ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠵᠣᠷᠢᠭ ᠰᠠᠨᠠᠭ᠎ᠠ ᠪᠠᠨ ᠬᠥᠪᠴᠢᠯᠡᠵᠦ ᠠᠵᠢᠯ ᠤᠨ ᠠᠮᠵᠢᠯᠲᠠ ᠪᠠᠨ ᠳᠡᠭᠡᠭᠰᠢᠯᠡᠭᠦᠯᠵᠦ ᠴᠢᠳᠠᠪᠤᠷᠢ ᠪᠠᠨ ᠳᠡᠭᠡᠭᠰᠢᠯᠡᠭᠦᠯᠵᠦ ᠲᠡᠷᠢᠭᠦᠨ ᠦ ᠬᠢ ᠶᠢ ᠡᠭᠦᠳᠴᠦ ᠂ ᠲᠤᠮᠤ ᠬᠤᠳᠠ ᠲᠤᠮᠤ ᠬᠣᠷᠢᠶ᠎ᠠ ᠲᠡᠶ ᠵᠣᠬᠢᠴᠠᠯᠳᠤᠭᠰᠠᠨ ᠪᠠᠶᠢᠴᠠᠭᠠᠬᠤ ᠠᠵᠢᠯ ᠤᠨ ᠠᠮᠵᠢᠯᠲᠠ ᠪᠦᠲᠦᠮᠵᠢ ᠶᠢ ᠪᠦᠬᠦ ᠬᠦᠴᠦᠨ ᠢᠶᠡᠷ ᠢᠶᠡᠨ ᠪᠤᠢ ᠪᠣᠯᠭᠠᠨ᠎ᠠ

2023-06-25 16:34:57
ᠵᠣᠬᠢᠶᠠᠭᠴᠢ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ

 

︱ ᠯᠢ ᠶᠦᠩ ᠵᠢᠶᠦ᠋ᠨ ᠪᠤᠭᠤᠲᠤ ᠬᠣᠲᠠ ᠶᠢᠨ ᠪᠠᠶᠢᠴᠠᠭᠠᠬᠤ ᠪᠠᠶᠢᠭᠤᠯᠭ᠎ᠠ ᠳᠤ ᠪᠠᠶᠢᠴᠠᠭᠠᠨ ᠰᠤᠳᠤᠯᠤᠯᠲᠠ ᠬᠢᠪᠠ

 

 

5 ᠳ᠋ᠤᠭᠠᠷ ᠰᠠᠷ᠎ᠠ ᠶᠢᠨ 31 ᠦ ᠡᠳᠦᠷ ᠡᠴᠡ 6 ᠰᠠᠷ᠎ᠠ ᠶᠢᠨ 1 ᠦ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠤᠷᠢᠳ ᠬᠣᠵᠢᠳ ᠪᠤᠭᠤᠲᠤ ᠬᠣᠲᠠ ᠶᠢᠨ ᠵᠢᠤᠶᠤᠸᠠᠨ ᠲᠣᠭᠣᠷᠢᠭ ᠂ ᠴᠢᠩᠱᠠᠨ ᠲᠣᠭᠣᠷᠢᠭ ᠂ ᠬᠥᠨᠳᠡᠯᠡᠨ ᠲᠣᠭᠣᠷᠢᠭ ᠂ ᠬᠣᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠦᠨ ᠲᠣᠭᠣᠷᠢᠭ ᠪᠠ ᠪᠤᠭᠤᠲᠤ ᠬᠣᠲᠠ ᠶᠢᠨ ᠪᠠᠶᠢᠴᠠᠭᠠᠬᠤ ᠬᠣᠷᠢᠶ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠣᠳᠪᠠ ᠃

 


       ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ ᠂ ᠯᠢ ᠶᠦᠩ ᠵᠢᠶᠦ᠋ᠨ ᠡᠯ᠎ᠡ ᠬᠣᠷᠢᠶᠠᠨ ᠤ ᠴᠢᠳᠠᠮᠵᠢᠳᠤ ᠣᠷᠣᠨ ᠤ ᠪᠥᠲᠥᠭᠡᠨ ᠪᠠᠶᠢᠭᠤᠯᠤᠯᠲᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ ᠂ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ ᠂ ᠲᠤᠬᠠᠶ ᠶᠢᠨ ᠲᠠᠯᠠᠪᠤᠷ ᠲᠤ ᠦᠨᠳᠦᠰᠦᠨ ᠱᠠᠲᠤᠨ ᠤ ᠲᠥᠭᠡᠷᠢᠭᠳᠡᠯ ᠳᠦ ᠬᠠᠷᠢᠭᠤᠯᠲᠠ ᠥᠭᠴᠦ ᠂ ᠪᠥᠬᠥ ᠤᠯᠤᠰ ᠤᠨ ᠵᠢᠱᠢᠶᠡᠴᠢ ᠪᠠᠶᠢᠴᠠᠭᠠᠬᠤ ᠲᠤᠰᠢᠶᠠᠯᠲᠠᠨ ᠂ ᠪᠥᠬᠥ ᠤᠯᠤᠰ ᠤᠨ ᠲᠡᠷᠢᠭᠦᠨ ᠦ ᠠᠵᠢᠯᠲᠠᠨ ᠫᠠᠨ ᡁᠢ ᠷᠦᠩ ᠂ ᠵᠠᠩ ᠵᠠᠩ ᠪᠦᠦ ᠨᠥᠬᠥᠷ ᠢ ᠳᠣᠲᠣᠨᠣ ᠪᠠᠷ ᠭᠥᠯᠢᠶᠡᠨ ᠠᠪᠴᠤ ᠠᠭᠤᠯᠵᠠᠪᠠ ᠃

 

 

 

 


      ᠪᠤᠭᠤᠲᠤ ᠬᠤᠳᠠ ᠶᠢᠨ ᠪᠠᠶᠢᠴᠠᠭᠠᠬᠤ ᠬᠣᠷᠢᠢ᠎ᠠ ᠳᠤ᠂ ᠯᠢ ᠶᠦᠩ ᠵᠢᠶᠦ᠋ᠨ ᠬᠣᠯᠪᠣᠭᠳᠠᠯ ᠪᠦᠬᠦᠢ ᠬᠥᠮᠦᠰ ᠲᠡᠶ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠪᠦᠬᠦᠯᠢ ᠴᠣᠭᠴᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠯᠢ ᠶᠦᠩ ᠵᠢᠶᠦ᠋ᠨ ᠪᠤᠭᠤᠲᠤ ᠶᠢᠨ ᠪᠠᠶᠢᠴᠠᠭᠠᠬᠤ ᠠᠵᠢᠯ ᠢ  ᠭᠦᠢᠴᠡᠳ ᠨᠤᠲᠠᠯᠠᠪᠠ᠃ ᠲᠡᠷᠡ᠂ ᠪᠤᠭᠤᠲᠤ ᠶᠢᠨ ᠪᠠᠶᠢᠴᠠᠭᠠᠬᠤ ᠠᠵᠢᠯ ᠶᠡᠷᠦᠩᠬᠡᠢ ᠳᠡᠭᠡᠨ ᠵᠦᠭᠡᠷ  ᠪᠠᠶᠢᠵᠤ᠂ ᠠᠵᠢᠯ ᠳᠤ ᠰᠠᠭᠤᠷᠢ ᠲᠠᠶ᠂ ᠮᠠᠰᠢ ᠤᠯᠠᠨ ᠠᠵᠢᠯ ᠳᠤ ᠠᠮᠵᠢᠯᠲᠠ ᠪᠦᠲᠦᠮᠵᠢ ᠭᠠᠷᠭᠠᠵᠤ᠂ ᠨᠡᠶᠢᠲᠡᠯᠢᠭ ᠵᠢᠱᠢᠢ᠎ᠡ ᠢᠯᠡᠷᠡᠵᠦ᠂ ᠤᠯᠠᠨ ᠲᠦᠷᠦᠯ ᠦᠨ ᠲᠤᠬᠠᠶᠢᠯᠠᠭᠰᠠᠨ ᠠᠵᠢᠯ ᠤᠨ ᠭᠦᠢᠴᠡᠳᠬᠡᠯ ᠲᠣᠭ᠎ᠠ ᠪᠦᠬᠦ ᠣᠷᠣᠨ ᠤ ᠡᠮᠦᠨ᠎ᠡ ᠡᠩᠨᠡᠭᠡᠨ ᠳᠦ ᠣᠷᠣᠪᠠ᠃ ᠡᠩᠨᠡᠭᠡ ᠨᠢ ᠬᠦᠴᠦᠨ ᠲᠡᠶ᠂ ᠪᠠᠶᠢᠴᠠᠭᠠᠬᠤ ᠡᠩᠨᠡᠭᠡ ᠨᠢ ᠰᠤᠷᠤᠯᠴᠠᠵᠤ ᠳᠠᠪᠰᠢᠬᠤ ᠳᠤᠷᠠᠲᠠᠶ᠂ ᠲᠡᠷᠢ ᠲᠡᠭᠰᠢ ᠬᠦᠴᠦᠨ ᠴᠢᠳᠠᠯ ᠲᠠᠶ᠂ ᠪᠠᠶᠢᠭᠤᠯᠭ᠎ᠠ ᠶᠢᠨ ᠰᠤᠷᠤᠯᠴᠠᠬᠤ ᠠᠭᠤᠷ ᠠᠮᠢᠰᠬᠤᠯ ᠭᠦᠨ ᠵᠤᠵᠠᠭᠠᠨ᠂ ᠲᠡᠦᠬᠡ ᠶᠢᠨ ᠬᠤᠷᠠᠮᠳᠤᠯ ᠢᠶᠠᠷ ᠭᠦᠨ ᠵᠤᠵᠠᠭᠠᠨ  ᠪᠠᠶᠢᠨ᠎ᠠ᠃ ᠬᠥᠭᠵᠢᠯᠲᠡ ᠶᠢᠨ ᠬᠠᠨᠳᠤᠰᠢ ᠲᠠᠶ ᠂ ᠡᠨᠡ ᠵᠢᠯ ᠡᠴᠡ ᠨᠠᠰᠢ ᠠᠵᠢᠯ ᠤᠨ ᠬᠥᠭᠵᠢᠯᠲᠡ ᠶᠢᠨ ᠪᠠᠶᠢᠳᠠᠯ ᠲᠣᠭᠲᠠᠭᠤᠨ ᠢᠶᠠᠷ ᠰᠠᠶᠢᠵᠢᠷᠠᠵᠤ ᠂ ᠢᠯᠠᠩᠭᠤᠶ᠎ᠠ ᠬᠡᠷᠡᠭ ᠲᠦ ᠬᠣᠯᠪᠣᠭᠳᠠᠭᠰᠠᠨ ᠠᠵᠤ ᠠᠬᠤᠶᠢᠯᠠᠯ ᠤᠨ ᠲᠦᠷᠢᠮ ᠳᠦ ᠨᠡᠶᠢᠴᠡᠭᠰᠡᠨ ᠥᠭᠡᠷᠡᠴᠢᠯᠡᠯᠲᠡ ᠶᠢᠨ ᠬᠡᠷᠡᠭ ᠰᠢᠶᠳᠪᠦᠷᠢᠯᠡᠭᠰᠡᠨ ᠲᠣᠭ᠎ᠠ ᠨᠢᠭᠡᠳᠦᠭᠡᠷ ᠤᠯᠠᠷᠢᠯ ᠳᠤ ᠪᠥᠬᠥ ᠣᠷᠣᠨ ᠤ ᠲᠡᠷᠢᠭᠦᠨ ᠳᠦ ᠣᠷᠣᠪᠠ  ᠭᠡᠵᠡᠢ᠃

 

 

ᠯᠢ ᠶᠦᠩ ᠵᠢᠶᠦ᠋ᠨ ᠴᠢᠬᠤᠯᠠᠴᠢᠯᠠᠭᠰᠠᠨ ᠨᠢ ᠂ ᠠᠵᠢᠯ ᠳᠤ ᠪᠠᠰᠠ ᠡᠳᠦᠶ ᠲᠡᠳᠦᠶ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠨ᠎ᠠ ᠂ ᠬᠣᠶᠢᠰᠢᠳᠠ ᠠᠵᠢᠯ ᠤᠨ ᠳᠤᠮᠳᠠ ᠪᠠᠨ ᠤᠯᠠᠮ ᠨᠢᠭᠡ ᠠᠯᠬᠤᠮ ᠵᠣᠷᠢᠭ ᠰᠠᠨᠠᠭ᠎ᠠ ᠪᠠᠨ ᠬᠥᠪᠴᠢᠯᠡᠵᠦ ᠂ ᠠᠵᠢᠯ ᠤᠨ ᠪᠦᠲᠦᠮᠵᠢ ᠪᠡᠨ ᠳᠡᠭᠡᠭᠰᠢᠯᠡᠭᠦᠯᠦᠨ ᠂ ᠴᠢᠳᠠᠪᠤᠷᠢ ᠪᠠᠨ ᠳᠡᠭᠡᠭᠰᠢᠯᠡᠭᠦᠯᠵᠦ ᠂ ᠲᠡᠷᠢᠭᠦᠨ ᠦ ᠬᠢ ᠶᠢ ᠴᠢᠷᠮᠠᠶᠢᠨ ᠡᠭᠦᠳᠴᠦ ᠂ ᠠᠵᠤ ᠠᠬᠤᠶ ᠶᠢᠨ ᠪᠠᠶᠢᠷᠢ ᠰᠠᠭᠤᠷᠢ ᠲᠠᠶ ᠵᠣᠬᠢᠴᠠᠯᠳᠤᠭᠰᠠᠨ ᠪᠠᠶᠢᠴᠠᠭᠠᠬᠤ ᠠᠵᠢᠯ ᠤᠨ ᠪᠦᠲᠦᠮᠵᠢ ᠶᠢ ᠪᠥᠬᠥ ᠬᠦᠴᠦᠨ ᠢᠶᠡᠷ ᠢᠶᠡᠨ ᠪᠣᠶ ᠪᠣᠯᠭᠠᠬᠤ ᠬᠡᠷᠡᠭᠲᠡᠶ ᠃

ᠪᠣᠳᠠᠲᠠᠶ ᠪᠠᠷ ᠭᠤᠷᠪᠠᠨ ᠲᠠᠯ᠎ᠠ ᠶᠢ ᠭᠦᠢᠴᠡᠳᠬᠡᠬᠦ ᠬᠡᠷᠡᠭᠲᠡᠶ᠄

ᠨᠢᠭᠡ ᠳᠦ᠂ ︽ᠶᠡᠬᠡ ᠵᠠᠬ᠎ᠠ ᠳᠡᠯᠭᠡᠭᠦᠷ ᠦᠨ ᠠᠵᠢᠯ ᠦᠢᠯᠡᠰ︾ ᠤᠨ ᠲᠣᠭᠣᠷᠢᠨ ᠳᠤ ᠵᠣᠷᠢᠭ ᠰᠠᠨᠠᠭ᠎ᠠ ᠪᠠᠨ ᠬᠥᠭᠵᠢᠭᠡᠬᠦ ᠬᠡᠷᠡᠭᠲᠡᠢ᠃ᠪᠤᠭᠤᠲᠤ ᠪᠣᠯ ᠮᠠᠨ ᠤ ᠣᠷᠣᠨ ᠤ ᠡᠮᠦᠨ᠎ᠡ ᠡᠩᠨᠡᠭᠡᠨ ᠳᠦ ᠪᠠᠶᠢᠷᠢᠯᠠᠵᠤ ᠪᠠᠶᠢᠭ᠎ᠠ ᠠᠵᠤ ᠠᠬᠤᠢ ᠶᠢᠨ ᠲᠤᠮᠤ ᠬᠤᠳᠠ ᠪᠣᠯᠤᠨ᠎ᠠ᠂ ᠪᠤᠭᠤᠲᠤ ᠶᠢᠨ ᠪᠠᠶᠢᠴᠠᠭᠠᠬᠤ ᠠᠵᠢᠯ ᠨᠢ ᠪᠤᠭᠤᠲᠤ ᠶᠢᠨ ᠠᠵᠤ ᠠᠬᠤᠢ ᠨᠡᠶᠢᠭᠡᠮ ᠦᠨ ᠬᠥᠭᠵᠢᠯᠲᠡ ᠶᠢᠨ ᠪᠠᠶᠢᠷᠢ ᠰᠠᠭᠤᠷᠢ ᠲᠠᠶ ᠬᠠᠷᠢᠯᠴᠠᠨ ᠲᠤᠬᠢᠷᠠᠯᠴᠠᠵᠤ᠂ ᠪᠦᠬᠦ ᠣᠷᠣᠨ ᠤ ᠪᠠᠶᠢᠴᠠᠭᠠᠬᠤ ᠠᠵᠢᠯ ᠤᠨ ᠡᠮᠦᠨ᠎ᠡ ᠡᠩᠨᠡᠭᠡᠨ ᠳᠦ ᠣᠷᠣᠬᠤ ᠬᠡᠷᠡᠭᠲᠡᠢ᠃

ᠬᠣᠶᠠᠷ ᠲᠤ ︽ᠲᠡᠷᠢᠭᠦᠨ ᠦ ᠬᠢ ᠶᠢ ᠴᠢᠷᠮᠠᠶᠢᠨ ᠡᠭᠦᠳᠬᠦ︾ ᠶᠢᠨ ᠲᠣᠭᠣᠷᠢᠨ ᠳᠤ ᠠᠵᠢᠯ ᠤᠨ ᠪᠦᠲᠦᠮᠵᠢ ᠪᠡᠨ ᠳᠡᠭᠡᠭᠰᠢᠯᠡᠭᠦᠯᠬᠦ ᠬᠡᠷᠡᠭᠲᠡᠶ᠃ ᠭᠣᠣᠯᠳᠠᠯᠭ᠎ᠠ ᠪᠠᠨ ᠭᠤᠷᠪᠠᠨ ᠬᠦᠴᠦᠯᠡᠬᠦ ᠴᠡᠭ ᠳᠡᠭᠡᠷ᠎ᠡ ᠶᠡᠬᠡ ᠬᠦᠴᠦ ᠣᠷᠣᠭᠤᠯᠬᠤ ᠬᠡᠷᠡᠭᠲᠡᠢ᠄ ᠪᠦᠬᠦᠯᠢ ᠴᠣᠭᠴᠠ ᠶᠢᠨ ᠳᠠᠪᠠᠭᠤᠯᠢᠭ ᠢ ᠪᠤᠢ ᠪᠣᠯᠭᠠᠵᠤ᠂ ᠥᠪᠡᠷᠮᠢᠴᠡ ᠣᠨᠴᠠᠯᠢᠭ ᠲᠠᠶ ᠬᠢᠯᠠᠰ ᠴᠡᠭ ᠢ ᠬᠥᠮᠦᠵᠢᠭᠦᠯᠵᠦ᠂ ᠥᠪᠡᠷ ᠥᠪᠡᠷ ᠦᠨ ᠣᠨᠴᠠᠯᠢᠭ ᠲᠠᠶ ︽ᠨᠢᠭᠡ  ᠬᠣᠷᠢᠶ᠎ᠠ ᠨᠢᠭᠡ ᠦᠢᠯᠡᠳᠬᠦᠨ︾᠂ ︽ᠨᠢᠭᠡ ᠬᠡᠰᠡᠭ ᠨᠢᠭᠡ ᠰᠢᠯᠢᠳᠡᠭ︾ ᠦᠨ ᠨᠡᠷᠡᠳᠤ ᠲᠡᠮᠳᠡᠭ ᠢ ᠰᠠᠶᠢᠲᠤᠷ ᠬᠢᠵᠦ᠂ ᠭᠠᠭᠴᠠ ᠵᠦᠢᠯ ᠦᠨ ᠠᠵᠢᠯ ᠤᠨ ᠳᠠᠪᠠᠭᠤᠯᠢᠭ ᠢ ᠪᠦᠬᠦ ᠬᠤᠳᠠ ᠶᠢᠨ ᠪᠠᠶᠢᠴᠠᠭᠠᠬᠤ ᠠᠵᠢᠯ ᠤᠨ ᠪᠦᠬᠦᠯᠢ ᠴᠣᠭᠴᠠ ᠶᠢᠨ ᠳᠠᠪᠠᠭᠤᠯᠢᠭ ᠪᠣᠯᠭᠠᠨ  ᠲᠦᠪᠯᠡᠷᠡᠭᠦᠯᠦᠨ᠎ᠡ᠃ 

ᠭᠤᠷᠪᠠ ᠳᠤ᠂ ︽ᠲᠠᠭᠠᠷᠢᠬᠤ ᠰᠠᠬᠢᠬᠤ ᠶᠢ ᠬᠣᠣᠰᠯᠠᠭᠤᠯᠬᠤ︾ᠪᠡᠷ ᠭᠣᠣᠯᠯᠠᠭᠤᠯᠤᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃︽ᠳᠣᠪᠲᠣᠯᠬᠤ︾ ᠭᠡᠳᠡᠭ ᠨᠢ ᠳᠠᠷᠤᠶ ᠤᠷᠤᠭᠰᠢᠯᠠᠨ ᠲᠠᠪᠰᠢᠵᠤ᠂ ᠡᠭᠦᠳᠦᠨ ᠪᠦᠲᠦᠭᠡᠵᠦ᠂ ᠴᠢᠷᠮᠠᠶᠢᠨ ᠠᠵᠢᠯᠯᠠᠵᠤ᠂ ᠨᠡᠩ ᠶᠡᠬᠡ ᠠᠮᠵᠢᠯᠲᠠ ᠪᠦᠲᠦᠮᠵᠢ ᠤᠯᠬᠤ ᠶᠢ ᠬᠡᠯᠡᠵᠦ ᠪᠠᠶᠢᠨ᠎ᠠ᠃ ︽ᠵᠢᠩᠬᠢᠨᠢ ᠴᠢᠳᠠᠪᠤᠷᠢ︾ ᠶᠢ ᠡᠵᠡᠮᠰᠢᠵᠦ᠂ ᠭᠠᠷ ᠲᠠᠭᠠᠨ ︽ᠠᠯᠮᠠᠰ ᠴᠢᠯᠠᠭᠤ︾ ᠶᠢ ᠠᠳᠬᠤᠨ᠂ ᠳᠠᠭᠠᠷᠢᠬᠤ ᠪᠦᠬᠦᠨ ᠢ ᠢᠯᠠᠬᠤ ᠬᠡᠷᠡᠭᠲᠡᠶ ᠃

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠬᠣᠯᠪᠣᠭᠳᠠᠯ ᠪᠥᠬᠥᠶ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠬᠠᠮᠲᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠠᠵᠢᠯ ᠤᠨ ᠰᠠᠨᠠᠯ ᠢᠶᠠᠨ ᠳᠤᠷᠠᠳᠪᠠ ᠃

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro