ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠬᠡᠪ ᠴᠢᠳᠠᠪᠤᠷᠢ ᠪᠠᠷ ᠦᠨᠳᠦᠰᠦᠨ ᠱᠠᠲᠤᠨ ᠤ ᠪᠠᠶᠢᠴᠠᠭᠠᠬᠤ ᠳᠠᠷᠤᠭ᠎ᠠ  ᠶᠢᠨ ᠲᠤᠰᠢᠶᠠᠯ ᠬᠠᠷᠢᠭᠤᠴᠠᠯᠭ᠎ᠠ  ᠪᠠᠨ  ᠭᠦᠢᠴᠡᠳᠬᠡᠬᠦ  ᠴᠢᠳᠠᠪᠤᠷᠢ ᠶᠢ  ᠳᠡᠭᠡᠭᠰᠢᠯᠡᠭᠦᠯᠦᠨ᠎ᠡ 

2023-05-31 20:11:09
ᠵᠣᠬᠢᠶᠠᠭᠴᠢ
ᠨᠠᠪᠴᠢ

 

《ᠭᠡᠷ  ᠪᠠᠷᠢᠶ᠎ᠠ ᠭᠡᠪᠡᠯ ᠤᠷᠢᠳᠠᠪᠠᠷ ᠰᠠᠭᠤᠷᠢ ᠶᠢ ᠨᠢ ᠵᠠᠰᠠᠮᠤᠶ᠃》 ᠦᠨᠳᠦᠰᠦᠨ ᠱᠠᠲᠤᠨ ᠤ ᠪᠠᠶᠢᠴᠠᠭᠠᠬᠤ ᠬᠣᠷᠢᠶ᠎ᠠ ᠪᠣᠯ ᠮᠠᠨ ᠤ ᠤᠯᠤᠰ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠤᠨ ᠦᠨᠳᠦᠰᠦᠨ ᠱᠠᠲᠤᠨ ᠤ ᠰᠠᠭᠤᠷᠢ ᠮᠥᠨ᠂ ᠨᠠᠮ ᠤᠨ ᠬᠠᠤᠯᠢ ᠪᠠᠷᠢᠬᠤ ᠠᠷᠭ᠎ᠠ ᠵᠠᠮ ᠢᠶᠠᠷ ᠳᠠᠮᠵᠢᠭᠤᠯᠤᠨ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠪᠠᠷᠢᠯᠳᠤᠯᠭ᠎ᠠ ᠶᠢ ᠪᠠᠲᠤᠯᠠᠬᠤ ᠴᠢᠬᠤᠯᠠ ᠬᠣᠯᠪᠣᠭᠠᠰᠤ ᠮᠥᠨ᠂ ᠦᠨᠳᠦᠰᠦᠨ ᠱᠠᠲᠤᠨ ᠤ ᠪᠠᠶᠢᠴᠠᠭᠠᠬᠤ ᠳᠠᠷᠤᠭ᠎ᠠ ᠪᠣᠯ ᠠᠷᠠᠳ ᠤᠯᠠᠨ ᠠᠴᠠ ᠬᠠᠮᠤᠭ ᠤᠨ ᠣᠶᠢᠷ᠎ᠠ ᠪᠠᠶᠢᠭ᠎ᠠ ᠭᠠᠵᠠᠷ  ᠲᠤ ᠡᠷᠡᠰ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ 《ᠨᠢᠭᠡᠳᠦᠭᠡᠷ ᠹᠷᠣᠨᠲ᠋ ᠤᠨ ᠵᠢᠯᠤᠭᠤᠳᠤᠭᠴᠢ》 ᠮᠥᠨ᠃

 

 


         5 ᠰᠠᠷ᠎ᠠ ᠶᠢᠨ 21 ᠡᠴᠡ 27 ᠤ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠥᠪᠡᠷᠲᠡᠭᠡᠨ ᠵᠠᠰᠠᠬᠤ ᠣᠷᠣᠨ ᠤ ᠰᠢ ᠵᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠪᠦᠬᠦ ᠣᠷᠣᠨ ᠤ ᠪᠠᠶᠢᠴᠠᠭᠠᠬᠤ ᠡᠩᠨᠡᠭᠡᠨ ᠦ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠦᠨ ᠲᠥᠰᠦᠯ ᠢ ᠪᠦᠬᠦ ᠲᠠᠯ᠎ᠠ  ᠪᠠᠷ ᠬᠡᠷᠡᠭᠵᠢᠭᠦᠯᠵᠦ ᠪᠠᠶᠢᠭ᠎ᠠ ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠲᠤᠯᠤᠭᠠᠨ ᠡᠳᠦᠷ ᠦᠨ ᠬᠤᠭᠤᠴᠠᠭ᠎ᠠ ᠲᠠᠶ ᠪᠥᠬᠥ ᠣᠷᠣᠨ ᠤ ᠦᠨᠳᠦᠰᠦᠨ ᠱᠠᠲᠤᠨ ᠤ ᠪᠠᠶᠢᠴᠠᠭᠠᠬᠤ ᠳᠠᠷᠤᠭ᠎ᠠ ᠶᠢᠨ ᠬᠡᠪ ᠴᠢᠳᠠᠪᠤᠷᠢ  ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠵᠦ ᠂ ᠬᠡᠪ ᠴᠢᠳᠠᠪᠤᠷᠢ ᠪᠠᠷ ᠦᠨᠳᠦᠰᠦᠨ ᠱᠠᠲᠤᠨ ᠤ ᠪᠠᠶᠢᠴᠠᠭᠠᠬᠤ ᠳᠠᠷᠤᠭ᠎ᠠ  ᠶᠢᠨ ᠲᠤᠰᠢᠶᠠᠯ ᠬᠠᠷᠢᠭᠤᠴᠠᠯᠭ᠎ᠠ  ᠪᠠᠨ  ᠭᠦᠢᠴᠡᠳᠬᠡᠬᠦ  ᠴᠢᠳᠠᠪᠤᠷᠢ ᠶᠢ   ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ 105 ᠦᠨᠳᠦᠰᠦᠨ ᠱᠠᠲᠤᠨ ᠤ ᠪᠠᠶᠢᠴᠠᠭᠠᠬᠤ ᠳᠠᠷᠤᠭ᠎ᠠ ᠪᠣᠯᠪᠠᠰᠤᠷᠠᠯ ᠳᠤ ᠣᠷᠣᠯᠴᠠᠪᠠ ᠃

 

 

ᠲᠣᠰ ᠤᠳᠠᠭᠠᠨ ᠤ ᠪᠣᠯᠪᠠᠰᠤᠷᠠᠯ ᠪᠣᠯ ᠪᠥᠬᠥ ᠣᠷᠣᠨ ᠤ ᠪᠠᠶᠢᠴᠠᠭᠠᠬᠤ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠸᠱᠯᠠᠭᠤᠯᠤᠨ ᠨᠠᠶᠢᠳᠠᠪᠤᠷᠢᠵᠢᠭᠤᠯᠵᠤ ᠂ ᠭᠣᠸᠯ ᠰᠡᠳᠦᠪᠲᠦ ᠬᠥᠮᠦᠵᠢᠯ ᠦᠨ ︽ ᠦᠵᠡᠯ ᠰᠠᠨᠠᠭ᠎ᠠ ᠶᠢ ᠰᠤᠷᠤᠯᠴᠠᠬᠤ ᠂ ᠨᠠᠮᠴᠢ ᠴᠢᠨᠠᠷ ᠢ ᠴᠢᠩᠭᠠᠳᠬᠠᠬᠤ ᠂ ᠦᠶᠯᠡᠳᠦᠯᠭᠡ ᠶᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠶᠢᠭᠤᠯᠬᠤ ︾ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠨ ᠂ ᠦᠨᠳᠦᠰᠦᠨ ᠱᠠᠲᠤᠨ ᠤ ᠰᠠᠭᠤᠷᠢ ᠶᠢ ᠪᠡᠬᠢᠵᠢᠭᠦᠯᠵᠦ ᠂ ︽ ᠵᠠᠩᠭᠢᠯᠠᠭ᠎ᠠ ᠶᠢᠨ ᠴᠥᠭᠡᠨ ᠲᠣᠭᠠᠲᠠᠨ ︾ ᠢ ᠰᠠᠶᠢᠲᠤᠷ ᠠᠳᠬᠤᠵᠤ ᠂ ᠦᠨᠳᠦᠰᠦᠨ ᠱᠠᠲᠤᠨ ᠤ ᠪᠠᠶᠢᠴᠠᠭᠠᠬᠤ ᠳᠠᠷᠤᠭ᠎ᠠ ᠶᠢᠨ ᠬᠡᠪ ᠴᠢᠨᠠᠷ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠂ ᠪᠥᠬᠥ ᠣᠷᠣᠨ ᠤ ᠪᠠᠶᠢᠴᠠᠭᠠᠬᠤ ᠡᠩᠨᠡᠭᠡ ᠶᠢᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠦᠨ ᠭᠦᠨᠵᠡᠭᠡᠶᠢᠷᠡᠨ ᠬᠡᠷᠡᠭᠵᠢᠭᠦᠯᠦᠭᠳᠡᠬᠦ ᠶᠢ ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠳᠡᠭᠡᠳᠦ ᠬᠡᠮᠵᠢᠶ᠎ᠡ ᠪᠡᠷ ᠴᠢᠬᠤᠯᠠᠴᠢᠯᠠᠨ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠥᠪᠡᠷ ᠦᠨ ᠪᠡᠶ᠎ᠡ ᠪᠡᠷ ᠢᠶᠡᠨ ᠠᠳᠬᠤᠨ ᠪᠠᠭᠰᠢ ᠨᠠᠷ ᠢ ᠪᠣᠯᠪᠠᠰᠤᠷᠠᠭᠤᠯᠵᠤ ᠂ ᠪᠣᠯᠪᠠᠰᠤᠷᠠᠯ ᠤᠨ ᠬᠢᠴᠢᠶᠡᠯ ᠢ ᠬᠢᠨᠠᠨ ᠬᠠᠷᠭᠤᠭᠤᠯᠵᠤ ᠂ ᠪᠣᠯᠪᠠᠰᠤᠷᠠᠯ ᠤᠨ ᠲᠥᠯᠥᠪᠯᠡᠭᠡ ᠶᠢ ᠬᠢᠨᠠᠨ ᠲᠣᠭᠲᠠᠭᠠᠵᠤ ᠂ ᠲᠡᠷᠡᠴᠢᠯᠡᠨ ︽ᠴᠢᠭᠯᠡᠯ ᠢᠶᠡᠨ ᠲᠣᠳᠣᠷᠬᠠᠶᠢᠯᠠᠵᠤ  ᠣᠷᠣᠨ ᠪᠠᠶᠢᠷᠢ ᠪᠠᠨ ᠣᠨᠣᠪᠴᠢᠲᠠᠢ ᠡᠷᠢᠵᠦ  ᠴᠢᠳᠠᠪᠤᠷᠢ ᠪᠠᠨ ᠳᠡᠭᠡᠭᠰᠢᠯᠡᠭᠦᠯᠵᠦ  ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ  ᠥᠪᠥᠷ ᠮᠣᠩᠭᠣᠯ ᠤᠨ ᠪᠠᠶᠢᠴᠠᠭᠠᠬᠤ ᠠᠵᠢᠯ ᠤᠨ ᠡᠮᠦᠨ᠎ᠡ ᠹᠷᠣᠨᠲ᠋ ᠤᠨ ᠵᠢᠯᠤᠭᠤᠳᠤᠬᠴᠢ ᠪᠣᠯᠬᠤ ᠬᠡᠷᠡᠭᠲᠡᠢ︾ ᠭᠡᠬᠦ ᠰᠡᠳᠦᠪ ᠢᠶᠡᠷ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠵᠦ᠂ 《ᠲᠡᠦᠬᠡ  ᠶᠢᠨ ᠣᠷᠣᠨ ᠪᠠᠶᠢᠷᠢ  ᠶᠢ ᠡᠵᠡᠮᠳᠡᠵᠦ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠴᠠᠭᠠᠬᠤ ᠳᠦᠷᠢᠮ ᠦᠨ ᠦᠨᠳᠦᠰᠦ ᠰᠠᠭᠤᠷᠢ  ᠶᠢ ᠵᠥᠪ ᠣᠨᠣᠪᠴᠢᠲᠠᠶ ᠲᠠᠨᠢᠵᠤ ᠡᠵᠡᠮᠰᠢᠬᠦ ᠬᠡᠷᠡᠭᠲᠡᠶ 》 《 ᠴᠠᠭ ᠦᠶ᠎ᠡ ᠶᠢᠨ ᠪᠠᠶᠢᠷᠢ ᠲᠣᠭᠲᠠᠭᠠᠯᠲᠠ  ᠶᠢ ᠪᠣᠳᠣᠯᠬᠢᠯᠠᠨ ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠤᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠡᠴᠡ ᠵᠠᠶᠢᠯᠠᠰᠬᠢᠬᠦ ᠶᠢᠨ ᠠᠷᠭ᠎ᠠ ᠦᠭᠡᠶ ᠶᠤᠮ 》 《 ᠤᠮᠠᠷᠠᠲᠤ ᠬᠢᠯᠢ ᠶᠢᠨ ᠣᠷᠣᠨ ᠪᠠᠶᠢᠷᠢ ᠳᠤ ᠰᠠᠭᠤᠷᠢᠯᠠᠵᠤ ᠂ ᠦᠵᠡᠰᠬᠦᠯᠡᠩᠲᠦ ᠰᠠᠶᠢᠬᠠᠨ ᠥᠪᠥᠷ ᠮᠣᠩᠭᠣᠯ ᠢ ᠪᠦᠲᠦᠭᠡᠨ ᠪᠠᠶᠢᠭᠤᠯᠬᠤ ᠶᠢᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠬᠡᠷᠡᠭᠲᠡᠶ 》 《 ᠰᠠᠭᠤᠷᠢ ᠪᠣᠯᠬᠤ ᠪᠠᠶᠢᠷᠢ ᠰᠠᠭᠤᠷᠢ ᠪᠠᠨ ᠪᠠᠲᠤᠳᠬᠠᠵᠤ ᠂ ᠦᠨᠳᠦᠰᠦᠨ ᠱᠠᠲᠤᠨ ᠤ ᠪᠠᠶᠢᠴᠠᠭᠠᠬᠤ ᠠᠵᠢᠯ ᠢ ᠪᠦᠬᠦ ᠬᠦᠴᠦᠨ ᠢᠶᠡᠷ ᠢᠶᠡᠨ ᠰᠠᠶᠢᠲᠤᠷ ᠬᠢᠬᠦ ᠬᠡᠷᠡᠭᠲᠡᠶ 》 《 ᠭᠣᠣᠯ ᠬᠠᠷᠢᠭᠤᠴᠠᠯᠭ᠎ᠠ ᠶᠢᠨ ᠲᠤᠰᠢᠶᠠᠯ ᠤᠨ ᠪᠠᠶᠢᠷᠢᠨ ᠳᠤ ᠪᠠᠨ ᠂ ᠪᠠᠶᠢᠴᠠᠭᠠᠬᠤ ᠦᠢᠯᠡᠰ ᠦᠨ ᠬᠥᠭᠵᠢᠯᠲᠡ ᠶᠢᠨ ᠡᠮᠦᠨ᠎ᠡ ᠹᠷᠣᠨᠲ᠋ ᠤᠨ ᠳᠠᠭᠠᠭᠤᠯᠤᠭᠴᠢ ᠪᠣᠯᠬᠤ ᠬᠡᠷᠡᠭᠲᠡᠢ︾ ᠭᠡᠬᠦ ᠲᠠᠪᠤᠨ ᠲᠠᠯ᠎ᠠ ᠪᠠᠷ ᠪᠦᠬᠦ ᠦᠨᠳᠦᠰᠦᠨ ᠱᠠᠲᠤᠨ ᠤ ᠪᠠᠶᠢᠴᠠᠭᠠᠬᠤ ᠳᠠᠷᠤᠭ᠎ᠠ ᠳᠤ ︽ᠠᠩᠬᠠᠨ ᠤ ᠬᠢᠴᠢᠶᠡᠯ︾ ᠢ ᠵᠢᠭᠠᠵᠤ᠂ ᠦᠨᠳᠦᠰᠦᠨ ᠱᠠᠲᠤᠨ ᠤ ᠪᠠᠶᠢᠴᠠᠭᠠᠬᠤ ᠠᠵᠢᠯ ᠢ ᠰᠠᠶᠢᠲᠤᠷ  ᠬᠢᠵᠦ᠂ 
︽ᠡᠮᠦᠨ᠎ᠡ ᠹᠷᠣᠨᠲ᠋ ᠤᠨ ᠵᠢᠯᠤᠭᠤᠳᠤᠭᠴᠢ︾ ᠪᠣᠯᠬᠤ ᠠᠵᠢᠯ ᠤᠨ ᠠᠷᠭ᠎ᠠ ᠶᠢ ᠲᠣᠳᠣᠷᠬᠠᠶᠢᠯᠠᠨ ᠲᠠᠶᠢᠯᠪᠤᠷᠢᠯᠠᠵᠤ᠂ ︽ᠪᠠᠶᠢᠴᠠᠭᠠᠬᠤ ᠪᠠᠶᠢᠭᠤᠯᠭ᠎ᠠ ᠬᠠᠮᠢᠭ᠎ᠠ ᠠᠴᠠ ᠢᠷᠡᠭᠰᠡᠨ᠂ ᠬᠠᠮᠢᠭᠠᠰᠢ ᠪᠠᠨ ᠣᠴᠢᠬᠤ︾ ᠵᠢ ᠭᠦᠨᠵᠡᠭᠡᠢ ᠵᠠᠳᠠᠯᠤᠭᠰᠠᠨ ᠪᠠᠶᠢᠨ᠎ᠠ᠃ ᠪᠢᠳᠡ ᠬᠡᠨ ᠦ ᠲᠥᠯᠥᠭᠡ ᠬᠢᠬᠦ᠂ ᠬᠡᠷᠬᠢᠨ ᠬᠢᠬᠦ》 ᠠᠰᠠᠭᠤᠳᠠᠯ ᠢ ᠰᠢᠶᠳᠪᠦᠷᠢᠯᠡᠵᠦ᠂ ᠦᠨᠳᠦᠰᠦᠨ ᠱᠠᠲᠤᠨ ᠤ ᠪᠠᠶᠢᠴᠠᠭᠠᠬᠤ ᠳᠠᠷᠤᠭ᠎ᠠ ᠶᠢᠨ ᠦᠨᠳᠦᠰᠦᠨ ᠱᠠᠲᠤᠨ ᠤ ᠪᠠᠶᠢᠴᠠᠭᠠᠬᠤ ᠠᠵᠢᠯ ᠢ ᠰᠠᠶᠢᠲᠤᠷ ᠬᠢᠬᠦ ᠲᠡᠦᠬᠡᠨ ᠢᠲᠡᠭᠡᠯ᠂ ᠪᠣᠳᠠᠲᠤ ᠠᠬᠤᠶ ᠶᠢᠨ ᠢᠲᠡᠭᠡᠯ᠂ ᠡᠭᠦᠷᠭᠡ ᠶᠢᠨ ᠢᠲᠡᠭᠡᠯ ᠪᠠ ᠴᠢᠳᠠᠪᠤᠷᠢ ᠶᠢᠨ ᠢᠲᠡᠭᠡᠯ ᠢ ᠦᠨᠡᠨ ᠬᠦ ᠨᠡᠮᠡᠭᠳᠡᠭᠦᠯᠪᠡ᠃

 

 

 ᠪᠣᠯᠪᠠᠰᠤᠷᠠᠯ ᠨᠢ ᠬᠡᠷᠡᠭᠴᠡᠭᠡ ᠪᠡᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ 《ᠶᠠᠭᠤ  ᠳᠤᠲᠠᠪᠠᠯ ᠶᠠᠭᠤ ᠨᠥᠬᠥᠪᠥᠷᠢᠯᠡᠬᠦ᠂ ᠶᠠᠭᠤ ᠬᠢᠪᠡᠯ ᠶᠠᠭᠤ ᠶᠢ ᠰᠤᠷᠬᠤ》 ᠵᠠᠷᠴᠢᠮ ᠶᠣᠰᠣᠭᠠᠷ᠂ ᠭᠣᠣᠯ ᠰᠡᠳᠦᠪᠲᠦ ᠬᠥᠮᠦᠵᠢᠯ᠂ ᠨᠠᠮ ᠤᠨ ᠲᠡᠦᠬᠡ ᠶᠢᠨ ᠬᠥᠮᠦᠵᠢᠯ᠂ ᠠᠷᠢᠭᠤᠨ ᠴᠢᠬᠡᠴᠢ ᠪᠡᠷ ᠵᠠᠰᠠᠭ ᠪᠠᠷᠢᠬᠤ ᠬᠥᠮᠦᠵᠢᠯ᠂ ᠳᠡᠯᠡᠬᠡᠶ ᠶᠢᠨ ᠪᠠᠶᠢᠳᠠᠯ᠂ ᠦᠵᠡᠯ ᠤᠬᠠᠮᠰᠠᠷ ᠤᠨ ᠬᠡᠯᠪᠡᠷᠢ᠂ ᠤᠳᠤᠷᠢᠳᠬᠤ ᠬᠦᠴᠦᠨ ᠢ ᠳᠡᠭᠡᠭᠰᠢᠯᠡᠭᠦᠯᠬᠦ ᠪᠠ ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠵᠡᠷᠭᠡ ᠲᠠᠯ᠎ᠠ ᠪᠠᠷ ᠭᠣᠣᠯᠳᠠᠯᠭ᠎ᠠ ᠪᠣᠯᠭᠠᠨ ᠬᠢᠴᠢᠶᠡᠯ ᠲᠣᠬᠢᠷᠠᠭᠤᠯᠵᠤ᠂ ᠲᠤᠰᠬᠠᠶ ᠰᠡᠳᠦᠪᠲᠦ ᠬᠠᠪᠰᠤᠷᠤᠨ ᠵᠢᠯᠤᠭᠤᠳᠤᠯᠭ᠎ᠠ ᠶᠢ 6 ᠲᠠᠯᠠᠪᠤᠷ᠂ ᠬᠠᠷᠠᠭᠠᠨ ᠳᠠᠪᠲᠠᠮᠵᠢ ᠶᠢᠨ ᠬᠢᠴᠢᠶᠡᠯ ᠢ 2 ᠤᠳᠠᠭ᠎ᠠ ᠥᠷᠨᠢᠭᠦᠯᠬᠦ ᠶᠢᠨ ᠬᠠᠮᠲᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ᠂ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ᠂ ᠲᠤᠷᠰᠢᠯᠭ᠎ᠠ ᠪᠠᠨ ᠰᠣᠯᠢᠯᠴᠠᠬᠤ ᠵᠡᠷᠭᠡ ᠰᠡᠳᠦᠪ ᠢ ᠰᠣᠯᠪᠢᠴᠠᠭᠤᠯᠤᠨ ᠣᠷᠣᠭᠤᠯᠪᠠ᠃ ᠪᠣᠯᠪᠠᠰᠤᠷᠠᠯ ᠤᠨ ᠠᠩᠬᠢ ᠳᠤ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠬᠡ ᠰᠤᠷᠭᠠᠭᠤᠯᠢ ᠶᠢᠨ ᠵᠠᠭᠤᠴᠢᠯᠠᠭᠤᠷ ᠪᠣᠯᠤᠨ ᠤᠯᠠᠨ ᠨᠡᠶᠢᠲᠡ ᠶᠢᠨ ᠬᠡᠷᠡᠭ ᠶᠠᠪᠤᠳᠠᠯ ᠤᠨ ᠰᠤᠳᠤᠯᠭᠠᠨ ᠤ ᠬᠦᠷᠢᠶᠡᠯᠡᠩ ᠦᠨ ᠳᠠᠷᠤᠭ᠎ᠠ᠂ ᠤᠤᠯ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠤ ᠰᠣᠨᠢᠨ ᠮᠡᠳᠡᠭᠡᠨ ᠦ ᠥᠭᠦᠯᠡᠭᠴᠢ ᠶᠠᠩ ᠢᠦᠢ ᠵᠢᠶᠦ᠋ᠨ ᠢ ᠤᠷᠢᠵᠤ ᠶᠠᠷᠢᠶ᠎ᠠ ᠬᠡᠯᠡᠯᠴᠡᠭᠡᠨ ᠦ ᠵᠢᠯᠤᠭᠤᠳᠤᠯᠭ᠎ᠠ ᠪᠣᠯᠤᠨ ᠬᠢᠮᠤᠷᠠᠯ ᠤᠨ ᠨᠠᠪᠲᠠᠷᠡᠯᠴᠡᠭᠡ ᠵᠢᠨ  ᠲᠤᠬᠠᠢ︔ ᠪᠡᠭᠡᠵᠢᠩ ᠶᠡᠬᠡ ᠰᠤᠷᠭᠠᠭᠤᠯᠢ ᠶᠢᠨ ᠫᠷᠤᠹᠸ᠋ᠰᠰᠤᠷ᠂ ᠨᠠᠨᠵᠢᠩ ᠶᠡᠬᠡ ᠰᠤᠷᠭᠠᠭᠤᠯᠢ ᠶᠢᠨ ᠣᠷᠣᠨ ᠪᠦᠰᠡ ᠶᠢᠨ ᠤᠯᠤᠰ ᠤᠨ ᠢᠯᠭᠠᠯ ᠤᠨ ᠰᠤᠳᠤᠯᠭᠠᠨ ᠤ ᠬᠦᠷᠢᠶᠡᠯᠡᠩ ᠦᠨ ᠳᠠᠷᠤᠭ᠎ᠠ ᠸᠠᠩ ᠢ ᠵᠧᠦ ᠳᠡᠯᠡᠬᠡᠢ ᠶᠢᠨ ᠪᠠᠶᠢᠳᠠᠯ ᠪᠣᠯᠤᠨ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠵᠢᠨ ᠲᠤᠬᠠᠢ︔  ᠦᠪᠦᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠨᠠᠮ ᠤᠨ ᠲᠡᠦᠬᠡ ᠪᠣᠯᠤᠨ ᠲᠤᠯᠭᠤᠷ ᠪᠢᠴᠢᠭ ᠰᠤᠳᠤᠯᠬᠤ ᠲᠠᠰᠤᠭ ᠤᠨ ᠡᠷᠬᠢᠯᠡᠭᠴᠢ ᠳ᠋ᠦ᠋ ᠢ ᠰᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ  ᠳ᠋ᠡᠬᠢ ᠲᠡᠥᠬᠡ︔ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠣᠷᠢᠢ᠎ᠠ ᠶᠢᠨ ᠪᠠᠶᠢᠩᠭᠤ ᠶᠢᠨ ᠳᠡᠳ᠋ ᠱᠦᠵᠢ ᠪᠦᠦ ᠭᠦᠸᠧ ᠴᠢᠤᠸᠠᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ  ᠦᠨ ᠲᠤᠬᠠᠢ︔ᠵᠧᠵᠢᠶᠠᠩ ᠶᠡᠬᠡ ᠰᠤᠷᠭᠠᠭᠤᠯᠢ ᠶᠢᠨ ᠳᠡᠳ᠋ ᠫᠷᠤᠹᠸ᠋ᠰᠰᠤᠷ  ᠰᠢᠶ᠋ᠸ ᠧᠨ  ᠵᠢᠶ᠋ᠸ ᠳᠤᠮᠳᠠᠳᠤ ᠤᠯᠤᠰ ᠤᠨ ᠮᠠᠶ᠋ᠢᠭ ᠤᠨ ᠤᠳᠤᠷᠢᠳᠬᠤ ᠬᠦᠴᠦᠨ ᠪᠣᠯᠤᠨ ᠬᠡᠷᠡᠭᠵᠢᠭᠦᠯᠬᠦ ᠬᠦᠴᠦᠨ ᠢ ᠵᠢᠭᠠᠪᠠ᠃ ᠪᠠᠰᠠ ︽ ᠪᠥᠬᠥ ᠤᠯᠤᠰ ᠤᠨ ᠠᠷᠠᠳ ᠲᠦᠮᠡᠨ ᠳᠦ ᠲᠠᠭᠠᠰᠢᠶᠠᠭᠳᠠᠭᠰᠠᠨ ᠠᠯᠪᠠᠲᠠᠨ ᠤ ᠬᠠᠮᠲᠤ ︾ ᠵᠢᠨ ᠢᠷᠠᠭᠤ ᠠᠯᠳᠠᠷ ᠢ ᠭᠥᠷᠳᠡᠭᠰᠡᠨ ᠤᠯᠠᠭᠠᠨᠬᠠᠳᠠ ᠬᠣᠲᠠ ᠶᠢᠨ ᠠᠸᠬᠠᠨ ᠬᠣᠰᠢᠭᠤᠨ ᠤ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠳᠠᠷᠤᠭ᠎ᠠ ᠸᠠᠩ  ᠯᠸᠢ ᠪᠠᠷ ᠠᠵᠢᠯ ᠤᠨ ᠲᠤᠷᠰᠢᠯᠭ᠎ᠠ ᠪᠠᠨ ᠰᠣᠯᠢᠯᠴᠠᠭᠤᠯᠬᠤ ᠪᠠᠷ ᠳᠣᠭᠢᠷᠠᠭᠤᠯᠵᠤ ᠂ 5 ᠰᠢᠯᠢᠳᠡᠭ  ᠰᠤᠷᠤᠯᠭᠠᠳᠠᠨ ᠤ ᠲᠥᠯᠥᠭᠡᠯᠡᠭᠴᠢ ᠶᠢ ᠲᠣᠰ ᠲᠣᠰ ᠠᠳᠠᠯᠢ ᠪᠤᠰᠤ ᠬᠠᠷᠠᠭᠠᠰᠤ  ᠠᠴᠠ ᠰᠤᠷᠤᠯᠴᠠᠭᠰᠠᠨ ᠲᠥᠷᠥᠭᠳᠡᠯ ᠂ ᠠᠵᠢᠯ ᠤᠨ ᠲᠥᠯᠥᠪᠯᠡᠭᠡ ᠪᠡᠨ  ᠬᠤᠪᠢᠶᠠᠯᠴᠠᠭᠤᠯᠬᠤ ᠪᠡᠷ ᠲᠠᠨᠢᠯᠴᠠᠭᠤᠯᠵᠤ ᠂ ︽ ᠰᠤᠷᠤᠯᠴᠠᠬᠤ ᠪᠠ ᠰᠡᠳᠬᠢᠬᠦ ︾ ᠶᠢ ᠭᠦᠨᠵᠡᠭᠡᠶ ᠠᠭᠤᠰᠤᠯᠴᠠᠭᠤᠯᠬᠤ ᠶᠢ ᠦᠨᠡᠨ ᠬᠦ ᠪᠡᠶᠡᠯᠡᠭᠦᠯᠪᠡ ᠃ ᠪᠣᠯᠪᠠᠰᠤᠷᠠᠯ ᠤᠨ ᠲᠤᠬᠠᠢ ᠶᠢᠨ ᠲᠠᠯᠠᠪᠠᠢ ᠳᠤ᠂ ᠪᠠᠭᠰᠢ ᠪᠣᠯᠤᠨ ᠰᠤᠷᠤᠭᠴᠢᠳ ᠬᠦᠷ ᠬᠥᠭᠵᠢᠶᠡᠨ ᠲᠡᠶ ᠶᠠᠷᠢᠯᠴᠠᠵᠤ᠂ ᠠᠯᠠᠭ᠎ᠠ ᠲᠠᠰᠢᠯᠳᠠ ᠶᠢᠨ ᠲᠠᠭᠤᠨ ᠲᠠᠰᠤᠷᠠᠯᠳᠡ ᠦᠭᠡᠢ ᠦᠷᠭᠦᠯᠵᠢᠯᠡᠪᠡ᠃

 


         ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠤᠯᠤᠰ ᠲᠥᠷᠥ ᠶᠢᠨ ᠬᠡᠯᠲᠡᠰ ᠦᠨ ᠡᠷᠬᠢᠯᠡᠭᠴᠢ ᠸᠠᠩ ᠪᠦᠦ  ᠵᠦ᠋  ᠪᠣᠯᠪᠠᠰᠤᠷᠠᠯ ᠤᠨ ᠠᠩᠭᠢ ᠳᠤ ᠳ᠋ᠦᠩᠨᠡᠯᠲᠡ ᠬᠢᠵᠦ ᠴᠢᠬᠤᠯᠠᠴᠢᠯᠠᠭᠰᠠᠨ ᠨᠢ ᠄ ᠨᠢᠭᠡ ᠳᠦ ᠪᠣᠯᠪᠠᠰᠤᠷᠠᠯ ᠤᠨ ᠠᠩᠭᠢ ᠶᠢᠨ ᠵᠣᠷᠢᠭ ᠰᠠᠨᠠᠭ᠎ᠠ ᠶᠢ ᠰᠠᠶᠢᠲᠤᠷ ᠤᠯᠠᠮᠵᠢᠯᠠᠵᠤ ᠂ ᠰᠠᠶᠢᠲᠤᠷ ᠲᠤᠸᠱᠯᠠᠭᠤᠯᠬᠤ ᠬᠡᠷᠡᠭᠲᠡᠶ ᠃ ᠪᠣᠯᠪᠠᠰᠤᠷᠠᠯ ᠳᠠᠭᠤᠰᠤᠭᠰᠠᠨ ᠤ ᠲᠠᠷᠠᠭ᠎ᠠ᠂ ᠡᠯ᠎ᠡ ᠨᠢᠭᠡᠴᠢ ᠶᠢᠨ ᠬᠢᠨ ᠲᠤᠰ ᠤᠳᠠᠭᠠᠨ ᠤ ᠪᠣᠯᠪᠠᠰᠤᠷᠠᠯ ᠤᠨ ᠠᠨᠭᠬᠢ ᠶᠢᠨ ᠵᠣᠷᠢᠭ ᠰᠠᠨᠠᠭ᠎ᠠ ᠶᠢ ᠱᠠᠯᠠᠪᠳᠠᠨ ᠲᠣᠬᠢᠷᠠᠭᠤᠯᠤᠨ ᠪᠠᠶᠢᠷᠢᠯᠠᠭᠤᠯᠵᠤ᠂ ᠰᠠᠶᠢᠲᠤᠷ ᠬᠠᠷᠢᠭᠤ ᠮᠡᠳᠡᠭᠦᠯᠵᠦ᠂ ᠰᠠᠶᠢᠲᠤᠷ ᠤᠯᠠᠮᠵᠢᠯᠠᠵᠤ᠂ ᠰᠠᠶᠢᠲᠤᠷ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷᠴᠤᠳ ᠲᠦᠷᠦᠭᠦᠯᠡᠨ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠡᠨ ᠰᠠᠶᠢᠲᠤᠷ ᠪᠠᠳᠠᠷᠠᠭᠤᠯᠵᠤ᠂ ᠰᠤᠷᠤᠯᠴᠠᠯᠭ᠎ᠠ ᠶᠢᠨ ᠬᠠᠯᠠᠭᠤᠨ ᠥᠷᠨᠢᠯᠲᠡ ᠶᠢ ᠭᠦᠨᠵᠡᠭᠡᠶᠢᠷᠡᠭᠦᠯᠵᠦ᠂ ᠪᠠᠶᠢᠴᠠᠭᠠᠬᠤ ᠠᠵᠢᠯ ᠢ ᠲᠦᠯᠬᠢᠨ ᠠᠬᠢᠭᠤᠯᠬᠤ ᠪᠣᠳᠠᠲᠠᠶ ᠠᠷᠭ᠎ᠠ ᠬᠠᠲᠠᠭᠤ ᠠᠷᠭ᠎ᠠ ᠪᠣᠯᠭᠠᠨ ᠬᠤᠪᠢᠷᠠᠭᠤᠯᠬᠤ ᠬᠡᠷᠡᠭᠲᠡᠶ᠃ ᠬᠣᠶᠠᠷ ᠲᠤ᠂ ᠴᠢᠨᠠᠷ ᠰᠠᠶᠢᠲᠠᠢ ᠬᠥᠭᠵᠢᠯᠲᠡ ᠳᠦ ᠪᠦᠬᠦ ᠬᠦᠴᠦᠨ ᠢᠶᠡᠷ ᠢᠶᠡᠨ ᠦᠢᠯᠡᠴᠢᠯᠡᠬᠦ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠣᠯ ᠳᠤ ᠲᠤᠰᠢᠶᠠᠭᠰᠠᠨ 《 ᠲᠠᠪᠤᠨ ᠶᠡᠬᠡ ᠡᠭᠦᠷᠭᠡ 》 ᠶᠢ ᠨᠠᠶᠢᠳᠠᠪᠤᠷᠢᠵᠢᠭᠤᠯᠬᠤ ᠪᠠ 《 ᠵᠢᠱᠢᠶᠡᠴᠢ ᠥᠪᠡᠷᠲᠡᠭᠡᠨ ᠵᠠᠰᠠᠬᠤ ᠣᠷᠣᠨ 》 ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠬᠣᠶᠠᠷ ᠶᠡᠬᠡ ᠶᠠᠪᠤᠳᠠᠯ ᠤᠨ ᠲᠣᠭᠣᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠪᠥᠬᠥ ᠣᠷᠣᠨ ᠤ ᠪᠠᠶᠢᠴᠠᠭᠠᠬᠤ ᠳᠠᠷᠤᠭ᠎ᠠ ᠨᠠᠷ ᠤᠨ ᠬᠤᠷᠠᠯ  ᠠᠴᠠ ᠳᠤᠷᠠᠳᠤᠭᠰᠠᠨ ︽ ᠵᠣᠷᠢᠭ ᠰᠠᠨᠠᠭ᠎ᠠ ᠶᠢ ᠬᠥᠭᠵᠢᠭᠡᠨ ᠪᠠᠳᠠᠷᠠᠭᠤᠯᠵᠤ ᠂ ᠠᠵᠢᠯ ᠤᠨ ᠪᠦᠲᠦᠮᠵᠢ ᠶᠢ ᠳᠡᠭᠡᠭᠰᠢᠯᠡᠭᠦᠯᠦᠨ ᠂ ᠴᠢᠳᠠᠪᠤᠷᠢ ᠶᠢ ᠳᠡᠭᠡᠭᠰᠢᠯᠡᠭᠦᠯᠬᠦ ︾ ᠠᠵᠢᠯ ᠤᠨ ᠱᠠᠭᠠᠷᠳᠠᠯᠭ᠎ᠠ ᠶᠣᠰᠣᠭᠠᠷ ᠂ ︽ ᠵᠢᠷᠭᠤᠭᠠᠨ ᠶᠡᠬᠡ ᠨᠢᠭᠡᠳᠦᠯᠲᠡᠶ ᠠᠵᠢᠯᠯᠠᠭ᠎ᠠ ︾ ︽ ᠳᠥᠷᠪᠡᠨ ᠶᠡᠬᠡ ᠳᠡᠭᠡᠭᠰᠢᠯᠡᠭᠦᠯᠬᠦ ᠢᠨᠵᠧᠨᠧᠷᠢᠩ ︾ ᠢ ᠰᠠᠶᠢᠲᠤᠷ ᠥᠷᠨᠢᠭᠦᠯᠵᠦ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠂ ᠠᠷᠠᠳ ᠲᠦᠮᠡᠨ ᠦ ᠴᠢᠨᠠᠷ ᠰᠠᠶᠢᠲᠠᠶ ᠠᠮᠢᠳᠤᠷᠠᠯ ᠂ ᠨᠡᠶᠢᠭᠡᠮ ᠦᠨ ᠴᠢᠨᠠᠷ ᠰᠠᠶᠢᠲᠠᠶ ᠵᠠᠰᠠᠯᠲᠠ ᠶᠢ ᠪᠠᠲᠤᠯᠠᠬᠤ ᠳᠤ ᠨᠠᠩ ᠬᠦᠴᠦᠲᠡᠶ ᠦᠶᠯᠡᠴᠢᠯᠡᠨ᠎ᠡ ᠃ ᠭᠤᠷᠪᠠ ᠳᠤ ᠤᠳᠤᠷᠢᠳᠬᠤ ᠪᠠᠭ ᠢᠶᠠᠨ ᠰᠠᠶᠢᠲᠤᠷ ᠠᠳᠬᠤᠵᠤ᠂ ᠡᠩᠨᠡᠭᠡ ᠪᠡᠨ ᠰᠠᠶᠢᠲᠤᠷ ᠳᠠᠭᠠᠭᠤᠯᠬᠤ ᠬᠡᠷᠡᠭᠲᠡᠶ᠃ ᠭᠣᠣᠯ ᠪᠠ ᠳᠡᠳ᠋᠂ ᠡᠷᠬᠡ ᠪᠠ ᠬᠠᠷᠢᠭᠤᠴᠠᠯᠭ᠎ᠠ᠂ ᠠᠷᠭ᠎ᠠ ᠪᠤᠳᠤᠯᠭ᠎ᠠ ᠪᠠ ᠠᠵᠢᠯᠯᠠᠭ᠎ᠠ ᠶᠢᠨ ᠬᠤᠪᠢᠰᠤᠩᠭᠤᠶ ᠬᠠᠷᠢᠴᠠᠭ᠎ᠠ ᠶᠢ ᠭᠣᠣᠯᠳᠠᠯᠭ᠎ᠠ ᠲᠠᠶ ᠪᠠᠷ ᠰᠠᠶᠢᠲᠤᠷ ᠰᠢᠶᠳᠪᠦᠷᠢᠯᠡᠵᠦ᠂ ᠤᠳᠤᠷᠢᠳᠬᠤ ᠪᠠᠭ ᠤᠨ ᠨᠢᠭᠲᠠᠷᠠᠯ ᠤᠨ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ ᠰᠠᠭᠤᠷᠢ ᠲᠠᠯᠪᠢᠬᠤ᠂ ᠠᠯᠤᠰ ᠭᠡᠳᠤ ᠳᠦ ᠠᠰᠢᠭᠲᠠᠶ ᠪᠠᠶᠢᠯᠭᠠᠬᠤ ᠪᠠᠶᠢᠯᠳᠤᠬᠤ ᠪᠤᠳᠤᠯᠭ᠎ᠠ ᠶᠢᠨ ᠰᠡᠳᠬᠢᠬᠦᠶ ᠶᠢ ᠤᠯᠠᠮ ᠨᠢᠭᠡ ᠠᠯᠬᠤᠮ ᠴᠢᠩᠭᠠᠳᠬᠠᠵᠤ᠂ 《ᠬᠥᠮᠦᠨ》 ᠦ ᠠᠰᠠᠭᠤᠳᠠᠯ ᠢ ᠰᠢᠶᠳᠪᠦᠷᠢᠯᠡᠬᠦ ᠪᠡᠷ ᠵᠠᠩᠭᠢᠯᠠᠭ᠎ᠠ ᠶᠢᠨ ᠴᠡᠭ ᠪᠣᠯᠭᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠰᠠᠭᠤᠷᠢ ᠠᠵᠢᠯ ᠪᠠ ᠦᠨᠳᠦᠰᠦᠨ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠪᠣᠳᠠᠲᠠᠶ ᠠᠳᠬᠤᠵᠤ᠂ ᠦᠨᠳᠦᠰᠦᠨ ᠱᠠᠲᠤᠨ ᠤ ᠪᠠᠶᠢᠴᠠᠭᠠᠬᠤ ᠬᠣᠷᠢᠶᠠᠨ ᠤ ᠪᠦᠬᠦᠯᠢ ᠴᠣᠭᠴᠠ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠵᠣᠷᠢᠭᠲᠠᠢ ᠪᠠᠷ ᠬᠠᠮᠢᠶᠠᠷᠴᠤ ᠵᠣᠷᠢᠭᠲᠠᠢ ᠪᠠᠷ ᠴᠢᠩᠳᠠᠯᠠᠵᠤ᠂ ᠺᠠᠳ᠋ᠷᠴᠤᠳ ᠢ ᠰᠤᠷᠤᠯᠴᠠᠭᠤᠯᠵᠤ᠂ ᠺᠠᠳ᠋ᠷᠴᠤᠳ ᠢ ᠬᠠᠮᠢᠶᠠᠷᠤᠭᠤᠯᠵᠤ᠂  ᠰᠠᠶᠢᠨ ᠺᠠᠳ᠋ᠷᠴᠤᠳ ᠢ ᠬᠡᠷᠡᠭᠯᠡᠵᠦ᠂ ᠴᠢᠳᠠᠪᠤᠷᠢᠲᠠᠨ ᠢ ᠦᠯᠡᠳᠡᠭᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠠᠷ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠨᠢᠭᠲᠠᠷᠠᠭᠤᠯᠬᠤ ᠬᠡᠷᠡᠭᠲᠡᠢ᠃

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro