ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠨᠠᠶᠢᠳᠠᠯᠭ᠎ᠠ ᠶᠢ ᠪᠠᠲᠤ ᠴᠡᠭᠡᠵᠢᠯᠡᠵᠦ᠂ ᠦᠵᠡᠰᠭᠦᠯᠡᠩᠲᠦ ᠰᠠᠶᠢᠬᠠᠨ ᠲᠠᠯ᠎ᠠ ᠨᠤᠲᠤᠭ  ᠪᠣᠯ ᠳᠠᠷᠤᠢ ᠮᠢᠨᠦ ᠭᠡᠷ ᠤᠷᠤᠨ ᠭᠡᠬᠦ ᠰᠢᠨ᠎ᠡ ᠬᠠᠷᠢᠭᠤᠯᠲᠠ ᠵᠢᠨ ᠬᠠᠭᠤᠳᠠᠰᠤ  ᠶᠢ ᠪᠢᠴᠢᠭᠯᠡᠨᠡᠮ

2023-07-13 15:38:44
ᠵᠣᠬᠢᠶᠠᠭᠴᠢ
ᠨᠠᠪᠴᠢ

 

---------- ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ︽ ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ︾ ᠵᠢ ᠠᠬᠢᠭᠤᠯᠬᠤ ᠬᠤᠷᠠᠯ  ᠬᠥᠰᠢᠭᠡ ᠪᠠᠨ ᠨᠡᠭᠡᠭᠡᠯ᠎ᠡ

 

 

︽ᠤᠯᠠᠭᠠᠨᠮᠥ᠋ᠴᠢᠷ ᠪᠣᠯ ᠤᠳᠬ᠎ᠠ ᠤᠷᠠᠯᠢᠭ ᠤᠨ ᠤᠬᠠᠭᠤᠯᠬᠤ ᠠᠩᠭᠢ ᠮᠥᠨ ᠂ ᠤᠯᠠᠭᠠᠨ ᠥᠩᠭᠡ ᠶᠢᠨ ᠬᠥᠩᠭᠡᠨ ᠮᠣᠷᠢᠲᠤ ᠴᠡᠷᠢᠭ ᠮᠥᠨ ᠃ ᠲᠡᠳᠡ ᠲᠤᠮᠳᠠᠲᠤ ᠤᠯᠤᠰ ᠤᠨ ᠡᠪ ᠬᠠᠮᠲᠤ ᠨᠠᠮ  ᠢᠶᠠᠨ ᠰᠠᠶᠢᠲᠤᠷ ᠳᠠᠭᠠᠵᠤ ᠂ ᠨᠠᠮ ᠤᠨ ᠰᠠᠶᠢᠨ ᠲᠥᠷᠥ  ᠶᠢᠨ ᠪᠣᠳᠣᠯᠭ᠎ᠠ  ᠶᠢ ᠤᠬᠠᠭᠤᠯᠵᠤ ᠂  ᠦᠨᠳᠦᠰᠦᠨ ᠱᠠᠲᠤᠨ ᠳᠤ ᠭᠦᠨᠵᠡᠭᠡᠶᠢᠷᠡᠨ ᠣᠯᠠᠨ ᠲᠦᠮᠡᠨ ᠦ ᠪᠠᠶᠢᠳᠠᠯ  ᠢ ᠣᠶᠢᠯᠠᠭᠠᠵᠤ ᠂ ᠣᠯᠠᠨ ᠲᠦᠮᠡᠨ ᠦ ᠬᠦᠰᠡᠯ ᠱᠠᠭᠠᠷᠳᠠᠯᠭ᠎ᠠ  ᠶᠢ  ᠲᠤᠰᠬᠠᠳᠠᠭ ᠃ ᠪᠠᠶᠢᠴᠠᠭᠠᠬᠤ ᠪᠠᠶᠢᠭᠤᠯᠭ᠎ᠠ ᠶᠢᠨ ᠬᠢᠨ ᠤᠯᠠᠭᠠᠨᠮᠥ᠋ᠴᠢᠷ ᠲᠡᠶ ᠬᠠᠮᠲᠤᠷᠠᠨ  ᠨᠤᠲᠤᠭ ᠪᠡᠯᠴᠢᠭᠡᠷ ᠢ ᠬᠠᠮᠠᠭᠠᠯᠠᠬᠤ ᠠᠭᠤᠤ ᠶᠡᠬᠡ ᠠᠵᠢᠯᠯᠠᠭ᠎ᠠ ᠶᠢ ᠬᠠᠮᠲᠤᠪᠠᠷ ᠤᠬᠠᠭᠤᠯᠵᠤ ᠪᠠᠶᠢᠭ᠎ᠠ ᠨᠢ ᠨᠢᠭᠡ ᠵᠦᠢᠯ ᠦᠨ ᠰᠢᠨ᠎ᠡ ᠶᠢ ᠡᠭᠦᠳᠬᠦ ᠠᠷᠭ᠎ᠠ ᠬᠡᠮᠵᠢᠢ᠎ᠡ ᠪᠣᠯᠤᠨ᠎ᠠ᠂ ᠬᠣᠶᠠᠷ  ᠲᠠᠯ᠎ᠠ ᠵᠢᠨ  ᠬᠠᠮᠲᠤ ᠶᠢᠨ ᠴᠢᠷᠮᠠᠶᠢᠯᠭ᠎ᠠ ᠪᠠᠷ ᠡᠨᠡᠬᠦ  ᠴᠡᠭᠡᠯ  ᠬᠥᠬᠡ᠂  ᠡᠨᠡᠬᠦ ᠨᠣᠮᠢᠨ ᠨᠣᠭᠤᠭᠠᠨ  ᠂ ᠡᠨᠡᠬᠦ  ᠴᠡᠪᠡᠷ ᠠᠷᠢᠭᠤᠨ  ᠢ ᠨᠡᠩ ᠰᠠᠶᠢᠲᠤᠷ ᠬᠠᠮᠠᠭᠠᠯᠠᠵᠤ᠂  ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠵᠠᠷᠭᠤ ᠶᠢᠨ ᠰᠠᠶᠢᠨ ᠳᠠᠭᠤᠨ ᠢ ᠲᠠᠯ᠎ᠠ ᠨᠤᠲᠤᠭ ᠤᠨ ᠭᠠᠵᠠᠷ ᠪᠣᠯᠭᠠᠨ ᠳᠤ ᠳᠠᠮᠵᠢᠭᠤᠯᠬᠤ ᠶᠢ ᠢᠲᠡᠭᠡᠵᠦ ᠪᠠᠶᠢᠨ᠎ᠠ︾᠂ 7 ᠳ᠋ᠤᠭᠠᠷ ᠰᠠᠷ᠎ᠠ ᠶᠢᠨ 8 ᠤ ᠡᠳᠦᠷ ᠦᠨ ᠦᠳᠡ ᠶᠢᠨ ᠡᠮᠦᠨ᠎ᠡ ᠂ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ︽ ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠬᠠᠮᠵᠢᠯᠴᠠᠭ᠎ᠠ ᠶᠢᠨ ᠨᠢᠭᠡᠳᠦᠯᠲᠡᠶ ᠠᠵᠢᠯᠯᠠᠭ᠎ᠠ ︾ ᠶᠢ ᠳᠥᠯᠭᠢᠨ ᠠᠬᠢᠭᠤᠯᠬᠤ ᠬᠤᠷᠠᠯ ᠰᠢᠯᠢᠩᠬᠣᠲᠠ ᠳᠤ ᠬᠤᠷᠠᠯᠳᠤᠵᠤ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠰᠥᠨᠢᠳ ᠪᠠᠷᠠᠭᠤᠨ ᠬᠣᠰᠢᠭᠤᠨ ᠤ ᠤᠯᠠᠭᠠᠨᠮᠥ᠋ᠴᠢᠷ ᠲᠦ ︽ᠨᠡᠶᠢᠲᠡ ᠶᠢᠨ ᠠᠰᠢᠭᠲᠤ ᠵᠠᠷᠭᠤ ᠶᠢᠨ ᠤᠬᠠᠭᠤᠯᠬᠤ ᠠᠩᠭᠢ ︾ ᠵᠢᠨ ᠲᠣᠭ  ᠭᠠᠷᠳᠠᠭᠤᠯᠬᠤ   ᠳᠤ ᠪᠠᠨ  ᠢᠩᠬᠢᠵᠦ ᠢᠯᠡᠷᠬᠡᠶᠢᠯᠡᠭᠰᠡᠨ ᠪᠠᠶᠢᠨ᠎ᠠ ᠃ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ  ᠨᠤᠲᠤᠭ ᠪᠡᠯᠴᠢᠭᠡᠷ ᠦᠨ ᠲᠣᠪᠴᠢᠢ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠤᠤ ᠱᠧᠩ ᠬᠤᠷᠠᠯ ᠳᠤ ᠣᠷᠣᠯᠴᠠᠪᠠ᠃ ᠰᠢᠯᠢ ᠶᠢᠨ ᠭᠣᠣᠯ ᠠᠶᠢᠮᠠᠭ ᠤᠨ ᠨᠠᠮ ᠤᠨ ᠬᠣᠷᠢᠢ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠦᠸᠧ ᠴᠢᠩ ᠪᠠᠶᠠᠷ ᠤᠨ ᠦᠭᠡ ᠬᠡᠯᠡᠪᠡ︔ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ  ᠨᠤᠲᠤᠭ ᠪᠡᠯᠴᠢᠭᠡᠷ ᠦᠨ ᠲᠣᠪᠴᠢᠢ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ  ᠲᠢᠶ᠋ᠸ ᠨᠢᠦ ᠶᠠᠷᠢᠶ᠎ᠠ ᠲᠠᠯᠪᠢᠵᠠᠢ᠃ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠪᠠᠶᠢᠴᠠᠭᠠᠬᠤ ᠳᠠᠷᠤᠭ᠎ᠠ ᠵᠤᠤ ᠭᠦᠸᠧ ᠬᠤᠸᠠ ᠬᠤᠷᠠᠯ ᠢ ᠡᠷᠬᠢᠯᠡᠪᠡ᠃

 

 

ᠥᠪᠥᠷ ᠮᠣᠩᠭᠣᠯ ᠪᠣᠯ ᠮᠠᠨ ᠤ ᠤᠯᠤᠰ ᠤᠨ ᠤᠮᠠᠷᠠᠲᠤ ᠶᠢᠨ ᠲᠠᠯᠠᠪᠠᠢ ᠪᠠᠷ ᠬᠠᠮᠤᠭ ᠤᠨ ᠶᠡᠬᠡ᠂ ᠲᠦᠷᠦᠯ ᠵᠦᠢᠯ ᠢᠶᠡᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠳᠦ ᠣᠷᠣᠨ ᠪᠣᠯᠬᠤ ᠪᠥᠭᠡᠳ ᠪᠠᠰᠠ ᠴᠢᠬᠤᠯᠠ ᠠᠮᠢ ᠠᠬᠤᠢ ᠶᠢᠨ ᠠᠮᠤᠷ ᠲᠦᠪᠰᠢᠨ ᠦ ᠬᠠᠯᠬᠠᠪᠴᠢ ᠪᠣᠯᠤᠨ᠎ᠠ᠃ ᠨᠤᠲᠤᠭ ᠪᠡᠯᠴᠢᠭᠡᠷ᠂ ᠤᠢ ᠰᠢᠭᠤᠢ ᠶᠢ ᠬᠠᠮᠠᠭᠠᠯᠠᠬᠤ ᠪᠣᠯ ᠥᠪᠥᠷ ᠮᠣᠩᠭᠣᠯ ᠤᠨ ᠠᠮᠢ ᠠᠬᠤᠢ ᠶᠢᠨ ᠰᠢᠰᠲᠸᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠤᠨ᠎ᠠ᠃ᠤᠯᠤᠰ ᠤᠨ ᠨᠤᠲᠤᠭ ᠳᠡᠪᠢᠰᠬᠡᠷ ᠦᠨ ︽ ᠭᠤᠷᠪᠠ ᠶᠢ ᠳᠣᠭᠢᠷᠠᠭᠤᠯᠬᠤ ︾ ᠶᠢᠨ ᠦᠷ᠎ᠡ ᠳ᠋ᠦᠩ ᠡᠴᠡ ᠦᠵᠡᠪᠡᠯ ᠄ ᠥᠪᠥᠷ ᠮᠣᠩᠭᠣᠯ ᠤᠨ  ᠨᠤᠲᠤᠭ ᠪᠡᠯᠴᠢᠭᠡᠷ ᠦᠨ ᠲᠠᠯᠠᠪᠠᠶ 8.15 ᠳ᠋ᠦᠩᠰᠢᠭᠤᠷ ᠮᠥ ᠪᠠᠶᠢᠵᠤ ᠂ ᠪᠥᠬᠥ ᠤᠯᠤᠰ ᠲᠤ ᠬᠣᠶᠠᠳᠤᠭᠠᠷ ᠲᠤ ᠣᠷᠣᠵᠤ ᠂ ᠲᠠᠷᠢᠶᠠᠨ ᠭᠠᠵᠠᠷ ᠤᠨ 4 ᠳᠠᠬᠢᠨ ᠂ ᠣᠶᠢᠲᠤ ᠭᠠᠵᠠᠷ ᠤᠨ 2 ᠳᠠᠬᠢᠨ  ᠪᠠᠶᠢᠨ᠎ᠠ ᠃ ︽ ᠲᠩᠷᠢ ᠴᠡᠯᠮᠡᠶᠢᠵᠦ ᠂ ᠬᠡᠭᠡᠷ᠎ᠡ ᠲᠠᠯ᠎ᠠ ᠨᠡᠯᠦᠶᠢᠵᠦ ᠂ ᠡᠪᠡᠰᠦ ᠰᠠᠯᠬᠢᠨ ᠤ ᠠᠶ᠎ᠠ ᠪᠠᠷ ᠬᠠᠯᠢᠯᠠᠵᠤ ᠦᠬᠡᠷ ᠬᠣᠨᠢ  ᠲᠠᠷᠬᠠᠨ ᠪᠡᠯᠴᠢᠨ᠎ᠡ ︾ ᠭᠡᠳᠡᠭ ᠨᠢ ᠨᠢᠭᠡᠨᠲᠡ ᠬᠥᠮᠦᠰ ᠦᠨ ᠨᠤᠲᠤᠭ ᠪᠡᠯᠴᠢᠭᠡᠷ ᠤᠨ ᠲᠤᠬᠠᠶ ᠰᠠᠭᠤᠭᠳᠠᠯ ᠪᠠ ᠥᠪᠥᠷ ᠮᠣᠩᠭᠣᠯ ᠤᠨ ᠲᠤᠬᠠᠶ ᠬᠦᠰᠡᠯ ᠡᠷᠡᠮᠡᠯᠵᠡᠯ ᠪᠣᠯᠤᠭᠰᠠᠨ ᠪᠠᠶᠢᠨ᠎ᠠ ᠃ ᠣᠶᠢᠷ᠎ᠠ ᠶᠢᠨ ᠵᠢᠯ ᠳᠦ᠂ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠡᠷᠡᠭᠦᠸ ᠶᠢᠨ ᠬᠡᠷᠡᠭ ᠂ ᠢᠷᠭᠡᠨ ᠦ ᠬᠡᠷᠡᠭ ᠂ ᠵᠠᠰᠠᠭ ᠵᠠᠬᠢᠷᠭᠠᠨ ᠤ ᠪᠠ ᠨᠡᠶᠢᠲᠡ ᠶᠢᠨ ᠠᠰᠢᠭᠲᠤ ᠵᠠᠷᠭᠤ ᠶᠢᠨ ᠬᠠᠸᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠴᠢᠲᠠᠮᠵᠢ ᠪᠠᠨ ᠦᠨᠡᠨ ᠬᠦ ᠭᠦᠶᠴᠡᠳᠬᠡᠵᠦ ᠂  ᠨᠤᠲᠤᠭ ᠪᠡᠯᠴᠢᠭᠡᠷ ᠢ ᠡᠪᠳᠡᠭᠰᠡᠨ ᠬᠠᠸᠯᠢ  ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠬᠡᠵᠦ ᠂  ᠨᠤᠲᠤᠭ ᠪᠡᠯᠴᠢᠭᠡᠷ ᠢ ᠳᠤᠷ᠎ᠠ ᠪᠠᠷ ᠢᠶᠠᠨ ᠬᠠᠭᠠᠯᠪᠤᠷᠢᠯᠠᠨ ᠮᠠᠯᠲᠠᠬᠤ ᠶᠢ ᠬᠣᠷᠢᠭᠯᠠᠨ ᠵᠣᠭᠰᠣᠭᠠᠵᠤ ᠂ ᠠᠭᠤᠷᠬᠠᠶ ᠶᠢᠨ ᠭᠠᠵᠠᠷ ᠤᠨ ᠣᠷᠴᠢᠨ ᠲᠣᠭᠣᠷᠢᠨ ᠢ ᠵᠠᠰᠠᠬᠤ ᠪᠠ  ᠨᠤᠲᠤᠭ ᠪᠡᠯᠴᠢᠭᠡᠷ ᠦᠨ ᠠᠮᠢ ᠠᠬᠤᠶ ᠶᠢᠨ ᠣᠷᠴᠢᠨ ᠲᠣᠭᠣᠷᠢᠨ ᠢ ᠵᠠᠰᠠᠨ ᠰᠡᠷᠭᠦᠭᠡᠬᠦ ᠳᠦ ᠬᠦᠴᠦᠨ ᠨᠡᠮᠡᠷᠢᠯᠡᠵᠦ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠦ ᠬᠠᠯᠬᠠᠪᠴᠢ ᠶᠢ ᠪᠡᠬᠢᠵᠢᠭᠦᠯᠬᠦ ᠳᠦ ᠪᠠᠶᠢᠴᠠᠭᠠᠬᠤ ᠬᠦᠴᠦᠨ ᠢᠶᠡᠨ ᠨᠡᠮᠡᠷᠢᠯᠡᠯ᠎ᠡ᠃

 

 

ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ︽ ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ︾ ᠵᠢ ᠠᠬᠢᠭᠤᠯᠬᠤ ᠬᠤᠷᠠᠯ ᠰᠢᠯᠢᠩᠬᠣᠲᠠ ᠶᠢᠨ ᠮᠣᠳᠣᠨ  ᠮᠠᠯᠵᠢᠯ ᠤᠨ ᠲᠠᠯᠠᠪᠠᠢ ᠳᠤ  ᠬᠦᠰᠢᠭᠡ ᠪᠠᠨ ᠨᠡᠭᠡᠯ᠎ᠡ

 

ᠭᠤᠷᠪᠠᠨ ᠵᠢᠯ ᠦᠨ ᠬᠤᠭᠤᠴᠠᠭ᠎ᠠ  ᠲᠠᠶ 《ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠶ ᠠᠵᠢᠯᠯᠠᠭ᠎ᠠ 》 ᠨᠢ 《 ᠶᠠᠭᠤ ᠬᠢᠬᠦ ᠂ ᠬᠡᠨ ᠬᠢᠬᠦ ᠂ ᠶᠠᠭᠠᠬᠢᠵᠤ ᠬᠢᠬᠦ 》 ᠪᠡᠷ ᠠᠵᠢᠯ ᠤᠨ ᠭᠣᠣᠯ ᠰᠢᠵᠢᠮ ᠪᠣᠯᠭᠠᠵᠤ ᠂ ᠣᠷᠣᠨ ᠪᠠᠶᠢᠷᠢ ᠶᠢᠨ ᠪᠣᠳᠠᠲᠤ ᠪᠠᠶᠢᠳᠠᠯ ᠳᠤ ᠰᠠᠭᠤᠷᠢᠯᠠᠨ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠬᠠᠮᠵᠢᠯᠴᠠᠨ ᠬᠠᠮᠲᠤᠪᠠᠷ ᠵᠠᠰᠠᠬᠤ ᠶᠢ ᠪᠠᠷᠢᠮᠲᠠᠯᠠᠵᠤ ᠂ ᠬᠥᠯᠥᠨ ᠪᠣᠶᠢᠷ ᠂ ᠰᠢᠯᠢ ᠶᠢᠨ ᠭᠣᠣᠯ ᠤᠨ ᠨᠤᠲᠤᠭ ᠪᠡᠯᠴᠢᠭᠡᠷ ᠢᠶᠠᠷ ᠭᠣᠣᠯ ᠲᠠᠯᠠᠪᠤᠷ ᠪᠣᠯᠭᠠᠵᠤ ᠂ ᠴᠡᠭ ᠢᠶᠡᠷ ᠨᠡᠶᠢᠳᠡᠮ ᠢ ᠳᠠᠶᠢᠴᠢᠯᠠᠨ ᠪᠦᠬᠦ ᠣᠷᠣᠨ ᠢ ᠨᠥᠯᠥᠭᠡᠯᠡᠨ ᠂ ᠦᠨᠳᠦᠰᠦᠨ  ᠨᠤᠲᠤᠭ ᠪᠡᠯᠴᠢᠭᠡᠷ ᠂ ᠡᠯᠡᠰᠦᠵᠢᠭᠰᠡᠨ ᠵᠢᠴᠢ  ᠭᠣᠪᠢ ᠤᠨ ᠨᠤᠲᠤᠭ ᠪᠡᠯᠴᠢᠭᠡᠷ ᠂  ᠨᠤᠲᠤᠭ ᠪᠡᠯᠴᠢᠭᠡᠷ ᠦᠨ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠪᠠ  ᠨᠤᠲᠤᠭ ᠪᠡᠯᠴᠢᠭᠡᠷ ᠦᠨ ᠠᠭᠤᠷᠬᠠᠶ ᠶᠢᠨ ᠣᠷᠴᠢᠨ ᠲᠣᠭᠣᠷᠢᠨ ᠢ ᠶᠡᠷᠦᠩᠬᠡᠶᠢᠯᠡᠨ ᠵᠠᠰᠠᠬᠤ ᠪᠠᠷ ᠭᠣᠣᠯᠳᠠᠯᠭ᠎ᠠ ᠪᠣᠯᠭᠠᠵᠤ ᠂ ᠨᠤᠲᠤᠭ ᠪᠡᠯᠴᠢᠭᠡᠷ ᠦᠨ ᠠᠮᠢ ᠠᠬᠤᠶ ᠶᠢᠨ ᠣᠷᠴᠢᠨ ᠲᠣᠭᠣᠷᠢᠨ ᠢ ᠡᠪᠳᠡᠬᠦ ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠵᠡᠷᠭᠡ ᠠᠰᠠᠭᠤᠳᠠᠯ ᠢ ᠬᠦᠴᠦᠯᠡᠨ ᠰᠢᠶᠳᠪᠦᠷᠢᠯᠡᠵᠦ ᠂ ᠣᠷᠣᠨ ᠪᠦᠰᠡ ᠠᠯᠤᠰᠯᠠᠭᠰᠠᠨ  ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠬᠠᠮᠵᠢᠯᠴᠠᠬᠤ ᠣᠯᠠᠨ ᠲᠠᠰ ᠳᠠᠪᠬᠤᠷᠭ᠎ᠠ ᠶᠢᠨ ᠂ ᠣᠯᠠᠨ ᠡᠰᠢᠴᠢᠯᠡᠭᠰᠡᠨ ᠂ ᠣᠯᠠᠨ ᠶᠠᠩᠵᠤᠲᠤ ᠴᠢᠨᠠᠷᠲᠠᠶ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠠᠶᠢᠭᠤᠯᠵᠤ ᠂ ᠥᠪᠥᠷ ᠮᠣᠩᠭᠣᠯ ᠤᠨ  ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ ᠃

 

 

ᠲᠣᠰ ᠤᠳᠠᠭᠠᠨ ᠤ ︽ ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠬᠠᠮᠵᠢᠯᠴᠠᠭ᠎ᠠ ᠶᠢᠨ ᠨᠢᠭᠡᠳᠦᠯᠲᠡᠶ ᠠᠵᠢᠯᠯᠠᠭ᠎ᠠ ︾ ᠶᠢ ᠳᠥᠯᠭᠢᠨ ᠠᠬᠢᠭᠤᠯᠬᠤ ᠬᠤᠷᠠᠯ ᠢ ᠬᠤᠷᠠᠯᠳᠤᠭᠤᠯᠤᠭᠰᠠᠨ ᠤ ᠵᠣᠷᠢᠯᠭ᠎ᠠ ᠨᠢ ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠪᠠᠶᠢᠴᠠᠭᠠᠬᠤ ᠠᠵᠢᠯ ᠤᠨ ᠨᠡᠶᠢᠲᠡ ᠶᠢᠨᠠᠰᠢᠭᠲᠤ ᠵᠠᠷᠭᠤ ᠶᠢᠨ ᠨᠢᠭᠡ ᠴᠤᠭᠴᠠᠵᠢᠭᠰᠠᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠶᠢᠨ ᠲᠥᠯᠥᠭᠡ ᠶᠤᠮ ᠂ ︽ ᠬᠠᠮᠵᠢᠯᠴᠠᠭ᠎ᠠ ᠪᠠᠨ ᠴᠢᠩᠭᠠᠳᠬᠠᠬᠤ ︾ ᠶᠡᠬᠡ ᠠᠵᠢᠯ ᠢ ᠰᠠᠶᠢᠲᠤᠷ ᠬᠢᠬᠦ ᠪᠡᠷ ᠳᠠᠮᠵᠢᠭᠤᠯᠤᠨ ᠂ ᠣᠷᠣᠨ ᠪᠦᠰᠡ ᠠᠯᠤᠰᠯᠠᠭᠰᠠᠨ ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠬᠠᠮᠵᠢᠯᠴᠠᠭ᠎ᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠵᠤ ᠂ ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠵᠠᠷᠭᠤ ᠶᠢᠨ ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠣᠳᠣᠬᠢᠴᠢᠯᠠᠯᠲᠠ ᠶᠢ ᠠᠭᠢᠭᠤᠯᠤᠨ᠎ᠠ᠃

 

 

 

ᠯᠦᠸᠧ ᠴᠢᠩ ᠪᠠᠶᠠᠷ ᠤᠨ ᠦᠭᠡ ᠳᠡᠭᠡᠨ᠄ ︽ ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ︾ ᠵᠢ ᠠᠬᠢᠭᠤᠯᠬᠤ ᠬᠤᠷᠠᠯ ᠰᠢᠯᠢ ᠶᠢᠨ ᠭᠣᠣᠯ ᠠᠶᠢᠮᠠᠭ ᠲᠤ ᠬᠤᠷᠠᠯᠳᠤᠵᠤ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ᠂ ᠤᠢ ᠰᠢᠭᠤᠢ ᠡᠪᠡᠰᠦ ᠪᠡᠯᠴᠢᠭᠡᠷ ᠦᠨ ᠰᠢᠰᠲᠸᠮ ᠨᠢ ᠶᠡᠷᠦᠩᠬᠡᠢ ᠱᠦᠵᠢ ᠰᠢ ᠶᠢᠨ ᠫᠢᠩ  ᠦᠨ ᠥᠪᠥᠷ ᠮᠣᠩᠭᠣᠯ ᠳᠤ ᠰᠤᠲᠤᠯᠤᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠵᠣᠭᠰᠣᠴᠠ ᠶᠢ ᠭᠦᠢᠴᠡᠳ ᠬᠠᠷᠠᠭᠤᠯᠵᠤ᠂ ᠰᠢᠯᠢ ᠶᠢᠨ ᠭᠣᠣᠯ ᠠᠶᠢᠮᠠᠭ ᠤᠨ  ᠨᠤᠲᠤᠭ ᠪᠡᠯᠴᠢᠭᠡᠷ ᠦᠨ ᠠᠮᠢ ᠠᠬᠤᠢ ᠶᠢᠨ ᠬᠠᠮᠠᠭᠠᠯᠠᠯᠲᠠ ᠶᠢ ᠳᠡᠭᠡᠳᠦ ᠬᠡᠮᠵᠢᠢ᠎ᠡ ᠪᠡᠷ ᠴᠢᠬᠤᠯᠠᠴᠢᠯᠠᠵᠤ ᠪᠠᠶᠢᠬᠤ ᠪᠠ ᠬᠠᠯᠠᠮᠵᠢᠯᠠᠨ ᠲᠡᠮᠵᠢᠵᠤ ᠪᠠᠶᠢᠬᠤ ᠶᠢ ᠭᠦᠢᠴᠡᠳ ᠬᠠᠷᠠᠭᠤᠯᠵᠠᠢ᠃ ᠰᠢᠯᠢ ᠶᠢᠨ ᠭᠣᠣᠯ ᠠᠶᠢᠮᠠᠭ ᠤᠨ ᠬᠢᠨ ᠡᠭᠦᠨ ᠢᠶᠡᠷ ᠠᠵᠠ ᠲᠣᠬᠢᠶᠠᠯ ᠪᠣᠯᠭᠠᠵᠤ᠂ ᠢᠮᠠᠭᠲᠠ ︽ᠤᠯᠤᠰ ᠤᠨ ᠲᠤᠮᠤ  ᠶᠠᠪᠤᠳᠠᠯ︾ ᠢ ᠪᠠᠭᠲᠠᠭᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠦᠷᠭᠦᠯᠵᠢᠯᠡᠨ ᠪᠠᠲᠤᠯᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠪᠠᠶᠢᠴᠠᠭᠠᠬᠤ ᠪᠠᠶᠢᠭᠤᠯᠭ᠎ᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂  ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠡᠯ᠎ᠡ ᠵᠦᠢᠯ ᠦᠨ ᠠᠷᠭ᠎ᠠ ᠬᠡᠮᠵᠢᠢ᠎ᠡ ᠶᠢ ᠭᠠᠷ ᠬᠣᠯᠪᠣᠨ ᠨᠠᠶᠢᠳᠠᠪᠤᠷᠢᠵᠢᠭᠤᠯᠵᠤ᠂ ᠬᠦᠬᠡ ᠲᠩᠷᠢ ᠴᠠᠭᠠᠨ ᠡᠭᠦᠯᠡ ᠶᠢ ᠰᠠᠬᠢᠨ ᠬᠠᠮᠠᠭᠠᠯᠠᠵᠤ᠂ ᠬᠥᠬᠡᠮᠳᠦᠭ ᠨᠣᠭᠣᠭᠠᠨ ᠠᠭᠤᠯᠠ ᠤᠰᠤ ᠶᠢ ᠦᠯᠡᠳᠡᠭᠡᠵᠦ᠂ ᠠᠮᠢ ᠠᠬᠤᠢ ᠶᠢᠨ ᠠᠮᠤᠷ ᠲᠦᠪᠰᠢᠨ ᠦ ᠬᠠᠯᠬᠠᠪᠴᠢ ᠪᠣᠯᠤᠨ ᠲᠦᠮᠡᠨ ᠭᠠᠵᠠᠷ ᠤᠨ ᠨᠣᠭᠣᠭᠠᠨ ᠬᠡᠷᠡᠮ ᠢ ᠴᠢᠨᠠᠭᠰᠢᠳᠠ ᠪᠡᠬᠢᠵᠢᠭᠦᠯᠬᠦ ᠳᠦ ᠰᠢᠯᠢ ᠶᠢᠨ ᠭᠣᠣᠯ ᠤᠨ ᠬᠦᠴᠦᠨ ᠢ ᠨᠡᠮᠡᠷᠢᠯᠡᠨ᠎ᠡ ᠭᠡᠵᠦ ᠢᠯᠡᠳᠬᠡᠪᠡ᠃

 

 

 ᠲᠢᠶ᠋ᠸ ᠨᠢᠦ ᠢᠯᠡᠷᠬᠡᠶᠢᠯᠡᠬᠦ ᠳᠡᠭᠡᠨ ᠄ ᠣᠶ ᠰᠢᠭᠤᠶ ᠡᠪᠡᠰᠦ ᠪᠡᠯᠴᠢᠭᠡᠷ ᠦᠨ ᠰᠠᠯᠠᠭ᠎ᠠ ᠮᠥᠴᠢᠷ ᠪᠣᠯᠤᠨ ᠪᠠᠶᠢᠴᠠᠭᠠᠬᠤ ᠪᠠᠶᠢᠭᠤᠯᠭ᠎ᠠ ᠬᠣᠶᠠᠷ ᠲᠠᠯ᠎ᠠ ᠪᠠᠷ ᠢᠶᠠᠨ ᠬᠠᠮᠵᠢᠯᠴᠠᠭᠰᠠᠨ ᠠᠴᠠ ᠰᠠᠶ᠋ᠢ ᠬᠠᠸᠯᠢ ᠴᠠᠭᠠᠵᠠ ᠶᠢᠨ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠨᠤᠲᠤᠭ ᠪᠡᠯᠴᠢᠭᠡᠷ ᠦᠨ ᠬᠠᠮᠠᠭᠠᠯᠠᠯᠲᠠ ᠳᠤ ᠦᠵᠡᠭᠦᠯᠬᠦ ᠳᠠᠪᠬᠤᠴᠠᠯ ᠤᠨ ᠦᠶᠯᠡᠳᠦᠯ ᠢ ᠨᠠᠩ ᠪᠦᠲᠦᠮᠵᠢᠲᠡᠶ ᠪᠠᠳᠠᠷᠠᠭᠤᠯᠵᠤ ᠴᠢᠳᠠᠭᠰᠠᠨ ᠶᠤᠮ ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠪᠠᠶᠢᠷᠢᠯᠠᠭᠤᠯᠤᠭᠰᠠᠨ ︽ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠶ ᠠᠵᠢᠯᠯᠠᠭ᠎ᠠ ︾ ᠨᠢ ᠶᠠᠭ ᠴᠠᠭ ᠲᠠᠭᠠᠨ ᠳᠣᠭᠢᠷᠠᠵᠤ ᠂ ᠶᠡᠬᠡ ᠪᠡᠷ ᠬᠠᠮᠠᠭᠠᠯᠠᠬᠤ ᠂ ᠶᠡᠬᠡ ᠪᠡᠷ ᠵᠠᠰᠠᠬᠤ ᠶᠢ ᠬᠠᠮᠵᠢᠯᠴᠠᠨ ᠠᠬᠢᠭᠤᠯᠬᠤ ᠶᠢ ᠬᠠᠮᠲᠤ ᠪᠠᠷ ᠰᠠᠶᠢᠲᠤᠷ ᠠᠳᠬᠤᠭᠰᠠᠨ ᠨᠢᠭᠡ ᠤᠳᠠᠭᠠᠨ ᠤ ᠲᠦᠷᠢᠮ ᠦᠨ ᠰᠢᠨ᠎ᠡ ᠡᠭᠦᠳᠦᠯᠲᠡ ᠪᠣᠯᠬᠤ ᠮᠥᠷᠲᠡᠭᠡᠨ ᠪᠠᠰᠠ ᠨᠢᠭᠡ ᠤᠳᠠᠭᠠᠨ ᠤ ᠦᠶᠯᠡᠳᠦᠯᠭᠡ ᠶᠢᠨ ᠰᠢᠨ᠎ᠡ ᠡᠭᠦᠳᠦᠯᠲᠡ ᠪᠣᠯᠬᠤ ᠤᠴᠢᠷ ᠠᠴᠠ ᠮᠠᠨ ᠤ ᠣᠷᠣᠨ ᠤ ᠣᠶ ᠰᠢᠭᠤᠶ ᠡᠪᠡᠰᠦᠨ ᠦ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠲᠡᠸᠬᠡᠨ ᠳᠦ ᠥᠩᠭᠡ ᠢᠯᠭᠠᠷᠠᠮ᠎ᠠ ᠬᠠᠭᠤᠳᠠᠰᠤ ᠶᠢ ᠦᠯᠡᠳᠡᠭᠡᠬᠦ ᠨᠢ ᠯᠠᠪᠲᠠᠶ ᠶᠤᠮ ᠃

 


        ︽ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠪᠣᠯᠤᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠂ ᠥᠨᠥᠳᠦᠷ᠂ ᠪᠦᠬᠦ ᠣᠷᠣᠨ ᠢᠶᠠᠷ ᠢᠶᠠᠨ ᠰᠢᠯᠢ ᠶᠢᠨ ᠭᠣᠣᠯ ᠳᠤ ᠴᠤᠭᠯᠠᠷᠠᠵᠤ᠂ ᠠᠮᠢ ᠠᠬᠤᠢ ᠶᠢᠨ ᠪᠣᠯᠪᠠᠰᠤᠨ ᠤ  ᠣᠨᠣᠯᠵᠢᠬᠤᠨ ᠢ ᠬᠠᠮᠲᠤ ᠪᠠᠷ ᠨᠢᠭᠲᠠᠷᠠᠭᠤᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠠᠷᠭ᠎ᠠ ᠬᠡᠮᠵᠢᠢ᠎ᠡ ᠶᠢ ᠬᠠᠮᠲᠤ ᠪᠠᠷ ᠵᠥᠪᠯᠡᠵᠦ᠂ ᠬᠠᠤᠯᠢ ᠪᠠᠷ ᠤᠯᠤᠰ ᠢᠶᠠᠨ ᠵᠠᠰᠠᠬᠤ ᠱᠠᠭᠠᠷᠳᠠᠯᠭ᠎ᠠ ᠶᠢ ᠬᠠᠮᠲᠤ ᠪᠠᠷ ᠦᠢᠯᠡᠳᠦᠯᠭᠡᠵᠢᠭᠦᠯᠵᠦ᠂ ᠬᠠᠤᠯᠢ  ᠬᠡᠷᠡᠭᠵᠢᠭᠦᠯᠵᠦ ᠬᠠᠤᠯᠢ  ᠪᠠᠷᠢᠬᠤ ᠵᠢᠨ ᠪᠠᠭᠤᠷᠠᠢ ᠲᠠᠯ᠎ᠠ ᠶᠢ ᠬᠠᠮᠲᠤ ᠪᠠᠷ ᠨᠦᠬᠦᠪᠦᠷᠢᠯᠡᠵᠦ ᠪᠤᠢ᠃  ᠪᠢᠳᠡ ᠲᠠᠩᠭᠠᠷᠭᠠᠯᠠᠶ᠎ᠠ᠄ ᠪᠠᠶᠢᠭᠠᠯᠢ ᠶᠢ ᠬᠦᠨᠳᠦᠳᠬᠡᠵᠦ᠂ ᠬᠠᠮᠠᠭᠠᠯᠠᠬᠤ ᠶᠢ ᠲᠡᠷᠢᠭᠦᠨ ᠳᠦ ᠲᠠᠯᠪᠢᠨ᠎ᠠ︔ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠰᠢᠳᠤᠷᠭᠤ ᠪᠠᠷ ᠭᠦᠢᠴᠡᠳᠬᠡᠨ᠎ᠡ︔ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠵᠢᠯᠴᠠᠨ ᠵᠠᠰᠠᠨ᠎ᠠ︔ ᠠᠷᠠᠳ ᠤᠨ ᠲᠥᠯᠥᠭᠡ ᠬᠠᠤᠯᠢ ᠪᠠᠷᠢᠵᠤ᠂ ᠥᠨᠢ ᠤᠳᠠᠭᠠᠨ ᠭᠠᠪᠢᠶ᠎ᠠ ᠪᠠᠶᠢᠭᠤᠯᠤᠨ᠎ᠠ︾ ᠰᠢᠯᠢ ᠶᠢᠨ ᠭᠣᠣᠯ ᠠᠶᠢᠮᠠᠭ ᠤᠨ ᠬᠤᠪᠢᠶᠠᠷᠢ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠼᠤᠤ ᠽᠢ ᠭᠠᠩ ᠡᠯ᠎ᠡ ᠠᠶᠢᠮᠠᠭ ᠬᠤᠳᠠ ᠶᠢᠨ ᠪᠠᠶᠢᠴᠠᠭᠠᠬᠤ ︵ᠬᠤᠪᠢᠶᠠᠷᠢ ︶ ᠬᠣᠷᠢᠶᠠᠨ ᠤ ᠡᠮᠦᠨ᠎ᠡ ᠡᠴᠡ︽ ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠲᠤᠩᠬᠠᠭ︾ ᠢ ᠲᠥᠪ ᠴᠢᠩᠭ᠎ᠠ ᠪᠠᠷ ᠨᠡᠶᠢᠲᠡᠯᠡᠪᠡ᠃

 

 

ᠤᠯᠠᠭᠠᠨᠮᠥ᠋ᠴᠢᠷ ᠭᠡᠳᠡᠭ ᠨᠢ ᠮᠣᠩᠭᠣᠯ ᠦᠭᠡᠨ ᠳᠦ ︽ᠤᠯᠠᠭᠠᠨ ᠨᠢᠯᠬ᠎ᠠ ᠨᠠᠬᠢᠶ᠎ᠠ︾ ᠭᠡᠰᠡᠨ ᠤᠳᠬ᠎ᠠ ᠲᠠᠶ᠃1957 ᠣᠨ ᠤ 6 ᠰᠠᠷ᠎ᠠ ᠳᠤ᠂ ᠪᠦᠬᠦ ᠤᠯᠤᠰ ᠤᠨ ᠠᠩᠬᠠᠳᠠᠭᠴᠢ ᠤᠯᠠᠭᠠᠨᠮᠥ᠋ᠴᠢᠷ ︱ ᠰᠥᠨᠢᠳ ᠪᠠᠷᠠᠭᠤᠨ ᠬᠣᠰᠢᠭᠤᠨ ᠤ ᠤᠯᠠᠭᠠᠨᠮᠥ᠋ᠴᠢᠷ ᠰᠢᠯᠢ ᠶᠢᠨ ᠭᠣᠣᠯ ᠤᠨ ᠲᠠᠯ᠎ᠠ ᠨᠤᠲᠤᠭ ᠲᠤ ᠮᠡᠨᠳᠦᠯᠡᠵᠡᠢ᠃66 ᠵᠢᠯ ᠦᠨ ᠲᠤᠷᠰᠢ ᠂ ᠤᠯᠠᠭᠠᠨᠮᠥ᠋ᠴᠢᠷ ᠨᠢ ᠮᠣᠷᠢᠨ  ᠲᠡᠷᠭᠡ ᠲᠠᠢ ᠤᠳᠬ᠎ᠠ ᠤᠷᠠᠯᠢᠭ ᠤᠨ ᠬᠥᠩᠭᠡᠨ ᠮᠣᠷᠢᠲᠤ ᠠᠩᠭᠢ ᠪᠠᠶᠢᠭᠰᠠᠨ  ᠠᠴᠠ ᠪᠠᠨ ᠥᠪᠥᠷ ᠮᠣᠩᠭᠣᠯ ᠤᠨ ᠲᠠᠯ᠎ᠠ ᠨᠤᠲᠤᠭ  ᠲᠤ ᠦᠨᠳᠦᠰᠦᠯᠡᠭᠰᠡᠨ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠪᠦᠯᠬᠦᠮ ᠪᠣᠯᠤᠨ ᠬᠥᠭᠵᠢᠵᠦ ᠂ ᠪᠥᠬᠥ ᠤᠯᠤᠰ ᠤᠨ ᠤᠳᠬ᠎ᠠ ᠤᠷᠠᠯᠢᠭ ᠤᠨ ᠹᠷᠣᠨᠲ᠋ ᠤᠨ ᠨᠢᠭᠡᠨ ᠲᠣᠭ ᠲᠡᠮᠳᠡᠭ ᠪᠣᠯᠤᠭᠰᠠᠨ ᠪᠠᠶᠢᠨ᠎ᠠ ᠃2022 ᠣᠨ ᠤ 9 ᠰᠠᠷ᠎ᠠ ᠶᠢᠨ 1 ᠦ ᠡᠳᠦᠷ ᠂ ᠰᠢᠨ᠎ᠡ ᠪᠡᠷ ᠵᠠᠰᠠᠪᠤᠷᠢ ᠣᠷᠣᠭᠤᠯᠤᠭᠰᠠᠨ ︽ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠠᠸᠯᠢ ᠪᠠᠷ ᠵᠠᠰᠠᠬᠤ ᠤᠬᠠᠭᠤᠯᠭ᠎ᠠ ᠬᠥᠮᠦᠵᠢᠯ ᠦᠨ ᠲᠦᠷᠢᠮ ︾ ᠢ ᠬᠡᠷᠡᠭᠵᠢᠭᠦᠯᠵᠦ ᠂ ᠬᠠᠸᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠯᠲᠠᠨ ᠰᠢᠷᠭᠠᠯ ᠨᠠᠷᠠᠲᠤ ᠲᠡᠮᠳᠡᠭᠲᠦ ︽ ᠬᠠᠸᠯᠢ ᠪᠠᠷ ᠵᠠᠰᠠᠬᠤ ᠤᠯᠠᠭᠠᠨᠮᠥ᠋ᠴᠢᠷ ︾ ᠢ ᠪᠣᠶ ᠪᠣᠯᠭᠠᠬᠤ ᠶᠢ ᠲᠦᠷᠢᠮ ᠳᠦ ᠪᠢᠴᠢᠨ ᠣᠷᠣᠭᠤᠯᠵᠤ ᠂ ︽ ᠬᠠᠸᠯᠢ ᠪᠠᠷ ᠵᠠᠰᠠᠬᠤ ᠤᠯᠠᠭᠠᠨᠮᠥ᠋ᠴᠢᠷ ︾ ᠢ ᠠᠷᠠᠳ ᠲᠦᠮᠡᠨ ᠳᠦ ᠦᠶᠯᠡᠴᠢᠯᠡᠬᠦ ᠬᠠᠸᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠴᠢᠬᠤᠯᠠ ᠨᠠᠷᠠᠲᠤ ᠲᠡᠮᠳᠡᠭᠲᠦ ᠪᠣᠯᠭᠠᠵᠤ ᠂ ᠬᠠᠸᠯᠢ ᠴᠠᠭᠠᠵᠠ ᠶᠢᠨ ᠮᠡᠳᠡᠯᠭᠡ ᠶᠢ ᠪᠦᠲᠦᠮᠵᠢᠲᠡᠶ ᠤᠬᠠᠭᠤᠯᠵᠤ ᠂ ᠪᠠᠶᠢᠴᠠᠭᠠᠬᠤ ᠠᠵᠢᠯ ᠤᠨ ᠲᠠᠭᠤᠨ ᠢ ᠤᠯᠠᠮᠵᠢᠯᠠᠪᠠ ᠃ ᠠᠬᠢᠭᠤᠯᠬᠤ ᠬᠤᠷᠠᠯ ᠳᠡᠭᠡᠷ᠎ᠡ᠂ ᠤᠯᠠᠭᠠᠨᠮᠥ᠋ᠴᠢᠷ ᠦᠨ ᠬᠢᠨ ᠪᠠᠶᠢᠴᠠᠭᠠᠬᠤ ᠪᠠᠶᠢᠭᠤᠯᠭ᠎ᠠ ᠲᠠᠶ ᠭᠠᠷ ᠬᠣᠯᠪᠣᠯᠴᠠᠵᠤ᠂ ︽ᠨᠡᠶᠢᠲᠡ ᠶᠢᠨᠠᠰᠢᠭᠲᠤ ᠵᠠᠷᠭᠤ ᠶᠢᠨ ᠤᠬᠠᠭᠤᠯᠬᠤ ᠠᠩᠬᠢ︾ ᠪᠤᠯᠵᠤ᠂ ︽ᠤᠯᠠᠭᠠᠨᠮᠥ᠋ᠴᠢᠷ ᠦᠨ ᠬᠤᠪᠢᠰᠬᠠᠯᠲᠤ  ᠭᠸᠨ︾ ᠢ ︽ᠪᠠᠶᠢᠴᠠᠭᠠᠬᠤ ᠬᠦᠬᠡ ᠦᠩᠭᠡ︾ ᠳᠦ ᠦᠨᠡᠨᠬᠦ ᠠᠭᠤᠰᠬᠠᠭᠰᠠᠨ ᠪᠠᠶᠢᠨ᠎ᠠ᠃

 

 

ᠠᠬᠢᠭᠤᠯᠬᠤ ᠬᠤᠷᠠᠯ ᠳᠡᠭᠡᠷ᠎ᠡ ᠂ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ  ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠨᠡᠶᠢᠲᠡ ᠶᠢᠨᠠᠰᠢᠭᠲᠤ ᠵᠠᠷᠭᠤ ᠶᠢᠨ ᠨᠡᠶᠢᠲᠡᠯᠢᠭ ᠬᠡᠷᠡᠭ ᠦᠨ ᠵᠢᠱᠢᠶ᠎ᠡ ᠶᠢ ᠨᠡᠶᠢᠲᠡᠯᠡᠵᠦ ᠂ ᠰᠢᠯᠢ ᠶᠢᠨ ᠭᠣᠸᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶ᠎ᠠ ᠶᠢᠨ ᠠᠵᠢᠯᠲᠠᠨ ︽ᠰᠢᠯᠢ ᠶᠢᠨ ᠭᠣᠸᠯ ᠤᠨ ᠨᠤᠲᠤᠭ ᠪᠡᠯᠴᠢᠭᠡᠷ ᠢ ᠬᠠᠮᠠᠭᠠᠯᠠᠬᠤ ᠬᠠᠮᠵᠢᠯᠴᠠᠨ ᠵᠢᠯᠣᠭᠣᠳᠬᠤ ᠲᠠᠪᠴᠠᠩ ︾ ᠢ ᠲᠠᠨᠢᠯᠴᠠᠭᠤᠯᠵᠤ ᠂ ᠱᠧᠩ ᠯᠢ ᠱᠢ ᠰᠠᠨ  ᠵᠠᠳᠠᠭᠠᠶ ᠠᠭᠤᠷᠬᠠᠶ ᠶᠢᠨ  ᠨᠤᠲᠤᠭ ᠪᠡᠯᠴᠢᠭᠡᠷ ᠦᠨ ᠠᠭᠤᠷᠬᠠᠶ ᠶᠢᠨ ᠭᠠᠵᠠᠷ ᠰᠢᠨᠵᠢᠯᠡᠭᠡᠨ ᠦ ᠣᠷᠴᠢᠨ ᠲᠣᠭᠣᠷᠢᠨ ᠤ ᠵᠠᠰᠠᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠲᠣᠭᠣᠷᠢᠨ ᠦᠵᠡᠪᠡ ᠃


       ᠡᠯ᠎ᠡ ᠠᠶᠢᠮᠠᠭ ᠬᠣᠲᠠ ᠶᠢᠨ ᠭᠠᠵᠠᠷ ᠣᠷᠣᠨ ᠤ ᠪᠠᠶᠢᠴᠠᠭᠠᠬᠤ ︵ ᠬᠤᠪᠢᠶᠠᠷᠢ ︶ ᠬᠣᠷᠢᠶ᠎ᠠ ᠶᠢᠨ ᠪᠠᠶᠢᠴᠠᠭᠠᠬᠤ ᠳᠠᠷᠤᠭ᠎ᠠ ᠂ ᠡᠯ᠎ᠡ ᠠᠶᠢᠮᠠᠭ ᠬᠣᠲᠠ ᠶᠢᠨ ᠣᠶ ᠰᠢᠭᠤᠶ ᠪᠠ  ᠨᠤᠲᠤᠭ ᠪᠡᠯᠴᠢᠭᠡᠷ ᠦᠨ ᠲᠣᠪᠴᠢᠶ᠎ᠠ ᠶᠢᠨ ᠭᠣᠸᠯ ᠬᠠᠷᠢᠭᠤᠴᠠᠯᠭᠠᠲᠠᠨ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠵᠢᠴᠢ ᠡᠯ᠎ᠡ ᠠᠶᠢᠮᠠᠭ ᠬᠣᠲᠠ ᠶᠢᠨ ᠭᠠᠵᠠᠷ ᠣᠷᠣᠨ ᠤ ᠪᠠᠶᠢᠴᠠᠭᠠᠬᠤ ︵ ᠬᠤᠪᠢᠶᠠᠷᠢ ︶ ᠬᠣᠷᠢᠶ᠎ᠠ ᠶᠢᠨ ᠡᠷᠡᠭᠦᠸ ᠶᠢᠨ ᠬᠡᠷᠡᠭ ᠦᠨ ᠪᠠᠶᠢᠴᠠᠭᠠᠬᠤ ᠰᠠᠯᠠᠭ᠎ᠠ ᠮᠥᠴᠢᠷ ᠂ ᠨᠡᠶᠢᠲᠡ ᠶᠢᠨᠠᠰᠢᠭᠲᠤ ᠵᠠᠷᠭᠤ ᠶᠢᠨ ᠪᠠᠶᠢᠴᠠᠭᠠᠬᠤ ᠰᠠᠯᠠᠭ᠎ᠠ ᠮᠥᠴᠢᠷ ᠦᠨ ᠭᠣᠸᠯ ᠬᠠᠷᠢᠭᠤᠴᠠᠯᠭᠠᠲᠠᠨ ᠂ ᠰᠢᠯᠢᠩᠬᠣᠲᠠ ᠶᠢᠨ ᠬᠣᠯᠪᠣᠭᠳᠠᠯ ᠪᠥᠬᠥᠶ ᠤᠳᠤᠷᠢᠳᠤᠯᠭ᠎ᠠ ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠂ ᠤᠯᠤᠰ ᠲᠥᠷᠥ ᠶᠢᠨ ᠵᠥᠪᠯᠡᠯᠭᠡᠨ ᠦ ᠭᠡᠰᠢᠭᠦᠨ ᠵᠢᠴᠢ ᠲᠤᠰᠬᠠᠶ ᠮᠡᠷᠭᠡᠵᠢᠯᠲᠡᠨ ᠡᠷᠳᠡᠮᠲᠡᠨ ᠤᠷᠢᠯᠭ᠎ᠠ ᠪᠠᠷ ᠬᠤᠷᠠᠯ ᠳᠤ ᠣᠷᠣᠯᠴᠠᠪᠠ ᠃

 ᠬᠠᠥᠯᠢ ᠪᠠᠷ ᠵᠠᠰᠠᠬᠤ  ᠡᠳᠦᠷ ᠦᠨ ᠰᠣᠨᠢᠨ᠂ ᠪᠠᠶᠢᠴᠠᠭᠠᠬᠤ ᠡᠳᠦᠷ ᠦᠨ ᠰᠣᠨᠢᠨ᠂ ᠥᠪᠥᠷ ᠮᠣᠩᠭᠣᠯ ᠤᠨ ᠡᠳᠦᠷ ᠦᠨ ᠰᠣᠨᠢᠨ᠂ ᠥᠪᠥᠷ ᠮᠣᠩᠭᠣᠯ ᠤᠨ ᠷᠠᠳᠢᠣ᠋ ᠲᠧᠯᠸᠢᠰ ᠬᠣᠷᠢᠢ᠎ᠠ᠂ ᠥᠪᠥᠷ ᠮᠣᠩᠭᠣᠯ ᠤᠨ ᠬᠠᠤᠯᠢ ᠲᠦᠷᠢᠮ ᠦᠨ ᠰᠣᠨᠢᠨ ᠵᠡᠷᠭᠡ ᠵᠠᠭᠤᠴᠢᠯᠠᠭᠤᠷ ᠤᠨ ᠰᠤᠷᠪᠤᠯᠵᠢᠯᠠᠭᠴᠢ ᠰᠤᠷᠪᠤᠯᠵᠢᠯᠠᠨ ᠮᠡᠳᠡᠭᠡᠯᠡᠪᠡ᠃

 

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro