ᠴᠠᠭᠠᠵᠠ ᠶᠢᠨ ᠲᠦᠷᠢᠮᠵᠢᠭᠰᠡᠨ ᠦᠬᠡ ᠶᠠᠷᠢᠶ᠎ᠠ ᠶᠢ ᠬᠡᠷᠡᠭᠯᠡᠵᠦ᠂ ᠠᠯᠪᠡᠨ ᠵᠠᠭᠠᠯᠳᠤᠬᠴᠢ ᠠᠴᠠ ᠬᠤᠤᠰ ᠬᠡᠯᠡ ᠪᠠᠷ ᠲᠢᠩᠬᠢᠮ ᠳᠤ ᠭᠠᠷᠭᠠᠬᠤ ᠪᠡᠯᠡᠳᠬᠡᠯ ᠲᠦᠰᠦᠯ ᠢ ᠪᠡᠯᠡᠳᠭᠡᠵᠦ᠂ ᠬᠡᠷᠡᠭ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠤᠨᠤᠪᠴᠢᠳᠡᠢ ᠤᠷᠴᠢᠭᠤᠯᠤᠨ᠂ ᠬᠠᠤᠯᠢ ᠴᠠᠭᠠᠵᠠ ᠲᠦᠷᠢᠮ ᠲᠤᠬᠳᠠᠭᠠᠯ ᠢ ᠤᠨᠤᠪᠴᠢᠳᠡᠢ ᠲᠤᠬᠢᠷᠠᠭᠤᠯᠤᠨ ᠬᠡᠷᠡᠭᠯᠡᠵᠦ᠂ ᠬᠤᠤᠰ ᠬᠡᠯᠡᠨ ᠤ ᠪᠠᠶᠢᠴᠠᠭᠠᠬᠤ ᠲᠤᠰᠢᠶᠡᠯᠳᠡᠨ ᠤ ᠲᠢᠩᠬᠢᠮ ᠳᠤ ᠭᠠᠷᠴᠦ ᠠᠯᠪᠡᠨ ᠵᠠᠭᠠᠯᠳᠤᠯᠭ᠎ᠠ ᠬᠢᠬᠦ ᠴᠢᠳᠠᠪᠦᠷᠢ ᠶᠢ ᠢᠯᠡᠷᠡᠬᠦᠯᠦᠭᠰᠡᠨ ᠢᠶᠠᠷ ᠪᠠᠷᠠᠬᠤ ᠦᠬᠡᠢ᠂ ᠵᠠᠭᠠᠯᠳᠤᠬᠳᠠᠬᠴᠢ ᠶᠢᠨ ᠲᠤᠰ ᠦᠨᠳᠦᠰᠦᠳᠡᠨ ᠤ ᠦᠬᠡ ᠬᠡᠯᠡ ᠪᠠᠷ ᠢᠶᠠᠨ ᠵᠠᠷᠭᠤᠯᠳᠤᠬᠤ ᠡᠷᠬᠡ ᠶᠢ ᠨᠢ ᠬᠦᠢᠴᠡᠳ ᠪᠠᠳᠤᠯᠠᠬᠰᠠᠨ ᠪᠠᠶᠢᠨ᠎ᠡ᠃ ᠲᠤᠰ ᠬᠡᠷᠡᠭ ᠤᠨ ᠰᠢᠬᠦᠯᠳᠡ ᠶᠢᠨ ᠳᠠᠷᠠᠭ᠎ᠠ᠂ ᠲᠤᠰ ᠬᠡᠷᠡᠭ ᠢ ᠭᠠᠷᠳᠠᠨ ᠰᠢᠳᠬᠡᠭᠰᠡᠨ ᠪᠠᠶᠢᠴᠠᠭᠠᠬᠤ ᠲᠤᠰᠢᠶᠡᠯᠳᠡᠨ ᠠᠴᠠ ᠬᠡᠷᠡᠭ ᠤᠨ ᠪᠤᠳᠠᠲᠦ ᠪᠠᠶᠢᠳᠠᠯ᠂ ᠬᠠᠤᠯᠢ ᠴᠠᠭᠠᠵᠠ ᠶᠢᠨ ᠲᠤᠬᠢᠷᠠᠭᠤᠯᠤᠨ ᠬᠡᠷᠡᠭᠯᠡᠯᠳᠡ ᠵᠢᠴᠢ ᠰᠢᠬᠦᠯᠳᠡ ᠳᠤ ᠤᠷᠤᠯᠴᠠᠬᠤ ᠦᠶᠡᠰ ᠤᠨ ᠪᠡᠯᠡᠳᠬᠡᠯ ᠲᠦᠰᠤᠯ ᠢ ᠪᠡᠯᠡᠳᠭᠡᠬᠦ ᠶᠠᠪᠤᠴᠠ ᠶᠢᠨ ᠲᠤᠬᠠᠢ ᠰᠤᠷᠤᠯᠴᠠᠬᠰᠠᠳ ᠲᠠᠢ ᠴᠢᠯᠦᠬᠡᠳᠡᠢ ᠪᠠᠷ ᠶᠠᠷᠢᠯᠴᠠᠭ᠎ᠠ ᠦᠷᠨᠢᠬᠦᠯᠪᠡ᠃
      ᠲᠤᠰ ᠤᠳᠠᠭᠠᠨ ᠤ ᠪᠤᠯᠪᠠᠰᠤᠷᠠᠯ ᠨᠢ ᠪᠤᠳᠠᠲᠦ ᠦᠢᠯᠡᠳᠦᠯᠬᠡ ᠪᠠᠷ ᠵᠢᠯᠤᠭᠤᠳᠤᠮᠵᠢ ᠪᠤᠯᠭᠠᠨ᠂ ᠠᠵᠢᠯ ᠤᠨ ᠪᠠᠶᠢᠷᠢ ᠶᠢᠨ ᠪᠤᠯᠪᠠᠰᠤᠷᠠᠯ ᠢ ᠦᠷᠨᠢᠬᠦᠯᠵᠦ᠂ ᠬᠤᠤᠰ ᠬᠡᠯᠡᠨ ᠤ ᠠᠯᠪᠡᠨ ᠵᠠᠭᠠᠯᠳᠤᠭᠴᠢ ᠶᠢᠨ ᠡᠩᠨᠡᠬᠡᠨ ᠤ ᠲᠤᠰᠬᠠᠶᠢᠵᠢᠬᠰᠡᠨ ᠬᠢᠷᠢ ᠲᠦᠪᠰᠢᠨ ᠢ ᠳᠡᠭᠡᠭᠰᠢᠯᠡᠬᠦᠯᠬᠦ ᠴᠢᠬᠤᠯᠠ ᠠᠷᠭ᠎ᠠ ᠬᠡᠮᠵᠢᠶ᠎ᠠ ᠪᠤᠯᠤᠨ᠎ᠡ᠃ ᠬᠤᠤᠰ ᠬᠡᠯᠡᠨ ᠤ ᠠᠯᠪᠡᠨ ᠵᠠᠭᠠᠯᠳᠤᠬᠳᠠᠴᠢ ᠶᠢᠨ ᠰᠢᠬᠦᠯᠳᠡ ᠳᠤ ᠤᠷᠤᠯᠴᠠᠬᠤ ᠴᠢᠳᠠᠪᠦᠷᠢ ᠶᠢ ᠤᠯᠠᠮ ᠨᠢᠬᠡ ᠠᠯᠬᠤᠮ ᠳᠡᠭᠡᠭᠰᠢᠯᠡᠬᠦᠯᠬᠦ ᠶᠢᠨ ᠲᠦᠯᠦᠬᠡ᠂  ᠰᠢᠭᠦᠯᠲᠡ ᠵᠢᠨ ᠪᠤᠳᠠᠲᠤ ᠲᠠᠯᠠᠪᠤᠷ  ᠤᠨ ᠪᠤᠯᠪᠠᠰᠤᠷᠠᠯ ᠤᠨ ᠬᠡᠯᠪᠡᠷᠢ ᠳᠤ ᠰᠢᠨ᠎ᠡ ᠶᠢ ᠡᠬᠦᠳᠴᠦ᠂ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠰᠢᠢᠳᠪᠦᠷᠢᠯᠡᠬᠦ ᠦᠷ᠎ᠡ ᠠᠰᠢᠭ ᠢ ᠳᠡᠭᠡᠭᠰᠢᠯᠡᠬᠦᠯᠬᠦ ᠳᠤ ᠲᠦᠯᠬᠢᠬᠦ ᠬᠦᠴᠦᠨ ᠦᠵᠡᠬᠦᠯᠦᠭᠰᠡᠨ ᠪᠠᠶᠢᠨ᠎ᠡ᠃
       

ᠢᠷᠡᠯᠲᠡ
ᠰᠢᠯᠢ ᠵᠢᠨ ᠭᠣᠣᠯ ᠠᠶᠢᠮᠠᠭ ᠤᠨ ᠪᠠᠶᠢᠴᠠᠭᠠᠬᠤ ᠬᠣᠪᠢᠶᠠᠷᠢ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro