ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠪᠦᠬᠦ ᠣᠷᠣᠨ ᠤ ᠪᠠᠶᠢᠴᠠᠭᠠᠬᠤ ᠠᠵᠢᠯ ᠤᠨ ᠣᠳᠣᠬᠢᠴᠢᠯᠠᠯᠲᠠ ᠶᠢ ᠬᠦᠳᠦᠯᠦᠨ ᠳᠠᠭᠠᠭᠤᠯᠵᠤ ᠪᠠᠲᠤᠯᠠᠶ᠎ᠠ

2023-08-08 11:30:44
ᠵᠣᠬᠢᠶᠠᠭᠴᠢ
ᠨᠠᠪᠴᠢ

7 ᠰᠠᠷ᠎ᠠ ᠶᠢᠨ 30 ᠤ ᠡᠳᠦᠷ ᠦᠨ ᠦᠳᠡ ᠶᠢᠨ ᠬᠣᠶᠢᠨ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ 7 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠣᠸᠯ ᠳᠤᠭᠤᠶᠢᠯᠠᠩ ︵ ᠥᠷᠭᠡᠳᠬᠡᠭᠰᠡᠨ ︶ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ ᠃ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ ᠃ ᠬᠤᠷᠠᠯ ᠳᠡᠭᠡᠷ᠎ᠡ ᠂ ︽ᠰᠢ ᠶᠢᠨ ᠫᠢᠩ ᠶᠡᠷᠦᠩᠬᠡᠶ ᠱᠦᠵᠢ ᠶᠢᠨ ᠬᠣᠷᠢᠳᠤᠭᠠᠷ ᠬᠤᠭᠤᠴᠠᠭᠠᠨ ᠤ ᠲᠥᠪ ᠬᠣᠷᠢᠶᠠᠨ ᠤ ᠤᠯᠤᠰ ᠲᠥᠷᠥ ᠶᠢᠨ ᠲᠣᠪᠴᠢᠶᠠᠨ ᠤ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠬᠡᠯᠡᠭᠰᠡᠨ ᠦᠭᠡ ︾ ︽ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠸᠱᠯᠠᠭᠤᠯᠵᠤ ᠰᠤᠷᠤᠯᠴᠠᠯᠭ᠎ᠠ ᠪᠠᠷ ᠺᠠᠳ᠋ᠷ ᠢ ᠠᠬᠢᠭᠤᠯᠬᠤ ᠲᠠᠯ᠎ᠠ ᠪᠠᠷ ᠪᠣᠳᠠᠲᠠᠶ ᠦᠷ᠎ᠡ ᠪᠦᠲᠦᠮᠵᠢ ᠤᠯᠬᠤ ᠲᠤᠬᠠᠶ ᠮᠡᠳᠡᠭᠳᠡᠯ ︾ ᠵᠡᠷᠭᠡ ᠪᠢᠴᠢᠭ ᠮᠠᠲ᠋ᠧᠷᠢᠶᠠᠯ ᠢ ᠬᠠᠮᠲᠤ ᠪᠠᠷ ᠰᠤᠷᠤᠯᠴᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠭᠣᠣᠯ ᠰᠡᠳᠦᠪᠲᠦ ᠬᠥᠮᠦᠵᠢᠯ ᠦᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂  ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠪᠠᠶᠢᠴᠠᠭᠠᠬᠤ ᠵᠥᠪᠯᠡᠯ ᠦᠨ ᠲᠤᠰᠬᠠᠢ ᠲᠤᠰᠢᠶᠠᠯᠲᠤ ᠭᠡᠰᠢᠭᠦᠳ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠣᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃  ᠬᠤᠷᠢᠶᠠᠨ ᠤ ᠪᠠᠶᠢᠭᠤᠯᠭ᠎ᠠ ᠶᠢᠨ ᠭᠣᠣᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠦᠨ ᠬᠣᠯᠪᠣᠭᠳᠠᠯ ᠪᠦᠬᠦᠢ ᠬᠥᠮᠦᠰ ᠬᠤᠷᠠᠯ ᠳᠤ ᠰᠤᠯᠠ ᠣᠷᠣᠯᠴᠠᠪᠠ᠃

 

 

ᠯᠢ ᠶᠦᠩ ᠵᠢᠶᠦ᠋ᠨ ᠵᠢᠭᠠᠵᠤ ᠭᠠᠷᠭᠠᠭᠰᠠᠨ ᠨᠢ ᠂ ᠪᠥᠬᠥ ᠤᠯᠤᠰ ᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯᠳᠤᠭᠠᠨ  ᠠᠴᠠ ︽ ᠨᠠᠮ ᠤᠨ ᠪᠠᠶᠢᠭᠤᠯᠤᠯᠲᠠ ᠶᠢᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠦᠵᠡᠯ ᠰᠠᠨᠠᠭ᠎ᠠ ︾ ᠶᠢ ᠠᠩᠬ᠎ᠠ ᠤᠳᠠᠭ᠎ᠠ ᠵᠢᠩᠬᠢᠨᠢ ᠪᠡᠷ ᠳᠤᠷᠠᠳᠤᠭᠰᠠᠨ ᠪᠠ ᠰᠢᠰᠲ᠋ᠧᠮ ᠲᠡᠶ ᠲᠣᠳᠣᠷᠬᠠᠶᠢᠯᠠᠨ ᠥᠭᠦᠯᠡᠭᠰᠡᠨ ᠨᠢ ᠮᠠᠷᠺᠰ ᠤᠨ ᠦᠵᠡᠯ ᠦᠨ ᠨᠠᠮ ᠪᠠᠶᠢᠭᠤᠯᠬᠤ ᠰᠤᠷᠭᠠᠯ ᠤᠨ ᠬᠥᠭᠵᠢᠯᠲᠡ ᠶᠢᠨ ᠲᠡᠸᠬᠡ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠯᠲᠠ ᠶᠢᠨ ᠲᠡᠸᠬᠡᠨ ᠳᠡᠭᠡᠷᠡᠬᠢ ᠪᠡᠯᠭᠡ ᠲᠡᠮᠳᠡᠭ ᠦᠨ ᠴᠢᠨᠠᠷᠲᠠᠶ ᠬᠥᠰᠢᠶ᠎ᠡ ᠳᠤᠷᠠᠰᠬᠠᠯ ᠤᠨ ᠴᠢᠨᠠᠷᠲᠠᠶ ᠠᠴᠢ ᠬᠣᠯᠪᠣᠭᠳᠠᠯ ᠲᠠᠶ ᠪᠠᠶᠢᠵᠤ ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠭᠤᠸ ᠶᠡᠬᠡ ᠢᠨᠵᠧᠨᠧᠷᠢᠩ ᠢ ᠳᠥᠯᠭᠢᠨ ᠠᠬᠢᠭᠤᠯᠬᠤ ᠳᠤ ᠦᠨᠳᠦᠰᠦᠨ ᠵᠢᠯᠣᠭᠣᠳᠣᠯᠭ᠎ᠠ ᠬᠠᠩᠭᠠᠭᠰᠠᠨ ᠪᠠᠶᠢᠨ᠎ᠠ ᠃ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠪᠣᠯᠤᠨ ᠪᠥᠬᠥ ᠪᠠᠶᠢᠴᠠᠭᠠᠬᠤ ᠠᠵᠢᠯᠲᠠᠳ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠸᠱᠯᠠᠭᠤᠯᠬᠤ ᠶᠢ ᠨᠢᠭᠡ ᠵᠦᠶᠯ ᠦᠨ ᠴᠢᠬᠤᠯᠠ ᠶᠡᠬᠡ ᠤᠯᠤᠰ ᠲᠥᠷᠥ ᠶᠢᠨ ᠡᠭᠦᠷᠭᠡ ᠪᠣᠯᠭᠠᠨ ᠦᠨᠡᠨᠬᠦ ᠴᠢᠩᠭ᠎ᠠ ᠠᠳᠬᠤᠨ ᠰᠠᠶᠢᠲᠤᠷ ᠠᠳᠬᠤᠵᠤ ᠂ ᠲᠡᠭᠦᠨ ᠢᠶᠡᠷ ᠭᠣᠸᠯ ᠰᠡᠳᠦᠪᠲᠦ ᠬᠥᠮᠦᠵᠢᠯ ᠦᠨ ᠣᠨᠣᠯ ᠤᠨ ᠰᠤᠷᠤᠯᠴᠠᠯᠭ᠎ᠠ ᠶᠢᠨ ᠴᠢᠬᠤᠯᠠ ᠠᠭᠤᠯᠭ᠎ᠠ ᠪᠣᠯᠭᠠᠵᠤ ᠂ ᠲᠡᠭᠦᠨ ᠦ ᠭᠣᠸᠯᠯᠠᠬᠤ ᠴᠢᠬᠤᠯᠠ ᠠᠭᠤᠯᠭ᠎ᠠ ᠂ ᠵᠣᠷᠢᠭ ᠰᠠᠨᠠᠭᠠᠨ ᠤ ᠮᠥᠨ ᠴᠢᠨᠠᠷ ᠂ ᠡᠯᠪᠡᠭ ᠪᠠᠶᠠᠯᠢᠭ ᠤᠨᠤᠯᠵᠢᠬᠤᠨ ᠪᠠ ᠦᠶᠯᠡᠳᠦᠯᠭᠡ ᠶᠢᠨ ᠱᠠᠭᠠᠷᠳᠠᠯᠭ᠎ᠠ ᠶᠢ ᠪᠥᠬᠥ ᠲᠠᠯ᠎ᠠ ᠪᠠᠷ ᠡᠵᠡᠮᠰᠢᠬᠦ ᠬᠡᠷᠡᠭᠲᠡᠶ ᠃ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠪᠠᠶᠢᠴᠠᠭᠠᠬᠤ ᠡᠩᠨᠡᠭᠡᠨ ᠦ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠢᠨᠠᠷ ᠰᠠᠶᠢᠲᠠᠢ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠪᠠᠷ ᠪᠦᠬᠦ ᠣᠷᠣᠨ ᠤ ᠪᠠᠶᠢᠴᠠᠭᠠᠬᠤ ᠠᠵᠢᠯ ᠤᠨ ᠣᠳᠣᠬᠢᠴᠢᠯᠠᠯᠲᠠ ᠶᠢ ᠬᠦᠳᠦᠯᠦᠨ ᠳᠠᠭᠠᠭᠤᠯᠵᠤ ᠪᠠᠲᠤᠯᠠᠨ᠎ᠠ᠃

 

 

ᠯᠢ ᠶᠦᠩ ᠵᠢᠶᠦ᠋ᠨ ᠴᠢᠬᠤᠯᠠᠴᠢᠯᠠᠬᠤ ᠳᠠᠭᠠᠨ ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ ᠂ ᠪᠠᠶᠢᠴᠠᠭᠠᠬᠤ ᠠᠵᠢᠯ ᠤᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠶ ᠃ ︽ ᠬᠣᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠵᠦ ᠂ ︽ ᠬᠣᠶᠠᠷ ᠢ ᠲᠣᠭᠲᠠᠭᠠᠬᠤ ︾ ᠶᠢᠨ ᠰᠢᠶᠳᠪᠦᠷᠢᠯᠡᠭᠴᠢ ᠠᠴᠢ ᠬᠣᠯᠪᠣᠭᠳᠠᠯ ᠢ ᠭᠦᠨᠵᠡᠭᠡᠶ ᠤᠶᠢᠯᠠᠭᠠᠨ ᠂ ︽ ᠳᠥᠷᠪᠡᠨ ᠤᠬᠠᠮᠰᠠᠷ ︾ ᠢ ᠲᠠᠰᠤᠷᠠᠯᠲᠠ ᠥᠬᠡᠶ ᠴᠢᠩᠭᠠᠳᠬᠠᠵᠤ ᠂ ︽ ᠳᠥᠷᠪᠡᠨ ᠢᠲᠡᠭᠡᠯ ︾ ᠢ ᠪᠠᠲᠤᠳᠬᠠᠬᠤ ᠬᠡᠷᠡᠭᠲᠡᠶ ᠃
ᠭᠣᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠪᠣᠯᠤᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠠᠶᠢᠴᠠᠭᠠᠬᠤ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠪᠤᠰᠤᠳᠴᠢ ᠬᠡᠷᠡᠭᠴᠡᠭᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠳ ᠤᠯᠠᠨ ᠤ ᠨᠡᠩ ᠥᠨᠳᠥᠷ ᠲᠦᠪᠰᠢᠨ ᠪᠦᠬᠦᠢ ᠬᠠᠤᠯᠢ ᠴᠠᠭᠠᠵᠠ ᠶᠢᠨ ᠬᠡᠷᠡᠭᠴᠡᠭᠡ ᠶᠢ  ᠬᠠᠩᠭᠠᠵᠤ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠶᠢᠨ ᠴᠢᠬᠤᠯᠠ ᠠᠴᠢ ᠬᠣᠯᠪᠣᠭᠳᠠᠯ ᠢ ᠭᠦᠨᠵᠡᠭᠡᠢ ᠣᠶᠢᠯᠠᠭᠠᠵᠤ᠂ ᠣᠨᠣᠪᠴᠢᠲᠠᠢ ᠡᠵᠡᠮᠳᠡᠨ᠎ᠡ᠃

ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠬᠦᠴᠦᠷᠬᠡᠭᠵᠢᠭᠦᠯᠵᠦ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠠᠭᠤᠷᠢ ᠶᠢ ᠪᠡᠬᠢᠵᠢᠭᠦᠯᠬᠦ ᠬᠡᠷᠡᠭᠲᠡᠢ᠃ ᠨᠠᠮ ᠤᠨ ᠡᠭᠦᠷ ᠦᠨ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠤᠯᠤᠰ ᠲᠥᠷᠥ ᠶᠢᠨ ᠴᠢᠳᠠᠮᠵᠢ ᠪᠠᠷ ᠴᠢᠩᠭ᠎ᠠ ᠂ ᠨᠠᠮ ᠤᠨ ᠡᠭᠦᠷ ᠦᠨ ᠤᠳᠤᠷᠢᠳᠬᠤ ᠪᠠᠭ ᠴᠢᠩᠭ᠎ᠠ ᠂ ᠨᠠᠮ ᠤᠨ ᠭᠡᠰᠢᠭᠦᠨ ᠦ ᠡᠩᠨᠡᠭᠡ ᠴᠢᠩᠭ᠎ᠠ ᠂ ᠦᠶᠯᠡᠳᠦᠯ ᠢᠶᠡᠨ ᠪᠠᠳᠠᠷᠠᠭᠤᠯᠬᠤ ᠪᠠᠷ ᠴᠢᠩᠭ᠎ᠠ ᠪᠠᠶᠢᠳᠠᠭ ︽ ᠳᠥᠷᠪᠡᠨ ᠬᠦᠴᠦᠷᠬᠡᠭ ᠨᠠᠮ ᠤᠨ ᠡᠭᠦᠷ ︾ ᠤᠨ ᠪᠠᠶᠢᠭᠤᠯᠤᠯᠲᠠ ᠳᠡᠭᠡᠷ᠎ᠡ ᠬᠦᠴᠦ ᠲᠠᠯᠪᠢᠬᠤ ᠬᠡᠷᠡᠭᠲᠡᠶ ᠃ ᠨᠠᠮ ᠤᠨ ᠪᠠᠶᠢᠭᠤᠯᠤᠯᠲᠠ ᠶᠢᠨ ᠠᠵᠢᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ︽ᠨᠢᠭᠡᠳᠦᠭᠡᠷ ᠭᠠᠷ︾ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠ ᠪᠠᠭ ᠤᠨ ᠪᠦᠷᠢᠯᠳᠦᠬᠦᠨ ᠦ ︽ᠨᠢᠭᠡ ᠠᠵᠢᠯ ᠤᠨ ᠪᠠᠶᠢᠷᠢ ᠳᠤ ᠬᠣᠶᠠᠷ ᠬᠠᠷᠢᠭᠤᠴᠠᠯᠭ᠎ᠠ ᠲᠠᠶ ᠪᠠᠶᠢᠬᠤ︾ ᠶᠢ ᠪᠣᠳᠠᠲᠠᠶᠢᠵᠢᠭᠤᠯᠵᠤ᠂ ᠪᠡᠶ᠎ᠡ ᠪᠡᠨ ᠴᠢᠩᠭ᠎ᠠ ᠱᠠᠭᠠᠷᠳᠠᠬᠤ᠂ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠬᠦ᠂ ᠬᠠᠷᠢᠶᠠᠯᠠᠯ ᠢ ᠴᠢᠩᠭ᠎ᠠ ᠬᠠᠮᠢᠶᠠᠷᠬᠤ ᠶᠢ ᠪᠡᠶᠡᠯᠡᠭᠦᠯᠦᠨ᠎ᠡ᠃ ᠨᠠᠮ ᠤᠨ ᠠᠵᠢᠯ ᠤᠨ ᠺᠠᠳ᠋ᠷ ᠤᠨ ᠡᠩᠨᠡᠭᠡᠨ ᠦ ᠪᠠᠶᠢᠭᠤᠯᠤᠯᠲᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠤᠯᠤᠰ ᠲᠦᠷᠦ ᠶᠢᠨ ᠲᠠᠯ᠎ᠠ ᠪᠠᠷ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠰᠠᠶᠢᠨ ᠺᠠᠳ᠋ᠷ ᠢ ᠰᠢᠯᠢᠨ ᠰᠣᠩᠭᠣᠵᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠢᠯᠭᠡᠬᠦ ᠶᠢ ᠴᠢᠬᠤᠯᠠᠴᠢᠯᠠᠨ᠎ᠠ᠃

ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠶᠢ ᠪᠠᠷᠢᠮᠲᠠᠯᠠᠵᠤ᠂ ᠭᠣᠣᠯ ᠰᠡᠳᠦᠪᠲᠦ ᠬᠥᠮᠦᠵᠢᠯ ᠦᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ᠣᠳᠣᠬᠠᠨ ᠳᠤ ᠂ ᠭᠣᠸᠯ ᠰᠡᠳᠦᠪᠲᠦ ᠬᠥᠮᠦᠵᠢᠯ ᠨᠢᠭᠡᠨᠲᠡ ᠭᠦᠨᠵᠡᠭᠡᠶᠢᠷᠡᠨ ᠠᠭᠢᠵᠤ ᠂ ᠦᠷ᠎ᠡ ᠪᠦᠲᠦᠮᠵᠢ ᠶᠢ ᠭᠦᠶᠴᠡᠳ ᠢᠯᠡᠷᠡᠭᠦᠯᠬᠦ ᠵᠠᠩᠭᠢᠯᠠᠭ᠎ᠠ ᠶᠢᠨ ᠴᠠᠭ ᠦᠶ᠎ᠡ ᠳᠦ ᠣᠷᠣᠭᠠᠳ ᠪᠠᠶᠢᠨ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠭᠣᠸᠯ ᠰᠡᠳᠦᠪᠲᠦ ᠬᠥᠮᠦᠵᠢᠯ ᠦᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠸᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠃ᠪᠣᠳᠠᠲᠤ ᠶᠠᠪᠤᠳᠠᠯ ᠢ ᠪᠦᠲᠦᠭᠡᠵᠦ ᠠᠷᠠᠳ ᠤᠨ ᠵᠣᠪᠠᠨᠢᠯ ᠢ ᠰᠢᠢᠳᠪᠦᠷᠢᠯᠡᠬᠦ ᠲᠠᠯ᠎ᠠ ᠪᠠᠷ ᠲᠠᠬᠢᠨ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠪᠠᠶᠢᠴᠠᠭᠠᠨ ᠰᠤᠳᠤᠯᠤᠯᠲᠠ ᠶᠢᠨ︽ᠰᠡᠭᠦᠯᠴᠢ ᠶᠢᠨ ᠬᠠᠭᠠᠰ ᠵᠣᠬᠢᠶᠠᠯ︾ ᠢ ᠰᠠᠶᠢᠲᠤᠷ ᠬᠢᠬᠦ ᠶᠢ ᠴᠢᠬᠤᠯᠠᠴᠢᠯᠠᠵᠤ᠂ ᠰᠤᠳᠤᠯᠤᠭᠰᠠᠨ ᠤ ᠳᠠᠷᠠᠭ᠎ᠠ ᠬᠡᠷᠡᠭᠯᠡᠬᠦ ᠶᠢ ᠪᠠᠷᠢᠮᠲᠠᠯᠠᠵᠤ᠂ ᠠᠰᠠᠭᠤᠳᠠᠯ ᠢ ᠰᠢᠢᠳᠪᠦᠷᠢᠯᠡᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠡᠭᠡᠷ᠎ᠡ ᠭᠣᠣᠯᠳᠠᠯᠭ᠎ᠠ ᠪᠠᠨ ᠲᠠᠯᠪᠢᠬᠤ ᠬᠡᠷᠡᠭᠲᠡᠢ᠃ ᠭᠣᠣᠯ ᠰᠡᠳᠦᠪᠲᠦ ᠬᠥᠮᠦᠵᠢᠯ ᠦᠨ ᠨᠡᠶᠢᠲᠡᠯᠢᠭ ᠬᠡᠷᠡᠭ ᠦᠨ ᠵᠢᠱᠢᠶ᠎ᠡ ᠶᠢ ᠬᠤᠪᠢᠷᠠᠭᠤᠯᠬᠤ ᠶᠢ ᠰᠠᠶᠢᠲᠤᠷ ᠠᠳᠬᠤᠵᠤ᠂ ᠵᠥᠪ ᠪᠤᠷᠤᠭᠤ ᠨᠡᠶᠢᠲᠡᠯᠢᠭ ᠬᠡᠷᠡᠭ ᠦᠨ ᠵᠢᠱᠢᠶ᠎ᠡ ᠶᠢ ᠭᠦᠨᠵᠡᠭᠡᠶ ᠵᠠᠳᠠᠯᠤᠨ ᠰᠢᠨᠵᠢᠯᠡᠵᠦ᠂ ᠰᠠᠶᠢᠨ ᠲᠤᠷᠰᠢᠯᠭ᠎ᠠᠰᠠᠶᠢᠨ ᠠᠷᠭ᠎ᠠ ᠬᠢᠳᠡᠯ ᠢ ᠬᠢᠨᠠᠮᠠᠭᠠᠶ ᠪᠣᠯᠪᠠᠰᠤᠷᠠᠭᠤᠯᠤᠨ᠎ᠠ᠃ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠠᠲᠤ ᠪᠤᠶ ᠪᠣᠯᠭᠠᠵᠤ ᠂ ᠪᠣᠳᠠᠲᠠᠶ ᠠᠵᠢᠯᠯᠠᠬᠤ ᠶᠢ ᠴᠢᠬᠤᠯᠠᠴᠢᠯᠠᠬᠤ ᠂ ᠪᠣᠳᠠᠲᠠᠶ ᠠᠮᠵᠢᠯᠲᠠ ᠪᠦᠲᠦᠮᠵᠢ ᠶᠢ ᠴᠢᠬᠤᠯᠠᠴᠢᠯᠠᠬᠤ ᠂ ᠬᠦᠨᠳᠦ ᠡᠭᠦᠷᠭᠡ ᠶᠢ ᠡᠭᠦᠷᠭᠡᠯᠡᠬᠦ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ ᠂ ︽ ᠮᠣᠩᠭᠣᠯ ᠮᠣᠷᠢᠨ ᠤ ᠵᠣᠷᠢᠭ ᠰᠠᠨᠠᠭ᠎ᠠ ︾ ᠪᠣᠯᠤᠨ ︽ ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ ︾ ᠶᠢ ᠶᠡᠬᠡ ᠪᠡᠷ ᠪᠠᠳᠠᠷᠠᠭᠤᠯᠵᠤ ᠂ ᠠᠵᠢᠯ ᠶᠠᠪᠤᠳᠠᠯ ᠬᠢᠵᠦ ᠦᠢᠯᠡᠰ ᠪᠤᠰᠬᠠᠬᠤ ᠴᠣᠭ ᠰᠦᠯᠳᠡ ᠶᠢ ᠪᠦᠬᠦ ᠲᠠᠯ᠎ᠠ  ᠪᠠᠷ ᠳᠡᠭᠡᠭᠰᠢᠯᠡᠭᠦᠯᠵᠦ ᠂ ︽ ᠮᠠᠩᠯᠠᠢ ᠳᠤᠨᠢ ᠭᠠᠷᠬᠤ ᠪᠠᠷ ᠮᠡᠷᠡᠶᠢᠨ ᠴᠢᠷᠮᠠᠶᠢᠬᠤ᠂  ᠳᠤᠮᠳᠠ ᠬᠢᠷᠢ ᠲᠦᠪᠰᠢᠨ ᠢ ᠦᠨᠡᠨ ᠬᠦ ᠪᠠᠲᠤᠯᠠᠬᠤ᠂  ᠳᠤᠤᠷ᠎ᠠ ᠪᠠᠶᠢᠷᠢᠨ ᠳᠤ ᠶᠠᠪᠤᠬᠤ ᠶᠢ ᠪᠠᠭᠠᠰᠬᠠᠬᠤ︾ ᠬᠠᠷᠠᠯᠲᠠ ᠶᠢ ᠴᠢᠩᠭ᠎ᠠ ᠠᠩᠬᠠᠷᠴᠤ᠂ ︽ᠵᠢᠷᠭᠤᠭᠠᠨ ᠶᠡᠬᠡ ᠨᠢᠭᠡᠳᠦᠯᠲᠡᠶ ᠠᠵᠢᠯᠯᠠᠭ᠎ᠠ︾ ᠪᠠ ︽ᠳᠦᠷᠪᠡᠨ ᠶᠡᠬᠡ ᠳᠡᠭᠡᠭᠰᠢᠯᠡᠭᠦᠯᠬᠦ ᠢᠨᠵᠧᠨᠧᠷᠢᠩ︾ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠠᠶᠢᠴᠠᠭᠠᠬᠤ ᠠᠵᠢᠯ ᠤᠨ ᠥᠨᠳᠥᠷ  ᠬᠢᠷᠢ ᠲᠦᠪᠰᠢᠨ ᠲᠡᠶ ᠬᠥᠭᠵᠢᠯᠲᠡ ᠶᠢ ᠨᠥᠯᠥᠭᠡᠯᠡᠵᠦ ᠪᠠᠶᠢᠭ᠎ᠠ ᠪᠡᠷᠬᠡ ᠰᠡᠳᠦᠪ ᠢ ᠰᠢᠶᠳᠪᠦᠷᠢᠯᠡᠬᠦ ᠲᠠᠯ᠎ᠠ ᠪᠠᠷ ᠳᠠᠬᠢᠨᠲᠠ ᠬᠦᠴᠦᠯᠡᠵᠦ᠂ ᠭᠣᠣᠯ ᠰᠡᠳᠦᠪᠲᠦ ᠬᠥᠮᠦᠵᠢᠯ ᠦᠨ ᠦᠷ᠎ᠡ ᠪᠦᠲᠦᠮᠵᠢ ᠶᠢ ᠦᠨᠡᠨ ᠬᠦ ︽ᠬᠣᠶᠠᠷ ᠶᠡᠬᠡ ᠶᠠᠪᠤᠳᠠᠯ︾ ᠢ ᠰᠠᠶᠢᠲᠤᠷ ᠬᠢᠬᠦ ᠶᠢ ᠪᠠᠲᠤᠯᠠᠬᠤ᠂ ᠣᠳᠣᠬᠢᠴᠢᠯᠠᠭᠰᠠᠨ ᠥᠪᠥᠷ ᠮᠣᠩᠭᠣᠯ ᠢ ᠪᠦᠳᠦᠭᠡᠨ ᠪᠠᠶᠢᠭᠤᠯᠬᠤ ᠳᠤ ᠦᠢᠯᠡᠴᠢᠯᠡᠬᠦ ᠠᠮᠢᠳᠤᠯᠢᠭ ᠪᠠᠶᠢᠴᠠᠭᠠᠬᠤ ᠦᠢᠯᠡᠳᠦᠯᠭᠡ ᠪᠣᠯᠭᠠᠨ ᠬᠤᠪᠢᠷᠠᠭᠤᠯᠤᠨ᠎ᠠ᠃

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro