ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠠᠶᠢᠴᠠᠭᠠᠬᠤ ᠬᠦᠴᠦᠨ ᠢᠶᠡᠷ ᠡᠬᠡ ᠤᠯᠤᠰ ᠤᠨ ᠤᠮᠠᠷᠠᠲᠤ ᠬᠢᠯᠢ ᠶᠢᠨ ᠭᠣᠣᠯ  ᠮᠦᠷᠡᠨ ᠨᠠᠭᠤᠷ ᠴᠥᠭᠥᠷᠥᠮ ᠡᠭᠦᠷᠢᠳᠡ  ᠴᠡᠪᠡᠷ ᠲᠤᠩᠭᠠᠯᠠᠭ ᠪᠠᠶᠢᠬᠤ ᠶᠢ ᠵᠦᠩᠨᠡᠨᠡᠮ  

2023-05-31 20:10:19
ᠵᠣᠬᠢᠶᠠᠭᠴᠢ
ᠨᠠᠪᠴᠢ

 

     ︱︱ᠭᠣᠣᠯ ᠮᠥᠷᠡᠨ ᠨᠠᠭᠤᠷ ᠴᠥᠭᠥᠷᠥᠮ ᠢ ᠬᠠᠮᠠᠭᠠᠯᠠᠬᠤ ᠬᠠᠮᠵᠢᠯᠴᠠᠭᠠᠨ ᠤ ᠨᠢᠭᠡᠳᠦᠯᠲᠡᠶ ᠠᠵᠢᠯᠯᠠᠭ᠎ᠠ

 

 

︽ ᠪᠢᠳᠡ ᠪᠣᠳᠠᠲᠤ ᠠᠵᠢᠯᠯᠠᠭ᠎ᠠ ᠪᠠᠷ ᠢᠶᠠᠨ ᠰᠢ ᠶᠢᠨ ᠫᠢᠩ ᠶᠡᠷᠦᠩᠬᠡᠶ ᠱᠦᠵᠢ ᠶᠢᠨ ᠮᠠᠨ ᠳᠤ ᠲᠤᠰᠢᠶᠠᠭᠰᠠᠨ ᠲᠠᠪᠤᠨ ᠶᠡᠬᠡ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ ᠂ ᠡᠯ᠎ᠡ ᠭᠠᠵᠠᠷ ᠤᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠨ ᠂ ᠪᠠᠶᠢᠴᠠᠭᠠᠬᠤ  ᠪᠠᠶᠢᠭᠤᠯᠭ᠎ᠠ ᠶᠢᠨ ᠡᠭᠦᠷᠭᠡ ᠴᠢᠳᠠᠪᠤᠷᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠭᠣᠸᠯ ᠮᠥᠷᠡᠨ ᠦ ᠤᠰᠤ ᠶᠢ ᠬᠡᠵᠢᠶᠡᠳᠡ ᠲᠤᠩᠭᠠᠯᠠᠭ ᠪᠠᠶᠢᠯᠭᠠᠵᠤ ᠂ ᠨᠠᠭᠤᠷ ᠴᠥᠭᠥᠷᠥᠮ ᠢ ᠬᠡᠵᠢᠶᠡᠳᠡ ᠨᠣᠭᠣᠭᠠᠨ ᠪᠠᠶᠢᠯᠭᠠᠬᠤ ᠬᠡᠷᠡᠭᠲᠡᠶ ︕ ︾᠂ 5 ᠳ᠋ᠤᠭᠠᠷ ᠰᠠᠷ᠎ᠠ ᠶᠢᠨ 20 ᠤ ᠡᠳᠦᠷ ᠦᠨ ᠦᠳᠡ ᠶᠢᠨ ᠡᠮᠦᠨ᠎ᠡ ᠂ ︽ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠵᠢᠨ ᠭᠣᠸᠯ ᠮᠥᠷᠡᠨ ᠨᠠᠭᠤᠷ ᠴᠥᠭᠥᠷᠥᠮ ᠦᠨ ᠬᠠᠮᠠᠭᠠᠯᠠᠯᠲᠠ ᠶᠢᠨ ᠬᠠᠮᠵᠢᠯᠴᠠᠭ᠎ᠠ ᠶᠢᠨ ᠨᠢᠭᠡᠳᠦᠯᠲᠡᠶ ᠠᠵᠢᠯᠯᠠᠭ᠎ᠠ ︾ ᠶᠢᠨ ᠡᠬᠢᠯᠡᠯᠲᠡ ᠶᠢᠨ ᠶᠣᠰᠣᠯᠠᠯ ᠬᠠᠲᠤᠨ ᠭᠣᠸᠯ ᠤᠨ ᠳᠡᠭᠡᠳᠦ ᠳᠤᠮᠳᠠᠳᠤ ᠤᠷᠤᠰᠬᠠᠯ ᠤᠨ ᠵᠠᠭᠠᠭ ᠭᠠᠵᠠᠷ ᠤᠨ ᠲᠣᠭᠲᠠᠬᠤ ᠰᠢᠶᠠᠨ ᠳᠤ ᠶᠠᠪᠤᠭᠳᠠᠪᠠ ᠂ ᠬᠡᠰᠡᠭ ᠬᠣᠰᠢᠭᠤ ᠰᠢᠶᠠᠨ ᠲᠣᠭᠣᠷᠢᠭ ᠤᠨ ᠪᠠᠶᠢᠴᠠᠭᠠᠬᠤ ᠬᠣᠷᠢᠶ᠎ᠠ ᠶᠢᠨ ᠪᠠᠶᠢᠴᠠᠭᠠᠬᠤ ᠳᠠᠷᠤᠭ᠎ᠠ ᠲᠠᠶ ᠬᠠᠷᠢᠯᠴᠠᠬᠤ ᠦᠶ᠎ᠡ ᠳᠦ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ  ᠢᠩᠭᠢᠵᠦ ᠢᠯᠡᠷᠬᠡᠶᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠤᠯᠤᠰ ᠲᠥᠷᠥ ᠬᠠᠸᠯᠢ ᠴᠠᠭᠠᠵᠠ ᠶᠢᠨ ᠬᠣᠷᠢᠶ᠎ᠠ ᠶᠢᠨ ᠪᠠᠶᠢᠩᠭᠤ ᠶᠢᠨ ᠳᠡᠳ᠋ ᠱᠦᠵᠢ ᠵᠠᠩ ᠽᠢ ᠵᠢᠶᠦ᠋ᠨ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠦᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠢᠩᠬᠢᠮ ᠦᠨ ᠳᠠᠷᠤᠭ᠎ᠠ ᠴᠧᠩ ᠯᠢ ᠶᠢᠦ ᠂ ᠬᠥᠬᠡᠬᠣᠲᠠ ᠶᠢᠨ ᠨᠠᠮ ᠤᠨ ᠬᠣᠷᠢᠶ᠎ᠠ ᠶᠢᠨ ᠳᠡᠳ᠋ ᠱᠦᠵᠢ ᠂ ᠤᠯᠤᠰ ᠲᠥᠷᠥ ᠬᠠᠸᠯᠢ ᠴᠠᠭᠠᠵᠠ ᠶᠢᠨ ᠬᠣᠷᠢᠶ᠎ᠠ ᠶᠢᠨ ᠱᠦᠵᠢ ᠵᠠᠩ ᠬᠠᠶ ᠹᠸᠩ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠦᠨ ᠳᠡᠳ᠋ ᠳᠠᠷᠤᠭ᠎ᠠ ᠯᠢ ᠪᠢᠨ ᠂ ᠬᠥᠬᠡᠬᠣᠲᠠ ᠶᠢᠨ ᠵᠠᠰᠠᠭ ᠤᠨ ᠣᠷᠳᠣᠨ ᠤ ᠨᠢᠭᠡᠳᠦᠭᠡᠷ ᠳᠡᠰ ᠤᠨ ᠲᠣᠭᠣᠷᠢᠨ ᠪᠠᠶᠢᠴᠠᠭᠠᠭᠴᠢ ᠶᠦᠨ ᠰᠢᠨ ᠮᠢᠩ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠠᠶ ᠃ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠪᠠᠶᠢᠴᠠᠭᠠᠬᠤ ᠳᠠᠷᠤᠭ᠎ᠠ ᠵᠣᠣ ᠭᠦᠸᠧ ᠬᠤᠸᠠ ᠡᠬᠢᠯᠡᠯᠲᠡ ᠶᠢᠨ ᠶᠣᠰᠣᠯᠠᠯ ᠢ ᠡᠷᠭᠢᠯᠡᠪᠡ ᠃

ᠯᠢ ᠶᠦᠩ ᠵᠢᠶᠦ᠋ᠨ ᠵᠡᠷᠭᠡ ᠤᠳᠤᠷᠢᠳᠬᠤ ᠨᠥᠬᠥᠳ ᠬᠠᠮᠲᠤ ᠪᠠᠷ   ᠡᠬᠢᠯᠡᠯᠲᠡ ᠵᠠᠢ ᠳᠠᠷᠤᠪᠴᠢ ᠶᠢ ᠳᠠᠷᠤᠪᠠ

 

 

 

 

︽ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠵᠢᠨ ᠭᠣᠣᠯ ᠮᠥᠷᠡᠨ ᠨᠠᠭᠤᠷ ᠴᠥᠭᠥᠷᠥᠮ ᠦᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ︾ ᠵᠢᠩᠬᠢᠨᠢ ᠪᠡᠷ ᠡᠬᠢᠯᠡᠪᠡ᠃ ᠭᠤᠷᠪᠠᠨ ᠵᠢᠯ ᠦᠨ ᠬᠤᠭᠤᠴᠠᠭ᠎ᠠ ᠲᠠᠶ ᠨᠢᠭᠡᠳᠦᠯᠲᠡᠶ ᠠᠵᠢᠯᠯᠠᠭ᠎ᠠ ᠨᠢ ᠥᠪᠥᠷ ᠮᠣᠩᠭᠣᠯ ᠤᠨ ᠭᠣᠸᠯ ᠮᠥᠷᠡᠨ ᠨᠠᠭᠤᠷ ᠴᠥᠭᠥᠷᠥᠮ ᠦᠨ ᠬᠠᠮᠠᠭᠠᠯᠠᠯᠲᠠ ᠶᠢᠨ ᠲᠣᠪᠣᠶᠢᠮ᠎ᠠ ᠠᠰᠠᠭᠤᠳᠠᠯ ᠤᠨ ᠲᠣᠭᠣᠷᠢᠨ ᠳᠤ ᠲᠤᠰᠬᠠᠶ ᠴᠡᠭᠴᠡᠯᠡᠨ ᠵᠠᠰᠠᠯᠲᠠ ᠥᠷᠨᠢᠭᠦᠯᠵᠦ ᠂ ᠬᠠᠲᠤᠨ ᠭᠣᠸᠯ ᠪᠠ ︽ ᠨᠢᠭᠡ ᠨᠠᠭᠤᠷ ᠬᠣᠶᠠᠷ ᠲᠡᠯᠡᠶ ︾ ᠪᠠᠷ ᠭᠣᠸᠯ ᠲᠠᠯᠠᠪᠤᠷ ᠪᠣᠯᠭᠠᠭᠰᠠᠨ ᠂ ᠬᠠᠲᠤᠨ ᠭᠣᠸᠯ ᠳᠠᠭᠠᠸ ᠶᠢᠨ ᠲᠤᠯᠤᠭᠠᠨ ᠠᠶᠢᠮᠠᠭ ᠬᠣᠲᠠ ᠪᠠ ᠬᠥᠯᠥᠨ ᠪᠣᠶᠢᠷ ᠂ ᠤᠯᠠᠭᠠᠨᠴᠠᠪ ᠂ ᠪᠠᠶᠠᠨᠨᠠᠭᠤᠷ ᠤᠨ ᠪᠠᠶᠢᠴᠠᠭᠠᠬᠤ ᠪᠠᠶᠢᠭᠤᠯᠭ᠎ᠠ ᠪᠠᠷ ᠭᠣᠸᠯ ᠬᠦᠴᠦᠨ ᠪᠣᠯᠭᠠᠭᠰᠠᠨ ᠭᠣᠸᠯ ᠮᠥᠷᠡᠨ ᠨᠠᠭᠤᠷ ᠴᠥᠭᠥᠷᠥᠮ ᠦᠨ ᠬᠠᠮᠠᠭᠠᠯᠠᠯᠲᠠ ᠶᠢᠨ ᠬᠠᠮᠵᠢᠯᠴᠠᠬᠤ ᠣᠷᠣᠨ ᠢ ᠪᠠᠶᠢᠭᠤᠯᠵᠤ ᠂ ᠪᠥᠬᠥ ᠣᠷᠣᠨ ᠢ ᠬᠠᠮᠤᠷᠤᠭᠰᠠᠨ ᠠᠮᠢ ᠠᠬᠤᠶ ᠶᠢᠨ ᠪᠠᠶᠢᠴᠠᠭᠠᠬᠤ ᠠᠵᠢᠯ ᠤᠨ ︽ ᠶᠡᠬᠡ ᠬᠠᠮᠵᠢᠯᠴᠠᠭ᠎ᠠ ︾ ᠵᠢᠨ ᠬᠠᠮᠠᠭᠠᠯᠠᠯᠲᠠ ᠶᠢᠨ ᠵᠠᠭᠪᠤᠷ ᠢ ᠪᠣᠶ ᠪᠣᠯᠭᠠᠨ᠎ᠠ ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠣᠷᠢᠢ᠎ᠠ ᠶᠢᠨ ᠪᠠᠶᠢᠩᠭᠤ ᠶᠢᠨ ᠳᠡᠳ᠋ ᠱᠦᠵᠢ ᠵᠠᠩ ᠽᠢ ᠵᠢᠶᠦ᠋ᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ

 

 

ᠵᠠᠩ ᠽᠢ ᠵᠢᠶᠦ᠋ᠨ ᠵᠢᠭᠠᠵᠤ ᠭᠠᠷᠭᠠᠭᠰᠠᠨ ᠨᠢ᠂ ᠪᠦᠬᠦ ᠣᠷᠣᠨ ᠤ ᠪᠠᠶᠢᠴᠠᠭᠠᠬᠤ  ᠰᠢᠰᠲᠸᠮ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠦᠨᠡᠨᠬᠦ ᠪᠠᠳᠠᠷᠠᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦᠨ ᠦ ᠰᠢᠰᠲᠸᠮ ᠤᠨ ᠬᠠᠮᠠᠭᠠᠯᠠᠯᠲᠠ ᠶᠢ ᠠᠬᠢᠭᠤᠯᠵᠤ᠂ ᠭᠣᠣᠯ ᠮᠥᠷᠡᠨ ᠨᠠᠭᠤᠷ ᠴᠥᠭᠥᠷᠥᠮ ᠦᠨ ᠬᠦᠷᠢᠶᠡᠨ ᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠲᠡ ᠶᠢᠨ ᠠᠰᠢᠭᠲᠤ ᠵᠠᠷᠭᠤ ᠶᠢ ᠭᠦᠨᠵᠡᠭᠡᠢ ᠥᠷᠨᠢᠭᠦᠯᠵᠦ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠡᠶ ᠢᠳᠡᠪᠬᠢᠲᠡᠢ ᠪᠡᠷ ︽ᠭᠣᠣᠯ ᠮᠥᠷᠡᠨ ᠦ ᠳᠠᠷᠤᠭ᠎ᠠ + ᠪᠠᠶᠢᠴᠠᠭᠠᠬᠤ ᠳᠠᠷᠤᠭ᠎ᠠ︾ᠵᠢᠨ ᠬᠠᠮᠵᠢᠯᠴᠠᠭ᠎ᠠ ᠶᠢ ᠥᠷᠨᠢᠭᠦᠯᠵᠦ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠵᠣᠯᠭᠠᠯᠴᠠᠭ᠎ᠠ ᠶᠢ ᠠᠬᠢᠭᠤᠯᠵᠤ᠂ ᠭᠣᠣᠯ ᠮᠥᠷᠡᠨ ᠨᠠᠭᠤᠷ ᠴᠥᠭᠥᠷᠥᠮ ᠦᠨ ᠬᠠᠮᠠᠭᠠᠯᠠᠯᠲᠠ ᠶᠢᠨ ᠳᠠᠪᠬᠤᠴᠠᠯ ᠤᠨ ᠦᠢᠯᠡᠳᠦᠯ ᠢ ᠪᠠᠳᠠᠷᠠᠭᠤᠯᠵᠤ᠂ ᠢᠯᠡᠳᠲᠡ ᠦᠷ᠎ᠡ ᠪᠦᠲᠦᠮᠵᠢ ᠣᠯᠵᠠᠢ᠃ ᠢᠯᠠᠩᠭᠤᠶ᠎ᠠ ᠡᠨᠡ ᠤᠳᠠᠭ᠎ᠠ ᠶᠢᠨ ᠭᠣᠣᠯ ᠮᠥᠷᠡᠨ ᠨᠠᠭᠤᠷ ᠴᠥᠭᠥᠷᠥᠮ ᠦᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ ᠨᠢ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠰᠠᠨᠠᠭᠠᠴᠢᠯᠠᠭ᠎ᠠ ᠠᠴᠠ ᠪᠠᠨ ᠠᠵᠢᠯ ᠬᠢᠬᠦ ᠤᠳᠤᠷᠢᠳᠤᠮᠵᠢ ᠶᠢᠨ ᠵᠢᠱᠢᠢ᠎ᠡ ᠦᠵᠡᠭᠦᠯᠬᠦ ᠦᠢᠯᠡᠳᠦᠯ ᠢ ᠢᠯᠡᠷᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠦ ᠬᠠᠯᠬᠠᠪᠴᠢ ᠶᠢ ᠪᠡᠬᠢᠵᠢᠭᠦᠯᠬᠦ ᠳᠦ ᠴᠢᠬᠤᠯᠠ ᠠᠴᠢ ᠬᠣᠯᠪᠣᠭᠳᠠᠯ ᠲᠠᠶ ᠶᠤᠮ᠃ᠵᠠᠩ ᠽᠢ ᠵᠢᠶᠦ᠋ᠨ ᠢᠯᠡᠷᠬᠡᠶᠢᠯᠡᠬᠦ ᠳᠡᠭᠡᠨ ᠂ ᠭᠣᠣᠯ ᠮᠥᠷᠡᠨ ᠨᠠᠭᠤᠷ ᠴᠥᠭᠥᠷᠥᠮ ᠢ ᠬᠠᠮᠠᠭᠠᠯᠠᠨ ᠬᠠᠮᠵᠢᠯᠴᠠᠬᠤ ᠪᠣᠯ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠂ ᠬᠠᠥᠯᠢ ᠪᠠᠷ ᠵᠠᠰᠠᠬᠤ  ᠦᠢᠯᠡᠴᠢᠯᠡᠭᠡᠨ ᠦ ᠪᠠᠲᠤᠯᠠᠪᠤᠷᠢ ᠶᠢᠨ ᠦᠢᠯᠡᠳᠦᠯ ᠢ ᠪᠠᠳᠠᠷᠠᠭᠤᠯᠬᠤ ᠶᠢᠨ ᠬᠦᠴᠦᠲᠡᠢ ᠭᠠᠷᠳᠠᠴᠠ ᠮᠥᠨ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠶᠢᠨ ᠢᠳᠡᠪᠬᠢᠲᠡᠢ ᠰᠢᠨ᠎ᠡ ᠡᠭᠦᠳᠦᠯᠲᠡ ᠮᠥᠨ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠭᠤᠷᠪᠠᠨ ᠵᠢᠯ ᠦᠨ ᠬᠤᠭᠤᠴᠠᠭ᠎ᠠ ᠲᠠᠶ ᠠᠭᠤᠯᠠ ᠰᠢᠭᠤᠢ᠂ ᠭᠣᠣᠯ ᠮᠥᠷᠡᠨ ᠨᠠᠭᠤᠷ ᠴᠥᠭᠥᠷᠥᠮ᠂ ᠨᠤᠲᠤᠭ ᠪᠡᠯᠴᠢᠭᠡᠷ ᠦᠨ︽ᠭᠤᠷᠪᠠᠨ ᠶᠡᠬᠡ ᠬᠠᠮᠵᠢᠯᠴᠠᠭ᠎ᠠ︾ᠵᠢᠨ ᠨᠢᠭᠡᠳᠦᠯᠲᠡᠢ ᠠᠵᠢᠯᠯᠠᠭ᠎ᠠ ᠶᠢ ᠪᠠᠶᠢᠷᠢᠯᠠᠭᠤᠯᠤᠭᠰᠠᠨ ᠤ ᠵᠣᠷᠢᠯᠭ᠎ᠠ ᠨᠢ ᠳᠠᠷᠤᠢ ᠡᠬᠢ ᠡᠭᠦᠰᠦᠯ ᠡᠴᠡ ᠨᠢ ᠵᠠᠰᠠᠬᠤ᠂ ᠰᠢᠰᠲ᠋ᠧᠮ ᠲᠡᠶ ᠵᠠᠰᠠᠬᠤ ᠪᠠᠷ ᠳᠠᠮᠵᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠦ ᠬᠠᠯᠬᠠᠪᠴᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ ᠶᠤᠮ᠃ᠡᠨᠡ ᠤᠳᠠᠭ᠎ᠠ ᠶᠢᠨ ᠭᠣᠣᠯ ᠮᠥᠷᠡᠨ ᠨᠠᠭᠤᠷ ᠴᠥᠭᠥᠷᠥᠮ ᠦᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ ᠪᠣᠯ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠴᠢᠬᠤᠯᠠ ᠰᠢᠨ᠎ᠡ ᠡᠭᠦᠳᠦᠯᠲᠡ ᠪᠣᠯᠤᠨ᠎ᠠ᠂ ᠮᠥᠨᠴᠦ ᠰᠢᠰᠲ᠋ᠧᠮᠲᠦ ᠢᠨᠵᠧᠨᠧᠷᠢᠩ ᠪᠣᠯᠤᠨ ᠪᠦᠬᠦ ᠣᠷᠣᠨ ᠤ ᠬᠠᠷᠠᠭᠠᠰᠤ ᠡᠴᠡ ᠵᠠᠰᠠᠯᠲᠠ ᠶᠢᠨ ᠠᠷᠭ᠎ᠠ ᠵᠠᠮ ᠢ ᠡᠷᠢᠯᠬᠢᠯᠡᠭᠰᠡᠨ ᠠᠮᠢ ᠠᠬᠤᠢ ᠶᠢᠨ ᠦᠢᠯᠡᠳᠦᠯᠭᠡ ᠪᠣᠯᠤᠨ᠎ᠠ᠃ᠤᠯᠤᠰ ᠲᠦᠷᠦ ᠬᠠᠤᠯᠢ ᠴᠠᠭᠠᠵᠠ ᠶᠢᠨ ᠰᠢᠰᠲᠸᠮ ᠤᠨ ᠬᠢᠨ ᠤᠯᠤᠰ ᠲᠦᠷᠦ ᠶᠢᠨ ᠤᠬᠠᠮᠰᠠᠷ᠂ ᠶᠡᠬᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠦᠷᠭᠦᠯᠵᠢᠯᠡᠨ ᠬᠦᠴᠦᠯᠡᠵᠦ᠂ ᠥᠨᠢ ᠤᠳᠠᠭᠠᠨ ᠴᠢᠷᠮᠠᠶᠢᠨ ᠠᠵᠢᠯᠯᠠᠵᠤ᠂ ᠭᠣᠣᠯ ᠮᠥᠷᠡᠨ ᠨᠠᠭᠤᠷ ᠴᠥᠭᠥᠷᠥᠮ ᠦᠨ ᠵᠠᠰᠠᠯᠲᠠ ᠶᠢᠨ︽ᠶᠡᠬᠡ ᠨᠠᠶᠢᠷᠠᠯ ᠳᠠᠭᠤᠤ︾ᠪᠡᠷ ᠳᠠᠮᠵᠢᠨ᠂ ᠬᠠᠥᠯᠢ ᠪᠠᠷ ᠵᠠᠰᠠᠬᠤ ᠥᠪᠥᠷ ᠮᠣᠩᠭᠣᠯ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠦ ᠬᠠᠯᠬᠠᠪᠴᠢ ᠶᠢ ᠪᠡᠬᠢᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠥᠪᠥᠷ ᠮᠣᠩᠭᠣᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠦ ᠤᠯᠤᠰ ᠲᠦᠷᠦ ᠬᠠᠤᠯᠢ ᠴᠠᠭᠠᠵᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠬᠥᠬᠡᠬᠣᠲᠠ ᠶᠢᠨ ᠨᠠᠮ ᠤᠨ ᠬᠣᠷᠢᠶᠠᠨ ᠤ ᠳᠡᠳ᠋ ᠱᠦᠵᠢ ᠂ ᠤᠯᠤᠰ ᠲᠥᠷᠥ ᠬᠠᠸᠯᠢ ᠴᠠᠭᠠᠵᠠ ᠶᠢᠨ ᠬᠣᠷᠢᠶᠠᠨ ᠤ ᠱᠦᠵᠢ ᠵᠠᠩ ᠬᠠᠶ ᠹᠸᠩ ᠪᠠᠶᠠᠷ ᠤᠨ ᠦᠭᠡ ᠬᠡᠯᠡᠵᠡᠶ

 

 

 ᠵᠠᠩ ᠬᠠᠶ ᠹᠸᠩ ᠢᠯᠡᠷᠬᠡᠶᠢᠯᠡᠬᠦ ᠳᠡᠭᠡᠨ ᠂ ᠲᠣᠰ ᠤᠳᠠᠭᠠᠨ ᠤ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠵᠢᠨ ᠭᠣᠸᠯ ᠮᠥᠷᠡᠨ ᠨᠠᠭᠤᠷ ᠴᠥᠭᠥᠷᠥᠮ ᠦᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠶ ᠠᠵᠢᠯᠯᠠᠭ᠎ᠠ ᠶᠢ ᠬᠥᠬᠡᠬᠣᠲᠠ ᠳᠤ ᠬᠤᠷᠠᠯᠳᠤᠭᠤᠯᠤᠭᠰᠠᠨ ᠨᠢ ᠬᠥᠬᠡᠬᠣᠲᠠ ᠶᠢᠨ ᠠᠵᠢᠯ ᠢ ᠮᠡᠳᠡᠷᠡᠭᠰᠡᠨ ᠢᠶᠡᠷ ᠪᠠᠷᠠᠬᠤ ᠥᠬᠡᠶ ᠂ ᠪᠢᠳᠡᠨ ᠳᠦ ᠴᠦ ᠣᠯᠳᠠᠬᠤᠶ᠎ᠠ ᠪᠡᠷᠬᠡ ᠰᠤᠷᠤᠯᠴᠠᠬᠤ ᠲᠣᠬᠢᠶᠠᠯ ᠣᠯᠭᠣᠭᠰᠠᠨ ᠪᠠᠶᠢᠨ᠎ᠠ  ᠃ ᠪᠢᠳᠡ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠣᠷᠣᠨ ᠤ ᠲᠥᠪ ᠦᠨ ᠤᠬᠠᠮᠰᠠᠷ ᠢ ᠴᠢᠨᠠᠭᠰᠢᠳᠠ ᠳᠡᠭᠡᠭᠰᠢᠯᠡᠭᠦᠯᠵᠦ᠂ ᠣᠷᠣᠨ ᠤ ᠲᠥᠪ ᠦᠨ ᠡᠭᠦᠷᠭᠡᠯᠡᠯ ᠢ ᠴᠢᠩᠭᠠᠳᠬᠠᠵᠤ᠂︽ᠭᠣᠣᠯ ᠨᠠᠭᠤᠷ ᠤᠨ ᠳᠠᠷᠤᠭ᠎ᠠ + ᠪᠠᠶᠢᠴᠠᠭᠠᠬᠤ ᠳᠠᠷᠤᠭ᠎ᠠ︾ᠵᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠭᠦᠨᠵᠡᠭᠡᠢ ᠠᠬᠢᠭᠤᠯᠵᠤ᠂ ᠭᠣᠣᠯ ᠨᠠᠭᠤᠷ ᠤᠨ ᠬᠠᠮᠢᠶᠠᠷᠤᠯᠲᠠ᠂ ᠬᠠᠤᠯᠢ ᠶᠢ ᠵᠥᠷᠢᠴᠡᠨ ᠪᠣᠬᠢᠷᠲᠤᠯ ᠭᠠᠳᠠᠭᠰᠢᠯᠠᠭᠤᠯᠬᠤ ᠶᠢ ᠬᠢᠨᠠᠨ ᠬᠠᠮᠢᠶᠠᠷᠬᠤ᠂ ᠬᠠᠤᠯᠢ ᠪᠤᠰᠤ ᠪᠠᠷ ᠠᠭᠤᠷᠬᠠᠢ ᠮᠠᠯᠲᠠᠬᠤ ᠶᠢ ᠴᠡᠭᠴᠡᠯᠡᠨ ᠵᠠᠰᠠᠬᠤ ᠵᠡᠷᠭᠡ ᠭᠣᠣᠯᠳᠠᠯᠭ᠎ᠠ ᠲᠠᠶ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠡᠷ ᠢᠶᠡᠨ ᠰᠠᠶᠢᠲᠤᠷ ᠠᠳᠬᠤᠵᠤ᠂ ᠬᠠᠳᠤᠨ ᠭᠣᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠬᠠᠷᠢᠭᠤᠴᠠᠯᠭ᠎ᠠ ᠡᠭᠦᠷᠭᠡᠯᠡᠵᠦ᠂ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠡᠢ᠃

ᠬᠥᠬᠡᠬᠣᠲᠠ ᠶᠢᠨ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠵᠠᠩ ᠰᠢᠶᠤᠤ ᠬᠣᠩ ᠡᠯ᠎ᠡ ᠠᠶᠢᠮᠠᠭ ᠬᠣᠲᠠ ᠶᠢᠨ ᠪᠠᠶᠢᠴᠠᠭᠠᠬᠤ ︵ ᠬᠤᠪᠢᠶᠠᠷᠢ ︶ ᠬᠣᠷᠢᠶ᠎ᠠ ᠶᠢ ᠲᠥᠯᠥᠭᠡᠯᠡᠨ ︽ ᠭᠣᠸᠯ ᠮᠥᠷᠡᠨ ᠨᠠᠭᠤᠷ ᠴᠥᠭᠥᠷᠥᠮ ᠢ ᠬᠠᠮᠠᠭᠠᠯᠠᠬᠤ ᠲᠤᠩᠬᠠᠭ ︾ ᠢ ᠨᠡᠶᠢᠲᠡᠯᠡᠪᠡ

 

 

 ᠵᠠᠩ ᠰᠢᠶᠤᠤ ᠬᠣᠩ ᠡᠯ᠎ᠡ ᠠᠶᠢᠮᠠᠭ ᠬᠣᠲᠠ ᠶᠢᠨ ᠪᠠᠶᠢᠴᠠᠭᠠᠬᠤ ᠪᠠᠶᠢᠭᠤᠯᠭ᠎ᠠ ᠶᠢᠨ ᠡᠮᠦᠨ᠎ᠡ ᠡᠴᠡ ᠣᠷᠭᠢᠯᠤᠮ᠎ᠠ ᠬᠠᠯᠠᠭᠤᠨ ᠰᠡᠳᠬᠢᠯᠭᠡ ᠲᠡᠶ 《 ᠭᠣᠣᠯ ᠮᠥᠷᠡᠨ ᠨᠠᠭᠤᠷ ᠴᠥᠭᠥᠷᠥᠮ ᠢ ᠬᠠᠮᠠᠭᠠᠯᠠᠬᠤ ᠲᠤᠩᠬᠠᠭ 》 ᠢ ᠨᠡᠶᠢᠲᠡᠯᠡᠵᠦ ᠂ ︽ᠪᠦᠬᠦ ᠥᠪᠥᠷ ᠮᠣᠩᠭᠣᠯ ᠤᠨ ᠪᠠᠶᠢᠴᠠᠭᠠᠬᠤ ᠠᠵᠢᠯᠲᠠᠳ ᠬᠠᠷᠢᠭᠤᠴᠠᠯᠭ᠎ᠠ ᠡᠭᠦᠷᠭᠡᠯᠡᠬᠦ ᠶᠢᠨ ᠰᠦᠭ ᠰᠦᠨᠡᠰᠦ ᠶᠢ ᠪᠠᠲᠤᠳᠬᠠᠵᠤ᠂ ᠬᠠᠷᠢᠭᠤᠴᠠᠯᠭ᠎ᠠ ᠡᠭᠦᠷᠭᠡᠯᠡᠬᠦ ᠶᠢᠨ ᠵᠠᠯᠠᠭᠤᠷ ᠢ ᠯᠠᠪᠳᠠᠭᠤᠨ ᠡᠵᠡᠮᠳᠡᠵᠦ᠂ ᠬᠠᠷᠢᠭᠤᠴᠠᠯᠭ᠎ᠠ ᠡᠭᠦᠷᠭᠡᠯᠡᠬᠦ ᠠᠷᠭ᠎ᠠ ᠬᠡᠮᠵᠢᠢ᠎ᠡ ᠶᠢ ᠦᠢᠯᠡᠳᠦᠯᠭᠡᠵᠢᠭᠦᠯᠵᠦ᠂ ᠬᠠᠷᠢᠭᠤᠴᠠᠯᠭ᠎ᠠ ᠡᠭᠦᠷᠭᠡᠯᠡᠬᠦ ᠶᠢᠨ ᠦᠷ᠎ᠡ ᠪᠦᠲᠦᠮᠵᠢ ᠶᠢ ᠢᠯᠡᠷᠡᠭᠦᠯᠵᠦ᠂ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠪᠠᠶᠢᠴᠠᠭᠠᠬᠤ ᠠᠵᠢᠯ ᠤᠨ ᠴᠢᠳᠠᠮᠠᠭᠠᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠡᠷ ᠪᠦᠬᠦ ᠣᠷᠣᠨ ᠤ ᠭᠣᠣᠯ ᠮᠥᠷᠡᠨ ᠨᠠᠭᠤᠷ ᠴᠥᠭᠥᠷᠥᠮ ᠦᠨ ᠠᠮᠢ ᠠᠬᠤᠢ ᠶᠢᠨ ᠣᠷᠴᠢᠨ ᠲᠣᠭᠣᠷᠢᠨ ᠢ ᠬᠠᠮᠲᠤᠪᠠᠷ ᠰᠠᠬᠢᠨ ᠬᠠᠮᠠᠭᠠᠯᠠᠵᠤ᠂ ᠰᠠᠪᠠ ᠭᠠᠵᠠᠷ ᠤᠨ ᠠᠵᠤ ᠠᠬᠤᠢ ᠨᠡᠶᠢᠭᠡᠮ ᠦᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠴᠣᠭᠴᠠᠯᠠᠬᠤ ᠶᠢᠨ ᠲᠥᠯᠥᠭᠡ ᠴᠢᠷᠮᠠᠶᠢᠨ ᠲᠡᠮᠡᠴᠡᠨ᠎ᠡ︾ ᠭᠡᠵᠦ ᠲᠥᠪ ᠴᠢᠩᠭ᠎ᠠ ᠪᠠᠷ ᠲᠠᠩᠭᠠᠷᠢᠭᠯᠠᠪᠠ᠃

ᠬᠠᠲᠤᠨ ᠭᠣᠸᠯ ᠤᠨ ᠰᠠᠪᠠ ᠭᠠᠵᠠᠷ ᠤᠨ ᠲᠤᠯᠤᠭᠠᠨ ᠠᠶᠢᠮᠠᠭ ᠬᠣᠲᠠ ᠶᠢᠨ ᠪᠠᠶᠢᠴᠠᠭᠠᠬᠤ ︵ ᠬᠤᠪᠢᠶᠠᠷᠢ ︶ ᠬᠣᠷᠢᠶᠠᠨ ᠤ ᠪᠠᠶᠢᠴᠠᠭᠠᠬᠤ ᠳᠠᠷᠤᠭ᠎ᠠ ︽ ᠬᠠᠲᠤᠨ ᠭᠣᠸᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠣᠷᠢᠨ ᠤ ᠪᠠᠶᠢᠴᠠᠭᠠᠯᠲᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠣᠷᠣᠨ ᠬᠤᠪᠢᠶᠠᠷᠢᠯᠠᠯ ᠠᠯᠤᠰᠯᠠᠨ ᠬᠠᠷᠢᠶᠠᠯᠠᠨ ᠬᠠᠮᠵᠢᠯᠴᠠᠬᠤ ᠰᠠᠨᠠᠯ ︾ ᠳ᠋ᠤ ᠭᠠᠷ ᠤᠨ ᠥᠰᠥᠭ ᠵᠢᠷᠤᠪᠠ

 

 

《 ᠬᠠᠲᠤᠨ ᠭᠣᠣᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠣᠷᠢᠨ ᠢ ᠪᠠᠶᠢᠴᠠᠭᠠᠬᠤ ᠨᠡᠶᠢᠲᠡ ᠶᠢᠨ ᠠᠰᠢᠭᠲᠤ ᠵᠠᠷᠭᠤ ᠶᠢᠨ ᠣᠷᠣᠨ ᠬᠤᠪᠢᠶᠠᠷᠢᠯᠠᠯ ᠠᠯᠤᠰᠯᠠᠨ ᠬᠠᠷᠢᠶᠠᠯᠠᠨ ᠬᠠᠮᠵᠢᠯᠴᠠᠬᠤ ᠰᠠᠨᠠᠯ 》 ᠳᠤ ᠭᠠᠷ ᠤᠨ ᠦᠰᠦᠭ ᠵᠢᠷᠤᠵᠤ ᠂ ᠬᠠᠲᠤᠨ ᠭᠣᠣᠯ ᠤᠨ ᠰᠠᠪᠠ ᠭᠠᠵᠠᠷ ᠤᠨ ᠥᠪᠥᠷ ᠮᠣᠩᠭᠣᠯ ᠤᠨ ᠬᠡᠰᠡᠭ ᠦᠨ ᠪᠠᠶᠢᠴᠠᠭᠠᠬᠤ ᠪᠠᠶᠢᠭᠤᠯᠭ᠎ᠠ ᠶᠢᠨ ᠠᠮᠢ ᠠᠬᠤᠶ ᠶᠢᠨ ᠣᠷᠴᠢᠨ ᠲᠣᠭᠣᠷᠢᠨ ᠤ ᠣᠷᠣᠨ ᠬᠤᠪᠢᠶᠠᠷᠢᠯᠠᠯ ᠠᠯᠤᠰᠯᠠᠨ ᠬᠠᠷᠢᠶᠠᠯᠠᠬᠤ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠢ ᠰᠢᠶᠳᠪᠦᠷᠢᠯᠡᠬᠦ  ᠶᠢ ᠤᠯᠠᠮ ︽ᠳᠡᠭᠡᠳᠦ ᠳᠤᠤᠷᠠᠳᠤ ᠤᠷᠤᠰᠬᠠᠯ  ᠢᠵᠢᠯ ᠪᠤᠰᠤ ᠠᠯᠬᠤᠮᠢ᠂ ᠵᠡᠭᠦᠨ ᠪᠠᠷᠠᠭᠤᠨ ᠡᠷᠭᠢ ᠳᠦ ᠠᠳᠠᠯᠢ ᠪᠤᠰᠤ ᠪᠠᠷ ᠶᠠᠪᠤᠬᠤ ︾ ᠰᠠᠪᠠ ᠭᠠᠵᠠᠷ ᠤᠨ ᠵᠠᠰᠠᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠮᠠᠨ ᠤ ᠣᠷᠣᠨ ᠤ ︽ᠲᠠᠪᠤᠨ ᠭᠣᠣᠯ ᠳᠦᠷᠪᠡᠨ ᠨᠠᠭᠤᠷ︾ ᠤᠨ ᠰᠠᠪᠠ ᠭᠠᠵᠠᠷ ᠤᠨ ᠪᠠᠶᠢᠴᠠᠭᠠᠬᠤ ᠪᠠᠶᠢᠭᠤᠯᠭ᠎ᠠ ᠵᠢᠨ ᠣᠷᠣᠨ ᠬᠤᠪᠢᠶᠠᠷᠢᠯᠠᠯ ᠠᠯᠤᠰᠯᠠᠭᠰᠠᠨ ᠬᠠᠷᠢᠶᠠᠯᠠᠯ ᠤᠨ ᠬᠠᠮᠵᠢᠯᠴᠠᠭᠠᠨ ᠤ ᠲᠣᠭᠲᠠᠴᠠ ᠶᠢ ᠪᠦᠷᠢᠨᠰᠢᠭᠦᠯᠬᠦ ᠳᠦ ᠦᠯᠢᠭᠡᠷ ᠬᠡᠪ ᠬᠠᠩᠭᠠᠵᠤ᠂ ᠭᠣᠣᠯ ᠮᠥᠷᠡᠨ ᠨᠠᠭᠤᠷ ᠴᠥᠭᠥᠷᠥᠮ ᠦᠨ ᠬᠠᠮᠠᠭᠠᠯᠠᠯᠲᠠ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠳᠦ ᠳᠦᠷᠢᠮ ᠦᠨ ᠪᠠᠲᠤᠯᠠᠭ᠎ᠠ ᠬᠠᠩᠭᠠᠵᠠᠢ᠃

ᠬᠥᠬᠡᠬᠣᠲᠠ ᠶᠢᠨ ᠪᠠᠶᠢᠴᠠᠭᠠᠬᠤ ᠬᠣᠷᠢᠶᠠᠨ ᠤ ᠠᠵᠢᠯᠲᠠᠨ ᠬᠠᠲᠤᠨ ᠭᠣᠸᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠣᠮᠣ ᠳ᠋ᠠᠶᠢᠲ᠋ᠠ ᠶᠢᠨ ᠲᠠᠪᠴᠠᠩ ᠵᠢᠴᠢ ᠲᠣᠭᠠᠴᠢᠯᠠᠭᠰᠠᠨ ᠬᠢᠨᠠᠯᠲᠠ ᠶᠢᠨ ᠵᠠᠭᠪᠤᠷ ᠢ ᠲᠠᠨᠢᠯᠴᠠᠭᠤᠯᠪᠠ

 

 


ᠬᠤᠷᠠᠯ ᠤᠨ ᠭᠣᠣᠯ ᠲᠠᠯᠠᠪᠠᠢ ᠨᠢ ᠬᠡᠰᠡᠭ ᠦᠨᠳᠦᠰᠦᠨ ᠱᠠᠲᠤᠨ ᠤ ᠬᠦᠷᠢᠶᠡᠯᠡᠩ ᠲᠡᠶ ᠸᠢᠳᠢᠣ᠋ ᠪᠠᠷ ᠬᠠᠷᠢᠯᠴᠠᠨ ᠬᠣᠯᠪᠣᠭ᠎ᠠ  ᠠᠪᠤᠯ᠎ᠠ

 

 


       ᠡᠨᠡ ᠬᠤᠭᠤᠴᠠᠭᠠᠨ ᠳᠤ᠂ ᠯᠢ ᠶᠦᠩ ᠵᠢᠶᠦ᠋ᠨ᠂ ᠵᠠᠩ ᠽᠢ ᠵᠢᠶᠦ᠋ᠨ᠂ ᠴᠢᠶᠠᠨ ᠲᠠᠶ ᠶᠢᠦ᠂ ᠵᠠᠩ ᠬᠠᠢ ᠹᠸ᠋ᠩ ᠨᠠᠷ ᠪᠠᠰᠠ ᠬᠠᠳᠤᠨ ᠭᠣᠣᠯ ᠤᠨ ᠡᠷᠭᠢ ᠳᠠᠭᠠᠤ ᠵᠢᠴᠢ ᠰᠢᠶᠠᠨ ᠤ ᠮᠦᠽᠧᠢ ᠳᠦ ᠬᠠᠳᠤᠨ ᠭᠣᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠵᠠᠢ᠃

ᠡᠯ᠎ᠡ ᠠᠶᠢᠮᠠᠭ ᠬᠤᠳᠠ ᠶᠢᠨ ᠪᠠᠶᠢᠴᠠᠭᠠᠬᠤ ︵ᠬᠤᠪᠢᠶᠠᠷᠢ ︶ᠬᠣᠷᠢᠢ᠎ᠠ ᠶᠢᠨ ᠪᠠᠶᠢᠴᠠᠭᠠᠬᠤ ᠳᠠᠷᠤᠭ᠎ᠠ᠂ ᠡᠯ᠎ᠡ ᠠᠶᠢᠮᠠᠭ ᠬᠤᠳᠠ ᠶᠢᠨ ᠤᠰᠤᠨ ᠠᠰᠢᠭᠯᠠᠯᠲᠠ ᠶᠢᠨ ᠲᠣᠪᠴᠢᠢ᠎ᠠ ᠶᠢᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠵᠢᠴᠢ ᠡᠯ᠎ᠡ ᠠᠶᠢᠮᠠᠭ ᠬᠤᠳᠠ ᠶᠢᠨ ᠪᠠᠶᠢᠴᠠᠭᠠᠬᠤ ︵ᠬᠤᠪᠢᠶᠠᠷᠢ ︶ ᠬᠣᠷᠢᠢ᠎ᠠ ᠶᠢᠨ ᠡᠷᠡᠭᠦᠦ ᠶᠢᠨ ᠬᠡᠷᠡᠭ ᠢ ᠪᠠᠶᠢᠴᠠᠭᠠᠬᠤ ᠰᠠᠯᠠᠭ᠎ᠠ ᠮᠥᠴᠢᠷ᠂ ᠨᠡᠶᠢᠲᠡ ᠶᠢᠨ ᠠᠰᠢᠭᠲᠤ ᠵᠠᠷᠭᠤ ᠶᠢ ᠪᠠᠶᠢᠴᠠᠭᠠᠬᠤ ᠰᠠᠯᠠᠭ᠎ᠠ ᠮᠥᠴᠢᠷ ᠦᠨ ᠭᠣᠣᠯ ᠬᠠᠷᠢᠭᠤᠴᠠᠯᠭᠠᠲᠠᠨ᠂ ᠬᠥᠬᠡᠬᠣᠲᠠ ᠶᠢᠨ ᠨᠠᠮ ᠤᠨ ᠬᠣᠷᠢᠢ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠲᠣᠭᠲᠠᠬᠤ ᠰᠢᠶᠠᠨ ᠤ ᠨᠠᠮ ᠤᠨ ᠬᠣᠷᠢᠢ᠎ᠠ ᠶᠢᠨ ᠤᠳᠤᠷᠢᠳᠤᠯᠭ᠎ᠠ᠂ ᠬᠣᠯᠪᠣᠭᠳᠠᠯ ᠪᠦᠬᠦᠢ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠦ ᠭᠡᠰᠢᠭᠦᠨ᠂ ᠲᠤᠰᠬᠠᠢ ᠮᠡᠷᠭᠡᠵᠢᠯᠲᠡᠨ ᠡᠷᠳᠡᠮᠲᠡᠨ ᠨᠡᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃

ᠰᠢᠨᠬᠤᠸᠠ ᠬᠣᠷᠢᠶ᠎ᠠ ᠂ ᠬᠠᠸᠯᠢ ᠪᠠᠷ ᠵᠠᠰᠠᠬᠤ ᠡᠳᠦᠷ ᠦᠨ ᠰᠣᠨᠢᠨ ᠂ ᠪᠠᠶᠢᠴᠠᠭᠠᠬᠤ ᠡᠳᠦᠷ ᠦᠨ ᠰᠣᠨᠢᠨ ᠂ ᠥᠪᠥᠷ ᠮᠣᠩᠭᠣᠯ ᠤᠨ ᠡᠳᠦᠷ ᠦᠨ ᠰᠣᠨᠢᠨ ᠂ ᠥᠪᠥᠷ ᠮᠣᠩᠭᠣᠯ ᠤᠨ ᠷᠠᠳᠢᠣ᠋ ᠲᠧᠯᠸᠢᠰ ᠬᠣᠷᠢᠶ᠎ᠠ ᠂ ᠥᠪᠥᠷ ᠮᠣᠩᠭᠣᠯ ᠤᠨ ᠬᠠᠸᠯᠢ ᠲᠦᠷᠢᠮ ᠦᠨ ᠰᠣᠨᠢᠨ ᠂ ᠲᠸᠩ ᠰᠢᠶᠦ᠋ᠨ ᠥᠪᠥᠷ ᠮᠣᠩᠭᠣᠯ ᠂ ᠬᠥᠬᠡᠬᠣᠲᠠ ᠶᠢᠨ ᠡᠳᠦᠷ ᠦᠨ ᠰᠣᠨᠢᠨ ᠂ ᠬᠥᠬᠡᠬᠣᠲᠠ ᠶᠢᠨ ᠷᠠᠳᠢᠣ᠋ ᠲᠧᠯᠸᠢᠰ ᠬᠣᠷᠢᠶ᠎ᠠ ᠵᠡᠷᠭᠡ ᠵᠠᠭᠤᠴᠢᠯᠠᠭᠤᠷ ᠤᠨ ᠰᠤᠷᠪᠤᠯᠵᠢᠯᠠᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ ᠃

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro