ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠬᠣᠶᠠᠳᠤᠭᠠᠷ ᠬᠤᠭᠤᠴᠠᠭᠠᠨ ᠤ ᠭᠣᠸᠯ ᠰᠡᠳᠦᠪᠲᠦ ᠬᠥᠮᠦᠵᠢᠯ ᠦᠨ ᠨᠣᠮ ᠤᠩᠰᠢᠬᠤ ᠠᠩᠭᠢ ᠡᠷᠭᠢᠯᠡᠪᠡ

2023-07-24 16:42:46
ᠵᠣᠬᠢᠶᠠᠭᠴᠢ
ᠨᠠᠪᠴᠢ

 

 

7 ᠳ᠋ᠤᠭᠠᠷ ᠰᠠᠷ᠎ᠠ ᠶᠢᠨ 11 ᠦ ᠡᠳᠦᠷ ᠦᠨ ᠦᠳᠡ ᠶᠢᠨ ᠬᠣᠶᠢᠨ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠬᠣᠶᠠᠳᠤᠭᠠᠷ ᠬᠤᠭᠤᠴᠠᠭᠠᠨ ᠤ ᠭᠣᠸᠯ ᠰᠡᠳᠦᠪᠲᠦ ᠬᠥᠮᠦᠵᠢᠯ ᠦᠨ ᠨᠣᠮ ᠤᠩᠰᠢᠬᠤ ᠠᠩᠭᠢ ᠵᠢᠴᠢ ᠵᠢᠷᠭᠤᠳᠤᠭᠠᠷ ᠤᠳᠠᠭ᠎ᠠ ᠶᠢᠨ ᠭᠣᠸᠯ ᠳᠤᠭᠤᠶᠢᠯᠠᠩ ︵ ᠥᠷᠭᠡᠳᠬᠡᠭᠰᠡᠨ ︶ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ ᠃ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ ᠃ ᠬᠤᠷᠠᠯ ᠳᠡᠭᠡᠷ᠎ᠡ ᠂ ︽ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠥ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠲᠣᠭᠲᠠᠭᠠᠯ ︾ ᠢ ᠬᠠᠮᠲᠤ ᠪᠠᠷ ᠰᠤᠷᠤᠯᠴᠠᠵᠤ ᠂ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠤᠨ ᠪᠦᠷᠢᠯᠳᠦᠬᠦᠨ ᠪᠠ ᠪᠠᠶᠢᠴᠠᠭᠠᠬᠤ ᠺᠣᠮᠢᠰ ᠤᠨ ᠲᠤᠰᠬᠠᠶ ᠲᠤᠰᠢᠶᠠᠯᠲᠤ ᠭᠡᠰᠢᠭᠦᠳ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠣᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠠ ︽ ᠪᠣᠳᠠᠲᠠᠶ ᠪᠠᠷ ᠠᠳᠬᠤᠵᠤ ᠪᠠᠶᠢᠭᠠᠳ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠸᠱᠯᠠᠭᠤᠯᠬᠤ ᠶᠢᠨ ᠲᠣᠭᠣᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠣᠷᠢᠢ᠎ᠠ ᠶᠢᠨ ᠬᠠᠮᠢᠶ᠎ᠠ ᠪᠦᠬᠦᠢ ᠨᠥᠬᠥᠳ ᠤᠷᠢᠯᠭ᠎ᠠ ᠪᠠᠷ ᠬᠤᠷᠠᠯ ᠳᠤ ᠣᠷᠣᠯᠴᠠᠵᠤ ᠵᠢᠭᠠᠨ ᠵᠢᠯᠣᠭᠣᠳᠪᠠ᠃

 

 

ᠯᠢ ᠶᠦᠩ ᠵᠢᠶᠦ᠋ᠨ ᠵᠢᠭᠠᠵᠤ ᠭᠠᠷᠭᠠᠭᠰᠠᠨ ᠨᠢ ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠣᠯ ᠳᠤ ᠠᠵᠢᠯ ᠪᠠᠶᠢᠴᠠᠭᠠᠬᠤ ᠳᠠᠭᠠᠨ ᠥᠪᠥᠷ ᠮᠣᠩᠭᠣᠯ  ᠦᠨ ᠬᠥᠭᠵᠢᠯᠲᠡ ᠶᠢᠨ ᠵᠢᠷᠤᠭ ᠲᠥᠰᠦᠪ ᠢ ᠵᠢᠷᠤᠭᠯᠠᠨ ᠥᠭᠴᠦ ᠂ ᠠᠵᠢᠯᠯᠠᠭᠠᠨ ᠤ ᠬᠥᠲᠥᠯᠪᠦᠷᠢ ᠶᠢ ᠲᠣᠭᠲᠠᠭᠠᠭᠰᠠᠨ ᠤ ᠬᠠᠮᠲᠤ ᠪᠠᠰᠠ ᠰᠢᠨ᠎ᠡ ᠴᠠᠭ ᠦᠶ᠎ᠡ ᠶᠢᠨ ᠥᠪᠥᠷ ᠮᠣᠩᠭᠣᠯ ᠤᠨ ᠪᠠᠶᠢᠴᠠᠭᠠᠬᠤ ᠠᠵᠢᠯ ᠳᠤ ᠰᠠᠶᠢᠨ ᠰᠠᠶᠢᠬᠠᠨ ᠬᠥᠭᠵᠢᠯᠲᠡ ᠶᠢᠨ ᠠᠵᠠ ᠲᠣᠬᠢᠶᠠᠯ ᠣᠯᠭᠣᠭᠰᠠᠨ ᠪᠠᠶᠢᠨ᠎ᠠ ᠃ ᠪᠦᠬᠦ ᠣᠷᠣᠨ ᠤ ᠡᠯ᠎ᠡ ᠱᠠᠲᠤᠨ ᠤ ᠪᠠᠶᠢᠴᠠᠭᠠᠬᠤ ᠪᠠᠶᠢᠭᠤᠯᠭ᠎ᠠ ᠪᠣᠯᠤᠨ ᠪᠠᠶᠢᠴᠠᠭᠠᠬᠤ ᠠᠵᠢᠯᠲᠠᠳ ᠤᠯᠤᠰ ᠲᠥᠷᠥ ᠂ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠦᠨᠳᠦᠷᠴᠡ ᠡᠴᠡ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠣᠯ ᠳᠤ ᠰᠢᠨᠵᠢᠯᠡᠨ ᠪᠠᠶᠢᠴᠠᠭᠠᠬᠤ ᠶᠢᠨ ᠴᠢᠬᠤᠯᠠ ᠶᠡᠬᠡ ᠠᠴᠢ ᠬᠣᠯᠪᠣᠭᠳᠠᠯ ᠢ ᠭᠦᠢᠴᠡᠳ ᠲᠠᠨᠢᠵᠤ ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠪᠠᠶᠠᠯᠢᠭ ᠠᠭᠤᠯᠤᠭᠳᠠᠬᠤᠨ ᠪᠠ ᠭᠣᠣᠯ ᠴᠢᠮᠥᠭᠡ ᠴᠢᠬᠤᠯᠠ ᠠᠭᠤᠯᠭ᠎ᠠ ᠶᠢ ᠰᠡᠳᠬᠢᠯ ᠲᠠᠯᠪᠢᠨ ᠣᠶᠢᠯᠠᠭᠠᠵᠤ ᠂ ᠰᠢ ᠶᠢᠨ ᠫᠢᠩ ᠶᠡᠷᠦᠩᠬᠡᠢ ᠱᠦᠵᠢ ᠪᠣᠯᠤᠨ ᠨᠠᠮ ᠤᠨ ᠲᠥᠪ ᠬᠣᠷᠢᠶᠠᠨ ᠤ ᠥᠪᠥᠷ ᠮᠣᠩᠭᠣᠯ ᠳᠤ ᠲᠠᠯᠪᠢᠵᠤ ᠪᠠᠶᠢᠭ᠎ᠠ ᠭᠦᠨ ᠵᠤᠵᠠᠭᠠᠨ ᠬᠠᠶᠢᠷ᠎ᠠ ᠬᠠᠯᠠᠮᠵᠢ ᠪᠣᠯᠤᠨ ᠴᠢᠩ ᠰᠡᠳᠬᠢᠯ ᠦᠨ ᠬᠦᠰᠡᠯ ᠨᠠᠶᠢᠳᠠᠯᠭ᠎ᠠ ᠶᠢ ᠭᠦᠨᠵᠡᠭᠡᠢ ᠣᠶᠢᠯᠠᠭᠠᠵᠤ᠂ ᠳᠤᠲᠠᠭᠤᠳᠠᠯ ᠢᠶᠠᠨ ᠨᠥᠬᠥᠪᠥᠷᠢᠯᠡᠬᠦ᠂ ᠬᠦᠴᠦᠷᠬᠡᠭ ᠪᠠᠭᠤᠷᠠᠢ᠂ ᠰᠠᠭᠤᠷᠢ ᠪᠠᠨ ᠴᠢᠩᠭᠠᠳᠬᠠᠬᠤ ᠪᠠᠷ ᠬᠦᠴᠦᠯᠡᠵᠦ᠂ ᠵᠣᠷᠢᠭ ᠰᠠᠨᠠᠭ᠎ᠠ ᠪᠠᠨ ᠬᠥᠪᠴᠢᠯᠡᠵᠦ᠂ ᠠᠵᠢᠯ ᠤᠨ ᠠᠮᠵᠢᠯᠲᠠ ᠪᠠᠨ ᠳᠡᠭᠡᠭᠰᠢᠯᠡᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠮᠣᠩᠭᠣᠯ ᠮᠤᠷᠢᠨ ᠤ ᠵᠣᠷᠢᠭ ᠰᠠᠨᠠᠭ᠎ᠠ ᠪᠣᠯᠤᠨ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠵᠢ ᠶᠡᠬᠡᠪᠡᠷ ᠪᠠᠳᠠᠷᠠᠭᠤᠯᠵᠤ᠂ ᠥᠪᠥᠷ ᠮᠣᠩᠭᠣᠯ ᠤᠨ ᠪᠠᠶᠢᠴᠠᠭᠠᠬᠤ ᠠᠵᠢᠯ ᠤᠨ ᠣᠨᠴᠠᠯᠢᠭ ᠲᠠᠶ ︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠴᠦ᠂ ᠡᠯ᠎ᠡ ᠲᠦᠷᠦᠯ ᠦᠨ ᠪᠠᠶᠢᠴᠠᠭᠠᠬᠤ ᠠᠵᠢᠯ ᠢ ᠪᠦᠬᠦ ᠬᠦᠴᠦᠨ ᠢᠶᠡᠷ ᠢᠶᠡᠨ ᠰᠠᠶᠢᠲᠤᠷ ᠬᠢᠪᠡ᠃

ᠯᠢ ᠶᠦᠩ ᠵᠢᠶᠦ᠋ᠨ ᠢᠯᠡᠷᠬᠡᠶᠢᠯᠡᠬᠦ ᠳᠡᠭᠡᠨ ᠂ ᠭᠣᠸᠯ ᠰᠡᠳᠦᠪᠲᠦ ᠬᠥᠮᠦᠵᠢᠯ ᠨᠢᠭᠡᠨᠲᠡ ᠵᠠᠩᠭᠢᠯᠠᠭ᠎ᠠ ᠶᠢᠨ ᠴᠠᠭ ᠦᠶ᠎ᠡ ᠳᠦ ᠣᠷᠣᠵᠠᠶ ᠂ ᠪᠢᠳᠡ ᠰᠢ ᠶᠢᠨ ᠫᠢᠩ ᠶᠡᠷᠦᠩᠬᠡᠶ ᠱᠦᠵᠢ ᠶᠢᠨ ︽ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ︾ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠸᠱᠯᠠᠭᠤᠯᠵᠤ ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ ᠂ ᠨᠠᠮ ᠤᠨ ᠰᠤᠷᠲᠠᠯ ᠢ ᠴᠢᠩᠭᠠᠷᠠᠭᠤᠯᠤᠨ ᠂ ᠰᠤᠷᠲᠠᠯ ᠢ ᠬᠤᠪᠢᠷᠠᠭᠤᠯᠵᠤ ᠂ ᠰᠢᠨ᠎ᠡ ᠰᠤᠷᠲᠠᠯ ᠢ ᠪᠣᠶ ᠪᠣᠯᠭᠠᠬᠤ ᠪᠠᠷ ᠰᠢᠨᠲᠠᠷᠠᠰᠢ ᠥᠬᠡᠶ ᠴᠢᠷᠮᠠᠶᠢᠬᠤ ᠬᠡᠷᠡᠭᠲᠡᠶ ᠭᠡᠵᠡᠶ ᠃ ᠺᠠᠳ᠋ᠷ ᠤᠯᠠᠨ ᠲᠦᠮᠡᠨ ᠢ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠭᠰᠠᠨ ᠵᠦᠢᠯ ᠢ ᠤᠳᠤᠷᠢᠳᠬᠤ ᠪᠠᠭ ᠡᠩ ᠲᠡᠷᠢᠭᠦᠨ ᠳᠦ ᠪᠡᠶᠡᠯᠡᠭᠦᠯᠬᠦ ᠬᠡᠷᠡᠭᠲᠡᠶ᠂ ᠰᠢᠨ᠎ᠡ ᠰᠤᠷᠲᠠᠯ ᠢ ᠪᠤᠢ ᠪᠣᠯᠭᠠᠬᠤ ᠪᠠ ᠬᠠᠭᠤᠴᠢᠨ ᠰᠤᠷᠲᠠᠯ ᠢ ᠢᠯᠠᠨ ᠳᠠᠪᠠᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂  ᠬᠠᠰᠤᠬᠤ ᠦᠭᠡᠢ  ᠨᠡᠮᠡᠬᠦ ᠦᠭᠡᠢ ᠪᠠᠶᠢᠬᠤ ᠬᠡᠷᠡᠭᠲᠡᠶ᠃ ᠪᠣᠳᠠᠲᠤ ᠠᠵᠢᠯᠯᠠᠭ᠎ᠠ ᠶᠢ ᠡᠷᠬᠢᠮᠯᠡᠬᠦ ᠰᠤᠷᠲᠠᠯ ᠢ ᠶᠡᠬᠡᠪᠡᠷ ᠪᠠᠳᠠᠷᠠᠭᠤᠯᠬᠤ ᠬᠡᠷᠡᠭᠲᠡᠶ᠃ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠬᠦ ᠶᠠᠪᠤᠳᠠᠯ ᠢ ᠪᠣᠳᠠᠲᠤ ᠠᠵᠢᠯᠯᠠᠭ᠎ᠠ ᠶᠢ ᠡᠷᠬᠢᠮᠯᠡᠬᠦ ᠰᠤᠷᠲᠠᠯ ᠢ ᠶᠡᠬᠡ ᠪᠡᠷ ᠪᠠᠳᠠᠷᠠᠭᠤᠯᠬᠤ ᠪᠣᠳᠠᠲᠠᠶ ᠦᠢᠯᠡᠳᠦᠯᠭᠡ ᠪᠣᠯᠭᠠᠵᠤ ᠂ 16 ᠲᠠᠯ᠎ᠠ ᠶᠢᠨ 26 ᠵᠦᠢᠯ ᠦᠨ ᠪᠠᠶᠢᠴᠠᠭᠠᠨ ᠰᠤᠳᠤᠯᠤᠯᠲᠠ ᠶᠢᠨ ᠰᠡᠳᠦᠪ  ᠤᠨ ᠬᠠᠷᠠᠬᠠᠨ ᠪᠦᠬᠦᠨ ᠢ  ᠪᠡᠶᠡᠯᠡᠭᠦᠯᠦᠭᠡ ᠦᠭᠡᠢ  ᠶᠢ ᠨᠢ ᠱᠠᠯᠠᠪᠳᠠᠨ ᠠᠬᠢᠭᠤᠯᠵᠤ᠂ ᠪᠠᠶᠢᠴᠠᠭᠠᠨ ᠰᠤᠳᠤᠯᠤᠯᠲᠠ ᠶᠢᠨ ᠳᠤᠮᠳᠠ ᠰᠢᠨ᠎ᠡ ᠪᠡᠷ ᠢᠯᠡᠷᠡᠭᠦᠯᠦᠭᠰᠡᠨ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠶᠢ ᠨᠢ ᠴᠠᠭ ᠲᠤᠬᠠᠢ ᠳᠤᠨᠢ ᠰᠢᠢᠳᠪᠦᠷᠢᠯᠡᠵᠦ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠲᠦᠷ ᠴᠠᠭ ᠰᠢᠢᠳᠪᠦᠷᠢᠯᠡᠵᠦ ᠳᠡᠶᠢᠯᠬᠦ ᠦᠭᠡᠢ ᠶᠢ ᠨᠢ ᠪᠣᠳᠠᠲᠠᠢ ᠰᠢᠢᠳᠪᠦᠷᠢᠯᠡᠬᠦ ᠠᠷᠭ᠎ᠠ ᠬᠡᠮᠵᠢᠢ᠎ᠡ ᠳᠤᠷᠠᠳᠴᠤ᠂ ᠠᠰᠠᠭᠤᠳᠠᠯ ᠤᠨ ᠲᠣᠳᠣᠷᠬᠠᠢ ᠬᠠᠭᠤᠳᠠᠰᠤ᠂ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ᠂ ᠡᠭᠦᠷᠭᠡ ᠶᠢᠨ ᠲᠣᠳᠣᠷᠬᠠᠢ ᠬᠠᠭᠤᠳᠠᠰᠤ ᠶᠢ ᠡᠮᠬᠢᠯᠡᠨ ᠪᠦᠷᠢᠯᠳᠦᠭᠦᠯᠵᠦ᠂ ᠰᠢᠢᠳᠪᠦᠷᠢᠯᠡᠬᠦ ᠴᠠᠭ ᠤᠨ ᠬᠢᠵᠠᠭᠠᠷ ᠢ ᠲᠣᠳᠣᠷᠬᠠᠶᠢᠯᠠᠬᠤ ᠬᠡᠷᠡᠭᠲᠡᠢ᠃ᠨᠢᠭᠡᠨᠲᠡ ᠪᠡᠶᠡᠯᠡᠭᠦᠯᠦᠭᠰᠡᠨ ᠪᠠᠶᠢᠴᠠᠭᠠᠨ ᠰᠤᠳᠤᠯᠤᠯᠲᠠ ᠶᠢᠨ ᠰᠡᠳᠦᠪ ᠢ ᠭᠦᠢᠴᠡᠳ ᠨᠤᠲᠠᠯᠠᠵᠤ᠂ ᠴᠠᠭ ᠲᠤᠬᠠᠢ ᠳᠤᠨᠢ ᠠᠵᠢᠯ ᠢᠶᠠᠨ ᠠᠬᠢᠭᠤᠯᠬᠤ ᠰᠡᠳᠬᠢᠴᠡ ᠠᠷᠭ᠎ᠠ ᠪᠣᠯᠤᠨ ᠲᠦᠷᠢᠮ ᠠᠷᠭ᠎ᠠ ᠬᠡᠮᠵᠢᠢ᠎ᠡ ᠪᠣᠯᠭᠠᠨ ᠬᠤᠪᠢᠷᠠᠭᠤᠯᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ᠠᠷᠢᠭᠤᠨ ᠴᠢᠬᠡᠴᠢ ᠪᠠᠶᠢᠬᠤ ᠰᠤᠷᠲᠠᠯ ᠢ ᠪᠠᠳᠠᠷᠠᠭᠤᠯᠵᠤ᠂ ᠰᠤᠷᠲᠠᠯ ᠤᠨ ᠠᠷᠢᠭᠤᠨ ᠴᠢᠬᠡᠴᠢ ᠪᠠᠶᠢᠬᠤ ᠡᠰᠡᠬᠦ ᠪᠡᠷ ᠭᠣᠣᠯ ᠰᠡᠳᠦᠪᠲᠦ ᠬᠥᠮᠦᠵᠢᠯ ᠦᠨ ᠦᠷ᠎ᠡ ᠪᠦᠲᠦᠮᠵᠢ ᠶᠢ ᠰᠢᠯᠭᠠᠬᠤ ᠴᠢᠬᠤᠯᠠ ᠬᠡᠮᠵᠢᠭᠦᠷ ᠪᠣᠯᠭᠠᠬᠤ ᠬᠡᠷᠡᠭᠲᠡᠢ᠃ᠡᠷᠬᠡ ᠶᠢᠨ ᠲᠤᠬᠠᠶ ᠵᠥᠪ ᠦᠵᠡᠯᠲᠡ ᠶᠢ ᠪᠠᠲᠤ ᠪᠡᠬᠢ ᠪᠤᠢ ᠪᠣᠯᠭᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠬᠠᠤᠯᠢ ᠪᠠᠷ ᠵᠠᠰᠠᠬᠤ ᠤᠯᠠᠭᠠᠨ ᠱᠤᠭᠤᠮ ᠢ ᠪᠠᠲᠤ ᠰᠠᠬᠢᠵᠤ᠂ ᠡᠷᠬᠡ ᠶᠢ ᠲᠥᠪ ᠭᠣᠣᠯᠴᠢ ᠪᠠᠷ ᠬᠡᠷᠡᠭᠯᠡᠬᠦ᠂ ᠡᠷᠬᠡ ᠶᠢ ᠬᠠᠤᠯᠢ ᠶᠣᠰᠣᠭᠠᠷ ᠬᠡᠷᠡᠭᠯᠡᠬᠦ᠂ ᠡᠷᠬᠡ ᠶᠢ ᠠᠷᠠᠳ ᠤᠨ ᠲᠥᠯᠥᠭᠡ ᠬᠡᠷᠡᠭᠯᠡᠬᠦ᠂ ᠡᠷᠬᠡ ᠶᠢ ᠠᠷᠢᠭᠤᠨ ᠴᠢᠬᠡᠴᠢ ᠪᠡᠷ ᠬᠡᠷᠡᠭᠯᠡᠬᠦ ᠶᠢ ᠴᠠᠭ ᠢᠮᠠᠭᠲᠠ ᠪᠡᠶᠡᠯᠡᠭᠦᠯᠵᠦ᠂ ᠵᠥᠪ ᠲᠠᠯ᠎ᠠ ᠠᠴᠠ ᠬᠥᠲᠥᠯᠥᠨ ᠵᠢᠯᠣᠭᠣᠳᠬᠤ ᠪᠠ ᠡᠰᠡᠷᠭᠦ ᠲᠠᠯ᠎ᠠ ᠠᠴᠠ ᠰᠡᠷᠡᠮᠵᠢᠯᠡᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠳᠡᠷᠭᠡᠳᠡᠬᠢ ᠬᠥᠮᠦᠨ ᠳᠡᠷᠭᠡᠳᠡᠬᠢ ᠶᠠᠪᠤᠳᠠᠯ ᠢᠶᠠᠷ ᠢᠶᠠᠨ ᠰᠡᠷᠡᠮᠵᠢᠯᠡᠭᠦᠯᠬᠦ ᠬᠥᠮᠦᠵᠢᠯ ᠥᠷᠨᠢᠭᠦᠯᠬᠦ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢᠨ ᠬᠥᠮᠦᠵᠢᠯ ᠢ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠠᠬᠤᠭᠤᠯᠬᠤ ᠬᠡᠷᠡᠭᠲᠡᠶ᠃ᠡᠷᠲᠡ ᠡᠴᠡ ᠠᠳᠬᠤᠨ ᠪᠠᠭ᠎ᠠ ᠳᠤᠨᠢ ᠠᠳᠬᠤᠬᠤ ᠶᠢ ᠪᠠᠷᠢᠮᠲᠠᠯᠠᠵᠤ᠂ ᠬᠡᠷᠡᠭ ᠶᠠᠪᠤᠳᠠᠯ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠶ᠃ ᠠᠷᠪᠢᠴᠢ ᠪᠣᠷᠣᠭᠵᠢᠭᠤᠨ ᠰᠤᠷᠲᠠᠯ ᠢ ᠪᠤᠢ ᠪᠣᠯᠭᠠᠵᠤ᠂ ᠠᠮᠢᠳᠤᠷᠠᠯ ᠤᠨ ᠰᠤᠷᠲᠠᠯ ᠤᠨ ᠠᠰᠠᠭᠤᠳᠠᠯ ᠢ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢᠨ ᠴᠢᠬᠤᠯᠠ ᠠᠭᠤᠯᠭ᠎ᠠ ᠪᠣᠯᠭᠠᠵᠤ᠂ 《ᠠᠷᠪᠢᠯᠠᠨ ᠭᠠᠮᠨᠠᠬᠤ》 ᠦᠵᠡᠯ ᠰᠠᠨᠠᠭ᠎ᠠ ᠶᠢ ᠪᠠᠲᠤ ᠪᠡᠬᠢ ᠪᠤᠢ ᠪᠣᠯᠭᠠᠵᠤ᠂ ᠪᠠᠶᠢᠭᠤᠯᠭ᠎ᠠ ᠶᠢᠨ 《ᠭᠤᠷᠪᠠᠨ ᠵᠦᠢᠯ ᠦᠨ ᠠᠯᠪᠠᠨ ᠤ ᠵᠠᠷᠤᠳᠠᠯ》 ᠢ ᠴᠢᠩᠭ᠎ᠠ ᠬᠢᠵᠠᠭᠠᠷᠯᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠴᠢᠷᠮᠠᠶᠢᠨ ᠪᠠᠶᠢᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠪᠦᠬᠦ ᠪᠠᠶᠢᠴᠠᠭᠠᠬᠤ ᠠᠵᠢᠯᠳᠠᠨ ᠤ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠶ᠃︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ ︾ ᠲᠤᠰᠬᠠᠶ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠲᠠᠰ ᠳᠠᠷᠠᠭᠠᠯᠠᠯ ᠢ ᠳᠥᠭᠥᠮᠴᠢᠯᠡᠬᠦ ᠂ ᠴᠢᠬᠤᠯᠠ ᠨᠥᠬᠥᠴᠡᠯ ᠢ ᠴᠣᠮᠬᠠᠳᠬᠠᠬᠤ ᠂ ᠴᠠᠭ ᠤᠨ ᠬᠢᠵᠠᠭᠠᠷ ᠢ ᠪᠠᠭᠠᠰᠬᠠᠬᠤ ᠲᠠᠯ᠎ᠠ ᠪᠠᠷ ᠳᠠᠬᠢᠨ ᠬᠦᠴᠦᠯᠡᠵᠦ ᠂ ᠠᠵᠢᠯ ᠤᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ᠎ᠡ ᠃

 

ᠳᠡᠭᠡᠷ᠎ᠡ ᠭᠠᠷᠠᠭ ᠂ ᠨᠣᠮ ᠤᠩᠰᠢᠬᠤ ᠠᠩᠭᠢ ᠳᠤ ᠨᠢᠭᠡᠨᠲᠡ ᠬᠤᠪᠢ ᠬᠥᠮᠦᠨ ᠦ  ᠦᠪᠡᠷ ᠦᠨ ᠰᠤᠷᠤᠯᠴᠠᠯᠠᠭ᠎ᠠ  ᠪᠠ ᠬᠠᠮᠲᠤ ᠵᠢᠨ  ᠰᠤᠷᠤᠯᠴᠠᠯᠠᠭ᠎ᠠ ᠶᠢ ᠲᠣᠬᠢᠷᠠᠭᠤᠯᠵᠤ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠲᠤᠰᠬᠠᠶ ᠰᠡᠳᠦᠪᠲᠦ ᠨᠠᠮ ᠤᠨ ᠬᠢᠴᠢᠶᠡᠯ ᠦᠨ ᠮᠡᠳᠡᠭᠦᠯᠦᠯᠲᠡ ᠬᠢᠵᠡᠶ ᠂ ︽ ᠰᠢᠨ᠎ᠡ ᠴᠠᠭ ᠦᠶ᠎ᠡ ᠶᠢᠨ ᠬᠠᠮᠤᠭ ᠤᠨ ᠭᠣᠶᠣ ᠪᠠᠶᠢᠴᠠᠭᠠᠬᠤ ᠲᠤᠰᠢᠶᠠᠯᠲᠠᠨ ︾ ᠂ ᠰᠢᠨᠵᠢᠶᠠᠩ ᠤᠨ ᠺᠠᠱᠭᠠᠷ ᠬᠣᠲᠠ ᠶᠢᠨ ᠪᠠᠶᠢᠴᠠᠭᠠᠬᠤ ᠬᠣᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠮᠦᠶᠠᠱᠠᠷ · ᠮᠠᠶᠢᠮᠠᠶᠢᠲ ᠪᠣᠯᠤᠨ ᠺᠠᠱᠭᠠᠷ ᠤᠨ ᠪᠠᠶᠢᠴᠠᠭᠠᠬᠤ ᠬᠤᠪᠢᠶᠠᠷᠢ ᠬᠣᠷᠢᠶᠠᠨ ᠤ ᠤᠯᠤᠰ ᠲᠥᠷᠥ ᠶᠢᠨ ᠬᠡᠯᠲᠡᠰ ᠦᠨ ᠳᠡᠳ᠋ ᠡᠷᠬᠢᠯᠡᠭᠴᠢ ᠯᠢ ᠪᠢᠨ ᠤᠷᠢᠯᠭ᠎ᠠ ᠪᠠᠷ  ᠮᠡᠳᠡᠭᠦᠯᠦᠯᠲᠡ ᠬᠢᠵᠡᠶ ᠃ ᠥᠨᠥᠳᠦᠷ ᠦᠨ ᠰᠤᠳᠤᠯᠤᠨ ᠶᠠᠷᠢᠯᠴᠠᠬᠤ ᠳᠤᠮᠳᠠ ᠂ ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ ᠂ ᠶᠡᠷᠦᠩᠬᠡᠶ ᠱᠦᠵᠢ ᠰᠢ ᠶᠢᠨ ᠫᠢᠩ ᠵᠢᠨ ᠴᠢᠬᠤᠯᠠ ᠵᠢᠭᠠᠪᠤᠷᠢ ᠨᠢ ᠰᠢᠨ᠎ᠡ ᠴᠠᠭ ᠦᠶ᠎ᠡ ᠶᠢᠨ ᠥᠪᠥᠷ ᠮᠣᠩᠭᠣᠯ ᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠦ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠭᠰᠠᠨ ᠪᠠᠶᠢᠨ᠎ᠠ ᠭᠡᠵᠡᠶ ᠃ ᠳᠠᠷᠠᠭᠠᠴᠢ ᠶᠢᠨ ᠠᠯᠬᠤᠮ ᠳᠤ ᠂ ᠤᠬᠠᠮᠰᠠᠷ ᠠᠴᠠ ᠪᠠᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ ᠂ ᠦᠢᠯᠡᠳᠦᠯᠭᠡ ᠪᠡᠨ ᠵᠢᠯᠣᠭᠣᠳᠣᠭᠤᠯᠵᠤ ᠂ ᠠᠵᠢᠯ ᠢᠶᠠᠨ ᠠᠬᠢᠭᠤᠯᠵᠤ ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠣᠯ ᠳᠠᠬᠢ ᠳᠣᠲᠣᠨᠣ ᠬᠠᠯᠠᠮᠵᠢᠯᠠᠯ ᠪᠠ ᠨᠠᠶᠢᠳᠠᠯᠭ᠎ᠠ ᠶᠢ ︽ᠶᠡᠬᠡ ᠲᠠᠯ᠎ᠠ ᠳᠤ ᠦᠢᠯᠡᠴᠢᠯᠡᠬᠦ᠂ ᠠᠷᠠᠳ ᠤᠨ ᠲᠥᠯᠥᠭᠡ ᠬᠠᠤᠯᠢ ᠪᠠᠷᠢᠬᠤ︾ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠲᠥᠪ ᠰᠤᠷᠲᠠᠯ ᠢ ᠪᠤᠢ ᠪᠣᠯᠭᠠᠵᠤ᠂ ᠢᠳᠡ ᠬᠦᠴᠦᠨ ᠢ ᠴᠢᠩᠭᠠᠷᠠᠭᠤᠯᠵᠤ᠂ ᠡᠷᠴᠢ ᠵᠣᠷᠢᠭ ᠢ ᠬᠥᠪᠴᠢᠯᠡᠵᠦ᠂ ᠣᠮᠣᠭ ᠵᠣᠷᠢᠭ ᠢ ᠬᠥᠪᠴᠢᠯᠡᠵᠦ᠂ ᠦᠵᠡᠯ ᠰᠠᠨᠠᠭᠠᠨ ᠤ ᠳᠠᠪᠲᠠᠯᠲᠠ ᠶᠢ ᠴᠢᠩᠭᠠᠳᠬᠠᠵᠤ᠂ ᠪᠣᠳᠠᠲᠠᠢ ᠠᠳᠬᠤᠵᠤ ᠰᠤᠷᠤᠯᠴᠠᠬᠤ ᠪᠠᠷ ᠰᠤᠷᠲᠠᠯ ᠢ ᠲᠥᠪ ᠪᠣᠯᠭᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠴᠢᠬᠤᠯᠠᠴᠢᠯᠠᠵᠤ᠂ ᠲᠤᠶᠢᠯ ᠤᠨ  ᠰᠠᠶᠢᠨ ᠰᠠᠶᠢᠬᠠᠨ ᠪᠠᠶᠢᠬᠤ ᠥᠨᠳᠥᠷ ᠪᠠᠷᠢᠮᠵᠢᠶ᠎ᠠ ᠪᠠᠷ ᠪᠠᠶᠢᠴᠠᠭᠠᠬᠤ ᠦᠢᠯᠡᠰ ᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠲᠢᠩᠬᠢᠮ ᠦᠨ ᠲᠠᠰ ᠤᠨ ᠺᠠᠳ᠋ᠷ ᠂ ᠬᠣᠷᠢᠶ᠎ᠠ ᠶᠢᠨ ᠪᠠᠶᠢᠭᠤᠯᠭ᠎ᠠ ᠶᠢᠨ ᠭᠣᠸᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠦᠨ ᠬᠣᠯᠪᠣᠭᠳᠠᠯ ᠪᠥᠬᠥᠶ ᠬᠥᠮᠦᠰ ᠬᠤᠷᠠᠯ ᠳᠤ ᠰᠤᠯᠠ ᠣᠷᠣᠯᠴᠠᠪᠠ ᠃

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro