ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠪᠠᠶᠢᠭᠤᠯᠭ᠎ᠠ ᠬᠢᠭᠡᠳ ᠤᠢ ᠰᠢᠭᠤᠶ  ᠨᠤᠲᠤᠭ ᠪᠡᠯᠴᠢᠭᠡᠷ ᠦᠨ ᠰᠠᠯᠠᠭ᠎ᠠ ᠮᠥᠴᠢᠷ  ᠨᠤᠲᠤᠭ ᠪᠡᠯᠴᠢᠭᠡᠷ ᠢ ᠬᠠᠮᠠᠭᠠᠯᠠᠬᠤ ᠰᠣᠯᠢᠯᠴᠠᠭᠠᠨ ᠤ  ᠬᠠᠮᠵᠢᠯᠴᠠᠬᠤ ᠠᠵᠢᠯ  ᠦᠨ ᠬᠤᠷᠠᠯ ᠬᠤᠷᠠᠯᠳᠤᠭᠤᠯᠪᠠ

2023-07-24 16:24:04
ᠵᠣᠬᠢᠶᠠᠭᠴᠢ
ᠨᠠᠪᠴᠢ

 

 

7 ᠳ᠋ᠤᠭᠠᠷ ᠰᠠᠷ᠎ᠠ ᠶᠢᠨ 8 ᠤ ᠡᠳᠦᠷ ᠦᠨ ᠦᠳᠡ ᠶᠢᠨ ᠬᠣᠶᠢᠨ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠣᠶ ᠰᠢᠭᠤᠶ ᠨᠤᠲᠤᠭ ᠪᠡᠯᠴᠢᠭᠡᠷ ᠦᠨ ᠰᠠᠯᠠᠭ᠎ᠠ ᠮᠥᠴᠢᠷ ᠲᠡᠶ ︽ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠶ ᠠᠵᠢᠯᠯᠠᠭ᠎ᠠ ︾ ᠶᠢᠨ ᠰᠣᠯᠢᠯᠴᠠᠭᠠᠨ ᠤ ᠬᠤᠷᠠᠯ ᠬᠤᠷᠠᠯᠳᠤᠭᠤᠯᠪᠠ ᠃ ᠲᠤᠰ ᠤᠳᠠᠭᠠᠨ ᠤ ᠰᠣᠯᠢᠯᠴᠠᠭᠠᠨ ᠤ ᠬᠤᠷᠠᠯ ᠪᠣᠯ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ 《ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠶ ᠠᠵᠢᠯᠯᠠᠭ᠎ᠠ 》 ᠶᠢ ᠠᠬᠢᠭᠤᠯᠬᠤ ᠬᠤᠷᠠᠯ ᠤᠨ ᠨᠢᠭᠡᠨ ᠴᠢᠬᠤᠯᠠ ᠵᠥᠪᠯᠡᠬᠦ ᠵᠦᠢᠯ ᠪᠣᠯᠤᠨ᠎ᠠ ᠂ ᠡᠭᠦᠨ ᠦ ᠵᠣᠷᠢᠯᠭ᠎ᠠ ᠨᠢ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠣᠯ ᠳᠤ  ᠰᠣᠳᠣᠯᠤᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠸᠱᠯᠠᠭᠤᠯᠵᠤ ᠂  ᠡᠯᠡᠰᠦᠵᠢᠬᠦ ᠶᠢ ᠰᠡᠷᠭᠡᠶᠢᠯᠡᠨ ᠵᠠᠰᠠᠬᠤ ᠶᠢ ᠤᠯᠠᠮ ᠨᠢᠭᠡ ᠠᠯᠬᠤᠮ ᠴᠢᠩᠭᠠᠳᠬᠠᠨ ᠂  ᠲᠠᠯ᠎ᠠ ᠨᠤᠲᠤᠭ ᠦᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠲᠤᠷᠰᠢᠯᠭ᠎ᠠ ᠪᠠᠨ ᠰᠣᠯᠢᠯᠴᠠᠵᠤ ᠬᠠᠷᠢᠯᠴᠠᠨ ᠲᠣᠯᠢᠯᠠᠵᠤ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠦ ᠬᠠᠯᠬᠠᠪᠴᠢ ᠶᠢ ᠪᠡᠬᠢᠵᠢᠭᠦᠯᠬᠦ ᠳᠦ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ ᠶᠤᠮ ᠃

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠦᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠤᠪᠴᠢᠶᠠᠨ ᠳᠠᠷᠤᠭ᠎ᠠ ᠸᠠᠩ ᠵᠣᠣ ᠱᠧᠩ ᠂ ᠰᠢᠯᠢ ᠶᠢᠨ ᠭᠣᠸᠯ ᠠᠶᠢᠮᠠᠭ ᠤᠨ ᠨᠠᠮ ᠤᠨ ᠬᠣᠷᠢᠶ᠎ᠠ ᠶᠢᠨ ᠳᠡᠳ᠋ ᠱᠦᠵᠢ ᠂ ᠠᠶᠢᠮᠠᠭ ᠤᠨ ᠳᠠᠷᠤᠭ᠎ᠠ ᠯᠦᠸᠧ ᠴᠢᠩ ︔ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠦᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠲᠣᠪᠴᠢᠶᠠᠨ ᠳᠠᠷᠤᠭ᠎ᠠ  ᠲᠢᠶ᠋ᠸ ᠨᠢᠤ ᠵᠡᠷᠭᠡ ᠤᠳᠤᠷᠢᠳᠬᠤ ᠨᠥᠬᠥᠳ ᠬᠤᠷᠠᠯ ᠳᠤ ᠣᠷᠣᠯᠴᠠᠵᠠᠶ ᠃ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠪᠠᠶᠢᠴᠠᠭᠠᠬᠤ ᠳᠠᠷᠤᠭ᠎ᠠ ᠵᠤᠤ ᠭᠦᠸᠧ ᠬᠤᠸᠠ ᠬᠤᠷᠠᠯ ᠢ ᠡᠷᠬᠢᠯᠡᠪᠡ᠃

2021 ᠣᠨ ᠳᠤ ᠪᠦᠬᠦ ᠣᠷᠣᠨ ᠤ ᠨᠤᠲᠤᠭ ᠪᠡᠯᠴᠢᠭᠡᠷ ᠰᠢᠭᠤᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠭᠰᠡᠨ ᠡᠴᠡ ᠨᠠᠰᠢ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠣᠶ ᠰᠢᠭᠤᠶ  ᠨᠤᠲᠤᠭ ᠪᠡᠯᠴᠢᠭᠡᠷ ᠦᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠲᠠ ᠬᠠᠮᠲᠤᠷᠠᠯᠴᠠᠵᠤ ᠂ ᠨᠡᠶᠢᠲᠡ 3 ᠲᠦᠮᠡ ᠭᠠᠷᠤᠶ ᠬᠤᠪᠢ ᠨᠤᠲᠤᠭ ᠪᠡᠯᠴᠢᠭᠡᠷ  ᠣᠶᠢᠲᠤ ᠭᠠᠵᠠᠷ ᠢ ᠡᠪᠳᠡᠭᠰᠡᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠢᠯᠡᠷᠡᠭᠦᠯᠵᠡᠶ ᠂ ᠣᠳᠣᠬᠠᠨ ᠳᠤ ᠨᠢᠭᠡᠨᠲᠡ ᠪᠦᠬᠦᠨ ᠢ ᠪᠦᠲᠦᠮᠵᠢᠲᠡᠶ ᠴᠡᠭᠴᠡᠯᠡᠨ ᠵᠠᠰᠠᠭᠰᠠᠨ ᠪᠥᠭᠡᠳ ᠪᠠᠶᠢᠩᠭᠤᠵᠢᠭᠤᠯᠤᠨ ᠵᠠᠰᠠᠬᠤ ᠱᠠᠲᠤᠨ ᠳᠤ ᠣᠷᠣᠭᠤᠯᠪᠠ ᠂ ᠡᠭᠦᠨ ᠳᠦ ᠬᠠᠸᠯᠢ ᠶᠢ ᠵᠥᠷᠢᠴᠡᠭᠰᠡᠨ 1492 ᠶᠠᠯᠠᠲᠤ ᠬᠡᠷᠡᠭ ᠢ ᠰᠢᠶᠳᠪᠦᠷᠢᠯᠡᠵᠦ ᠂ ᠨᠤᠲᠤᠭ ᠪᠡᠯᠴᠢᠭᠡᠷ  ᠣᠶᠢᠲᠤ ᠭᠠᠵᠠᠷ ᠢ ᠡᠪᠳᠡᠭᠰᠡᠨ ᠬᠠᠸᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠦᠴᠦᠲᠡᠶ ᠴᠣᠬᠢᠯᠲᠠ ᠥᠭᠪᠡ ︔ᠪᠥᠬᠥ ᠣᠷᠣᠨ ᠤ ᠵᠣᠬᠢᠶᠠᠨ ᠪᠠᠶᠢᠭᠤᠯᠵᠤ ᠥᠷᠨᠢᠭᠦᠯᠦᠭᠰᠡᠨ ︽ ᠤᠮᠠᠷᠠᠲᠤ ᠬᠢᠯᠢ ᠶᠢᠨ ᠨᠤᠲᠤᠭ ᠪᠡᠯᠴᠢᠭᠡᠷ  ᠣᠶ ᠰᠢᠭᠤᠶ ᠶᠢ ᠰᠠᠬᠢᠨ ᠬᠠᠮᠠᠭᠠᠯᠠᠬᠤ ︾ ᠨᠡᠶᠢᠲᠡ ᠶᠢᠨ ᠠᠰᠢᠭᠲᠤ ᠵᠠᠷᠭᠤ ᠶᠢᠨ ᠲᠤᠰᠬᠠᠶ ᠠᠵᠢᠯᠯᠠᠭ᠎ᠠ ᠳᠤ ᠨᠡᠶᠢᠲᠡ 1488 ᠬᠡᠷᠡᠭ ᠢ ᠬᠡᠷᠡᠭ ᠪᠣᠯᠭᠠᠨ ᠳᠡᠩᠰᠡᠯᠡᠵᠦ ᠂ ᠵᠠᠭᠠᠯᠳᠤᠬᠤ  ᠠᠴᠠ ᠡᠮᠦᠨ᠎ᠡ 1215 ᠬᠡᠷᠡᠭ ᠢ ᠪᠠᠶᠢᠴᠠᠭᠠᠬᠤ ᠰᠠᠨᠠᠭᠤᠯᠭ᠎ᠠ ᠳᠤᠷᠠᠳᠴᠤ ᠂ 133 ᠨᠡᠶᠢᠲᠡ ᠶᠢᠨ ᠠᠰᠢᠭᠲᠤ ᠵᠠᠭᠠᠯᠳᠤᠯᠭ᠎ᠠ ᠭᠠᠷᠭᠠᠵᠤ ᠂ 13.74 ᠲᠦᠮᠡᠨ ᠮᠥ ᠨᠤᠲᠤᠭ ᠪᠡᠯᠴᠢᠭᠡᠷ ᠢ ᠬᠠᠮᠠᠭᠠᠯᠠᠪᠠ ᠂ ᠲᠣᠰ ᠠᠵᠢᠯᠯᠠᠭ᠎ᠠ ᠨᠢ 2021 ᠣᠨ ᠤ ᠥᠪᠥᠷ ᠮᠣᠩᠭᠣᠯ ᠤᠨ ︽ᠠᠷᠪᠠᠨ ᠶᠡᠬᠡ ᠬᠠᠸᠯᠢ ᠪᠠᠷ ᠵᠠᠰᠠᠬᠤ ᠬᠡᠷᠡᠭ ︾ ᠢᠶᠡᠷ ᠦᠨᠡᠯᠡᠭᠳᠡᠪᠡ ︔ᠠᠮᠢ ᠠᠬᠤᠶ ᠶᠢ ᠰᠡᠷᠭᠦᠭᠡᠬᠦ ᠰᠢᠨ᠎ᠡ ᠵᠠᠭᠪᠤᠷ ᠢ ᠢᠳᠡᠪᠬᠢᠲᠡᠶ ᠪᠡᠷ ᠬᠠᠶᠢᠨ ᠰᠦᠪᠡᠭᠴᠢᠯᠡᠵᠦ ᠂ ᠨᠤᠲᠤᠭ ᠪᠡᠯᠴᠢᠭᠡᠷ ᠦᠨ ᠣᠶᠢᠲᠤ ᠭᠠᠵᠠᠷ ᠢ ᠡᠪᠳᠡᠬᠦ ᠬᠠᠤᠯᠢ ᠳᠦᠷᠢᠮ ᠡᠴᠡ ᠵᠥᠷᠢᠴᠡᠭᠰᠡᠨ ᠠᠵᠢᠯᠯᠠᠭ᠎ᠠ ᠳᠤ ︽ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠤᠢ︾ ᠶᠢᠨ ᠪᠦᠳᠦᠭᠡᠨ ᠪᠠᠶᠢᠭᠤᠯᠤᠯᠲᠠ ᠶᠢ ᠥᠷᠨᠢᠭᠦᠯᠵᠦ᠂  ᠬᠦᠳᠡᠯᠮᠦᠷᠢᠯᠡᠬᠦ ᠪᠡᠷ ᠨᠦᠬᠦᠪᠦᠷᠢ ᠪᠣᠯᠭᠠᠬᠤ᠂ ᠣᠨᠳᠣᠣ ᠭᠠᠵᠠᠷ ᠲᠤ ᠵᠠᠰᠠᠨ ᠰᠡᠷᠭᠦᠭᠡᠬᠦ᠂ ᠣᠷᠣᠯᠠᠭᠤᠯᠤᠨ ᠵᠠᠰᠠᠨ ᠰᠡᠷᠭᠦᠭᠡᠬᠦ ᠵᠡᠷᠭᠡ ᠤᠯᠠᠨ ᠵᠦᠢᠯ ᠦᠨ ᠵᠠᠰᠠᠨ ᠰᠡᠷᠭᠦᠭᠡᠬᠦ ᠵᠠᠭᠪᠤᠷ ᠢ ᠬᠡᠷᠡᠭᠯᠡᠵᠦ᠂ 《ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠤᠢ》᠂ 《ᠨᠡᠶᠢᠲᠡ ᠶᠢᠨ ᠠᠰᠢᠭᠲᠤ ᠵᠠᠷᠭᠤ ᠶᠢᠨ ᠠᠮᠢ ᠠᠬᠤᠶ ᠶᠢ ᠵᠠᠰᠠᠨ ᠰᠡᠷᠭᠦᠭᠡᠬᠦ ᠰᠠᠭᠤᠷᠢᠨ ᠭᠠᠵᠠᠷ》 ᠢ 37 ᠪᠡᠶᠡᠯᠡᠭᠦᠯᠵᠦ᠂ 33 ᠲᠦᠮᠡᠨ  ᠮᠦ  ᠤᠢ ᠮᠣᠳᠣ ᠨᠥᠬᠥᠵᠦ ᠣᠶᠢᠵᠢᠭᠤᠯᠤᠨ᠂ ᠠᠮᠢ ᠠᠬᠤᠶ ᠶᠢᠨ ᠣᠷᠴᠢᠨ ᠨᠥᠬᠥᠴᠡᠯ ᠦᠨ 《ᠡᠪᠳᠡᠭᠴᠢ》 ᠡᠴᠡ 《ᠰᠠᠬᠢᠨ ᠬᠠᠮᠠᠭᠠᠯᠠᠭᠴᠢ》  ᠪᠣᠯᠬᠤ ᠪᠡᠶ᠎ᠡ ᠬᠡᠮ ᠦᠨ ᠬᠤᠪᠢᠷᠠᠯᠲᠠ ᠶᠢ ᠲᠦᠯᠬᠢᠨ ᠠᠬᠢᠭᠤᠯᠵᠤ᠂ 《ᠨᠢᠭᠡ ᠬᠡᠷᠡᠭ ᠢ ᠰᠢᠶᠳᠪᠦᠷᠢᠯᠡᠵᠦ᠂ ᠬᠥᠬᠡᠮᠳᠦᠭ ᠠᠭᠤᠯᠠ ᠶᠢ ᠰᠡᠷᠭᠦᠭᠡᠬᠦ》 ᠶᠠᠪᠤᠳᠠᠯ ᠢ ᠪᠡᠶᠡᠯᠡᠭᠦᠯᠪᠡ᠃

 

 

ᠯᠢ ᠶᠦᠩ ᠵᠢᠶᠦ᠋ᠨ ᠴᠢᠬᠤᠯᠠᠴᠢᠯᠠᠭᠰᠠᠨ ᠨᠢ ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠣᠯ ᠳᠤ ᠳᠥᠷᠪᠡ ᠤᠳᠠᠭ᠎ᠠ ᠠᠵᠢᠯ ᠪᠠᠶᠢᠴᠠᠭᠠᠵᠤ ᠂ ᠥᠪᠥᠷ ᠮᠣᠩᠭᠣᠯ ᠤᠨ ᠲᠥᠯᠥᠭᠡᠯᠡᠭᠴᠢᠳ ᠦᠨ ᠪᠦᠯᠬᠦᠮ ᠦᠨ ᠬᠢᠨᠠᠨ ᠵᠥᠪᠯᠡᠬᠦ ᠳᠦ ᠲᠠᠪᠤ ᠤᠳᠠᠭ᠎ᠠ ᠣᠷᠣᠯᠴᠠᠵᠤ ᠂ ᠥᠪᠥᠷ ᠮᠣᠩᠭᠣᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠳᠠᠭᠠᠨ ᠂ ᠤᠳᠠᠭ᠎ᠠ ᠪᠣᠯᠭᠠᠨ ᠵᠠᠪᠠᠯ ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠲᠤᠬᠠᠶ ᠶᠠᠷᠢᠯᠴᠠᠳᠠᠭ ᠃ ᠨᠤᠲᠤᠭ ᠪᠡᠯᠴᠢᠭᠡᠷ ᠪᠣᠯ ᠥᠪᠥᠷ ᠮᠣᠩᠭᠣᠯ ᠤᠨ ᠣᠷᠣᠰᠢᠨ ᠲᠣᠭᠲᠠᠨᠢᠬᠤ ᠲᠦᠰᠢᠭ ᠲᠤᠯᠭᠠᠭᠤᠷᠢ ᠮᠥᠨ ᠂ ︽ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠶ ᠠᠵᠢᠯᠯᠠᠭ᠎ᠠ ︾ ᠶᠢ ᠭᠦᠨᠵᠡᠭᠡᠶ ᠳᠥᠯᠭᠢᠨ ᠠᠬᠢᠭᠤᠯᠬᠤ ᠪᠣᠯ ᠶᠡᠷᠦᠩᠬᠡᠶ ᠱᠦᠵᠢ ᠶᠢᠨ ᠵᠢᠭᠠᠪᠤᠷᠢ ᠶᠢᠨ ᠱᠠᠭᠠᠷᠳᠠᠯᠭ᠎ᠠ ᠶᠢ ᠲᠤᠸᠱᠯᠠᠭᠤᠯᠤᠨ ᠨᠠᠶᠢᠳᠠᠪᠤᠷᠢᠵᠢᠭᠤᠯᠬᠤ ᠂ ᠥᠪᠥᠷ ᠮᠣᠩᠭᠣᠯ ᠤᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠂ ᠠᠷᠠᠳ ᠲᠦᠮᠡᠨ ᠢᠶᠡᠷ ᠭᠣᠸᠯ ᠪᠣᠯᠭᠠᠬᠤ ᠶᠢ ᠪᠣᠳᠠᠲᠠᠶᠢᠵᠢᠭᠤᠯᠬᠤ ᠂ ᠰᠢ ᠶᠢᠨ ᠫᠢᠩ ᠦᠨ ᠲᠢᠶᠠᠨᠵᠢᠨ ᠡᠾᠸᠪᠸᠢ ᠶᠢᠨ ᠬᠠᠮᠵᠢᠯᠴᠠᠨ ᠬᠥᠭᠵᠢᠬᠦ ᠪᠠᠶᠢᠯᠳᠤᠬᠤ ᠪᠣᠳᠣᠯᠭ᠎ᠠ ᠳᠤ ᠲᠦᠷᠭᠡᠨ ᠠᠭᠤᠰᠤᠯᠴᠠᠬᠤ ᠶᠢᠨ ᠪᠣᠳᠠᠲᠤ ᠬᠡᠷᠡᠭᠴᠡᠭᠡ ᠮᠥᠨ ᠃ ᠪᠢᠳᠡ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠣᠯ ᠳᠤ  ᠲᠠᠯᠪᠢᠭᠰᠠᠨ ᠭᠦᠨ ᠵᠤᠵᠠᠭᠠᠨ ᠬᠠᠯᠠᠮᠵᠢᠯᠠᠯ ᠪᠠ ᠴᠢᠩ ᠰᠡᠳᠬᠢᠯ ᠦᠨ ᠬᠦᠰᠡᠯ ᠨᠠᠶᠢᠳᠠᠯᠭ᠎ᠠ ᠶᠢ ᠭᠦᠨᠵᠡᠭᠡᠶ ᠣᠶᠢᠯᠠᠭᠠᠵᠤ ᠂ ᠤᠯᠤᠰ ᠲᠥᠷᠥ ᠶᠢᠨ ᠲᠠᠯ᠎ᠠ  ᠠᠴᠠ ᠪᠣᠳᠣᠯᠬᠢᠯᠠᠨ ᠂ ᠬᠠᠸᠯᠢ ᠪᠠᠷ ᠵᠠᠰᠠᠬᠤ ᠲᠠᠯ᠎ᠠ  ᠠᠴᠠ ᠬᠦᠴᠦ ᠲᠠᠯᠪᠢᠵᠤ ᠂ ᠨᠤᠲᠤᠭ ᠪᠡᠯᠴᠢᠭᠡᠷ ᠦᠨ ᠬᠠᠮᠠᠭᠠᠯᠠᠯᠲᠠ ᠶᠢ ᠰᠠᠶᠢᠲᠤᠷ ᠬᠢᠬᠦ ᠶᠢ ᠦᠨᠡᠨ ᠬᠦ ︽ᠬᠣᠶᠠᠷ ᠢ ᠲᠣᠭᠲᠠᠭᠠᠬᠤ ︾ ᠶᠢ ᠡᠷᠡᠰ ᠬᠦᠷᠢᠶᠡᠯᠡᠬᠦ ᠪᠡᠷ ᠦᠵᠡᠵᠦ ᠂ ︽ ᠬᠣᠶᠠᠷ ᠢ ᠬᠠᠮᠠᠭᠠᠯᠠᠬᠤ ︾ ᠴᠢᠬᠤᠯᠠ ᠶᠡᠬᠡ ᠡᠭᠦᠷᠭᠡ ᠶᠢ ᠦᠨᠡᠨ ᠪᠣᠳᠠᠲᠠᠶ ᠠᠳᠬᠤᠵᠤ ᠰᠠᠶᠢᠲᠤᠷ ᠠᠳᠬᠤᠬᠤ ᠬᠡᠷᠡᠭᠲᠡᠶ ᠃

ᠯᠢ ᠶᠦᠩ ᠵᠢᠶᠦ᠋ᠨ ᠱᠠᠭᠠᠷᠳᠠᠭᠰᠠᠨ ᠨᠢ ᠂ ᠨᠤᠲᠤᠭ ᠪᠡᠯᠴᠢᠭᠡᠷ ᠦᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠬᠤ ᠳᠤᠮᠳᠠ  ᠡᠯᠡᠰᠦᠵᠢᠬᠦ ᠶᠢ ᠰᠡᠷᠭᠡᠶᠢᠯᠡᠨ ᠵᠠᠰᠠᠬᠤ ᠡᠨᠡᠬᠦ ᠴᠢᠬᠤᠯᠠ ᠡᠭᠦᠷᠭᠡ ᠶᠢ ᠳᠣᠪᠣᠶᠢᠯᠭᠠᠬᠤ ᠬᠡᠷᠡᠭᠲᠡᠶ ᠃ ᠤᠷᠢᠳᠴᠢᠯᠠᠨ ᠰᠡᠷᠭᠡᠶᠢᠯᠡᠬᠦ ᠪᠡᠷ ᠭᠣᠸᠯ ᠪᠣᠯᠭᠠᠬᠤ ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ ᠂ ᠶᠡᠷᠦᠩᠬᠡᠶᠢᠯᠡᠨ ᠵᠠᠰᠠᠬᠤ ᠵᠠᠷᠴᠢᠮ ᠢ ᠪᠠᠷᠢᠮᠲᠠᠯᠠᠨ ᠂ ᠡᠯᠡᠰᠦᠵᠢᠬᠦ ᠶᠢ ᠰᠡᠷᠭᠡᠶᠢᠯᠡᠨ ᠵᠠᠰᠠᠬᠤ ᠶᠢ ᠨᠤᠲᠤᠭ ᠪᠡᠯᠴᠢᠭᠡᠷ ᠦᠨ ᠠᠮᠢ ᠠᠬᠤᠶ ᠶᠢᠨ ᠬᠠᠮᠠᠭᠠᠯᠠᠯᠲᠠ ᠶᠢᠨ ᠭᠣᠸᠯᠳᠠᠯᠭ᠎ᠠ ᠲᠠᠶ ᠡᠭᠦᠷᠭᠡ ᠪᠣᠯᠭᠠᠵᠤ ᠂ ᠨᠤᠲᠤᠭ ᠪᠡᠯᠴᠢᠭᠡᠷ ᠦᠨ ᠵᠠᠰᠠᠭ ᠵᠠᠬᠢᠷᠭᠠᠨ ᠤ ᠬᠠᠸᠯᠢ ᠬᠡᠷᠡᠭᠵᠢᠭᠦᠯᠬᠦ ᠬᠢᠭᠡᠳ ᠬᠠᠸᠯᠢ ᠴᠠᠭᠠᠵᠠ ᠶᠢᠨ ᠬᠢᠨᠠᠯᠲᠠ ᠲᠠᠯᠪᠢᠯᠲᠠ ᠶᠢᠨ ᠬᠠᠮᠵᠢᠯᠴᠠᠭ᠎ᠠ ᠶᠢ ᠴᠢᠩᠭᠠᠳᠬᠠᠵᠤ ᠂ ᠨᠤᠲᠤᠭ ᠪᠡᠯᠴᠢᠭᠡᠷ ᠦᠨ ᠡᠯᠡᠰᠦᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠶᠢ ᠪᠥᠬᠥ ᠬᠦᠴᠦᠨ ᠢᠶᠡᠷ ᠢᠶᠡᠨ ᠠᠬᠢᠭᠤᠯᠤᠨ᠎ᠠ ᠃ᠦᠨᠳᠦᠰᠦᠨ ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ︽ ᠤᠯᠠᠭᠠᠨ ᠱᠤᠭᠤᠮ ︾ ᠢ ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠳᠠᠪᠠᠵᠤ ᠪᠣᠯᠤᠰᠢ ᠥᠬᠡᠶ ︽ ᠲᠤᠭᠳᠠᠭᠰᠠᠨ ᠴᠠᠷᠠᠭ᠎ᠠ︾ ᠪᠣᠯᠭᠠᠬᠤ ᠬᠡᠷᠡᠭᠲᠡᠶ ᠃  ᠬᠠᠰᠢᠶᠠᠯᠠᠨ ᠮᠠᠯᠵᠢᠬᠤ ᠂ ᠮᠠᠯ  ᠤᠨ ᠲᠤᠯᠤᠭᠠᠢ ᠪᠠ ᠪᠡᠯᠴᠢᠭᠡᠷ  ᠤᠨ ᠲᠠᠯᠠᠪᠠᠢ ᠶᠢ ᠲᠡᠩᠴᠡᠭᠦᠷᠢ ᠲᠡᠶ ᠪᠠᠶᠢᠯᠭᠠᠬᠤ᠂ ᠲᠠᠷᠢᠶᠠᠯᠠᠬᠤ ᠶᠢ ᠵᠣᠭᠰᠣᠭᠠᠵᠤ ᠨᠤᠲᠤᠭ ᠪᠡᠯᠴᠢᠭᠡᠷ ᠢ ᠰᠡᠷᠭᠦᠭᠡᠬᠦ ᠠᠵᠢᠯ ᠢ ᠰᠠᠶᠢᠲᠤᠷ ᠬᠢᠵᠦ᠂ ᠪᠠᠶᠢᠴᠠᠭᠠᠬᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠤᠲᠤᠭ ᠪᠡᠯᠴᠢᠭᠡᠷ ᠢ ᠲᠡᠩᠴᠡᠭᠦᠷᠢ ᠲᠡᠶ ᠪᠠᠶᠢᠯᠭᠠᠬᠤ ᠪᠠ  ᠬᠠᠰᠢᠶᠠᠯᠠᠨ ᠮᠠᠯᠵᠢᠬᠤ ᠲᠦᠷᠢᠮ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠯᠬᠢᠨ ᠠᠬᠢᠭᠤᠯᠤᠨ᠎ᠠ᠃ᠨᠤᠲᠤᠭ ᠪᠡᠯᠴᠢᠭᠡᠷ ᠦᠨ ᠪᠣᠬᠢᠷᠲᠤᠯ ᠦᠭᠡᠶ ᠠᠭᠤᠷᠬᠠᠶ ᠶᠢᠨ ᠵᠠᠰᠠᠯᠲᠠ ᠶᠢ ᠢᠳᠡᠪᠬᠢᠲᠡᠶ ᠠᠬᠢᠭᠤᠯᠵᠤ ᠂ ᠪᠠᠶᠢᠭᠠᠯᠢ ᠶᠢᠨ ᠡᠬᠢ ᠪᠠᠶᠠᠯᠢᠭ ᠪᠠ ᠣᠶ ᠰᠢᠭᠤᠶ ᠨᠤᠲᠤᠭ ᠪᠡᠯᠴᠢᠭᠡᠷ ᠦᠨ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ ᠂ ︽ᠬᠡᠨ ᠡᠪᠳᠡᠭᠰᠡᠨ ᠪᠣᠯ ᠲᠡᠷᠡ  ᠵᠠᠰᠠᠨ ᠰᠡᠷᠭᠦᠭᠡᠬᠦ ︾ ︽ ᠬᠡᠨ ᠪᠣᠬᠢᠷᠲᠤᠭᠤᠯᠤᠭᠰᠠᠨ ᠪᠣᠯ ᠲᠡᠷᠡ ᠵᠠᠰᠠᠬᠤ ︾ ᠵᠠᠷᠴᠢᠮ ᠶᠣᠰᠣᠭᠠᠷ ᠂ ᠨᠤᠲᠤᠭ ᠪᠡᠯᠴᠢᠭᠡᠷ ᠢ ᠬᠠᠸᠯᠢ ᠪᠤᠰᠤ ᠪᠠᠷ ᠡᠵᠡᠯᠡᠨ ᠬᠡᠷᠡᠭᠯᠡᠭᠰᠡᠨ ᠦᠶᠯᠡ ᠠᠵᠢᠯᠯᠠᠭᠠᠳᠠᠨ ᠤ ᠡᠷᠡᠭᠦᠸ ᠶᠢᠨ ᠬᠡᠷᠡᠭ ᠂ ᠢᠷᠭᠡᠨ ᠦ ᠬᠡᠷᠡᠭ ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠬᠠᠸᠯᠢ ᠶᠣᠰᠣᠭᠠᠷ ᠨᠡᠬᠡᠮᠵᠢᠯᠡᠵᠦ ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠮᠢ ᠠᠬᠤᠶ ᠶᠢ ᠵᠠᠰᠠᠨ ᠰᠡᠷᠭᠦᠭᠡᠬᠦ ᠠᠵᠢᠯ ᠢ ᠥᠷᠨᠢᠭᠦᠯᠵᠦ ᠂ ︽ᠠᠵᠤ ᠠᠬᠤᠶᠢᠯᠠᠯ ᠡᠪᠳᠡᠨ ᠂  ᠬᠠᠷᠢᠭᠤᠴᠠᠯᠭᠠᠲᠠᠨ ᠨᠢ ᠪᠠᠶᠠᠵᠢᠵᠤ ᠂ ᠣᠯᠠᠨ ᠲᠦᠮᠡᠨ ᠬᠣᠬᠢᠷᠠᠯ ᠠᠮᠰᠠᠵᠤ ᠂ ᠵᠠᠰᠠᠭ ᠤᠨ ᠣᠷᠳᠣᠨ ᠲᠣᠭᠠᠴᠠᠭ᠎ᠠ ᠬᠢᠬᠦ ︾ ᠪᠠᠶᠢᠳᠠᠯ ᠭᠠᠷᠬᠤ  ᠠᠴᠠ ᠡᠷᠡᠰ ᠵᠠᠶᠢᠯᠠᠰᠬᠢᠬᠦ ᠬᠡᠷᠡᠭᠲᠡᠶ ᠃ ᠨᠤᠲᠤᠭ ᠪᠡᠯᠴᠢᠭᠡᠷ ᠦᠨ ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠪᠠᠷᠢᠮᠲᠠᠯᠠᠵᠤ ᠂ ᠭᠠᠵᠠᠷ ᠳᠣᠸᠷᠠᠬᠢ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠂ ᠤᠰᠤᠨ ᠤ ᠠᠮᠢ ᠠᠬᠤᠶ ᠶᠢᠨ ᠬᠠᠮᠠᠭᠠᠯᠠᠯᠲᠠ ᠂ ᠣᠶ ᠰᠢᠭᠤᠶ ᠶᠢᠨ ᠬᠠᠮᠠᠭᠠᠯᠠᠯᠲᠠ ᠳᠤ ᠬᠢᠨᠠᠯᠲᠠ ᠲᠠᠯᠪᠢᠬᠤ ᠶᠢ ᠨᠢᠭᠡ ᠴᠣᠠᠠᠴᠠᠵᠢᠭᠤᠯᠥᠨ ᠴᠢᠩᠭᠠᠳᠬᠠᠵᠤ ᠂ ᠨᠤᠲᠤᠭ ᠪᠡᠯᠴᠢᠭᠡᠷ ᠳᠡᠭᠡᠷᠡᠬᠢ ︽ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ  ᠴᠦᠭᠦᠷᠦᠮ ᠡᠪᠡᠰᠦ ᠡᠯᠡᠰᠦ ︾ ᠶᠢ ᠨᠢᠭᠡ ᠴᠣᠠᠠᠴᠠᠵᠢᠭᠤᠯᠥᠨ ᠬᠠᠮᠠᠭᠠᠯᠠᠬᠤ ᠶᠢ ᠪᠡᠶᠡᠯᠡᠭᠦᠯᠦᠨ᠎ᠡ ᠃

ᠨᠡᠩ ᠬᠦᠴᠦᠲᠡᠶ ᠬᠠᠤᠯᠢ ᠴᠠᠭᠠᠵᠠ ᠪᠠᠷ ᠨᠤᠲᠤᠭ ᠪᠡᠯᠴᠢᠭᠡᠷ ᠦᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠳᠤ ᠬᠢᠨᠠᠯᠲᠠ ᠲᠠᠯᠪᠢᠨ᠎ᠠ᠃ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠨᠤᠭᠤᠳ ᠡᠷᠡᠭᠦᠸ ᠶᠢᠨ ᠬᠡᠷᠡᠭ ᠂ ᠢᠷᠭᠡᠨ ᠦ ᠬᠡᠷᠡᠭ ᠂ ᠵᠠᠰᠠᠭ ᠵᠠᠬᠢᠷᠭᠠᠨ ᠂ ᠨᠡᠶᠢᠲᠡ ᠶᠢᠨ ᠠᠰᠢᠭᠲᠤ ᠵᠠᠷᠭᠤ ᠶᠢᠨ ︽ ᠳᠥᠷᠪᠡᠨ ᠶᠡᠬᠡ ᠪᠠᠶᠢᠴᠠᠭᠠᠬᠤ ︾ ᠶᠢᠨ ᠡᠭᠦᠷᠭᠡ ᠴᠢᠳᠠᠪᠤᠷᠢ ᠶᠢ ᠶᠡᠷᠦᠩᠬᠡᠶᠢᠯᠡᠨ ᠬᠡᠷᠡᠭᠯᠡᠵᠦ ᠂ ︽ ᠮᠢᠩᠭᠠᠨ ᠭᠠᠵᠠᠷ ᠤᠨ ᠤᠮᠠᠷᠠᠲᠤ ᠶᠢᠨ ᠨᠤᠲᠤᠭ ᠪᠡᠯᠴᠢᠭᠡᠷ ︾ ᠲᠤ ᠨᠠᠩ ᠬᠦᠴᠦᠲᠡᠶ ᠬᠠᠸᠯᠢ ᠴᠠᠭᠠᠵᠠ ᠶᠢᠨ ᠬᠠᠮᠠᠭᠠᠯᠠᠯᠲᠠ ᠶᠢ ᠦᠨᠡᠨᠬᠦ ᠬᠠᠩᠭᠠᠬᠤ ᠬᠡᠷᠡᠭᠲᠡᠶ ᠃ᠨᠤᠲᠤᠭ ᠪᠡᠯᠴᠢᠭᠡᠷ ᠲᠦ ᠬᠣᠯᠪᠣᠭᠳᠠᠭᠰᠠᠨ ᠬᠠᠤᠯᠢ ᠠᠴᠠ ᠵᠥᠷᠢᠴᠡᠭᠰᠡᠨ ᠡᠷᠡᠭᠦᠦ ᠶᠢᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠬᠡᠵᠦ᠂ ᠤᠢ ᠰᠢᠭᠤᠶ ᠶᠢᠨ ᠶᠠᠮᠤᠨ ᠤ ᠠᠯᠪᠠᠨ ᠭᠡᠷ ᠵᠡᠷᠭᠡ ᠰᠠᠯᠠᠭ᠎ᠠ ᠮᠥᠴᠢᠷ ᠲᠡᠶ ᠳᠠᠩᠰᠠᠯᠠᠭᠰᠠᠨ ᠬᠡᠷᠡᠭ ᠦᠨ ᠰᠦᠪᠡᠭᠴᠢ ᠶᠢ ᠰᠢᠯᠵᠢᠭᠦᠯᠦᠨ ᠬᠦᠷᠭᠡᠬᠦ ᠪᠠ ᠬᠠᠷᠢᠯᠴᠠᠬᠤ ᠲᠣᠭᠲᠠᠴᠠ ᠶᠢ ᠰᠠᠶᠢᠲᠤᠷ ᠬᠡᠷᠡᠭᠯᠡᠵᠦ᠂ ᠨᠤᠲᠤᠭ ᠪᠡᠯᠴᠢᠭᠡᠷ ᠢ ᠡᠪᠳᠡᠭᠰᠡᠨ ᠲᠤᠰᠬᠠᠶ ᠬᠡᠷᠡᠭ ᠪᠣᠯᠭᠠᠨ ᠳᠠᠩᠰᠠᠯᠠᠬᠤ ᠬᠢᠨᠠᠯᠲᠠ ᠶᠢ ᠪᠠᠶᠢᠩᠭᠤᠵᠢᠭᠤᠯᠤᠨ  ᠥᠷᠨᠢᠭᠦᠯᠦᠨ᠎ᠠ᠃ ᠢᠷᠭᠡᠨ ᠦ ᠬᠡᠷᠡᠭ ᠦᠨ ᠪᠠᠶᠢᠴᠠᠭᠠᠬᠤ ᠡᠭᠦᠷᠭᠡ ᠴᠢᠳᠠᠪᠤᠷᠢ ᠶᠢ ᠰᠠᠶᠢᠲᠤᠷ ᠪᠠᠳᠠᠷᠠᠭᠤᠯᠵᠤ ᠂ ᠡᠰᠡᠷᠭᠦᠴᠡᠨ ᠵᠠᠭᠠᠯᠳᠤᠬᠤ ᠂ ᠪᠠᠶᠢᠴᠠᠭᠠᠬᠤ ᠰᠠᠨᠠᠭᠤᠯᠭ᠎ᠠ ᠳᠤᠷᠠᠳᠬᠤ ᠵᠡᠷᠭᠡ ᠣᠯᠠᠨ ᠡᠰᠢᠵᠢᠭᠰᠡᠨ ᠬᠢᠨᠠᠯᠲᠠ ᠲᠠᠯᠪᠢᠬᠤ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠂ ᠨᠤᠲᠤᠭ ᠪᠡᠯᠴᠢᠭᠡᠷ ᠲᠦ ᠬᠣᠯᠪᠣᠭᠳᠠᠭᠰᠠᠨ ᠬᠡᠷᠡᠭ ᠲᠦ ᠬᠢᠨᠠᠯᠲᠠ ᠲᠠᠯᠪᠢᠬᠤ ᠶᠢ ᠴᠢᠩᠭᠠᠳᠬᠠᠨ ᠂  ᠨᠤᠲᠤᠭ ᠪᠡᠯᠴᠢᠭᠡᠷ ᠦᠨ ᠵᠠᠭᠤᠷᠠᠯᠳᠤᠭᠠᠨ ᠤ ᠬᠡᠷᠡᠭ ᠪᠠ ᠵᠠᠬᠢᠳᠠᠯ ᠰᠤᠷᠪᠤᠯᠵᠢᠯᠠᠭ᠎ᠠ ᠶᠢ ᠲᠣᠬᠢᠲᠠᠶ ᠰᠠᠶᠢᠲᠤᠷ ᠰᠢᠶᠳᠪᠦᠷᠢᠯᠡᠵᠦ ᠂ ᠵᠥᠷᠢᠴᠡᠯ ᠢ ᠢᠳᠡᠪᠬᠢᠲᠡᠶ ᠪᠡᠷ ᠰᠢᠶᠳᠪᠦᠷᠢᠯᠡᠨ ᠂ ᠢᠷᠭᠡᠨ ᠦ ᠬᠡᠷᠡᠭ ᠦᠨ ᠬᠡᠷᠡᠭᠵᠢᠭᠦᠯᠦᠯᠲᠡ ᠳᠦ ᠬᠢᠨᠠᠯᠲᠠ ᠲᠠᠯᠪᠢᠬᠤ ᠶᠢ ᠴᠢᠩᠭᠠᠳᠬᠠᠵᠤ ᠂ ᠮᠠᠯᠴᠢᠨ ᠲᠦᠮᠡᠨ ᠦ ᠬᠠᠸᠯᠢ ᠶᠣᠰᠣᠨ ᠤ ᠡᠷᠬᠡ ᠠᠰᠢᠭ ᠢ ᠴᠠᠭ ᠲᠤᠬᠠᠶ ᠳᠤᠨᠢ ᠬᠠᠮᠠᠭᠠᠯᠠᠨ᠎ᠠ ᠃ ᠵᠠᠰᠠᠭ ᠵᠠᠬᠢᠷᠭᠠᠨ ᠤ ᠪᠠᠶᠢᠴᠠᠭᠠᠬᠤ ᠠᠷᠭ᠎ᠠ ᠪᠠᠷᠢᠯ ᠢ ᠰᠠᠶᠢᠲᠤᠷ ᠬᠡᠷᠡᠭᠯᠡᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠢᠨᠠᠨ ᠲᠡᠮᠵᠢᠵᠤ᠂ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠵᠠᠰᠠᠭ ᠵᠠᠬᠢᠷᠭᠠᠨ ᠤ ᠪᠠᠶᠢᠴᠠᠭᠠᠯᠲᠠ ᠶᠢ ᠵᠣᠯᠭᠠᠭᠤᠯᠬᠤ ᠲᠣᠭᠲᠠᠴᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠭᠠᠵᠠᠷ ᠰᠢᠷᠣᠶ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠨ ᠰᠢᠶᠳᠪᠦᠷᠢᠯᠡᠬᠦ ᠬᠦᠷᠢᠶᠡᠨ ᠳᠡᠬᠢ ᠵᠠᠰᠠᠭ ᠵᠠᠬᠢᠷᠭᠠᠨ ᠤ ᠵᠠᠷᠭᠤ ᠶᠢᠨ ᠪᠤᠰᠤ ᠭᠦᠢᠴᠡᠳᠬᠡᠯᠲᠡ ᠳᠦ ᠬᠢᠨᠠᠯᠲᠠ ᠲᠠᠯᠪᠢᠬᠤ ᠠᠵᠢᠯ ᠢ ᠪᠠᠶᠢᠩᠭᠤᠵᠢᠭᠤᠯᠤᠨ ᠥᠷᠨᠢᠭᠦᠯᠦᠨ᠎ᠡ᠃ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠡᠭᠦᠷᠭᠡ ᠴᠢᠳᠠᠪᠤᠷᠢ ᠶᠢ ᠭᠦᠶᠴᠡᠳ ᠪᠠᠳᠠᠷᠠᠭᠤᠯᠵᠤ ᠂ ᠨᠤᠲᠤᠭ ᠪᠡᠯᠴᠢᠭᠡᠷ ᠦᠨ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠶᠢᠨ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ ᠂ ᠪᠠᠶᠢᠴᠠᠭᠠᠬᠤ ᠰᠠᠨᠠᠭᠤᠯᠭ᠎ᠠ ᠶᠢ ᠴᠠᠭ ᠲᠤᠬᠠᠶ ᠳᠤᠨᠢ ᠲᠣᠭᠲᠠᠭᠠᠨ ᠲᠠᠷᠬᠠᠭᠠᠵᠤ ᠂ ᠡᠬᠢ ᠡᠭᠦᠰᠦᠯ ᠡᠴᠡ ᠨᠢ ᠵᠠᠰᠠᠬᠤ ᠂ ᠰᠢᠰᠲ᠋ᠧᠮ ᠲᠡᠶ ᠵᠠᠰᠠᠬᠤ ᠶᠢ ᠳᠥᠯᠭᠢᠨ ᠠᠬᠢᠭᠤᠯᠵᠤ ᠂ ᠨᠤᠲᠤᠭ ᠪᠡᠯᠴᠢᠭᠡᠷ ᠦᠨ ᠬᠠᠮᠠᠭᠠᠯᠠᠯᠲᠠ ᠵᠠᠰᠠᠯᠲᠠ ᠶᠢᠨ ᠦᠶᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ ᠃

ᠨᠤᠲᠤᠭ ᠪᠡᠯᠴᠢᠭᠡᠷ ᠦᠨ ᠠᠮᠢ ᠠᠬᠤᠢ ᠶᠢᠨ ᠣᠷᠴᠢᠨ ᠲᠣᠭᠣᠷᠢᠨ ᠤ ᠶᠡᠬᠡ ᠬᠠᠮᠠᠭᠠᠯᠠᠯᠲᠠ᠂ ᠶᠡᠬᠡ ᠵᠠᠰᠠᠯᠲᠠ ᠶᠢ ᠬᠠᠮᠲᠤᠪᠠᠷ ᠬᠦᠴᠦᠯᠡᠨ ᠰᠠᠶᠢᠲᠤᠷ ᠠᠳᠬᠤᠬᠤ ᠬᠡᠷᠡᠭᠲᠡᠢ᠃ ᠭᠤᠷᠪᠠᠨ ᠱᠠᠲᠤᠨ ᠤ ᠪᠠᠶᠢᠴᠠᠭᠠᠬᠤ ᠪᠠᠶᠢᠭᠤᠯᠭ᠎ᠠ ᠶᠢᠨ ᠬᠢᠨ ᠪᠠᠶᠢᠴᠠᠭᠠᠬᠤ ᠠᠵᠢᠯ ᠢ ᠨᠢᠭᠡ ᠴᠤᠭᠴᠠᠵᠢᠭᠤᠯᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠭᠦᠨᠵᠡᠭᠡᠶᠢᠷᠡᠭᠦᠯᠵᠦ᠂ ᠬᠢᠨᠠᠯᠲᠠ ᠲᠠᠯᠪᠢᠵᠤ ᠬᠡᠷᠡᠭ ᠰᠢᠢᠳᠪᠦᠷᠢᠯᠡᠬᠦ ᠶᠠᠪᠤᠴᠠ ᠳᠤ ︽ ᠰᠢᠵᠢᠮᠯᠠᠭᠰᠠᠨ ᠬᠦᠴᠦᠨ︾ ᠪᠣᠯᠵᠤ᠂ ︽ ᠡᠷᠴᠢᠮ ᠨᠢᠭᠡᠲᠠᠢ︾ ᠢ  ᠪᠠᠶᠢᠵᠤ᠂ ᠪᠦᠬᠦᠯᠢ ᠴᠣᠭᠴᠠ ᠶᠢᠨ ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠪᠠᠶᠢᠴᠠᠭᠠᠬᠤ ᠪᠠᠶᠢᠭᠤᠯᠭ᠎ᠠ ᠶᠢᠨ ᠬᠢᠨ ᠤᠢ ᠰᠢᠭᠤᠢ ᠨᠤᠲᠤᠭ ᠪᠡᠯᠴᠢᠭᠡᠷ ᠦᠨ ᠰᠠᠯᠠᠭ᠎ᠠ ᠮᠥᠴᠢᠷ ᠲᠡᠶ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠰᠦᠪᠡᠭᠴᠢ ᠶᠢ ᠰᠢᠯᠵᠢᠭᠦᠯᠦᠨ ᠬᠦᠷᠭᠡᠬᠦ᠂ ᠪᠠᠶᠢᠴᠠᠭᠠᠵᠤ ᠭᠡᠷᠡᠴᠢ ᠠᠪᠬᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠠᠮᠢ ᠠᠬᠤᠢ ᠶᠢ ᠰᠡᠷᠭᠦᠭᠡᠬᠦ ᠵᠡᠷᠭᠡ ᠲᠠᠯ᠎ᠠ ᠶᠢᠨ ᠬᠠᠮᠵᠢᠯᠴᠠᠭ᠎ᠠ ᠶᠢ ᠨᠡᠩ ᠰᠢᠯᠢᠳᠡᠭ ᠰᠠᠶᠢᠨ ᠬᠢᠵᠦ᠂ ᠴᠢᠬᠤᠯᠠ ᠪᠠᠶᠢᠷᠢᠯᠠᠭᠤᠯᠤᠯᠲᠠ ᠶᠢ ᠴᠠᠭ ᠲᠤᠬᠠᠢ ᠳᠤᠨᠢ ᠨᠡᠪᠲᠡᠷᠡᠯᠴᠡᠵᠦ᠂ ᠭᠣᠣᠯᠳᠠᠯᠭ᠎ᠠ ᠲᠠᠶ ᠬᠡᠷᠡᠭ ᠶᠠᠪᠤᠳᠠᠯ ᠢ ᠬᠠᠮᠲᠤᠷᠠᠨ ᠠᠬᠢᠭᠤᠯᠵᠤ᠂ ᠴᠢᠬᠤᠯᠠ ᠶᠡᠬᠡ ᠬᠦᠴᠢᠷ ᠲᠦᠪᠡᠭᠲᠡᠢ ᠠᠰᠠᠭᠤᠳᠠᠯ ᠢ ᠬᠠᠮᠲᠤᠪᠠᠷ ᠵᠥᠪᠳᠡᠯᠴᠡᠨ ᠰᠢᠢᠳᠪᠦᠷᠢᠯᠡᠬᠦ ᠠᠵᠢᠯ ᠢ ᠨᠡᠩ ᠪᠣᠳᠠᠲᠠᠢ ᠬᠢᠵᠦ᠂ ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠬᠠᠮᠲᠤᠷᠠᠯ ᠤᠨ ᠬᠦᠴᠦᠨ ᠢ ᠨᠡᠩ ᠪᠠᠲᠤ ᠪᠡᠬᠢ ᠨᠢᠭᠲᠠᠷᠠᠭᠤᠯᠬᠤ ᠬᠡᠷᠡᠭᠲᠡᠢ᠃ ᠣᠷᠣᠨ ᠪᠦᠰᠡ ᠠᠯᠤᠰᠯᠠᠭᠰᠠᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠬᠤᠳᠠ ᠶᠢᠨ ᠱᠠᠳᠤ ᠠᠯᠤᠰᠯᠠᠭᠰᠠᠨ ᠮᠤᠵᠢ ᠶᠢᠨ ᠱᠠᠳᠤ᠂ ᠤᠯᠤᠰ ᠤᠨ ᠬᠢᠯᠢ ᠠᠯᠤᠰᠯᠠᠭᠰᠠᠨ ᠣᠷᠣᠨ ᠪᠦᠰᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠬᠠᠮᠵᠢᠯᠴᠠᠬᠤ ᠨᠢᠳᠤᠷᠭ᠎ᠠ ᠪᠠᠨ ᠵᠠᠩᠭᠢᠳᠴᠤ᠂ ᠣᠷᠴᠢᠨ ᠲᠣᠭᠣᠷᠢᠨ ᠤ ᠬᠠᠮᠠᠭᠠᠯᠠᠯᠲᠠ ᠶᠢᠨ  ᠨᠠᠶᠢᠵᠠ ᠶᠢᠨ ᠲᠤᠭᠤᠷᠢᠭ︾ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠨᠡᠶᠢᠭᠡᠮ  ᠤᠨ ᠬᠠᠮᠵᠢᠯᠴᠠᠭ᠎ᠠ ᠪᠠᠨ ᠴᠢᠩᠭᠠᠳᠬᠠᠵᠤ᠂ ᠲᠥᠯᠥᠭᠡᠯᠡᠭᠴᠢᠳ ᠦᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠦ ᠰᠠᠨᠠᠯ ᠵᠥᠪᠯᠡᠯᠭᠡ ᠪᠣᠯᠤᠨ ᠨᠡᠶᠢᠲᠡ ᠶᠢᠨ ᠠᠰᠢᠭᠲᠤ  ᠵᠠᠷᠭᠤ ᠶᠢᠨ ᠪᠠᠶᠢᠴᠠᠭᠠᠬᠤ ᠰᠠᠨᠠᠭᠤᠯᠭ᠎ᠠ ᠶᠢ ᠵᠣᠯᠭᠠᠭᠤᠯᠤᠨ ᠬᠤᠪᠢᠷᠠᠭᠤᠯᠬᠤ ᠠᠵᠢᠯ ᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠦ ᠵᠥᠪᠳᠡᠯᠴᠡᠭᠡ ᠪᠡᠷ ᠳᠠᠮᠵᠢᠭᠤᠯᠤᠨ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠬᠤ ᠬᠡᠷᠡᠭᠲᠡᠶ᠃ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ︽ᠨᠡᠶᠢᠲᠡ ᠶᠢᠨ ᠲᠥᠯᠥᠭᠡ ᠵᠢᠳᠬᠦᠬᠦ ︾ ᠰᠠᠶᠢᠨ ᠳᠤᠷ᠎ᠠ ᠶᠢᠨ ᠠᠵᠢᠯᠯᠠᠭᠴᠢ ᠶᠢᠨ ᠪᠠᠶᠢᠴᠠᠭᠠᠬᠤ ᠡᠭᠦᠯᠡᠨ ᠲᠠᠪᠴᠠᠩ ᠢ ᠥᠷᠭᠡᠳᠬᠡᠬᠦ ᠠᠵᠢᠯ ᠢ ᠰᠠᠶᠢᠲᠤᠷ ᠬᠢᠵᠦ ᠂ ᠨᠡᠶᠢᠭᠡᠮ ᠨᠡᠶᠢᠲᠡ ᠪᠡᠷ ᠢᠶᠡᠨ ᠨᠡᠶᠢᠲᠡ ᠶᠢᠨ ᠠᠰᠢᠭᠲᠤ ᠬᠠᠮᠠᠭᠠᠯᠠᠯᠲᠠ ᠳᠤ ᠭᠦᠨᠵᠡᠭᠡᠶ ᠣᠷᠣᠯᠴᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ ᠂ ᠨᠡᠶᠢᠲᠡ ᠶᠢᠨ ᠠᠰᠢᠭᠲᠤ ᠰᠠᠶᠢᠨ ᠳᠤᠷ᠎ᠠ ᠶᠢᠨ ᠠᠵᠢᠯᠯᠠᠭᠴᠢ ᠶᠢᠨ ᠪᠦᠯᠬᠦᠮ ᠨᠡᠶᠢᠲᠡ ᠂ ᠨᠡᠶᠢᠲᠡ ᠶᠢᠨ ᠠᠰᠢᠭᠲᠤ ᠰᠠᠬᠢᠨ ᠬᠠᠮᠠᠭᠠᠯᠠᠭᠴᠢ ᠶᠢᠨ ᠥᠷᠲᠡᠭᠡ  ᠂ ᠤᠯᠠᠭᠠᠨᠮᠥ᠋ᠴᠢᠷ ᠦᠨ ᠨᠡᠶᠢᠲᠡ ᠶᠢᠨ ᠠᠰᠢᠭᠲᠤ ᠵᠠᠷᠭᠤ ᠶᠢᠨ ᠤᠬᠠᠭᠤᠯᠬᠤ ᠠᠩᠭᠢ ᠶᠢ ᠵᠣᠬᠢᠶᠠᠨ ᠪᠠᠶᠢᠭᠤᠯᠬᠤ ᠵᠡᠷᠭᠡ ᠬᠡᠯᠪᠡᠷᠢ ᠪᠡᠷ ᠳᠠᠮᠵᠢᠭᠤᠯᠤᠨ ᠂ ᠨᠡᠶᠢᠲᠡ ᠶᠢᠨ ᠠᠰᠢᠭᠲᠤ ᠬᠠᠮᠠᠭᠠᠯᠠᠯᠲᠠ ᠳᠤ ᠣᠯᠠᠨ ᠨᠡᠶᠢᠲᠡ ᠶᠢᠨ ᠣᠷᠣᠯᠴᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠎ᠡ ᠃

 

 

ᠸᠠᠩ ᠵᠤᠤ ᠱᠧᠩ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠨᠤᠲᠤᠭ ᠪᠡᠯᠴᠢᠭᠡᠷ ᠦᠨ ᠬᠠᠮᠠᠭᠠᠯᠠᠯᠲᠠ ᠶᠢᠨ ᠬᠠᠮᠵᠢᠯᠴᠠᠭ᠎ᠠ ᠶᠢᠨ ᠨᠢᠭᠡᠳᠦᠯᠲᠡᠢ ᠠᠵᠢᠯᠯᠠᠭ᠎ᠠ ᠶᠢ ᠠᠬᠢᠭᠤᠯᠬᠤ ᠬᠤᠷᠠᠯ ᠢ ᠬᠤᠷᠠᠯᠳᠤᠭᠤᠯᠤᠭᠰᠠᠨ ᠨᠢ ᠤᠢ ᠰᠢᠭᠤᠢ ᠨᠤᠲᠤᠭ ᠪᠡᠯᠴᠢᠭᠡᠷ ᠦᠨ ᠰᠠᠯᠠᠭ᠎ᠠ ᠮᠥᠴᠢᠷ ᠪᠣᠯᠤᠨ ᠪᠠᠶᠢᠴᠠᠭᠠᠬᠤ ᠪᠠᠶᠢᠭᠤᠯᠭ᠎ᠠ ᠶᠢᠨ  ᠨᠢᠭᠡᠨ ᠤᠳᠠᠭᠠᠨ  ᠤ ︽ᠦᠭᠡᠲᠡ ᠦᠭᠡᠳᠡ ᠡᠴᠡ ᠲᠡᠮᠡᠥᠯᠡᠭᠰᠡᠨ ᠶᠠᠪᠤᠳᠠᠯ︾ᠪᠥᠭᠡᠳ ᠬᠣᠶᠠᠷ ᠲᠠᠯ᠎ᠠ ᠪᠠᠷ ᠢᠶᠠᠨ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠶᠢᠨ ᠥᠪᠥᠷ ᠮᠣᠩᠭᠣᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠨᠢᠭᠡᠨ  ᠤᠳᠠᠭᠠᠨ ᠤ ︽ᠨᠤᠲᠤᠭ ᠪᠡᠯᠴᠢᠭᠡᠷ ᠦᠨ ᠭᠡᠷ᠎ᠡ︾ᠪᠣᠯᠤᠨ᠎ᠠ᠃ 2021 ᠣᠨ ᠤ 11 ᠰᠠᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠦᠨ ᠠᠯᠪᠠᠨ ᠬᠡᠷ  ᠬᠢᠭᠡᠳ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠬᠠᠮᠲᠤ ᠪᠠᠷ ︽ ︿ ᠣᠶ ᠰᠢᠭᠤᠶ ᠶᠢᠨ ᠳᠠᠷᠤᠭ᠎ᠠ + ᠪᠠᠶᠢᠴᠠᠭᠠᠬᠤ ᠳᠠᠷᠤᠭ᠎ᠠ ﹀ ᠶᠢᠨ ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠬᠤ ᠲᠤᠬᠠᠶ ᠰᠠᠨᠠᠯ ︾ ᠳ᠋ᠤ ᠭᠠᠷ ᠤᠨ ᠥᠰᠥᠭ ᠵᠢᠷᠤᠭᠰᠠᠨ ᠠᠴᠠ ᠨᠠᠰᠢ ᠂ ᠬᠠᠮᠵᠢᠯᠴᠠᠬᠤ ᠲᠣᠭᠲᠠᠴᠠ ᠲᠠᠰᠤᠷᠠᠯᠲᠠ ᠥᠬᠡᠶ ᠲᠡᠭᠦᠯᠳᠡᠷᠵᠢᠵᠦ ᠂ ︽ ᠣᠶ ᠰᠢᠭᠤᠶ ᠶᠢᠨ ᠳᠠᠷᠤᠭ᠎ᠠ + ᠪᠠᠶᠢᠴᠠᠭᠠᠬᠤ ᠳᠠᠷᠤᠭ᠎ᠠ ︾ ᠶᠢᠨ ᠬᠠᠮᠵᠢᠯᠴᠠᠭ᠎ᠠ ᠭᠦᠨᠵᠡᠭᠡᠶᠢᠷᠡᠨ ᠪᠣᠳᠠᠲᠠᠶᠢᠵᠢᠵᠤ ᠂ ᠤᠬᠠᠭᠤᠯᠭ᠎ᠠ ᠬᠥᠮᠦᠵᠢᠯ ᠢ ᠬᠥᠮᠦᠰ ᠦᠨ ᠰᠡᠳᠬᠢᠯ ᠳᠦ ᠬᠠᠳᠠᠩᠰᠢᠭᠤᠯᠵᠠᠶ ᠃ ᠡᠨᠡ ᠤᠳᠠᠭ᠎ᠠ ᠶᠢᠨ ᠠᠬᠢᠭᠤᠯᠬᠤ ᠬᠤᠷᠠᠯ ᠢ ᠬᠤᠷᠠᠯᠳᠤᠭᠤᠯᠤᠭᠰᠠᠨ ᠨᠢ ᠶᠡᠷᠦᠩᠬᠡᠢ ᠱᠦᠵᠢ ᠶᠢᠨ ᠥᠪᠥᠷ ᠮᠣᠩᠭᠣᠯ ᠳᠤ ᠲᠤᠰᠢᠶᠠᠭᠰᠠᠨ ︽ᠬᠣᠶᠠᠷ ᠶᠡᠬᠡ ᠶᠠᠪᠤᠳᠠᠯ︾  ᠢ ᠰᠠᠶᠢᠲᠤᠷ ᠬᠢᠵᠦ᠂ ︽ᠤᠮᠠᠷᠠᠲᠤ ᠶᠢᠨ ᠭᠤᠷᠪᠠᠨ ᠣᠷᠣᠨ︾  ᠤ ᠢᠨᠵᠧᠨᠧᠷᠢᠩ ᠦᠨ ᠪᠣᠭᠣᠮᠲᠠ ᠰᠢᠪᠲᠤᠯᠬᠤ ᠳᠠᠶᠢᠯᠠᠯᠳᠤᠭᠠᠨ ᠪᠣᠯᠤᠨ ᠭᠤᠷᠪᠠᠨ ᠶᠡᠬᠡ ᠪᠡᠯᠭᠡ ᠲᠡᠮᠳᠡᠭ ᠦᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠬᠦ ᠳᠦ ᠲᠤᠶᠢᠯ ᠤᠨ ᠴᠢᠬᠤᠯᠠ ᠠᠴᠢ ᠬᠣᠯᠪᠣᠭᠳᠠᠯ ᠲᠠᠶ ᠶᠤᠮ᠃ ᠪᠥᠬᠥ ᠣᠷᠣᠨ ᠤ ᠣᠶ ᠰᠢᠭᠤᠶ  ᠨᠤᠲᠤᠭ ᠪᠡᠯᠴᠢᠭᠡᠷ ᠦᠨ ᠰᠢᠰᠲ᠋ᠧᠮ ᠦᠨ ᠬᠢᠨ ᠲᠣᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ ᠂ ᠬᠠᠮᠲᠤᠷᠠᠨ ᠬᠠᠸᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠂ ︽ ᠣᠶ ᠰᠢᠭᠤᠶ ᠶᠢᠨ ᠳᠠᠷᠤᠭ᠎ᠠ + ᠪᠠᠶᠢᠴᠠᠭᠠᠬᠤ ᠳᠠᠷᠤᠭ᠎ᠠ ︾ ᠶᠢᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠨᠤᠲᠤᠭ ᠪᠡᠯᠴᠢᠭᠡᠷ ᠦᠨ ᠠᠮᠢ ᠠᠬᠤᠶ ᠶᠢᠨ ᠬᠠᠮᠠᠭᠠᠯᠠᠯᠲᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠨ ᠂ ᠪᠥᠬᠥ ᠨᠡᠶᠢᠭᠡᠮ ᠦᠨ ︽ ᠨᠤᠲᠤᠭ ᠪᠡᠯᠴᠢᠭᠡᠷ ᠢ  ᠲᠠᠨᠢᠵᠦ ᠂ ᠨᠤᠲᠤᠭ ᠪᠡᠯᠴᠢᠭᠡᠷ ᠢ   ᠬᠠᠶᠢᠷᠠᠯᠠᠵᠤ ᠂ ᠨᠤᠲᠤᠭ ᠪᠡᠯᠴᠢᠭᠡᠷ ᠢ  ᠬᠠᠮᠠᠭᠠᠯᠠᠬᠤ ︾ ᠭᠦᠨ ᠵᠤᠵᠠᠭᠠᠨ ᠠᠭᠤᠷ ᠠᠮᠢᠰᠬᠤᠯ ᠢ ᠬᠦᠴᠦᠯᠡᠨ ᠪᠣᠶ ᠪᠣᠯᠭᠠᠨ᠎ᠠ ᠃

 

ᠰᠣᠯᠢᠯᠴᠠᠭᠠᠨ ᠤ ᠬᠤᠷᠠᠯ ᠳᠡᠭᠡᠷ᠎ᠡ ᠂ ᠬᠥᠯᠥᠨ ᠪᠣᠶᠢᠷ ᠬᠣᠲᠠ ᠂ ᠰᠢᠯᠢ ᠶᠢᠨ ᠭᠣᠸᠯ ᠠᠶᠢᠮᠠᠭ ᠂ ᠣᠷᠳᠣᠰ ᠬᠣᠲᠠ ᠶᠢᠨ ᠪᠠᠶᠢᠴᠠᠭᠠᠬᠤ ︵ ᠬᠤᠪᠢᠶᠠᠷᠢ ︶ ᠬᠣᠷᠢᠶ᠎ᠠ ᠂ ᠤᠯᠠᠭᠠᠨᠬᠠᠳᠠ ᠬᠣᠲᠠ ᠂ ᠰᠢᠯᠢ ᠶᠢᠨ ᠭᠣᠸᠯ ᠠᠶᠢᠮᠠᠭ ᠂ ᠣᠷᠳᠣᠰ ᠬᠣᠲᠠ ᠶᠢᠨ ᠣᠶ ᠰᠢᠭᠤᠶ  ᠨᠤᠲᠤᠭ ᠪᠠᠯᠴᠢᠭᠡᠷ ᠦᠨ ᠰᠠᠯᠠᠭ᠎ᠠ ᠮᠥᠴᠢᠷ ᠦᠨ ᠬᠢᠨ ᠲᠤᠷᠰᠢᠯᠭ᠎ᠠ ᠪᠠᠨ ᠰᠣᠯᠢᠯᠴᠠᠭᠰᠠᠨ ᠪᠥᠭᠡᠳ ᠲᠤᠬᠠᠶ ᠶᠢᠨ ᠲᠠᠯᠠᠪᠤᠷ ᠲᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠂ ᠤᠯᠤᠰ ᠲᠥᠷᠥ ᠶᠢᠨ ᠵᠥᠪᠯᠡᠯᠭᠡᠨ ᠦ ᠭᠡᠰᠢᠭᠦᠨ ᠪᠠ ᠵᠠᠭᠤᠴᠢᠯᠠᠭᠤᠷ ᠤᠨ ᠰᠣᠷᠪᠣᠯᠵᠢᠯᠠᠭᠴᠢᠳ ᠤᠨ ᠠᠰᠠᠭᠤᠯᠲᠠ ᠶᠢ ᠬᠠᠷᠢᠭᠤᠯᠵᠠᠶ ᠃

 

 

ᠡᠯ᠎ᠡ ᠠᠶᠢᠮᠠᠭ ᠬᠣᠲᠠ ᠶᠢᠨ ᠭᠠᠵᠠᠷ ᠣᠷᠣᠨ ᠤ ᠪᠠᠶᠢᠴᠠᠭᠠᠬᠤ ︵ ᠬᠤᠪᠢᠶᠠᠷᠢ ︶ ᠬᠣᠷᠢᠶ᠎ᠠ ᠶᠢᠨ ᠪᠠᠶᠢᠴᠠᠭᠠᠬᠤ ᠳᠠᠷᠤᠭ᠎ᠠ ᠂ ᠡᠯ᠎ᠡ ᠠᠶᠢᠮᠠᠭ ᠬᠣᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠦᠨ ᠲᠣᠪᠴᠢᠶ᠎ᠠ ᠶᠢᠨ ᠭᠣᠸᠯ ᠬᠠᠷᠢᠭᠤᠴᠠᠯᠭᠠᠲᠠᠨ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠵᠢᠴᠢ ᠡᠯ᠎ᠡ ᠠᠶᠢᠮᠠᠭ ᠬᠣᠲᠠ ᠶᠢᠨ ᠭᠠᠵᠠᠷ ᠣᠷᠣᠨ ᠤ ᠪᠠᠶᠢᠴᠠᠭᠠᠬᠤ ︵ ᠬᠤᠪᠢᠶᠠᠷᠢ ︶ ᠬᠣᠷᠢᠶ᠎ᠠ ᠶᠢᠨ ᠡᠷᠡᠭᠦᠸ ᠶᠢᠨ ᠬᠡᠷᠡᠭ ᠦᠨ ᠪᠠᠶᠢᠴᠠᠭᠠᠬᠤ ᠰᠠᠯᠠᠭ᠎ᠠ ᠮᠥᠴᠢᠷ ᠂ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠰᠠᠯᠠᠭ᠎ᠠ ᠮᠥᠴᠢᠷ ᠦᠨ ᠭᠣᠸᠯ ᠬᠠᠷᠢᠭᠤᠴᠠᠯᠭᠠᠲᠠᠨ ᠂ ᠬᠣᠯᠪᠣᠭᠳᠠᠯ ᠪᠥᠬᠥᠶ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠂ ᠤᠯᠤᠰ ᠲᠥᠷᠥ ᠶᠢᠨ ᠵᠥᠪᠯᠡᠯᠭᠡᠨ ᠦ ᠭᠡᠰᠢᠭᠦᠨ ᠵᠢᠴᠢ ᠲᠤᠰᠬᠠᠶ ᠮᠡᠷᠭᠡᠵᠢᠯᠲᠡᠨ ᠡᠷᠳᠡᠮᠲᠡᠳ ᠰᠣᠯᠢᠯᠴᠠᠭᠠᠨ ᠤ ᠬᠤᠷᠠᠯ ᠳᠤ ᠣᠷᠣᠯᠴᠠᠪᠠ ᠃

 

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro