ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠪᠠᠶᠢᠴᠠᠭᠠᠬᠤ ᠨᠡᠶᠢᠲᠡ ᠶᠢᠨ ᠠᠰᠢᠭᠲᠤ ᠵᠠᠷᠭᠤ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠥᠪᠥᠷ ᠮᠣᠩᠭᠣᠯ ᠳᠤ ᠬᠤᠷᠠᠯᠳᠤᠪᠠ

2023-09-15 17:52:25
ᠵᠣᠬᠢᠶᠠᠭᠴᠢ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ

 

ᠡᠨᠡ ᠵᠢᠯ ᠦᠨ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠣᠯ ᠤᠨ ᠪᠠᠶᠠᠨᠨᠠᠭᠤᠷ ᠬᠤᠳᠠ ᠳᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ᠵᠡᠷᠭᠡ ᠭᠣᠣᠯᠳᠠᠯᠭ᠎ᠠ ᠲᠠᠶ ᠠᠮᠢ ᠠᠬᠤᠢ ᠶᠢᠨ ᠢᠨᠵᠧᠨᠧᠷᠢᠩ ᠦᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ︽ᠤᠮᠠᠷᠠᠲᠤ ᠶᠢᠨ ᠭᠤᠷᠪᠠᠨ ᠣᠷᠣᠨ︾ᠵᠡᠷᠭᠡ ᠭᠣᠣᠯᠳᠠᠯᠭ᠎ᠠ ᠲᠠᠶ ᠠᠮᠢ ᠠᠬᠤᠢ ᠶᠢᠨ ᠢᠨᠵᠧᠨᠧᠷᠢᠩ ᠦᠨ ᠪᠦᠳᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃  ᠣᠶᠢᠷ᠎ᠠ ᠶᠢᠨ ᠬᠤᠭᠤᠴᠠᠭᠠᠨ ᠳᠤ᠂ ᠶᠡᠷᠦᠩᠬᠡᠢ ᠱᠦᠵᠢ ᠪᠠᠰᠠ ᠪᠦᠬᠦ ᠤᠯᠤᠰ ᠤᠨ ᠠᠮᠢ ᠠᠬᠤᠢ ᠣᠷᠴᠢᠨ ᠲᠣᠭᠣᠷᠢᠨ ᠤ ᠬᠠᠮᠠᠭᠠᠯᠠᠯᠲᠠ ᠶᠢᠨ ᠶᠡᠬᠡ ᠬᠤᠷᠠᠯ ᠳᠡᠭᠡᠷ᠎ᠡ︽ᠨᠡᠶᠢᠲᠡ ᠶᠢᠨ ᠠᠰᠢᠭᠲᠤ ᠵᠠᠷᠭᠤ ᠶᠢ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠣᠷᠢᠨ ᠤ ᠬᠦᠷᠢᠶᠡᠨ ᠳᠡᠬᠢ ᠬᠠᠤᠯᠢ ᠴᠠᠭᠠᠵᠠ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ︾ᠭᠡᠵᠦ ᠴᠢᠬᠤᠯᠠᠴᠢᠯᠠᠪᠠ᠃

 

 

.9 ᠰᠠᠷ᠎ᠠ ᠶᠢᠨ 1  ᠦ ᠡᠳᠦᠷ ᠡᠴᠡ 2  ᠤᠨ ᠡᠳᠦᠷ ᠪᠣᠯᠲᠠᠯ᠎ᠠ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠵᠠᠷᠭᠤ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠤᠷᠳᠤᠰ ᠬᠤᠳᠠ ᠶᠢᠨ ᠬᠥᠪᠴᠢ ᠶᠢᠨ ᠡᠯᠡᠰᠦᠨ ᠴᠦᠯ ᠦᠨ ᠴᠢ ᠰᠢᠩ ᠬᠤᠤ ᠨᠠᠭᠤᠷ ᠲᠤ ᠬᠤᠷᠠᠯᠳᠤᠪᠠ᠃ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠵᠠᠩ ᠰᠢᠤᠸᠠᠢ ᠴᠢᠶᠣᠤ ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠦᠨ ᠲᠣᠪᠴᠢᠶ᠎ᠠ ᠶᠢᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠵᠤᠷᠭᠠᠨ ᠤ ᠳᠡᠳ᠋ ᠳᠠᠷᠤᠭ᠎ᠠ ᠵᠠᠩ ‍ᠳ᠋ᠸ ᠫᠢᠩ ᠂ ᠤᠯᠤᠰ ᠤᠨ ᠠᠮᠢ ᠠᠬᠤᠶ ᠣᠷᠴᠢᠨ ᠠᠬᠤᠶ ᠶᠢᠨ ᠶᠠᠮᠤᠨ ᠤ ᠪᠠᠶᠢᠭᠠᠯᠢ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠵᠤᠷᠭᠠᠨ ᠤ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠺᠦᠩ ᠶᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠢ ᠡᠷᠭᠢᠯᠡᠵᠦ ᠂ ᠣᠷᠳᠣᠰ ᠬᠣᠲᠠ ᠶᠢᠨ ᠨᠠᠮ ᠤᠨ ᠬᠣᠷᠢᠶᠠᠨ ᠤ ᠱᠦᠵᠢ ᠯᠢ ᠯᠢ ᠪᠠᠶᠠᠷ ᠤᠨ ᠦᠭᠡ ᠬᠡᠯᠡᠵᠡᠶ ᠃

ᠵᠠᠩ ᠰᠢᠥᠸᠠᠢ ᠵᠢᠶᠤᠤ ᠵᠢᠭᠠᠵᠤ ᠭᠠᠷᠭᠠᠭᠰᠠᠨ ᠨᠢ᠂ ᠪᠠᠶᠢᠴᠠᠭᠠᠬᠤ ᠪᠠᠶᠢᠭᠤᠯᠭ᠎ᠠ  ᠤᠯᠤᠰ ᠤᠨ ᠵᠠᠰᠠᠯᠲᠠ ᠶᠢᠨ ᠪᠦᠬᠦ ᠲᠠᠯ᠎ᠠ ᠳᠤ ᠵᠣᠭᠰᠣᠵᠤ᠂ ᠤᠬᠠᠮᠰᠠᠷ ᠠᠴᠠ ᠪᠠᠨ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠰᠢ ᠶᠢᠨ ᠫᠢᠩ  ᠬᠠᠥᠯᠢ ᠪᠠᠷ ᠵᠠᠰᠠᠬᠤᠦᠵᠡᠯ ᠰᠠᠨᠠᠭ᠎ᠠ ᠪᠠᠷ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠪᠣᠯᠭᠠᠵᠤ᠂︽ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ︾ ᠭᠡᠬᠦ ᠣᠨᠣᠯᠵᠢᠬᠤᠨ ᠢ ᠪᠠᠷᠢᠮᠲᠠᠯᠠᠵᠤ᠂ ᠬᠠᠤᠯᠢ ᠶᠣᠰᠣᠭᠠᠷ ᠴᠢᠳᠠᠮᠠᠭᠠᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠴᠢᠨᠠᠷ ᠰᠠᠶᠢᠲᠠᠢ ᠦᠷ᠎ᠡ ᠪᠦᠲᠦᠮᠵᠢᠲᠡᠢ ᠪᠡᠷ ᠬᠡᠷᠡᠭ ᠰᠢᠢᠳᠪᠦᠷᠢᠯᠡᠬᠦ ᠪᠡᠷ ᠴᠦᠯᠯᠡᠷᠬᠡᠭᠵᠢᠯ ᠦᠨ ᠬᠠᠤᠯᠢ ᠴᠠᠭᠠᠵᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃

 

 

ᠵᠠᠩ ᠰᠢᠥᠸᠠᠢ ᠵᠢᠶᠤᠤ ᠴᠢᠬᠤᠯᠠᠴᠢᠯᠠᠭᠰᠠᠨ ᠨᠢ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠭᠣᠣᠯᠳᠠᠯᠭ᠎ᠠ ᠲᠠᠶ ᠬᠦᠷᠢᠢ᠎ᠡ᠂ ᠰᠠᠪᠠ ᠭᠠᠵᠠᠷ᠂ ᠣᠷᠣᠨ ᠪᠦᠰᠡ ᠶᠢ ᠴᠢᠩᠭ᠎ᠠ ᠠᠩᠬᠠᠷᠴᠤ᠂ ᠡᠷᠡᠭᠦᠦ ᠶᠢᠨ ᠬᠡᠷᠡᠭ᠂ ᠢᠷᠭᠡᠨ ᠦ ᠬᠡᠷᠡᠭ᠂ ᠵᠠᠰᠠᠭ ᠵᠠᠬᠢᠷᠭᠠᠨ᠂ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠡᠭᠦᠷᠭᠡ ᠴᠢᠳᠠᠪᠬᠢ ᠶᠢ ᠶᠡᠷᠦᠩᠬᠡᠶᠢᠯᠡᠨ ᠬᠡᠷᠡᠭᠯᠡᠵᠦ ᠠᠮᠢ ᠠᠬᠤᠢ ᠶᠢᠨ ᠣᠷᠴᠢᠨ ᠲᠣᠭᠣᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ᠬᠠᠷᠠᠯᠲᠠ ᠪᠠᠷ ᠤᠳᠤᠷᠢᠳᠤᠮᠵᠢ ᠪᠣᠯᠭᠠᠵᠤ᠂ ᠭᠣᠣᠯᠳᠠᠯᠭ᠎ᠠ ᠲᠠᠶ ᠪᠣᠭᠣᠮᠲᠠ ᠰᠢᠪᠲᠤᠯᠬᠤ ᠪᠠ ᠬᠠᠮᠵᠢᠯᠴᠠᠨ ᠵᠠᠰᠠᠬᠤ ᠶᠢᠨ ᠬᠠᠷᠢᠴᠠᠭ᠎ᠠ ᠶᠢ ᠪᠠᠲᠤ ᠡᠵᠡᠮᠳᠡᠵᠦ᠂ ᠪᠠᠶᠢᠴᠠᠭᠠᠬᠤ ᠡᠭᠦᠷᠭᠡ ᠴᠢᠳᠠᠪᠬᠢ ᠬᠠᠮᠵᠢᠯᠴᠠᠬᠤ᠂ ᠣᠷᠣᠨ ᠪᠦᠰᠡ ᠠᠯᠤᠰᠯᠠᠨ ᠬᠠᠮᠵᠢᠯᠴᠠᠬᠤ᠂ ᠰᠠᠯᠠᠭ᠎ᠠ ᠮᠥᠴᠢᠷ ᠠᠯᠤᠰᠯᠠᠨ ᠬᠠᠮᠲᠤᠷᠠᠯᠴᠠᠬᠤ ᠶᠢ ᠴᠢᠩᠭᠠᠳᠬᠠᠵᠤ᠂ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠠᠮᠢ ᠠᠬᠤᠢ ᠶᠢᠨ ᠪᠠᠶᠢᠴᠠᠭᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠢ᠃  ᠰᠢᠰᠲᠸᠮᠲᠦ ᠵᠠᠰᠠᠯᠲᠠ ᠶᠢ ᠭᠦᠨᠵᠡᠭᠡᠶᠢᠷᠡᠭᠦᠯᠵᠦ᠂  ᠬᠠᠥᠯᠢ ᠪᠠᠷ ᠵᠠᠰᠠᠬᠤ᠂ ᠵᠠᠬ᠎ᠠ ᠳᠡᠯᠭᠡᠭᠦᠷ᠂ ᠰᠢᠨᠵᠢᠯᠡᠬᠦ ᠤᠬᠠᠭᠠᠨ ᠮᠡᠷᠭᠡᠵᠢᠯ᠂ ᠲᠦᠷᠦ ᠶᠢᠨ ᠪᠤᠳᠤᠯᠭ᠎ᠠ ᠵᠡᠷᠭᠡ ᠶᠡᠷᠦᠩᠬᠡᠶᠢᠯᠡᠭᠰᠡᠨ ᠬᠦᠴᠦᠨ ᠢ ᠨᠡᠶᠢᠳᠬᠡᠵᠦ᠂ ᠴᠢᠨᠠᠷ ᠰᠠᠶᠢᠲᠠᠢ ᠦᠷ᠎ᠡ ᠠᠰᠢᠭ ᠢᠶᠠᠷ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠰᠡᠷᠭᠦᠭᠡᠬᠦ ᠬᠡᠷᠡᠭᠲᠡᠢ᠃ ᠪᠠᠶᠢᠭᠠᠯᠢ ᠶᠢᠨ ᠠᠮᠢ ᠠᠬᠤᠶ ᠶᠢᠨ ᠡᠯᠧᠮᠧᠨ᠋ᠲ ᠦᠳ ᠢ ᠪᠦᠬᠦᠯᠢ ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠲᠡᠶ ᠪᠡᠷ ᠰᠡᠷᠭᠦᠭᠡᠬᠦ ᠪᠠ ᠶᠡᠷᠦᠩᠬᠡᠶᠢᠯᠡᠨ ᠵᠠᠰᠠᠬᠤ ᠶᠢ ᠴᠢᠩᠭᠠᠳᠬᠠᠬᠤ ᠳᠤ᠂ ᠬᠠᠲᠤᠨ ᠭᠣᠣᠯ ᠤᠨ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠬᠤ ᠪᠠ ᠴᠢᠨᠠᠷ ᠰᠠᠶᠢᠲᠠᠶ ᠬᠥᠭᠵᠢᠭᠦᠯᠬᠦ ᠪᠠᠶᠢᠯᠳᠤᠬᠤ ᠪᠤᠳᠤᠯᠭ᠎ᠠ ᠲᠠᠶ ᠤᠶᠠᠯᠳᠤᠭᠤᠯᠤᠨ᠂ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠴᠥᠭᠥᠷᠥᠮ ᠡᠪᠡᠰᠦ ᠡᠯᠡᠰᠦ ᠶᠢ ᠰᠢᠰᠲ᠋ᠧᠮ ᠲᠡᠶ ᠪᠡᠷ ᠵᠠᠰᠠᠬᠤ ᠶᠢ ᠨᠢᠭᠡᠳᠦᠯᠲᠡᠶ ᠲᠥᠯᠥᠪᠯᠡᠬᠦ ᠬᠡᠷᠡᠭᠲᠡᠶ᠃

 


       ᠯᠢ ᠶᠦᠩ ᠵᠢᠶᠦ᠋ᠨ ᠬᠤᠷᠠᠯ ᠡᠷᠬᠢᠯᠡᠬᠦ ᠳᠡᠭᠡᠨ᠂ ᠪᠦᠬᠦ ᠤᠯᠤᠰ ᠤᠨ ᠠᠮᠢ ᠠᠬᠤᠢ ᠣᠷᠴᠢᠨ ᠲᠣᠭᠣᠷᠢᠨ ᠤ ᠬᠠᠮᠠᠭᠠᠯᠠᠯᠲᠠ ᠶᠢᠨ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠭᠣᠣᠯᠳᠠᠯᠭ᠎ᠠ ᠲᠠᠶ ᠪᠣᠭᠣᠮᠲᠠ ᠰᠢᠪᠲᠤᠯᠬᠤ ᠪᠠ ᠬᠠᠮᠵᠢᠯᠴᠠᠨ ᠵᠠᠰᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ᠡᠨᠡ ᠤᠳᠠᠭ᠎ᠠ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠵᠠᠷᠭᠤ ᠶᠢᠨ ᠲᠤᠬᠠᠢ ᠲᠤᠰᠬᠠᠢ ᠰᠡᠳᠦᠪ ᠢᠶᠡᠷ ᠰᠤᠳᠤᠯᠤᠨ ᠶᠠᠷᠢᠯᠴᠠᠭᠰᠠᠨ ᠨᠢ ᠳᠠᠷᠤᠢ ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠵᠠᠷᠭᠤ ᠶᠢᠨ ᠬᠦᠴᠦᠨ ᠢᠶᠡᠷ ᠶᠡᠷᠦᠩᠬᠡᠢ ᠱᠦᠵᠢ ᠶᠢᠨ ᠠᠮᠢ ᠠᠬᠤᠢ ᠶᠢᠨ ᠵᠠᠰᠠᠯᠲᠠ ᠶᠢᠨ ᠰᠢᠰᠲᠸᠮ ᠤᠨ ᠦᠵᠡᠯᠲᠡ ᠶᠢ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠶᠢᠨ ᠡᠭᠦᠨ ᠡᠴᠡ ᠡᠮᠦᠨ᠎ᠡ ᠶᠠᠭ ᠠᠬᠢᠭᠤᠯᠵᠤ ᠪᠠᠶᠢᠭᠰᠠᠨ ᠠᠮᠢ ᠠᠬᠤᠶ ᠶᠢᠨ ᠪᠠᠶᠢᠴᠠᠭᠠᠯᠲᠠ ᠶᠢᠨ ︽ ᠭᠤᠷᠪᠠᠨ ᠶᠡᠬᠡ ᠬᠠᠮᠵᠢᠯᠴᠠᠭ᠎ᠠ ︾ ᠨᠢ ᠴᠥᠮ ︽ ᠡᠯᠡᠰᠦ ︾ ᠲᠠᠢ ᠬᠣᠯᠪᠣᠭᠳᠠᠵᠤ  ᠪᠣᠢ᠃ ᠪᠢᠳᠡ ᠮᠠᠨ ᠤ ᠤᠯᠤᠰ ᠤᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠦ ᠬᠠᠯᠬᠠᠪᠴᠢ ᠶᠢ ᠪᠠᠲᠤ ᠴᠣᠭᠴᠠᠯᠠᠨ ᠪᠠᠶᠢᠭᠤᠯᠬᠤ ᠴᠢᠬᠤᠯᠠ ᠶᠡᠬᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠲᠤᠰ ᠤᠳᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠷᠠᠳ ᠤᠨ ᠳᠡᠭᠡᠳᠦ ᠪᠠᠶᠢᠴᠠᠭᠠᠬᠤ ᠬᠣᠷᠢᠢ᠎ᠠ᠂ ᠤᠯᠤᠰ ᠤᠨ ᠤᠢ ᠰᠢᠭᠤᠢ ᠡᠪᠡᠰᠦ ᠪᠡᠯᠴᠢᠭᠡᠷ ᠦᠨ ᠲᠣᠪᠴᠢᠢ᠎ᠠ᠂ ᠠᠮᠢ ᠠᠬᠤᠢ ᠣᠷᠴᠢᠨ ᠲᠣᠭᠣᠷᠢᠨ ᠤ ᠶᠠᠮᠤᠨ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠳᠡᠮᠵᠢᠯᠭᠡ ᠳᠣᠣᠷ᠎ᠠ᠂ ᠬᠣᠯᠪᠣᠭᠳᠠᠯ ᠪᠦᠬᠦᠢ ᠮᠤᠵᠢ ᠣᠷᠣᠨ ᠤ ᠪᠠᠶᠢᠴᠠᠭᠠᠬᠤ ᠪᠠᠶᠢᠭᠤᠯᠭ᠎ᠠ᠂ ᠤᠢ ᠰᠢᠭᠤᠢ ᠡᠪᠡᠰᠦ ᠪᠡᠯᠴᠢᠭᠡᠷ ᠦᠨ ᠰᠠᠯᠠᠭ᠎ᠠ ᠮᠥᠴᠢᠷ ᠯᠦᠭᠡ ᠶᠢᠨ ᠰᠣᠯᠢᠯᠴᠠᠭ᠎ᠠ ᠬᠢᠵᠦ ᠬᠠᠷᠢᠯᠴᠠᠨ ᠲᠤᠯᠢ ᠪᠣᠯᠭᠠᠬᠤ ᠶᠢ ᠴᠢᠨᠠᠭᠰᠢᠳᠠ ᠴᠢᠩᠭᠠᠳᠬᠠᠵᠤ᠂ ᠭᠣᠣᠯ ᠨᠠᠭᠤᠷ᠂ ᠨᠤᠲᠤᠭ ᠪᠡᠯᠴᠢᠭᠡᠷ᠂ ᠠᠭᠤᠯᠠ ᠰᠢᠭᠤᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠬᠠᠮᠵᠢᠯᠴᠠᠭ᠎ᠠ ᠶᠢ ᠭᠦᠨᠵᠡᠭᠡᠢ ᠠᠬᠢᠭᠤᠯᠵᠤ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠰᠢᠨ᠎ᠡ ᠦᠷ᠎ᠡ ᠪᠦᠲᠦᠭᠡᠯ ᠢ ᠬᠠᠮᠲᠤᠪᠠᠷ ᠡᠭᠦᠳᠴᠦ ᠬᠠᠮᠲᠤᠪᠠᠷ ᠡᠳ᠋ᠯᠡᠵᠦ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠢ ᠠᠬᠢᠭᠤᠯᠬᠤ ᠳᠤ ᠨᠡᠩ ᠶᠡᠬᠡ ᠬᠤᠪᠢ ᠨᠡᠮᠡᠷᠢ  ᠦᠵᠡᠭᠦᠯᠦᠶ᠎ᠠ᠃

 


      ᠵᠠᠩ ‍ᠳ᠋ᠸ ᠫᠢᠩ ᠵᠢᠭᠠᠵᠤ ᠭᠠᠷᠭᠠᠭᠰᠠᠨ ᠨᠢ ᠂ ᠣᠷᠳᠣ ᠬᠤᠭᠤᠴᠠᠭᠠᠨ ᠤ ᠲᠤᠷᠰᠢ ᠂ ᠪᠥᠬᠥ ᠤᠯᠤᠰ ᠤᠨ ᠡᠯ᠎ᠡ ᠭᠠᠵᠠᠷ ᠤᠨ ᠪᠠᠶᠢᠴᠠᠭᠠᠬᠤ ᠪᠠᠶᠢᠭᠤᠯᠭ᠎ᠠ ᠨᠤᠭᠤᠳ ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠵᠠᠷᠭᠤ ᠶᠢᠨ ᠡᠭᠦᠷᠭᠡ ᠴᠢᠳᠠᠪᠤᠷᠢ ᠪᠠᠨ ᠬᠢᠨᠠᠮᠠᠭᠠᠶ ᠭᠦᠶᠴᠡᠳᠬᠡᠬᠦ ᠪᠡᠷ ᠳᠠᠮᠵᠢᠭᠤᠯᠤᠨ ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠢ ᠬᠦᠴᠦᠲᠡᠶ ᠳᠡᠮᠵᠢᠨ ᠠᠬᠢᠭᠤᠯᠪᠠ ᠃ ᠲᠦᠷᠦᠭᠦᠬᠡᠨ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠂ ᠤᠯᠤᠰ ᠤᠨ ᠣᠶ ᠰᠢᠭᠤᠶ ᠡᠪᠡᠰᠦ ᠪᠡᠯᠴᠢᠭᠡᠷ ᠦᠨ ᠲᠣᠪᠴᠢᠶ᠎ᠠ ᠠᠩᠬᠠᠳᠠᠭᠴᠢ ᠪᠥᠬᠥ ᠤᠯᠤᠰ ᠤᠨ ᠠᠮᠢ ᠠᠬᠤᠶ ᠶᠢᠨ ᠡᠳᠦᠷ ᠲᠦ ︽ ᠣᠶ ᠰᠢᠭᠤᠶ ᠡᠪᠡᠰᠦ ᠪᠡᠯᠴᠢᠭᠡᠷ ᠦᠨ ᠵᠠᠰᠠᠭ ᠵᠠᠬᠢᠷᠭᠠᠨ ᠤ ᠬᠠᠸᠯᠢ ᠬᠡᠷᠡᠭᠵᠢᠭᠦᠯᠦᠯᠲᠡ ᠬᠢᠭᠡᠳ ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠵᠠᠷᠭᠤ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠰᠠᠨᠠᠯ ︾ ᠢ ᠳᠠᠷᠤᠮᠠᠯᠯᠠᠨ ᠲᠠᠷᠬᠠᠭᠠᠪᠠ ᠃ ᠪᠢᠳᠡ ︽ ᠰᠠᠨᠠᠯ ︾ ᠤᠨ ᠪᠣᠷᠣ ᠲᠥᠯᠥᠪ ᠦᠨ ᠳᠣᠸᠷ᠎ᠠ ᠂ ᠪᠠᠶᠢᠴᠠᠭᠠᠬᠤ ᠪᠠᠶᠢᠭᠤᠯᠭ᠎ᠠ ᠯᠤᠭ᠎ᠠ ᠶᠢᠨ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠂ ᠡᠯᠡᠰᠦᠨ ᠴᠥᠯ ᠦᠨ ᠡᠬᠢ ᠪᠠᠶᠠᠯᠢᠭ ᠢ ᠬᠠᠮᠠᠭᠠᠯᠠᠬᠤ ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠢ ᠠᠬᠢᠭᠤᠯᠬᠤ ᠨᠡᠶᠢᠯᠡᠮᠡᠯ ᠬᠦᠴᠦᠨ ᠢ ᠪᠦᠷᠢᠯᠳᠦᠭᠦᠯᠵᠦ ᠂ ᠶᠡᠷᠦᠩᠬᠡᠶ ᠱᠦᠵᠢ ᠰᠢ ᠶᠢᠨ ᠫᠢᠩ ᠵᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠸᠱᠯᠠᠭᠤᠯᠤᠨ ᠨᠠᠶᠢᠳᠠᠪᠤᠷᠢᠵᠢᠭᠤᠯᠵᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨ᠎ᠡ ᠭᠠᠶᠢᠬᠠᠮᠰᠢᠭ ᠢ ᠡᠭᠦᠳᠬᠦ ᠳᠦ ᠬᠠᠮᠲᠤ ᠪᠠᠷ ᠬᠤᠪᠢ ᠨᠡᠮᠡᠷᠢ ᠦᠵᠡᠭᠦᠯᠦᠨ᠎ᠡ ᠃

 


       ᠺᠦᠩ ᠶᠤᠸᠠᠨ ᠢᠯᠡᠷᠬᠡᠶᠢᠯᠡᠭᠰᠡᠨ ᠨᠢ᠄ ᠠᠮᠢ ᠠᠬᠤᠶ ᠶᠢᠨ ᠣᠷᠴᠢᠨ ᠲᠣᠭᠣᠷᠢᠨ ᠤ ᠶᠠᠮᠤᠨ ᠬᠥᠬᠡ ᠲᠩᠷᠢ ᠂ ᠨᠣᠮᠢᠨ ᠤᠰᠤ ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠨ ᠢ ᠭᠦᠨᠵᠡᠭᠡᠶ ᠰᠠᠶᠢᠲᠤᠷ ᠬᠢᠵᠦ ᠂ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠰᠢᠰᠲ᠋ᠧᠮ ᠦᠨ ᠵᠠᠰᠠᠯᠲᠠ ᠂ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠬᠤ ᠵᠡᠷᠭᠡ ᠠᠵᠢᠯ ᠤᠨ ᠳᠤᠮᠳᠠ ᠂ ᠪᠠᠶᠢᠴᠠᠭᠠᠬᠤ ᠂ ᠣᠶ ᠰᠢᠭᠤᠶ ᠡᠪᠡᠰᠦ ᠪᠡᠯᠴᠢᠭᠡᠷ ᠵᠡᠷᠭᠡ ᠪᠠᠶᠢᠭᠤᠯᠭ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ ᠂ ᠠᠮᠢ ᠠᠬᠤᠶ ᠶᠢᠨ ᠣᠷᠴᠢᠨ ᠲᠣᠭᠣᠷᠢᠨ ᠤ ᠪᠠᠶᠢᠴᠠᠭᠠᠬᠤ ᠠᠵᠢᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠬᠦ ᠪᠡᠷ ᠳᠡᠮᠵᠢᠨ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠵᠠᠷᠭᠤ ᠶᠢᠨ ᠬᠠᠮᠵᠢᠯᠴᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠴᠦᠯᠡᠷᠬᠡᠭᠵᠢᠯ ᠢ ᠰᠡᠷᠭᠡᠶᠢᠯᠡᠨ ᠵᠠᠰᠠᠬᠤ ᠬᠢᠨᠠᠯᠲᠠ ᠶᠢᠨ ᠰᠦᠪᠡᠭᠴᠢ ᠶᠢ ᠰᠢᠯᠵᠢᠭᠦᠯᠦᠨ ᠬᠦᠷᠭᠡᠬᠦ᠂ ᠬᠡᠷᠡᠭ ᠪᠣᠯᠭᠠᠨ ᠳᠠᠩᠰᠠᠯᠠᠬᠤ ᠬᠠᠷᠢᠶᠠᠯᠠᠯ᠂ ᠪᠠᠶᠢᠴᠠᠭᠠᠵᠤ ᠭᠡᠷᠡᠴᠢ ᠠᠪᠬᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠵᠠᠭᠠᠯᠳᠤᠬᠤ ᠠᠴᠠ ᠡᠮᠦᠨᠡᠬᠢ ᠵᠢᠷᠤᠮ᠂ ᠵᠠᠭᠠᠯᠳᠤᠯᠭ᠎ᠠ ᠭᠠᠷᠭᠠᠬᠤ ᠵᠡᠷᠭᠡ ᠲᠠᠯ᠎ᠠ ᠪᠠᠷ ᠨᠡᠩ ᠲᠣᠳᠣᠷᠬᠠᠶ ᠵᠢᠷᠤᠮᠵᠢᠯ ᠭᠠᠷᠭᠠᠬᠤ ᠶᠢ ᠲᠦᠯᠬᠢᠨ ᠠᠬᠢᠭᠤᠯᠵᠤ᠂ ᠴᠦᠯᠡᠷᠬᠡᠭᠵᠢᠯ ᠢ ᠰᠡᠷᠭᠡᠶᠢᠯᠡᠨ ᠵᠠᠰᠠᠬᠤ ᠬᠢᠨᠠᠯᠲᠠ ᠳᠤ ᠬᠦᠴᠦᠲᠡᠶ ᠲᠦᠷᠢᠮ ᠦᠨ ᠲᠤᠯᠭᠠᠭᠤᠷᠢᠯᠠᠯ ᠬᠠᠩᠭᠠᠵᠤ᠂ ᠴᠦᠯᠡᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃

 

 


      ᠯᠢ ᠯᠢ ᠪᠠᠶᠠᠷ ᠤᠨ ᠦᠭᠡ ᠳᠡᠭᠡᠨ᠂ ᠤᠷᠳᠤᠰ ᠬᠤᠳᠠ ᠶᠢ ᠪᠦᠬᠦ ᠤᠯᠤᠰ ᠤᠨ ᠲᠦᠷᠦᠭᠦᠦ ᠪᠦᠯᠦᠭ ᠦᠨ ᠨᠡᠶᠢᠲᠡ ᠶᠢᠨ ᠠᠰᠢᠭᠲᠤ ᠵᠠᠷᠭᠤ ᠶᠢᠨ ᠲᠤᠷᠰᠢᠯᠲᠠ ᠶᠢᠨ  ᠴᠢᠭ ᠪᠣᠯᠭᠠᠭᠰᠠᠨ ᠠᠴᠠ ᠨᠠᠰᠢ᠂ ᠪᠦᠬᠦ ᠬᠤᠳᠠ ᠶᠢᠨ ᠪᠠᠶᠢᠴᠠᠭᠠᠬᠤ ᠪᠠᠶᠢᠭᠤᠯᠭ᠎ᠠ︽ᠪᠠᠶᠢᠴᠠᠭᠠᠬᠤ ᠬᠦᠬᠡ ᠦᠩᠭᠡ︾ᠪᠡᠷ︽ᠠᠮᠢ ᠠᠬᠤᠢ ᠶᠢᠨ ᠨᠣᠭᠣᠭᠠᠨ ᠦᠩᠭᠡ︾ᠵᠢ ᠬᠠᠮᠠᠭᠠᠯᠠᠬᠤ ᠶᠢ ᠪᠠᠷᠢᠮᠲᠠᠯᠠᠵᠤ᠂ ︽ᠲᠤᠰᠬᠠᠶᠢᠵᠢᠭᠰᠠᠨ ᠬᠢᠨᠠᠯᠲᠠ ᠲᠠᠯᠪᠢᠬᠤ + ᠰᠡᠷᠭᠦᠭᠡᠯᠲᠡ ᠶᠢᠨ ᠴᠢᠨᠠᠷᠲᠠᠢ ᠬᠠᠤᠯᠢ ᠪᠠᠷᠢᠬᠤ + ᠨᠡᠶᠢᠭᠡᠮᠴᠢᠯᠡᠭᠰᠡᠨ ᠵᠠᠰᠠᠯᠲᠠ︾ᠵᠢᠨ ᠠᠵᠢᠯ ᠤᠨ ᠵᠠᠭᠪᠤᠷ ᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ︽ᠲᠢᠶᠠᠨ ᠵᠢᠶᠤᠤ  ᠨᠡᠶᠢᠲᠠ ᠵᠢᠨᠠᠰᠢᠭ  ᠤᠨ ᠪᠠᠶᠢᠴᠠᠭᠠᠬᠤ︾᠂ ︽ ᠪᠠᠶᠢᠴᠠᠭᠠᠬᠤ ᠨᠡᠶᠢᠲᠠ ᠵᠢᠨ ᠠᠰᠢᠭᠲᠤ ᠦᠢᠯᠡᠰ︾᠂ ︽ᠮᠠ ᠯᠠᠨ ᠬᠠᠮᠠᠭᠠᠯᠠᠭᠴᠢ︾ᠵᠡᠷᠭᠡ ᠪᠠᠶᠢᠴᠠᠭᠠᠬᠤ ᠲᠦᠷᠦᠯ ᠲᠡᠮᠳᠡᠭ ᠦᠨ ᠵᠢᠭᠰᠠᠭᠠᠯ ᠢ ᠪᠦᠷᠢᠯᠳᠦᠭᠦᠯᠵᠡᠢ᠃ᠪᠢᠳᠡ ᠰᠢ ᠶᠢᠨ ᠫᠢᠩ  ᠤᠨ  ᠬᠠᠥᠯᠢ ᠪᠠᠷ ᠵᠠᠰᠠᠬᠤ ᠦᠵᠡᠯ ᠰᠠᠨᠠᠭ᠎ᠠ᠂ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠬᠠᠮᠤᠭ ᠤᠨ ᠨᠢᠭᠲᠠ ᠴᠢᠩᠭ᠎ᠠ  ᠬᠠᠥᠯᠢ ᠪᠠᠷ ᠵᠠᠰᠠᠬᠤ ᠪᠠᠷ ᠬᠥᠬᠡᠮᠳᠦᠭ ᠨᠣᠭᠣᠭᠠᠨ ᠠᠭᠤᠯᠠ ᠤᠰᠤ ᠶᠢ ᠰᠠᠬᠢᠨ ᠬᠠᠮᠠᠭᠠᠯᠠᠵᠤ᠂ ᠬᠠᠳᠤᠨ ᠭᠣᠣᠯ ᠤᠨ︽ ᠵᠢᠢ ᠦᠰᠦᠭ ᠦᠨ ᠮᠤᠷᠤᠶᠢᠯᠲᠠ︾ᠵᠢᠨ ᠪᠣᠭᠣᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠦ ᠬᠠᠯᠬᠠᠪᠴᠢ ᠶᠢ ᠪᠡᠬᠢᠵᠢᠭᠦᠯᠬᠦ ᠳᠦ ᠦᠵᠡᠭᠦᠯᠪᠡᠰᠦ ᠵᠣᠬᠢᠬᠤ ᠬᠤᠪᠢ ᠨᠡᠮᠡᠷᠢ ᠪᠡᠨ ᠦᠵᠡᠭᠦᠯᠦᠨ᠎ᠡ ᠭᠡᠵᠦ ᠵᠢᠭᠠᠵᠤ ᠭᠠᠷᠭᠠᠪᠠ᠃

 


     ᠲᠢᠶᠠᠨᠵᠢᠨ ᠶᠡᠬᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ  ᠫᠸᠷᠤᠹᠰᠰᠤᠷ ᠸᠠᠩ ᠰᠢᠶᠤᠤ ᠭᠠᠩ ︽ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠪᠠᠶᠢᠴᠠᠭᠠᠬᠤ ᠨᠡᠶᠢᠲᠡ ᠶᠢᠨ ᠠᠰᠢᠭᠲᠤ ᠵᠠᠷᠭᠤ ᠶᠢᠨ ᠦᠴᠦᠬᠡᠨ ᠪᠣᠳᠣᠯᠬᠢᠯᠠᠯ︾ ᠭᠡᠬᠦ ᠰᠡᠳᠦᠪ ᠢᠶᠡᠷ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠵᠡᠢ᠃

ᠬᠤᠷᠠᠯ ᠠᠴᠠ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠪᠠᠶᠢᠴᠠᠭᠠᠬᠤ ᠨᠡᠶᠢᠲᠡ ᠶᠢᠨ ᠠᠰᠢᠭᠲᠤ ᠵᠠᠷᠭᠤ ᠶᠢᠨ ᠨᠡᠶᠢᠲᠡᠯᠢᠭ ᠬᠡᠷᠡᠭ ᠦᠨ ᠵᠢᠱᠢᠢ᠎ᠡ ᠶᠢ ᠨᠡᠶᠢᠲᠡᠯᠡᠵᠦ᠂ ᠮᠠᠨ ᠤ ᠣᠷᠣᠨ ᠤ ᠦᠦᠰᠢᠨ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠢ᠎ᠠ ᠠᠴᠠ ᠨᠢᠩᠰᠢᠶᠠ ᠶᠢᠨ ᠨᠢᠭᠡᠨ ᠲᠤᠰᠤ ᠭᠡᠢ ᠶᠢᠨ ᠮᠡᠷᠭᠡᠵᠢᠯ ᠦᠨ ᠦᠢᠯᠡᠴᠢᠯᠡᠭᠡᠨ ᠦ ᠬᠢᠵᠠᠭᠠᠷᠲᠤ ᠺᠣᠮᠫᠠᠨᠢ᠂ ᠯᠢ ᠣᠪᠣᠭᠲᠤ ᠵᠡᠷᠭᠡ ᠲᠦᠷᠪᠡᠨ ᠬᠥᠮᠦᠨ ᠦ ᠣᠷᠴᠢᠨ ᠲᠣᠭᠣᠷᠢᠨ ᠢ ᠪᠣᠬᠢᠷᠲᠤᠭᠤᠯᠤᠭᠰᠠᠨ ᠡᠷᠡᠭᠦᠦ ᠶᠢᠨ ᠬᠡᠷᠡᠭ ᠦᠨ ᠳᠠᠭᠠᠯᠳᠤᠭᠰᠠᠨ ᠢᠷᠭᠡᠨ ᠦ ᠬᠡᠷᠡᠭ ᠦᠨ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠵᠡᠷᠭᠡ 7 ᠨᠡᠶᠢᠲᠡᠯᠢᠭ ᠬᠡᠷᠡᠭ ᠦᠨ ᠵᠢᠱᠢᠢ᠎ᠡ ᠶᠢ ᠰᠣᠩᠭᠣᠨ ᠣᠷᠣᠭᠤᠯᠵᠠᠢ᠃

 


       ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠨᠠᠢᠮᠠᠳᠤᠭᠠᠷ ᠪᠠᠶᠢᠴᠠᠭᠠᠬᠤ ᠲᠢᠩᠬᠢᠮ ᠦᠨ ᠬᠣᠶᠠᠳᠤᠭᠠᠷ ᠳᠡᠰ ᠤᠨ ᠲᠣᠭᠣᠷᠢᠨ ᠪᠠᠶᠢᠴᠠᠭᠠᠭᠴᠢ ᠯᠢᠦᠶ ᠬᠣᠩ ᠲᠤᠤ ᠨᠡᠶᠢᠲᠡᠯᠢᠭ ᠬᠡᠷᠡᠭ ᠦᠨ ᠵᠢᠱᠢᠶ᠎ᠡ  ᠶᠢ ᠨᠡᠶᠢᠲᠡᠯᠡᠬᠦ ᠳᠡᠭᠡᠨ ᠬᠡᠯᠡᠭᠰᠡᠨ ᠨᠢ ᠂ ᠡᠨᠡ ᠪᠣᠯ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠨᠡᠶᠢᠲᠡᠯᠡᠭᠰᠡᠨ ᠠᠩᠬᠠᠳᠠᠭᠴᠢ ᠪᠦᠯᠦᠭ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠵᠠᠷᠭᠤ ᠶᠢᠨ ᠨᠡᠶᠢᠲᠡᠯᠢᠭ ᠬᠡᠷᠡᠭ ᠦᠨ ᠵᠢᠱᠢᠶ᠎ᠡ ᠪᠣᠯᠤᠨ᠎ᠠ᠂ ᠡᠭᠦᠨ ᠦ ᠵᠣᠷᠢᠯᠭ᠎ᠠ ᠨᠢ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠰᠢ ᠶᠢᠨ ᠫᠢᠩ  ᠤᠨ  ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠡᠯ᠎ᠡ ᠱᠠᠲᠤᠨ ᠤ ᠪᠠᠶᠢᠴᠠᠭᠠᠬᠤ ᠪᠠᠶᠢᠭᠤᠯᠭ᠎ᠠ ᠶᠢᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠬᠡᠷᠡᠭ ᠰᠢᠢᠳᠪᠦᠷᠢᠯᠡᠬᠦ ᠡᠷᠴᠢᠮ ᠢᠶᠡᠨ ᠦᠷᠭᠦᠯᠵᠢᠯᠡᠨ ᠴᠢᠩᠭᠠᠷᠠᠭᠤᠯᠬᠤ ᠶᠢ ᠴᠢᠨᠠᠭᠰᠢᠳᠠ ᠬᠦᠳᠦᠯᠦᠨ ᠵᠢᠯᠣᠭᠣᠳᠴᠤ᠂ ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠳᠠᠷᠠᠭᠠᠴᠢ ᠶᠢᠨ ᠠᠯᠬᠤᠮ ᠳᠤ ᠂ ᠪᠠᠶᠢᠴᠠᠭᠠᠬᠤ ᠪᠠᠶᠢᠭᠤᠯᠭ᠎ᠠ ᠶᠢᠨ ᠬᠢᠨ ᠦᠷᠭᠦᠯᠵᠢᠯᠡᠨ ᠬᠠᠤᠯᠢ ᠴᠠᠭᠠᠵᠠ ᠶᠢᠨ ᠬᠡᠷᠡᠭ ᠰᠢᠶᠳᠪᠦᠷᠢᠯᠡᠬᠦ ᠪᠡᠷ ᠭᠣᠣᠯ ᠪᠣᠯᠭᠠᠵᠤ ᠂ ᠴᠢᠬᠤᠯᠠ ᠶᠡᠬᠡ ᠨᠥᠯᠥᠭᠡ ᠲᠡᠶ᠂ ᠵᠢᠱᠢᠶ᠎ᠡ ᠦᠵᠡᠭᠦᠯᠬᠦ ᠦᠢᠯᠡᠳᠦᠯ ᠲᠡᠶ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠤᠨ ᠨᠡᠶᠢᠲᠡ ᠶᠢᠨ ᠠᠰᠢᠭᠲᠤ ᠵᠠᠷᠭᠤ ᠶᠢᠨ ᠨᠡᠶᠢᠲᠡᠯᠢᠭ ᠬᠡᠷᠡᠭ ᠢ ᠢᠳᠡᠪᠬᠢᠲᠡᠶ ᠯᠠᠪᠳᠠᠭᠤᠨ ᠢᠶᠠᠷ ᠤᠯᠠᠨ ᠵᠦᠢᠯ ᠢᠶᠡᠷ ᠰᠢᠶᠳᠪᠦᠷᠢᠯᠡᠵᠦ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠴᠢᠬᠤᠯᠠ ᠶᠡᠬᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠳᠤ ᠦᠢᠯᠡᠴᠢᠯᠡᠵᠦ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠠᠪᠤᠴᠠ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠦᠨ ᠬᠠᠤᠯᠢ ᠴᠠᠭᠠᠵᠠ᠂ ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠵᠠᠷᠭᠤ ᠶᠢᠨ ᠵᠣᠯᠭᠠᠯᠳᠤᠯ ᠢ ᠤᠯᠠᠮ ᠨᠢᠭᠡ ᠠᠯᠬᠤᠮ ᠴᠢᠩᠭᠠᠳᠬᠠᠵᠤ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃

ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠠᠯᠪᠠᠨ ᠲᠢᠩᠬᠢᠮ᠂ ᠨᠠᠢᠮᠠᠳᠤᠭᠠᠷ ᠪᠠᠶᠢᠴᠠᠭᠠᠬᠤ ᠲᠢᠩᠬᠢᠮ ᠦᠨ ᠬᠣᠯᠪᠣᠭᠳᠠᠯ ᠪᠦᠬᠦᠢ ᠨᠥᠬᠥᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠦ ᠭᠡᠰᠢᠭᠦᠳ ᠬᠤᠷᠠᠯ ᠳᠤ ᠣᠷᠣᠯᠴᠠᠪᠠ᠃ ᠪᠡᠭᠡᠵᠢᠩ᠂ ᠲᠢᠶᠠᠨᠵᠢᠨ᠂ ᠾᠸ᠋ᠪᠸ᠋ᠢ᠂ ᠱᠠᠨ ᠰᠢ᠂ ᠯᠢᠶᠣᠤᠨᠢᠩ᠂ ᠬᠢᠷᠢᠨ᠂ ᠬᠠᠷᠠᠮᠥ᠋ᠷᠡᠨ᠂ ᠭᠦᠢᠵᠧᠦ᠂ ᠱᠠᠨᠰᠢ᠂ ᠭᠠᠨᠰᠦ᠂ ᠬᠥᠬᠡᠨᠠᠭᠤᠷ᠂ ᠨᠢᠩᠰᠢᠶᠠ᠂ ᠰᠢᠨᠵᠢᠶᠠᠩ᠂ ᠥᠪᠥᠷ ᠮᠣᠩᠭᠣᠯ ᠵᠡᠷᠭᠡ ᠮᠤᠵᠢ ᠶᠢᠨ ᠱᠠᠲᠤᠨ ᠤ ᠪᠠᠶᠢᠴᠠᠭᠠᠬᠤ ᠬᠣᠷᠢᠢ᠎ᠠ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ  ᠴᠡᠷᠢᠭ ᠦᠨ ᠬᠤᠷᠢᠶᠠᠨ ᠤ ᠪᠠᠶᠢᠴᠠᠭᠠᠬᠤ ᠬᠣᠷᠢᠢ᠎ᠠ ᠶᠢᠨ ᠲᠥᠯᠥᠭᠡᠯᠡᠭᠴᠢ ᠬᠤᠷᠠᠯ ᠳᠤ ᠣᠷᠣᠯᠴᠠᠭᠰᠠᠨ ᠪᠥᠭᠡᠳ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠤᠨ ᠲᠣᠭᠣᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃

ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠠᠰᠠ  ᠢᠯᠢ ᠵᠢᠨ ᠬᠥᠪᠴᠢ ᠶᠢᠨ ᠡᠯᠡᠰᠦᠨ ᠤᠷᠬᠢᠯ ᠤᠨ ᠨᠣᠭᠣᠭᠠᠨ ᠬᠥᠨᠳᠡᠢ ᠶᠢᠨ ᠡᠯᠡᠰᠦ ᠶᠢ ᠵᠠᠰᠠᠬᠤ ᠠᠮᠢ ᠠᠬᠤᠢ ᠶᠢᠨ ᠣᠷᠣᠨ᠂ ᠬᠥᠪᠴᠢ ᠶᠢᠨ ᠨᠡᠷᠡᠨ ᠭᠡᠷᠡᠯ ᠦᠨ  ᠡᠨᠧᠷᠭᠢ ᠶᠢᠨ ᠪᠣᠰᠣᠭ᠎ᠠ ᠴᠣᠭᠴᠠᠲᠤ ᠠᠮᠢ ᠠᠬᠤᠢ ᠶᠢᠨ ᠵᠠᠰᠠᠯᠲᠠ ᠶᠢᠨ ᠣᠷᠣᠨ᠂ ᠬᠥᠪᠴᠢ ᠶᠢᠨ ᠡᠯᠡᠰᠦᠨ ᠦ ᠭᠠᠩᠰᠠᠭ ᠪᠤᠳᠠ ᠮᠣᠳᠣᠨ ᠤ ᠦᠷ᠎ᠡ ᠡᠳ᠋ ᠦᠨ ᠲᠥᠪ᠂ ᠨᠠᠷᠠ ᠶᠢᠨ ᠡᠯᠡᠰᠦ ᠶᠢ ᠵᠠᠰᠠᠵᠤ ᠭᠣᠣᠯ ᠢ ᠬᠠᠮᠠᠭᠠᠯᠠᠬᠤ ᠬᠦᠪᠡᠭᠡ ᠶᠢ  ᠪᠡᠬᠢᠯᠡᠭᠰᠡᠨ ᠤᠢ ᠶᠢᠨ ᠵᠠᠰᠠᠯᠲᠠ ᠶᠢᠨ ᠣᠷᠣᠨ ᠢᠶᠠᠷ ᠪᠠᠶᠢᠴᠠᠭᠠᠨ ᠰᠤᠳᠤᠯᠤᠯᠲᠠ ᠬᠢᠵᠦ ᠲᠣᠭᠣᠷᠢᠨ ᠦᠵᠡᠪᠡ᠃

 

ᠢᠷᠡᠯᠲᠡ
ᠨᠠᠪᠴᠢ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro