ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠵᠢᠶᠠᠩᠰᠢ ᠮᠤᠵᠢ ᠶᠢᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶ᠎ᠠ ᠂ ᠮᠤᠵᠢ ᠶᠢᠨ ᠪᠠᠶᠢᠴᠠᠭᠠᠬᠤ ᠬᠣᠷᠢᠶ᠎ᠠ ᠥᠪᠥᠷ ᠮᠣᠩᠭᠣᠯ ᠤᠨ ᠪᠠᠶᠢᠴᠠᠭᠠᠬᠤ ᠬᠣᠷᠢᠶᠠᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ

2023-08-08 17:51:14
ᠵᠣᠬᠢᠶᠠᠭᠴᠢ
ᠨᠠᠪᠴᠢ

8 ᠰᠠᠷ᠎ᠠ ᠶᠢᠨ 2 ᠤᠨ ᠡᠳᠦᠷ ᠦᠨ ᠦᠳᠡ ᠶᠢᠨ ᠡᠮᠦᠨ᠎ᠡ ᠂ ᠵᠢᠶᠠᠩᠰᠢ ᠮᠤᠵᠢ ᠶᠢᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠡᠷᠬᠢᠯᠡᠭᠴᠢ  ᠬᠤ᠋ ᠱᠢ ᠵᠥᠩ ᠂ ᠮᠤᠵᠢ ᠶᠢᠨ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠳ᠋ᠢᠩ ᠱᠦᠨ ᠱᠧᠩ ᠪᠦᠯᠬᠦᠮ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠳᠤ ᠬᠦᠷᠴᠦ ᠵᠠᠭᠠᠯᠳᠤᠯᠭ᠎ᠠ ᠭᠣᠮᠣᠳᠠᠯ ᠲᠣᠭᠠᠴᠢᠯᠲᠠ ᠪᠠ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠡᠷᠬᠢᠯᠡᠭᠴᠢ ‍ᠳ᠋ᠤᠸᠠᠨ ᡁᠢ ᠴᠢᠶᠠᠩ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ ᠃
     

 

 ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠬᠤ᠋ ᠱᠢ ᠵᠦᠩ ᠨᠡᠷ ᠤᠷᠢᠳ ᠬᠣᠵᠢᠳ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠲᠤᠮᠤ ᠳ᠋ᠠᠶᠢᠲ᠋ᠠ ᠶᠢᠨ ᠲᠥᠪ᠂ ᠬᠠᠮ ᠵᠠᠭᠤᠴᠢᠯᠠᠭᠤᠷ ᠤᠨ ᠲᠥᠪ᠂ 12309 ᠪᠠᠶᠢᠴᠠᠭᠠᠬᠤ ᠦᠢᠯᠡᠴᠢᠯᠡᠭᠡᠨ ᠦ ᠲᠥᠪ᠂ ᠬᠡᠷᠡᠭ ᠢ ᠬᠠᠮᠢᠶᠠᠷᠬᠤ ᠶᠡᠬᠡ ᠲᠢᠩᠬᠢᠮ᠂ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠪ᠂ ᠪᠠᠶᠢᠴᠠᠭᠠᠬᠤ ᠰᠣᠶᠣᠯ ᠤᠨ ᠴᠢᠳᠠᠮᠵᠢᠳᠤ ᠣᠷᠣᠨ ᠵᠡᠷᠭᠡ ᠲᠠᠯᠠᠪᠤᠷ ᠢᠶᠠᠷ ᠲᠣᠭᠣᠷᠢᠨ ᠦᠵᠡᠪᠡ᠃

 

 

ᠵᠠᠭᠠᠯᠳᠤᠬᠤ ᠭᠣᠮᠣᠳᠠᠯ ᠲᠣᠭᠠᠴᠢᠬᠤ ᠪᠠ ᠨᠡᠶᠢᠲᠡ ᠶᠢᠨ ᠠᠰᠢᠭᠲᠤ ᠵᠠᠷᠭᠤ ᠶᠢ ᠪᠠᠶᠢᠴᠠᠭᠠᠬᠤ ᠠᠵᠢᠯ ᠤᠨ ᠪᠠᠶᠢᠳᠠᠯ ᠢ ᠣᠶᠢᠯᠠᠭᠠᠬᠤ ᠲᠤᠬᠠᠢ ᠶᠠᠷᠢᠯᠴᠠᠬᠤ ᠬᠤᠷᠠᠯ ᠬᠢᠭᠰᠡᠨ ᠦ ᠲᠠᠷᠠᠭ᠎ᠠ᠂ ᠬᠤ᠋ ᠱᠢ ᠵᠦᠩ ᠥᠪᠥᠷ ᠮᠣᠩᠭᠣᠯ ᠤᠨ ᠪᠠᠶᠢᠴᠠᠭᠠᠬᠤ ᠠᠵᠢᠯ ᠳᠤ ᠦᠨᠳᠦᠷ ᠦᠨᠡᠯᠡᠯᠲᠡ ᠥᠭᠪᠡ ᠃ ᠲᠡᠭᠦᠨ ᠦ ᠦᠵᠡᠬᠦ ᠪᠡᠷ ᠂ ᠥᠪᠥᠷ ᠮᠣᠩᠭᠣᠯ ᠤᠨ ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠵᠠᠷᠭᠤ ᠶᠢ ᠡᠷᠲᠡ ᠡᠬᠢᠯᠡᠭᠦᠯᠵᠦ ᠂ ᠲᠣᠭᠲᠠᠴᠠ ᠣᠯᠠᠨ ᠂ ᠦᠷ᠎ᠡ ᠪᠦᠲᠦᠮᠵᠢ ᠰᠠᠶᠢᠨ ᠂ ᠠᠵᠢᠯ ᠤᠨ ᠦᠷ᠎ᠡ ᠪᠦᠲᠦᠮᠵᠢ ᠢᠯᠡᠷᠬᠡᠶ ᠂ ᠠᠵᠢᠯ ᠤᠨ ᠪᠦᠲᠦᠮᠵᠢ ︽ᠦᠨᠡᠨ ᠪᠣᠳᠠᠲᠠᠶ ︾ ᠪᠠᠶᠢᠨ᠎ᠠ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠢ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠤᠯᠠᠨ ᠤᠳᠠᠭ᠎ᠠ ᠬᠠᠮᠳᠤᠪᠠᠷ ᠬᠥᠳᠡᠯᠦᠯᠴᠡᠵᠦ᠂ ᠠᠯᠢ ᠡᠷᠲᠡ 2019 ᠣᠨ ᠳᠤ ᠳᠠᠷᠤᠢ ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠵᠠᠷᠭᠤ ᠶᠢᠨ ᠠᠵᠢᠯ ᠢ ᠴᠢᠩᠭᠠᠳᠬᠠᠬᠤ ᠲᠣᠭᠲᠠᠭᠠᠯ ᠭᠠᠷᠭᠠᠵᠤ᠂  ᠲᠡᠮᠵᠢᠭ᠌ᠰᠠᠨ ᠦᠷ᠎ᠡ ᠪᠦᠲᠦᠮᠵᠢ ᠮᠠᠰᠢ ᠰᠠᠶᠢᠨ ᠪᠣᠯᠪᠠ᠃ ᠠᠷᠠᠳ ᠲᠦᠮᠡᠨ ᠢᠶᠡᠷ ᠭᠣᠣᠯ ᠪᠣᠯᠭᠠᠬᠤ ᠦᠨᠳᠦᠰᠦᠨ ᠵᠣᠭᠰᠣᠯᠲᠠ ᠶᠢ ᠪᠠᠷᠢᠮᠲᠠᠯᠠᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠪᠠ ᠪᠠᠶᠢᠴᠠᠭᠠᠬᠤ ᠠᠵᠢᠯ ᠢ ᠥᠷᠨᠢᠭᠦᠯᠦᠭᠰᠡᠨ ᠣᠨᠴᠠᠯᠢᠭ ᠢᠯᠡ ᠲᠣᠳᠣ  ᠪᠠᠶᠢᠵᠤ᠂ 12309 ᠪᠠᠶᠢᠴᠠᠭᠠᠬᠤ ᠦᠢᠯᠡᠴᠢᠯᠡᠭᠡᠨ ᠦ ᠲᠥᠪ ᠤᠯᠠᠨ ᠲᠦᠮᠡᠨ ᠦ ᠰᠤᠷᠪᠤᠯᠵᠢᠯᠠᠭ᠎ᠠ ᠶᠢ︽ ᠬᠡᠯᠬᠡᠵᠢᠭᠰᠡᠨ ᠬᠡᠯᠪᠡᠷᠢ︾  ᠪᠡᠷ ᠬᠦᠯᠢᠶᠡᠨ ᠠᠪᠴᠤ᠂  ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠶᠳᠪᠦᠷᠢᠯᠡᠬᠦ ᠡᠷᠴᠢᠮ ᠴᠢᠩᠭ᠎ᠠ ᠪᠠᠶᠢᠵᠤ᠂ ᠤᠳᠤᠷᠢᠳᠤᠯᠭ᠎ᠠ ᠶᠢᠨ ᠰᠤᠷᠪᠤᠯᠵᠢᠯᠠᠭ᠎ᠠ ᠶᠢ ᠬᠦᠯᠢᠶᠡᠨ ᠠᠪᠬᠤ ᠲᠦᠷᠢᠮ ᠦᠨ ᠲᠣᠭᠲᠠᠴᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠠᠷᠠᠳ ᠤᠯᠠᠨ ᠤ ᠪᠤᠳᠤᠵᠤ ᠬᠦᠰᠡᠵᠦ ᠪᠠᠶᠢᠭ᠎ᠠ ᠵᠦᠢᠯ ᠳᠦ ᠬᠠᠷᠢᠭᠤᠯᠲᠠ ᠥᠭᠪᠡ᠃ ︽ᠤᠯᠤᠰ ᠤᠨ ᠲᠤᠮᠤ ᠬᠡᠷᠡᠭ︾ ᠤᠨ ᠲᠣᠭᠣᠷᠢᠨ ᠳᠤ ᠪᠦᠬᠦ ᠲᠠᠯ᠎ᠠ ᠳᠤ ᠦᠢᠯᠡᠴᠢᠯᠡᠵᠦ᠂ ᠶᠡᠷᠦᠩᠬᠡᠢ ᠱᠦᠵᠢ ᠰᠢ ᠶᠢᠨ ᠫᠢᠩ ᠦᠨ ᠥᠪᠥᠷ ᠮᠣᠩᠭᠣᠯ ᠳᠤ ᠲᠤᠰᠢᠶᠠᠭᠰᠠᠨ ᠲᠠᠪᠤᠨ  ᠶᠡᠬᠡ ᠡᠭᠦᠷᠭᠡ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠣᠶᠠᠷ ᠶᠡᠬᠡ ᠶᠠᠪᠤᠳᠠᠯ ᠳᠤ ᠰᠠᠭᠤᠷᠢᠯᠠᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠵᠦ᠂ ᠣᠨᠴᠠᠭᠠᠶᠢᠯᠠᠨ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠳᠤ ᠦᠢᠯᠡᠴᠢᠯᠡᠭᠡᠳ ᠦᠷ᠎ᠡ ᠪᠦᠲᠦᠮᠵᠢ ᠪᠡᠷ ᠰᠠᠶᠢᠨ ᠪᠠᠶᠢᠨ᠎ᠠ᠃ ᠤᠶᠤᠨᠴᠢᠯᠠᠭᠰᠠᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠡᠷᠡᠭᠯᠡᠯᠲᠡ ᠶᠢ ᠴᠢᠬᠤᠯᠠᠴᠢᠯᠠᠵᠤ᠂ ᠭᠠᠵᠠᠷ ᠣᠷᠣᠨ ᠤ ᠪᠠᠨ ᠥᠷᠭᠡᠨ ᠠᠭᠤᠳᠠᠮ ᠣᠨᠴᠠᠯᠢᠭ ᠲᠠᠶ ᠤᠶᠠᠯᠳᠤᠭᠤᠯᠤᠨ᠂ ᠬᠡᠷᠡᠭᠯᠡᠭᠡᠨ ᠦ ᠴᠢᠨᠠᠷ ᠢ ᠴᠢᠬᠤᠯᠠᠴᠢᠯᠠᠵᠤ᠂ ᠠᠯᠪᠠᠨ ᠠᠴᠠ ᠬᠡᠷᠡᠭ ᠰᠢᠶᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠲᠤᠭᠠᠵᠢᠭᠤᠯᠤᠭᠰᠠᠨ ᠪᠠᠶᠢᠴᠠᠭᠠᠯᠲᠠ ᠶᠢ ᠠᠬᠢᠭᠤᠯᠬᠤ ᠡᠷᠴᠢᠮ ᠢ ᠴᠢᠩᠭᠠᠷᠠᠭᠤᠯᠵᠤ᠂ ᠬᠠᠤᠯᠢ ᠴᠠᠭᠠᠵᠠ ᠶᠢᠨ ᠬᠢᠨᠠᠯᠲᠠ ᠶᠢᠨ ᠵᠠᠭᠪᠤᠷ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ  ᠰᠠᠶᠢᠨ ᠪᠣᠯᠭᠠᠪᠠ᠃ ᠬᠢᠨᠠᠯᠲᠠ ᠲᠠᠯᠪᠢᠬᠤ ᠪᠠ ᠳᠡᠮᠵᠢᠬᠦ ᠶᠢ ᠬᠠᠷᠢᠯᠴᠠᠨ ᠠᠭᠤᠰᠤᠯᠴᠠᠭᠤᠯᠬᠤ ᠶᠢ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠢ᠎ᠠ ᠲᠤᠰᠬᠠᠢ ᠰᠡᠳᠦᠪ ᠢᠶᠡᠷ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ᠪᠠᠶᠢᠴᠠᠭᠠᠬᠤ ᠠᠵᠢᠯ ᠢ ᠴᠢᠩᠭᠠᠳᠬᠠᠬᠤ ᠶᠢ ᠳᠡᠮᠵᠢᠬᠦ ᠡᠯ᠎ᠡ ᠲᠦᠷᠦᠯ ᠦᠨ ᠰᠠᠨᠠᠯ ᠢ ᠴᠠᠭ ᠲᠤᠬᠠᠢ ᠳᠤᠨᠢ ᠨᠡᠶᠢᠲᠡᠯᠡᠵᠦ᠂ ᠪᠠᠶᠢᠴᠠᠭᠠᠬᠤ ᠠᠵᠢᠯ ᠤᠨ ᠬᠥᠭᠵᠢᠯᠲᠡ ᠳᠦ ᠬᠦᠴᠦᠲᠡᠢ ᠳᠡᠮᠵᠢᠯᠭᠡ ᠬᠠᠩᠭᠠᠪᠠ᠃
 ‍   

 

  ᠳ᠋ᠤᠸᠠᠨ ᡁᠢ ᠴᠢᠶᠠᠩ ᠢᠯᠡᠷᠬᠡᠶᠢᠯᠡᠬᠦ ᠳᠡᠭᠡᠨ ᠂ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠᠨᠤᠭᠤᠳ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠵᠢᠴᠢ ᠲᠡᠭᠦᠨ ᠦ ᠪᠠᠶᠢᠩᠭᠤ ᠶᠢᠨ ᠬᠣᠷᠢᠶᠠᠨ ᠤ ᠬᠢᠨᠠᠯᠲᠠ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ  ᠠᠴᠠ ᠪᠠᠨ ᠬᠦᠯᠢᠶᠡᠵᠦ ᠂ ᠬᠠᠸᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠬᠢᠨᠠᠮᠠᠭᠠᠶ ᠭᠦᠶᠴᠡᠳᠬᠡᠵᠦ ᠂ ᠪᠥᠬᠥ ᠣᠷᠣᠨ ᠤ ᠠᠵᠤ ᠠᠬᠤᠶ ᠨᠡᠶᠢᠭᠡᠮ ᠦᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠳᠤ ᠦᠶᠯᠡᠴᠢᠯᠡᠬᠦ ᠳᠦ ᠬᠤᠪᠢ ᠨᠡᠮᠡᠷᠢ ᠦᠵᠡᠭᠦᠯᠪᠡ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠢ᠎ᠠ ᠥᠩᠭᠡᠷᠡᠭᠰᠡᠨ ᠲᠡᠶ ᠪᠡᠨ ᠠᠳᠠᠯᠢ ᠪᠠᠷ ᠪᠠᠶᠢᠴᠠᠭᠠᠬᠤ ᠠᠵᠢᠯ ᠢ ᠲᠡᠮᠵᠢᠵᠤ᠂ ᠪᠦᠬᠦ ᠣᠷᠣᠨ ᠤ ᠪᠠᠶᠢᠴᠠᠭᠠᠬᠤ  ᠪᠠᠶᠢᠭᠤᠯᠭ᠎ᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠣᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠲᠠᠪᠤᠨ ᠶᠡᠬᠡ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠣᠶᠠᠷ ᠶᠡᠬᠡ ᠶᠠᠪᠤᠳᠠᠯ ᠢ ᠰᠠᠶᠢᠲᠤᠷ ᠨᠠᠶᠢᠳᠠᠪᠤᠷᠢᠵᠢᠭᠤᠯᠵᠤ᠂ ᠣᠳᠣᠬᠢᠴᠢᠯᠠᠭᠰᠠᠨ ᠥᠪᠥᠷ ᠮᠣᠩᠭᠣᠯ ᠤᠨ ᠪᠦᠳᠦᠭᠡᠨ ᠪᠠᠶᠢᠭᠤᠯᠤᠯᠲᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

 

 

ᠣᠶᠢᠷ᠎ᠠ ᠶᠢᠨ ᠵᠢᠯ ᠳᠤ ᠂ ᠪᠥᠬᠥ ᠣᠷᠣᠨ ᠤ ᠪᠠᠶᠢᠴᠠᠭᠠᠬᠤ  ᠪᠠᠶᠢᠭᠤᠯᠭ᠎ᠠᠨᠤᠭᠤᠳ ᠳᠡᠭᠡᠳᠦ ᠬᠡᠮᠵᠢᠶᠡᠨ ᠦ ᠤᠯᠤᠰ ᠲᠥᠷᠥ ᠶᠢᠨ ᠤᠬᠠᠮᠰᠠᠷ ᠂ ᠬᠠᠸᠯᠢ ᠪᠠᠷ ᠵᠠᠰᠠᠬᠤ ᠤᠬᠠᠮᠰᠠᠷ ᠂ ᠪᠠᠶᠢᠴᠠᠭᠠᠬᠤ ᠠᠵᠢᠯ ᠤᠨ ᠤᠬᠠᠮᠰᠠᠷ  ᠠᠴᠠ ᠪᠠᠨ ᠬᠠᠸᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠭᠦᠶᠴᠡᠳᠬᠡᠵᠦ ᠂ ᠵᠠᠭᠠᠯᠳᠤᠯᠭ᠎ᠠ ᠭᠣᠮᠣᠳᠠᠯ ᠲᠣᠭᠠᠴᠢᠯᠲᠠ ᠂ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠤᠨ ᠲᠠᠰᠤᠷᠠᠯᠲᠠ ᠥᠬᠡᠶ ᠰᠢᠨ᠎ᠡ ᠠᠬᠢᠴᠠ ᠲᠠᠶ ᠪᠣᠯᠬᠤ ᠶᠢ ᠳᠥᠯᠭᠢᠨ ᠠᠬᠢᠭᠤᠯᠪᠠ ᠃  ᠡᠮᠦᠨᠡᠬᠢ ᠬᠤᠶᠢᠨᠠᠬᠢ ᠶᠢ ᠬᠠᠮᠵᠢᠯᠴᠠᠭᠤᠯᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡᠴᠡᠭᠦᠯᠬᠦ᠂ ᠬᠡᠷᠡᠭ ᠦᠨ ᠳᠣᠲᠣᠷ᠎ᠠ ᠪᠠ ᠬᠡᠷᠡᠭ  ᠤᠨ ᠭᠠᠳᠠᠨᠠᠬᠢ ᠶᠢ ᠠᠷᠢᠯᠭᠠᠬᠤ ᠠᠵᠢᠯ ᠤᠨ ᠲᠣᠭᠲᠠᠴᠠ ᠶᠢ ᠭᠦᠨᠵᠡᠭᠡᠶᠢᠷᠡᠭᠦᠯᠦᠨ ᠲᠡᠭᠦᠯᠳᠡᠷᠵᠢᠭᠦᠯᠵᠦ᠂ ᠵᠠᠭᠠᠯᠳᠤᠯᠭ᠎ᠠ ᠭᠣᠮᠣᠳᠠᠯ ᠲᠣᠭᠠᠴᠢᠯᠲᠠ ᠶᠢ ᠪᠠᠶᠢᠴᠠᠭᠠᠬᠤ ᠠᠵᠢᠯ ᠢ ᠪᠣᠳᠠᠲᠠᠶᠢᠵᠢᠭᠤᠯᠵᠤ᠂ ᠤᠯᠠᠨ ᠲᠦᠮᠡᠨ ᠦ ᠵᠠᠬᠢᠳᠠᠯ ᠰᠤᠷᠪᠤᠯᠵᠢᠯᠠᠭ᠎ᠠ ᠶᠢᠨ 《ᠬᠡᠷᠡᠭ ᠪᠦᠬᠦᠨ ᠳᠦ ᠬᠠᠷᠢᠭᠤᠯᠲᠠ ᠥᠭᠬᠦ》 ᠠᠵᠢᠯ ᠢ ᠪᠣᠳᠠᠲᠠᠶᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠪᠡᠷᠬᠡ ᠰᠡᠳᠦᠪ ᠢ ᠰᠢᠶᠳᠪᠦᠷᠢᠯᠡᠬᠦ ᠠᠵᠢᠯ ᠢ ᠥᠷᠨᠢᠭᠦᠯᠵᠦ᠂ ᠰᠢᠶᠳᠪᠦᠷᠢᠯᠡᠭᠰᠡᠨ 9 ᠬᠡᠷᠡᠭ  ᠨᠢ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠨᠡᠶᠢᠲᠡᠯᠢᠭ ᠬᠡᠷᠡᠭ ᠦᠨ ᠵᠢᠱᠢᠶ᠎ᠡ ᠪᠡᠷ ᠰᠤᠩᠭᠤᠭᠳᠠᠪᠠ᠃ ᠠᠮᠢ ᠠᠬᠤᠶ ᠶᠢᠨ ᠠᠮᠤᠷ ᠲᠦᠪᠰᠢᠨ ᠦ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠂ ᠠᠭᠤᠯᠠ ᠤᠰᠤ ᠣᠶ ᠲᠠᠷᠢᠶ᠎ᠠ ᠨᠠᠭᠤᠷ ᠡᠪᠡᠰᠦ ᠡᠯᠡᠰᠦ ᠶᠢ ᠰᠢᠰᠲ᠋ᠧᠮ ᠲᠡᠶ ᠵᠠᠰᠠᠬᠤ ᠶᠢ ᠪᠠᠷᠢᠮᠲᠠᠯᠠᠨ ᠂ ᠲᠣᠰ ᠲᠣᠰ ᠶᠡᠬᠡ ᠬᠢᠩᠭᠠᠨ ᠳᠠᠪᠠᠭ᠎ᠠ ᠶᠢᠨ ᠣᠶᠢᠲᠤ ᠣᠷᠣᠨ ᠂ ᠬᠠᠲᠤᠨ ᠭᠣᠸᠯ ᠪᠠ ︽ᠬᠦᠯᠦᠨ ᠨᠠᠭᠤᠷ᠂ ᠤᠯᠠᠭᠠᠨ ᠰᠤᠬᠠᠢ᠂ ᠳᠠᠭ᠎ᠠ ᠵᠢᠨ ᠲᠠᠯ᠎ᠠ ᠭᠤᠷᠪᠠᠨ ᠨᠠᠭᠤᠷ︾ ᠂ ᠬᠥᠯᠥᠨ ᠪᠣᠶᠢᠷ ᠂ ᠰᠢᠯᠢ ᠶᠢᠨ ᠭᠣᠸᠯ ᠤᠨ ᠲᠠᠯ᠎ᠠ ᠨᠤᠲᠤᠭ ᠢᠶᠠᠷ ᠭᠣᠸᠯ ᠲᠠᠯᠠᠪᠤᠷ ᠪᠣᠯᠭᠠᠵᠤ ᠂ ᠠᠭᠤᠯᠠ ᠰᠢᠭᠤᠶ ᠂ ᠭᠣᠸᠯ ᠨᠠᠭᠤᠷ ᠂ ᠲᠠᠯ᠎ᠠ ᠨᠤᠲᠤᠭ ᠤᠨ ︽ ᠠᠮᠢ ᠠᠬᠤᠶ ᠶᠢᠨ ᠪᠠᠶᠢᠴᠠᠭᠠᠯᠲᠠ ᠶᠢᠨ ᠭᠤᠷᠪᠠᠨ ᠶᠡᠬᠡ ᠬᠠᠮᠵᠢᠯᠴᠠᠭᠠᠨ ᠤ ᠨᠢᠭᠡᠳᠦᠯᠲᠡᠶ ᠠᠵᠢᠯᠯᠠᠭ᠎ᠠ ︾ ᠶᠢ ᠥᠷᠨᠢᠭᠦᠯᠵᠦ ᠂ ᠠᠮᠢ ᠠᠬᠤᠶ ᠶᠢᠨ ᠣᠷᠴᠢᠨ ᠲᠣᠭᠣᠷᠢᠨ ᠤ ᠬᠠᠸᠯᠢ ᠴᠠᠭᠠᠵᠠ ᠶᠢᠨ ᠬᠠᠮᠠᠭᠠᠯᠠᠯᠲᠠ ᠶᠢᠨ ᠬᠢᠷᠢ ᠲᠦᠪᠰᠢᠨ ᠢ ᠪᠥᠬᠥ ᠲᠠᠯ᠎ᠠ ᠪᠠᠷ ᠳᠡᠭᠡᠭᠰᠢᠯᠡᠭᠦᠯᠪᠡ ᠃ ᠬᠠᠲᠤᠨ ᠭᠣᠣᠯ᠂ ᠨᠡᠭᠦᠷᠡᠰᠦᠨ ᠦ ᠡᠬᠢ ᠪᠠᠶᠠᠯᠢᠭ ᠤᠨ ᠬᠦᠷᠢᠶ᠎ᠡ᠂ ᠨᠤᠲᠤᠭ ᠪᠡᠯᠴᠢᠭᠡᠷ ᠦᠨ ᠣᠶᠢᠲᠤ ᠭᠠᠵᠠᠷ᠂ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠵᠡᠷᠭᠡ ᠨᠡᠶᠢᠲᠡ ᠶᠢᠨ ᠠᠰᠢᠭᠲᠤ ᠵᠠᠷᠭᠤ ᠶᠢᠨ ᠲᠤᠰᠬᠠᠶ ᠬᠠᠮᠠᠭᠠᠯᠠᠯᠲᠠ ᠶᠢᠨ ᠠᠵᠢᠯᠯᠠᠭ᠎ᠠ ᠶᠢ ᠥᠷᠨᠢᠭᠦᠯᠪᠡ᠃ᠭᠣᠣᠯ ᠠᠷᠭ᠎ᠠ ᠬᠢᠳᠡᠯ ᠨᠢ ᠤᠯᠠᠨ ᠤᠳᠠᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠵᠠᠰᠠᠭ ᠤᠨ ᠣᠷᠳᠣᠨ ᠤ ᠭᠣᠣᠯ ᠤᠳᠤᠷᠢᠳᠤᠯᠭ᠎ᠠ ᠶᠢᠨ ᠴᠣᠬᠣᠯᠠᠪᠤᠷᠢ ᠳᠤ ᠨᠤᠲᠠᠯᠠᠭᠳᠠᠵᠤ᠂ 24 ᠬᠡᠷᠡᠭ ᠨᠢ ᠪᠦᠬᠦ ᠤᠯᠤᠰ ᠤᠨ ᠪᠠᠶᠢᠴᠠᠭᠠᠬᠤ  ᠪᠠᠶᠢᠭᠤᠯᠭ᠎ᠠ ᠵᠢᠨ ᠨᠡᠶᠢᠲᠡᠯᠢᠭ ᠬᠡᠷᠡᠭ ᠦᠨ ᠵᠢᠱᠢᠢ᠎ᠡ  ᠪᠠᠷ ᠰᠣᠩᠭᠣᠭᠳᠠᠵᠠᠢ᠃

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro