ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠡᠭᠦᠷᠭᠡ ᠲᠤᠰᠢᠶᠠᠯ ᠢᠶᠠᠨ ᠭᠦᠶᠴᠡᠳᠬᠡᠬᠦ ᠦᠶᠯᠡᠴᠢᠯᠡᠭᠡ ᠪᠡᠷ ᠲᠥᠷᠥ ᠶᠢᠨ ᠶᠠᠪᠤᠳᠠᠯ ᠤᠨ ᠬᠣᠷᠢᠶᠠᠨ ᠤ ︽ ᠰᠠᠨᠠᠯ ︾  ᠤᠨ  ᠲᠤᠭᠤᠰᠢᠯᠠᠭᠤᠯᠤᠯᠲᠠ ᠪᠠ ᠨᠠᠶᠢᠳᠠᠪᠤᠷᠢᠵᠢᠭᠤᠯᠤᠯᠲᠠ  ᠳᠦ ᠦᠢᠯᠡᠴᠢᠯᠡᠨ ᠪᠠᠲᠤᠯᠠᠭ᠎ᠠ ᠬᠠᠩᠭᠠᠶ᠎ᠠ

2023-10-27 12:45:03
ᠵᠣᠬᠢᠶᠠᠭᠴᠢ
ᠨᠠᠪᠴᠢ

 

10 ᠳ᠋ᠤᠭᠠᠷ ᠰᠠᠷ᠎ᠠ ᠶᠢᠨ 19 ᠦ ᠡᠳᠦᠷ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ 10 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ᠭᠣᠸᠯ ᠳᠤᠭᠤᠶᠢᠯᠠᠩ ︵ ᠥᠷᠭᠡᠳᠬᠡᠭᠰᠡᠨ ︶ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ ᠂ ︽ ᠥᠪᠥᠷ ᠮᠣᠩᠭᠣᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠣᠷᠢᠶᠠᠨ ᠤ ᠰᠠᠨᠠᠯ ︾ ︵ ᠳᠣᠷᠣᠭᠰᠢ ︽ ᠰᠠᠨᠠᠯ ︾ ᠭᠡᠵᠦ ᠲᠣᠪᠴᠢᠯᠠᠨ᠎ᠠ ︶ ᠪᠣᠯᠤᠨ ᠪᠥᠬᠥ ᠣᠷᠣᠨ ᠤ ᠭᠣᠸᠯᠳᠠᠯᠭ᠎ᠠ ᠲᠠᠶ ᠠᠵᠢᠯ ᠢ ᠳᠥᠯᠭᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠃ ᠬᠤᠷᠠᠯ ᠢ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠡᠷᠭᠢᠯᠡᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠤᠯᠤᠰ ᠲᠦᠷᠦ ᠰᠤᠳᠤᠯᠭᠠᠨ ᠤ ᠲᠠᠰᠤᠭ ᠤᠨ ᠤᠯᠤᠰ ᠲᠦᠷᠦ ᠪᠠ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠭᠠᠵᠠᠷ ᠤᠨ ᠳᠠᠷᠤᠭ᠎ᠠ ᠭᠤᠤ ᠶᠦᠩ  ᠴᠸᠩ ︽ᠰᠠᠨᠠᠯ︾ ᠤᠨ ᠭᠣᠣᠯ ᠵᠣᠷᠢᠭ  ᠰᠠᠨᠠᠭᠠᠨ ᠳᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠵᠡᠢ᠃

 

 

ᠬᠤᠷᠠᠯ ᠠᠴᠠ ᠦᠵᠡᠭᠰᠡᠨ ᠨᠢ ᠂ 《 ᠰᠠᠨᠠᠯ 》 ᠨᠢ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠣᠯ ᠳᠤ ᠣᠯᠭᠣᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ ᠂ ᠮᠠᠨ ᠤ ᠣᠷᠣᠨ ᠤ 《 ᠲᠠᠪᠤᠨ ᠶᠡᠬᠡ ᠡᠭᠦᠷᠭᠡ 》 ᠪᠡᠨ ᠪᠡᠶᠡᠯᠡᠭᠦᠯᠬᠦ ᠶᠢ ᠳᠡᠮᠵᠢᠬᠦ ᠪᠡᠷ ᠴᠢᠩᠭ᠎ᠠ ᠠᠳᠬᠤᠵᠤ ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠶ ᠱᠠᠭᠠᠷᠳᠠᠯᠭ᠎ᠠ ᠂ ᠭᠣᠣᠯ ᠡᠭᠦᠷᠭᠡ ᠪᠣᠯᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ ᠂ ᠰᠢᠨ᠎ᠡ ᠵᠠᠮ ᠢ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ ᠴᠠᠭ ᠤᠨ ᠬᠦᠰᠦᠨᠦᠭᠲᠦ ᠪᠣᠯᠤᠨ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠰᠢ ᠶᠢᠨ ᠫᠢᠩ ᠨᠥᠬᠥᠷ ᠢᠶᠡᠷ ᠭᠣᠣᠯ ᠪᠣᠯᠭᠠᠭᠰᠠᠨ ᠨᠠᠮ ᠤᠨ ᠲᠥᠪ ᠬᠣᠷᠢᠢ᠎ᠠ ᠠᠴᠠ ᠥᠪᠥᠷ ᠮᠣᠩᠭᠣᠯ ᠤᠨ ᠠᠵᠢᠯ ᠢ ᠳᠡᠭᠡᠳᠦ ᠬᠡᠮᠵᠢᠢ᠎ᠡ ᠪᠡᠷ ᠴᠢᠬᠤᠯᠠᠴᠢᠯᠠᠵᠤ᠂ ᠥᠪᠥᠷ ᠮᠣᠩᠭᠣᠯ ᠤᠨ ᠦᠨᠳᠦᠰᠦᠲᠡᠨ ᠨᠦᠭᠦᠳ ᠦᠨ ᠠᠷᠠᠳ ᠲᠦᠮᠡᠨ ᠢ ᠬᠠᠶᠢᠷᠠᠯᠠᠨ ᠬᠠᠯᠠᠮᠵᠢᠯᠠᠵᠤ᠂ ᠥᠪᠥᠷ ᠮᠣᠩᠭᠣᠯ ᠤᠨ ᠬᠥᠭᠵᠢᠯᠲᠡ ᠳᠦ ᠲᠠᠯᠪᠢᠵᠤ ᠪᠠᠶᠢᠭ᠎ᠠ ᠴᠢᠩ ᠰᠡᠳᠬᠢᠯ ᠦᠨ ᠬᠦᠰᠡᠯ ᠡᠷᠡᠮᠡᠯᠵᠡᠯ ᠢᠶᠡᠷ ᠪᠢᠯᠬᠠᠵᠤ᠂ ᠮᠠᠨ ᠤ ᠣᠷᠣᠨ ᠤ ᠠᠵᠤ ᠠᠬᠤᠢ ᠨᠡᠶᠢᠭᠡᠮ ᠦᠨ ᠬᠥᠭᠵᠢᠯᠲᠡ ᠶᠢ ᠵᠢᠯᠣᠭᠣᠳᠬᠤ ᠬᠥᠲᠥᠯᠪᠦᠷᠢ ᠶᠢᠨ ᠴᠢᠨᠠᠷᠲᠠᠢ ᠪᠢᠴᠢᠭ  ᠮᠠᠲᠸᠷᠢᠶᠠᠯ ᠪᠣᠯᠤᠨ᠎ᠠ᠃

 

 

ᠯᠢ ᠶᠦᠩ ᠵᠢᠶᠦ᠋ᠨ ᠢᠯᠡᠷᠬᠡᠶᠢᠯᠡᠬᠦ ᠳᠡᠭᠡᠨ ᠂ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠪᠠ ᠪᠠᠶᠢᠴᠠᠭᠠᠬᠤ ᠠᠵᠢᠯᠲᠠᠳ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠸᠬᠡ ᠶᠢᠨ ᠡᠭᠦᠷᠭᠡᠲᠦ ᠰᠡᠳᠬᠢᠯᠭᠡ ᠪᠡᠨ ᠦᠨᠡᠨ ᠬᠦ ᠴᠢᠩᠭᠠᠳᠬᠠᠵᠤ ᠂ ︽ ᠰᠠᠨᠠᠯ ︾ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠣᠷᠢᠨ ᠳᠤ ᠂ ᠲᠡᠸᠬᠡ ᠶᠢᠨ ᠠᠵᠠ ᠲᠣᠬᠢᠶᠠᠯ ᠢ ᠠᠮᠵᠢᠨ ᠂ ᠬᠠᠸᠯᠢ ᠶᠣᠰᠣᠭᠠᠷ ᠡᠭᠦᠷᠭᠡ ᠲᠤᠰᠢᠶᠠᠯ ᠢᠶᠠᠨ ᠴᠢᠳᠠᠮᠠᠭᠠᠶ ᠭᠦᠶᠴᠡᠳᠬᠡᠵᠦ ᠂ ᠪᠠᠶᠢᠴᠠᠭᠠᠬᠤ ᠠᠵᠢᠯ ᠤᠨ ᠣᠳᠣᠬᠢᠴᠢᠯᠠᠯᠲᠠ ᠪᠠᠷ ᠥᠪᠥᠷ ᠮᠣᠩᠭᠣᠯ ᠤᠨ ᠴᠢᠨᠠᠷ ᠰᠠᠶᠢᠲᠠᠶ ᠬᠥᠭᠵᠢᠯᠲᠡ ᠳᠦ ᠦᠶᠯᠡᠴᠢᠯᠡᠬᠦ ᠬᠡᠷᠡᠭᠲᠡᠶ ᠭᠡᠵᠡᠶ ᠃

ᠨᠢᠭᠡᠳᠦᠭᠡᠷ ᠲᠦ᠂ ᠠᠷᠭ᠎ᠠ ᠪᠠᠨ ᠲᠣᠳᠣᠷᠬᠠᠶ ᠮᠡᠳᠡᠬᠦ ᠬᠡᠷᠡᠭᠲᠡᠶ᠃ ︽ᠰᠠᠨᠠᠯ︾  ᠳᠡᠬᠢ ᠶᠡᠬᠡ ᠬᠠᠷᠠᠯᠲᠠ᠂ ᠶᠡᠬᠡ ᠵᠠᠷᠴᠢᠮ᠂ ᠶᠡᠬᠡ ᠲᠦᠷᠦ ᠶᠢᠨ ᠪᠤᠳᠤᠯᠭ᠎ᠠ᠂ ᠶᠡᠬᠡ ᠲᠦᠷᠦᠯ ᠵᠦᠢᠯ ᠳᠦ ᠳᠣᠲᠣᠷ᠎ᠠ ᠪᠠᠨ ᠲᠣᠭ᠎ᠠ ᠲᠠᠶ ᠪᠠᠶᠢᠬᠤ ᠬᠡᠷᠡᠭᠲᠡᠢ᠃ 

ᠬᠣᠶᠠᠳᠤᠭᠠᠷ ᠲᠤ ᠂  ᠠᠵᠢᠯ ᠤᠨ ᠭᠠᠷᠳᠠᠴᠠ ᠪᠠᠨ ᠣᠨᠣᠪᠴᠢᠲᠠᠶ ᠰᠣᠩᠭᠣᠬᠤ ᠬᠡᠷᠡᠭᠲᠡᠶ ᠃ ︽ ᠰᠠᠨᠠᠯ ︾ ᠨᠢ ᠥᠪᠥᠷ ᠮᠣᠩᠭᠣᠯ ᠤᠨ ︽ ᠲᠠᠪᠤᠨ ᠶᠡᠬᠡ ᠡᠭᠦᠷᠭᠡ ︾ ᠶᠢ ᠰᠠᠶᠢᠲᠤᠷ ᠪᠡᠶᠡᠯᠡᠭᠦᠯᠬᠦ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠥ ᠲᠠᠯ᠎ᠠ ᠪᠠᠷ ᠪᠥᠲᠥᠭᠡᠨ ᠪᠠᠶᠢᠭᠤᠯᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠶ ᠵᠢᠭᠠᠵᠤ ᠥᠭᠭᠦᠭᠰᠡᠨ ᠢᠶᠡᠷ ᠪᠠᠷᠠᠬᠤ ᠥᠬᠡᠶ ᠪᠠᠰᠠ ᠪᠠᠶᠢᠴᠠᠭᠠᠬᠤ ᠪᠠᠶᠢᠭᠤᠯᠭ᠎ᠠ ᠳᠤ ᠨᠠᠩ ᠬᠦᠨᠳᠦ ᠤᠯᠤᠰ ᠲᠥᠷᠥ ᠶᠢᠨ ᠬᠠᠷᠢᠭᠤᠴᠠᠯᠭ᠎ᠠ ᠣᠯᠭᠣᠭᠰᠠᠨ ᠪᠠᠶᠢᠨ᠎ᠠ ᠃ 

ᠭᠤᠷᠪᠠᠳᠤᠭᠠᠷ ᠲᠤ ᠂ ᠵᠥᠪ ᠠᠯᠬᠤᠮ ᠢ ᠭᠢᠰᠬᠢᠬᠦ ᠬᠡᠷᠡᠭᠲᠡᠶ ᠃ ︽ᠰᠠᠨᠠᠯ ︾ ᠪᠣᠯᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠳᠤ ᠬᠦᠨᠳᠦ ᠬᠥᠩᠭᠡᠨ ᠠᠯᠭᠤᠷ ᠪᠠᠴᠢᠮ ᠢ ᠲᠣᠳᠣᠷᠬᠠᠶ ᠢᠯᠭᠠᠵᠤ ᠂ ᠠᠯᠬᠤᠴᠠ ᠪᠠᠨ ᠣᠨᠣᠪᠴᠢᠲᠠᠶ ᠲᠣᠭᠲᠠᠭᠠᠵᠤ ᠂ ᠠᠷᠭ᠎ᠠ ᠬᠡᠮᠵᠢᠶ᠎ᠡ ᠪᠡᠨ ᠰᠠᠶᠢᠲᠤᠷ ᠲᠣᠭᠲᠠᠭᠠᠬᠤ ᠬᠡᠷᠡᠭᠲᠡᠶ ᠃ 

ᠳᠥᠷᠪᠡᠳᠦᠭᠡᠷ ᠲᠦ ᠂ ᠪᠠᠶᠢᠳᠠᠯ ᠢ ᠨᠢ ᠰᠡᠢᠢᠠ ᠲᠣᠬᠢᠷᠠᠭᠤᠯᠬᠤ ᠬᠡᠷᠡᠭᠲᠡᠶ᠃ᠠᠵᠢᠯ ᠤᠨ ᠳᠤᠮᠳᠠᠬᠢ ︽ᠤᠳᠠᠭᠠᠨ ︾ ︽ ᠪᠦᠳᠦᠭᠦᠯᠢᠭ ︾ ︽ ᠬᠡᠶᠢᠰᠪᠦᠷᠢ ︾ ᠠᠰᠠᠭᠤᠳᠠᠯ ᠢ ᠲᠦᠷᠭᠡᠨ ᠰᠢᠶᠳᠪᠦᠷᠢᠯᠡᠵᠦ ᠂ ︽ ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ ︾ ᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ ᠂ ᠵᠥᠪ ᠴᠢᠭᠯᠡᠯ ᠢᠶᠡᠷ ᠤᠷᠮᠠᠰᠢᠭᠤᠯᠬᠤ ᠪᠠ ᠡᠰᠡᠷᠭᠦ ᠴᠢᠭᠯᠡᠯ ᠢᠶᠡᠷ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ ᠂ ᠠᠵᠢᠯ ᠦᠶᠯᠡᠰ ᠲᠡᠶ ᠬᠥᠮᠦᠰ ᠢ ᠦᠨᠡᠨ ᠬᠦ ᠣᠷᠣᠨ ᠪᠠᠶᠢᠷᠢ ᠲᠠᠶ ᠪᠣᠯᠭᠠᠬᠤ ᠬᠡᠷᠡᠭᠲᠡᠶ ᠃ 

 

 

ᠭᠣᠣ ᠶᠦᠩ ᠴᠧᠩ 《 ᠠᠴᠢᠯᠠᠯᠲᠤ ᠰᠡᠳᠬᠢᠯ ᠪᠣᠯᠤᠨ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭ᠎ᠠ ᠪᠠᠷ ᠰᠠᠨᠠᠯ  ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ  ᠢ ᠰᠠᠶᠢᠲᠤᠷ ᠠᠳᠬᠤᠬᠤ ᠬᠡᠷᠡᠭᠲᠡᠶ 》 《 ᠭᠣᠣᠯ ᠡᠭᠦᠷᠭᠡ ᠡᠭᠦᠷᠭᠡᠯᠡᠵᠦ ᠬᠦᠨᠳᠦ ᠡᠭᠦᠷᠭᠡ ᠡᠭᠦᠷᠭᠡᠯᠡᠬᠦ ᠡᠭᠦᠷᠭᠡᠯᠡᠯ  ᠢᠶᠡᠷ  ᠤᠮᠠᠷᠠᠲᠤ  ᠶᠢᠨ ᠭᠤᠷᠪᠠᠨ ᠣᠷᠣᠨ  ᠤ ᠢᠨᠵᠧᠨᠧᠷᠢᠩ ᠦᠨ ᠪᠡᠷᠬᠡ ᠰᠡᠳᠦᠪ  ᠢ ᠰᠢᠶᠳᠪᠦᠷᠢᠯᠡᠬᠦ ᠳᠠᠶᠢᠯᠠᠯᠳᠤᠭᠠᠨ  ᠢ ᠰᠠᠶᠢᠲᠤᠷ ᠬᠢᠬᠦ ᠬᠡᠷᠡᠭᠲᠡᠶ 》 ᠵᠡᠷᠭᠡ ᠲᠠᠪᠤᠨ ᠲᠠᠯ᠎ᠠ  ᠠᠴᠠ ︽ ᠰᠠᠨᠠᠯ ︾ ᠢ ᠨᠡᠶᠢᠲᠡᠯᠡᠭᠰᠡᠨ ᠠᠬᠤᠶ ᠪᠠᠶᠢᠳᠠᠯ ᠪᠠ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠲᠤᠸᠱᠯᠠᠭᠤᠯᠤᠨ ᠨᠠᠶᠢᠳᠠᠪᠤᠷᠢᠵᠢᠭᠤᠯᠤᠭᠰᠠᠨ ᠠᠵᠢᠯ ᠤᠨ ᠠᠷᠭ᠎ᠠ ᠬᠡᠮᠵᠢᠶ᠎ᠡ ᠶᠢ ᠰᠢᠰᠲ᠋ᠧᠮ ᠲᠡᠶ ᠲᠠᠶᠢᠯᠪᠤᠷᠢᠯᠠᠵᠤ ᠂ ᠬᠤᠷᠠᠯ ᠳᠤ ᠣᠷᠣᠯᠴᠠᠭᠰᠠᠳ ᠤᠨ ︽ ᠰᠠᠨᠠᠯ ︾ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠬᠤ ᠂ ᠲᠤᠸᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠳᠤ ᠢᠳᠡᠪᠬᠢᠲᠡᠶ ᠠᠬᠢᠭᠤᠯᠬᠤ ᠦᠶᠯᠡᠳᠦᠯ ᠦᠵᠡᠭᠦᠯᠪᠡ ᠃

ᠬᠤᠷᠠᠯ ᠳᠤ ᠣᠷᠣᠯᠴᠠᠭᠰᠠᠨ ᠪᠠᠶᠢᠴᠠᠭᠠᠬᠤ ᠠᠵᠢᠯᠲᠠᠳ ᠢᠯᠡᠷᠬᠡᠶᠢᠯᠡᠬᠦ ᠳᠡᠭᠡᠨ ᠂ ︽ ᠰᠠᠨᠠᠯ ︾ ᠳ᠋ᠤ ᠳᠤᠷᠠᠳᠤᠭᠰᠠᠨ ᠲᠤᠯᠤᠭᠠᠨ ᠲᠠᠯ᠎ᠠ ᠶᠢᠨ ᠭᠣᠸᠯ ᠡᠭᠦᠷᠭᠡ ᠲᠡᠶ ᠨᠢᠭᠲᠠ ᠤᠶᠠᠯᠳᠤᠭᠤᠯᠤᠨ ᠂ ᠬᠣᠶᠠᠷ ᠶᠡᠬᠡ ᠶᠠᠪᠤᠳᠠᠯ ᠢ ᠰᠠᠶᠢᠲᠤᠷ ᠬᠢᠬᠦ ᠳᠦ ᠠᠩᠬᠠᠷᠤᠯ ᠢᠶᠠᠨ ᠲᠥᠪᠯᠡᠷᠡᠭᠦᠯᠵᠦ ᠂ ᠬᠠᠸᠯᠢ ᠶᠣᠰᠣᠭᠠᠷ ᠴᠢᠳᠠᠮᠠᠭᠠᠶ ᠪᠠᠷ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠢ ᠴᠢᠩᠭᠠᠳᠬᠠᠨ ᠂ ᠨᠠᠩ ᠰᠢᠯᠢᠳᠡᠭ ᠪᠠᠶᠢᠴᠠᠭᠠᠬᠤ ᠠᠵᠢᠯ ᠤᠨ ᠠᠮᠵᠢᠯᠲᠠ ᠪᠦᠲᠦᠮᠵᠢ ᠪᠡᠷ ᠥᠪᠥᠷ ᠮᠣᠩᠭᠣᠯ ᠤᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠠᠸᠭ᠎ᠠ ᠵᠢᠷᠤᠭ ᠲᠥᠯᠥᠪᠯᠡᠭᠡ ᠶᠢ ᠰᠠᠶᠢᠨ ᠰᠠᠶᠢᠬᠠᠨ ᠪᠣᠳᠠᠲᠤ ᠠᠬᠤᠶ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ ᠭᠡᠵᠡᠶ ᠃

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro