ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠯᠢ ᠶᠦᠩ ᠵᠢᠶᠦ᠋ᠨ ᠬᠥᠪᠡᠭᠡᠲᠦ ᠰᠢᠷ᠎ᠠ ᠬᠣᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠣᠳᠬᠤ ᠳᠦ ᠪᠠᠨ ᠴᠢᠬᠤᠯᠠᠴᠢᠯᠠᠭᠰᠠᠨ ᠨᠢ ᠄ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠦᠨ ᠦᠢᠯᠡᠳᠦᠯᠭᠡᠵᠢᠭᠦᠯᠵᠦ ᠭᠣᠣᠯ ᠰᠡᠳᠦᠪᠲᠦ ᠬᠥᠮᠦᠵᠢᠯ ᠢ ᠪᠣᠳᠠᠲᠠᠶᠢᠵᠢᠭᠤᠯᠵᠤ ᠦᠷ᠎ᠡ ᠪᠦᠲᠦᠮᠵᠢ ᠲᠡᠶ ᠪᠣᠯᠭᠠᠬᠤ ᠬᠡᠷᠡᠭᠲᠡᠢ

2023-10-25 15:47:04
ᠵᠣᠬᠢᠶᠠᠭᠴᠢ
ᠨᠠᠪᠴᠢ

ᠯᠢ ᠶᠦᠩ ᠵᠢᠶᠦ᠋ᠨ ᠬᠥᠪᠡᠭᠡᠲᠦ ᠰᠢᠷ᠎ᠠ ᠬᠣᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠣᠳᠬᠤ ᠳᠦ ᠪᠠᠨ ᠴᠢᠬᠤᠯᠠᠴᠢᠯᠠᠭᠰᠠᠨ ᠨᠢ ᠄ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠦᠨ ᠦᠢᠯᠡᠳᠦᠯᠭᠡᠵᠢᠭᠦᠯᠵᠦ ᠭᠣᠣᠯ ᠰᠡᠳᠦᠪᠲᠦ ᠬᠥᠮᠦᠵᠢᠯ ᠢ ᠪᠣᠳᠠᠲᠠᠶᠢᠵᠢᠭᠤᠯᠵᠤ ᠦᠷ᠎ᠡ ᠪᠦᠲᠦᠮᠵᠢ ᠲᠡᠶ ᠪᠣᠯᠭᠠᠬᠤ ᠬᠡᠷᠡᠭᠲᠡᠢ

 

 

10 ᠰᠠᠷ᠎ᠠ ᠶᠢᠨ 8 ᠤ ᠡᠳᠦᠷ ᠦᠨ ᠦᠳᠡ ᠶᠢᠨ ᠬᠣᠶᠢᠨ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠰᠢᠯᠢ ᠶᠢᠨ ᠭᠣᠸᠯ ᠠᠶᠢᠮᠠᠭ ᠤᠨ ᠬᠥᠪᠡᠭᠡᠲᠦ ᠰᠢᠷ᠎ᠠ ᠬᠣᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ ᠭᠣᠸᠯ ᠰᠡᠳᠦᠪᠲᠦ ᠬᠥᠮᠦᠵᠢᠯ ᠦᠨ ᠠᠵᠢᠯ ᠢ ᠵᠢᠭᠠᠨ ᠵᠢᠯᠣᠭᠣᠳᠪᠠ ᠃ ᠬᠥᠪᠡᠭᠡᠲᠦ ᠰᠢᠷ᠎ᠠ ᠬᠣᠰᠢᠭᠤᠨ ᠤ ᠨᠠᠮ ᠤᠨ ᠬᠣᠷᠢᠶᠠᠨ ᠤ ᠭᠣᠸᠯ ᠰᠡᠳᠦᠪᠲᠦ ᠬᠥᠮᠦᠵᠢᠯ ᠦᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠂ ᠯᠢ ᠶᠦᠩ ᠵᠢᠶᠦ᠋ᠨ ᠢᠯᠡᠷᠬᠡᠶᠢᠯᠡᠬᠦ ᠳᠡᠭᠡᠨ ᠂ ᠬᠥᠪᠡᠭᠡᠲᠦ ᠰᠢᠷ᠎ᠠ ᠬᠣᠰᠢᠭᠤᠨ ᠤ ᠨᠠᠮ ᠤᠨ ᠬᠣᠷᠢᠶ᠎ᠠ ᠭᠣᠸᠯ ᠰᠡᠳᠦᠪᠲᠦ ᠬᠥᠮᠦᠵᠢᠯ ᠦᠨ ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠨ ᠦᠵᠡᠵᠦ ᠂ ᠰᠠᠶᠢᠨ ᠡᠬᠢᠯᠡᠯᠲᠡ ᠲᠡᠶ ᠂ ᠨᠠᠷᠢᠨ ᠬᠢᠨᠠᠮᠠᠭᠠᠶ ᠪᠡᠯᠡᠳᠬᠡᠵᠦ ᠂ ᠨᠠᠷᠢᠨ ᠬᠢᠨᠠᠮᠠᠭᠠᠶ ᠰᠤᠷᠤᠯᠴᠠᠵᠤ ᠂ ᠨᠠᠷᠢᠨ ᠬᠢᠨᠠᠮᠠᠭᠠᠶ ᠪᠠᠶᠢᠴᠠᠭᠠᠨ ᠰᠤᠳᠤᠯᠵᠤ ᠂ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠠᠶ ᠭᠡᠵᠡᠢ᠃

ᠲᠠᠷᠠᠭᠠᠴᠢ ᠶᠢᠨ ᠠᠯᠬᠤᠮ ᠤᠨ ᠠᠵᠢᠯ ᠳᠤ ᠴᠢᠭᠯᠡᠭᠦᠯᠦᠨ ᠯᠢ ᠶᠦᠩ ᠵᠢᠶᠦ᠋ᠨ ᠵᠢᠭᠠᠵᠤ ᠭᠠᠷᠭᠠᠭᠰᠠᠨ ᠨᠢ ᠄

ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠠᠨᠠᠭᠠᠴᠢᠯᠠᠭᠠᠲᠤ ᠡᠷᠬᠡ ᠪᠡᠨ ᠴᠢᠩᠭᠠᠳᠬᠠᠬᠤ ᠬᠡᠷᠡᠭᠲᠡᠶ᠃ ᠭᠣᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠬᠡ ᠠᠴᠢ ᠬᠣᠯᠪᠣᠭᠳᠠᠯ ᠢ ᠨᠡᠩ ᠳᠡᠭᠡᠳᠦ ᠳᠡᠰ ᠳᠠᠪᠬᠤᠷᠭ᠎ᠠ᠂ ᠨᠡᠩ ᠭᠦᠨ ᠲᠠᠯ᠎ᠠ ᠠᠴᠠ ᠲᠠᠨᠢᠵᠤ ᠡᠵᠡᠮᠰᠢᠬᠦ ᠬᠡᠷᠡᠭᠲᠡᠶ᠃

ᠨᠢᠭᠡ ᠳᠦ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ ᠬᠡᠷᠡᠭᠴᠡᠭᠡ ᠡᠴᠡ ᠲᠠᠨᠢᠬᠤ ᠬᠡᠷᠡᠭᠲᠡᠶ᠃ ᠵᠠᠭᠤᠨ ᠵᠢᠯ ᠦᠨ ᠲᠤᠮᠤ ᠨᠠᠮ ᠬᠡᠷᠬᠢᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠶᠢ ᠪᠠᠲᠤᠯᠠᠵᠤ᠂ ᠬᠡᠷᠬᠢᠨ ᠥᠪᠡᠷ ᠦᠨ ᠪᠡᠶ᠎ᠡ ᠳᠡᠭᠡᠨ ᠬᠤᠪᠢᠰᠬᠠᠯ ᠬᠢᠬᠦ ᠪᠤᠢ︖ᠭᠣᠣᠯ ᠰᠡᠳᠦᠪᠲᠦ ᠬᠥᠮᠦᠵᠢᠯ ᠢᠶᠡᠷ ᠳᠠᠮᠵᠢᠭᠤᠯᠤᠨ᠂ ᠦᠵᠡᠯ ᠰᠠᠨᠠᠭᠠᠨ ᠤ ᠲᠠᠯ᠎ᠠ ᠪᠠᠷ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠰᠠᠶᠢᠨ ᠰᠠᠶᠢᠬᠠᠨ ᠰᠤᠷᠲᠠᠯ ᠢᠶᠠᠨ ᠳᠠᠪᠲᠠᠨ ᠪᠣᠯᠪᠠᠰᠤᠷᠠᠭᠤᠯᠬᠤ ᠬᠡᠷᠡᠭᠲᠡᠶ᠃ ᠨᠠᠮᠴᠢ ᠴᠢᠨᠠᠷ ᠢᠶᠠᠷ ᠬᠥᠮᠦᠨᠴᠢ ᠴᠢᠨᠠᠷ ᠢ ᠵᠢᠷᠤᠮᠵᠢᠭᠤᠯᠵᠤ᠂ ᠤᠬ ᠰᠠᠨᠠᠭ᠎ᠠ ᠪᠠᠷ ᠡᠭᠡᠯ  ᠶᠡᠷᠦᠮᠳᠡᠭ  ᠪᠤᠳᠤᠯ ᠢ ᠬᠦᠳᠦᠯᠦᠨ ᠳᠠᠭᠠᠭᠤᠯᠵᠤ᠂ ᠠᠷᠢᠭᠤᠨ ᠴᠡᠪᠡᠷ ᠰᠡᠳᠬᠢᠯ᠂ ᠥᠭᠡᠳᠡᠯᠡᠨ ᠲᠠᠪᠰᠢᠬᠤ ᠰᠡᠳᠬᠢᠯ ᠢ ᠪᠠᠲᠤᠯᠠᠵᠤ᠂ ᠤᠬ ᠰᠠᠨᠠᠭ᠎ᠠ ᠪᠠᠨ ᠦᠯᠦ ᠮᠠᠷᠲᠠᠵᠤ᠂ ᠪᠡᠶ᠎ᠡ ᠮᠠᠬᠠᠪᠣᠳ ᠤᠨ ᠡᠷᠡᠭᠦᠯ ᠮᠡᠨᠳᠤ ᠪᠠ ᠤᠶᠤᠨ ᠰᠠᠨᠠᠭᠠᠨ ᠤ ᠡᠷᠡᠭᠦᠯ ᠮᠡᠨᠳᠤ ᠶᠢ ᠡᠭᠦᠷᠢᠳᠡ ᠪᠠᠲᠤᠯᠠᠬᠤ ᠬᠡᠷᠡᠭᠲᠡᠢ᠃

ᠬᠣᠶᠠᠷ ᠲᠤ ᠥᠪᠥᠷ ᠮᠣᠩᠭᠣᠯ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠡᠴᠡ ᠲᠠᠨᠢᠬᠤ ᠬᠡᠷᠡᠭᠲᠡᠶ᠃ ᠶᠡᠷᠦᠩᠬᠡᠢ ᠱᠦᠵᠢ ᠶᠢᠨ ᠥᠪᠥᠷ ᠮᠣᠩᠭᠣᠯ ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠣᠶᠠᠷ ᠶᠡᠬᠡ ᠶᠠᠪᠤᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ  ᠤᠨ ᠰᠢᠢᠳᠪᠦᠷᠢ ᠪᠠ ᠲᠦᠷᠢᠮ  ᠳᠤᠭᠲᠠᠭᠠᠯ ᠢ ᠬᠡᠷᠬᠢᠨ ᠪᠤᠲᠠᠲᠠᠢ ᠨᠠᠶᠢᠳᠠᠪᠤᠷᠢᠵᠢᠭᠤᠯᠬᠤ᠂ ᠬᠣᠷᠸ᠎ᠠ ᠲᠥᠯᠥᠪᠵᠢᠭᠦᠯᠭᠡ ᠡᠴᠡ ᠪᠣᠳᠠᠲᠠᠢ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠳᠤ ᠡᠷᠬᠡᠪᠰᠢ ᠭᠣᠣᠯ ᠰᠡᠳᠦᠪᠲᠦ ᠬᠥᠮᠦᠵᠢᠯ ᠢᠶᠡᠷ ᠳᠠᠮᠵᠢᠨ ᠰᠤᠷᠤᠯᠴᠠᠬᠤ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠬᠡᠷᠡᠭᠲᠡᠢ᠃

ᠭᠤᠷᠪᠠ ᠳᠤ ᠬᠥᠪᠡᠭᠡᠲᠦ ᠰᠢᠷ᠎ᠠ ᠬᠣᠰᠢᠭᠤᠨ ᠤ ᠬᠥᠭᠵᠢᠯᠲᠡ  ᠶᠢᠨ ᠬᠡᠷᠡᠭᠴᠡᠭᠡ ᠡᠴᠡ ᠲᠠᠨᠢᠬᠤ ᠬᠡᠷᠡᠭᠲᠡᠶ ᠃ ᠬᠡᠳᠦᠶᠢᠪᠡᠷ ᠡᠨᠡ ᠬᠡᠳᠦᠨ ᠵᠢᠯ ᠳᠦ ᠬᠥᠪᠡᠭᠡᠲᠦ ᠰᠢᠷ᠎ᠠ ᠬᠣᠰᠢᠭᠤᠨ ᠤ ᠬᠥᠭᠵᠢᠯᠲᠡ ᠨᠡᠯᠢᠶᠡᠳ ᠰᠠᠶᠢᠨ ᠠᠮᠵᠢᠯᠲᠠ ᠣᠯᠤᠭᠰᠠᠨ ᠪᠣᠯᠪᠠᠴᠤ᠂ ᠪᠠᠰᠠ ᠵᠠᠷᠢᠮ  ᠦᠯᠦ ᠵᠠᠶᠢᠯᠠᠵᠤ ᠳᠡᠶᠢᠯᠬᠦ ᠪᠣᠳᠠᠲᠤ ᠠᠰᠠᠭᠤᠳᠠᠯ ᠤᠳ ᠣᠷᠣᠰᠢᠵᠤ᠂ ᠭᠣᠣᠯ ᠰᠡᠳᠦᠪᠲᠦ ᠬᠥᠮᠦᠵᠢᠯ ᠢᠶᠡᠷ ᠳᠠᠮᠵᠢᠨ ᠦᠵᠡᠯ ᠰᠠᠨᠠᠭ᠎ᠠ ᠪᠠᠨ ᠴᠢᠯᠥᠭᠡᠯᠡᠵᠦ᠂ ᠠᠮᠢᠵᠢᠷᠠᠯ ᠤᠨ ᠬᠦᠴᠦᠨ ᠢᠶᠡᠨ ᠨᠡᠮᠡᠭᠳᠡᠭᠦᠯᠬᠦ ᠴᠢᠬᠤᠯᠠᠲᠠᠢ ᠪᠠᠶᠢᠨ᠎ᠠ︔ᠲᠥᠪ ᠰᠤᠷᠲᠠᠯ ᠢ ᠪᠤᠢ ᠪᠣᠯᠭᠠᠵᠤ᠂ ᠭᠠᠵᠢᠭᠤ ᠰᠤᠷᠲᠠᠯ ᠢ ᠬᠣᠷᠢᠭᠯᠠᠬᠤ︔ᠠᠰᠠᠭᠤᠳᠠᠯ ᠢ ᠢᠯᠡᠷᠡᠭᠦᠯᠵᠦ ᠂ ᠠᠰᠠᠭᠤᠳᠠᠯ ᠢ ᠰᠢᠶᠳᠪᠦᠷᠢᠯᠡᠬᠦ ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭ᠎ᠠ ᠠᠴᠠ ᠦᠨᠡᠨ  ᠶᠤᠰᠤ᠂ ᠵᠥᠪ ᠣᠨᠣᠪᠴᠢᠲᠠᠢ ᠰᠤᠳᠠᠯ  ᠢ  ᠤᠬᠠᠨ ᠣᠶᠢᠯᠠᠭᠠᠵᠤ᠂ ᠬᠥᠭᠵᠢᠯᠲᠡ ᠶᠢᠨ ᠵᠠᠮ ᠢ ᠡᠷᠢᠵᠦ ᠤᠯᠬᠤ ᠬᠡᠷᠡᠭᠲᠡᠢ᠃

ᠯᠢ ᠶᠦᠩ ᠵᠢᠶᠦ᠋ᠨ ᠴᠢᠬᠤᠯᠠᠴᠢᠯᠠᠭᠰᠠᠨ ᠨᠢ᠄

ᠰᠣᠷᠣᠭᠰᠠᠨ ᠢᠶᠠᠨ ᠬᠡᠷᠡᠭᠯᠡᠬᠦ ᠶᠢ ᠪᠠᠷᠢᠮᠲᠠᠯᠠᠵᠤ᠂ ᠬᠥᠭᠵᠢᠯᠲᠡ ᠶᠢ ᠠᠬᠢᠭᠤᠯᠬᠤ ᠬᠡᠷᠡᠭᠲᠡᠶ᠃ ᠭᠣᠣᠯ ᠰᠡᠳᠦᠪᠲᠦ ᠬᠥᠮᠦᠵᠢᠯ ᠨᠢ ᠦᠢᠯᠡᠳᠦᠯᠭᠡ ᠶᠢᠨ ᠴᠢᠨᠠᠷᠲᠠᠶ ᠴᠢᠩᠭ᠎ᠠ ᠱᠠᠭᠠᠷᠳᠠᠯᠭ᠎ᠠ ᠲᠠᠶ ᠪᠠᠶᠢᠵᠤ᠂ ᠤᠨᠤᠯ ᠤᠨ ᠬᠢᠴᠢᠶᠡᠯ ᠪᠣᠯᠬᠤ ᠮᠥᠷᠲᠡᠭᠡᠨ ᠪᠠᠰᠠ ᠦᠢᠯᠡᠳᠦᠯᠭᠡ ᠶᠢᠨ ᠬᠢᠴᠢᠶᠡᠯ ᠪᠣᠯᠬᠤ ᠤᠴᠢᠷ ᠠᠴᠠ ᠡᠷᠬᠡᠪᠰᠢ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ᠃ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠳᠡᠷᠡᠳᠡᠯ᠎ᠠ ᠲᠤᠤᠱᠯᠠᠭᠤᠯᠬᠤ ᠶᠢ ᠪᠠᠷᠢᠮᠲᠠᠯᠠᠵᠤ᠂ ᠡᠴᠦᠰ ᠲᠦᠨᠢ ᠲᠤᠯᠲᠠᠯ᠎ᠠ ᠰᠤᠷᠤᠯᠴᠠᠬᠤ᠂ ᠡᠴᠦᠰ ᠲᠦᠨᠢ ᠲᠤᠯᠲᠠᠯ᠎ᠠ ᠪᠠᠶᠢᠴᠠᠭᠠᠨ ᠰᠤᠳᠤᠯᠬᠤ᠂ ᠡᠴᠦᠰ ᠲᠦᠨᠢ ᠲᠤᠯᠲᠠᠯ᠎ᠠ ᠦᠢᠯᠡᠳᠦᠯᠭᠡᠵᠢᠭᠦᠯᠬᠦ᠂ ᠡᠬᠢᠨ ᠡᠴᠡ ᠨᠢ ᠳᠠᠭᠤᠰᠲᠠᠯ᠎ᠠ ᠲᠤᠤᠱᠯᠠᠭᠤᠯᠬᠤ᠂ ᠨᠢᠭᠡ ᠯᠡ ᠠᠮᠢᠰᠬᠤᠭ᠎ᠠ ᠪᠠᠷ ᠪᠡᠶᠡᠯᠡᠭᠦᠯᠬᠦ ᠶᠢ ᠪᠠᠷᠢᠮᠲᠠᠯᠠᠬᠤ ᠬᠡᠷᠡᠭᠲᠡᠢ᠃

ᠨᠢᠭᠡ ᠳᠦ ᠪᠠᠶᠢᠴᠠᠭᠠᠨ ᠰᠤᠳᠤᠯᠤᠯᠲᠠ ᠶᠢᠨ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠶ᠃ ᠶᠠᠮᠠᠷ ᠠᠰᠠᠭᠤᠳᠠᠯ ᠪᠠᠶᠢᠬᠤ ᠶᠢ ᠮᠡᠳᠡᠬᠦ ᠪᠡᠷ ᠪᠠᠷᠠᠬᠤ ᠦᠭᠡᠢ ᠠᠰᠠᠭᠤᠳᠠᠯ ᠢ ᠶᠠᠭᠠᠬᠢᠵᠤ ᠰᠢᠶᠳᠪᠦᠷᠢᠯᠡᠬᠦ ᠶᠢ ᠴᠦ ᠮᠡᠳᠡᠬᠦ ᠬᠡᠷᠡᠭᠲᠡᠶ᠃ ᠠᠷᠭ᠎ᠠ ᠳᠤ ᠴᠢᠭᠯᠡᠭᠦᠯᠦᠨ ᠪᠠᠶᠢᠴᠠᠭᠠᠨ ᠰᠤᠳᠤᠯᠤᠯᠲᠠ ᠬᠢᠵᠦ᠂ ᠠᠷᠭ᠎ᠠ ᠵᠠᠮ ᠳᠤ ᠴᠢᠭᠯᠡᠭᠦᠯᠦᠨ ᠰᠡᠳᠬᠢᠨ ᠪᠣᠳᠣᠯᠬᠢᠯᠠᠵᠤ᠂ ᠨᠢᠭᠡᠨ ᠰᠢᠨ᠎ᠡ ᠵᠠᠮ ᠢ ᠨᠡᠭᠡᠭᠡᠵᠦ᠂ ᠬᠥᠪᠡᠭᠡᠲᠦ ᠰᠢᠷ᠎ᠠ ᠬᠣᠰᠢᠭᠤᠨ ᠤ ᠬᠥᠭᠵᠢᠯᠲᠡ ᠪᠡᠷ ᠳᠤᠲᠠᠮᠠᠭ ᠪᠠᠶᠢᠭ᠎ᠠ ᠪᠠᠶᠢᠳᠠᠯ ᠢ ᠬᠤᠪᠢᠷᠠᠭᠤᠯᠵᠤ᠂ ᠲᠤᠰ ᠪᠡᠶ᠎ᠡ ᠶᠢᠨ ᠣᠨᠴᠠᠯᠢᠭ ᠲᠠᠶ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ᠃

ᠬᠣᠶᠠᠷ ᠲᠤ ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ᠳᠡᠭᠡᠷ᠎ᠡ ᠬᠦᠴᠦᠯᠡᠬᠦ ᠬᠡᠷᠡᠭᠲᠡᠶ ᠃ᠠᠯᠵᠠᠭᠤ ᠵᠠᠯᠬᠠᠭᠤ᠂ ᠪᠦᠳᠦᠭᠦᠯᠢᠭ᠂ ᠦᠷ᠎ᠡ ᠠᠰᠢᠭ ᠢᠶᠠᠷ ᠳᠣᠣᠷ᠎ᠠ ᠰᠤᠷᠲᠠᠯ ᠪᠠ 《ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ》 ᠤ ᠦᠵᠡᠭᠳᠡᠯ ᠢ ᠴᠡᠭᠴᠡᠯᠡᠨ ᠵᠠᠰᠠᠵᠤ᠂ ᠮᠠᠭᠤ ᠰᠤᠷᠲᠠᠯ ᠤᠨ ᠢᠯᠡᠷᠡᠯ ᠢ ᠨᠢᠭᠡᠴᠢ ᠳᠦ ᠬᠦᠷᠲᠡᠯ᠎ᠡ ᠨᠠᠶᠢᠳᠠᠪᠤᠷᠢᠵᠢᠭᠤᠯᠵᠤ᠂  ᠬᠣᠪᠢ ᠬᠦᠮᠦᠨ ᠳᠦ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ᠃ ᠭᠣᠣᠯ ᠰᠡᠳᠦᠪᠲᠦ ᠬᠥᠮᠦᠵᠢᠯ ᠢᠶᠡᠷ ᠳᠠᠮᠵᠢᠭᠤᠯᠤᠨ ᠰᠤᠷᠲᠠᠯ ᠢ ᠬᠥᠭᠵᠢᠭᠡᠬᠦ ᠬᠡᠷᠡᠭᠲᠡᠶ᠃

ᠭᠤᠷᠪᠠ ᠳᠤ ᠰᠤᠷᠦᠯᠴᠡᠯᠭ᠎ᠠ ᠪᠠᠷ ᠠᠵᠢᠯ ᠢ ᠠᠬᠢᠭᠤᠯᠬᠤ ᠲᠠᠯ᠎ᠠ ᠪᠠᠷ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠭᠣᠣᠯ ᠰᠡᠳᠦᠪᠲᠦ ᠰᠤᠷᠭᠠᠨ ᠬᠥᠮᠦᠵᠢᠯ ᠪᠣᠯᠤᠨ ᠡᠩ ᠦᠨ ᠠᠵᠢᠯ ᠪᠣᠯ ᠳᠡᠭᠡᠳᠦ ᠬᠡᠮᠵᠢᠶ᠎ᠡ ᠪᠡᠷ ᠠᠭᠤᠰᠤᠯᠴᠠᠵᠤ ᠪᠠᠶᠢᠳᠠᠭ᠂ ᠭᠣᠣᠯ ᠰᠡᠳᠦᠪᠲᠦ ᠰᠤᠷᠭᠠᠨ ᠬᠥᠮᠦᠵᠢᠯ ᠪᠣᠯᠤᠨ ᠠᠵᠢᠯ ᠢ ᠣᠷᠭᠠᠨᠢᠭ ᠢᠶᠠᠷ ᠨᠢᠭᠡᠳᠬᠡᠵᠦ᠂ ᠬᠣᠶᠠᠷ ᠲᠠᠯ᠎ᠠ ᠶᠢᠨ ᠬᠠᠷᠢᠴᠠᠭ᠎ᠠ ᠶᠢ ᠵᠥᠪ ᠪᠠᠶᠢᠷᠢᠯᠠᠭᠤᠯᠵᠤ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠭᠡᠯ ᠢᠶᠡᠷ ᠭᠣᠣᠯ ᠰᠡᠳᠦᠪᠲᠦ ᠰᠤᠷᠭᠠᠨ ᠬᠥᠮᠦᠵᠢᠯ ᠦᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ᠃ ᠪᠠᠭᠴᠠᠯᠠᠭᠠᠳ ᠬᠡᠯᠡᠪᠡᠯ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠵᠦ᠂ ᠦᠢᠯᠡᠳᠦᠯᠭᠡ ᠶᠢ ᠪᠣᠳᠠᠲᠠᠶᠢᠵᠢᠭᠤᠯᠵᠤ᠂ ᠭᠣᠣᠯ ᠰᠡᠳᠦᠪᠲᠦ ᠬᠥᠮᠦᠵᠢᠯ ᠢ ᠦᠷ᠎ᠡ ᠪᠦᠲᠦᠮᠵᠢ ᠲᠡᠶ ᠪᠣᠯᠭᠠᠬᠤ ᠶᠠᠪᠤᠳᠠᠯ ᠪᠣᠯᠤᠨ᠎ᠠ᠃

 ᠵᠢᠭᠠᠨ ᠵᠢᠯᠣᠭᠣᠳᠬᠤ ᠬᠤᠭᠤᠴᠠᠭᠠᠨ ᠳᠤ ᠂ ᠯᠢ ᠶᠦᠩ ᠵᠢᠶᠦ᠋ᠨ ᠪᠠᠰᠠ ᠬᠣᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠦ ᠶᠡᠬᠡ ᠲᠢᠩᠬᠢᠮ ᠪᠣᠯᠤᠨ ᠴᠠᠭᠠᠨ ᠢᠳᠡᠭᠡᠨ ᠦ ᠠᠵᠤ ᠦᠶᠯᠡᠰ ᠦᠨ ᠬᠦᠷᠢᠶᠡᠯᠡᠩ ᠲᠣᠭᠣᠷᠢᠭ ᠵᠡᠷᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ ᠃ ᠰᠢᠯᠢ ᠶᠢᠨ ᠭᠣᠣᠯ ᠠᠶᠢᠮᠠᠭ ᠤᠨ ᠬᠤᠪᠢᠶᠠᠷᠢ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠳᠠᠷᠤᠭ᠎ᠠ ᠼᠤᠤ ᠽᠢ ᠭᠠᠩ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro