ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠪᠥᠬᠥ ᠣᠷᠣᠨ ᠤ ᠪᠠᠶᠢᠴᠠᠭᠠᠬᠤ ᠠᠵᠢᠯ ᠤᠨ ᠪᠠᠭᠰᠢ ᠶᠢᠨ ᠡᠩᠨᠡᠭᠡᠨ ᠦ ᠪᠣᠯᠪᠠᠰᠤᠷᠠᠯ ᠤᠨ ᠠᠩᠭᠢ ᠡᠷᠬᠢᠯᠡᠪᠡ

2023-11-13 11:36:40
ᠵᠣᠬᠢᠶᠠᠭᠴᠢ
ᠨᠠᠪᠴᠢ

 

10 ᠳ᠋ᠤᠭᠠᠷ ᠰᠠᠷ᠎ᠠ ᠶᠢᠨ 15 ᠤ ᠡᠳᠦᠷ ᠡᠴᠡ 21 ᠦ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ  ᠠᠴᠠ ᠪᠥᠬᠥ ᠣᠷᠣᠨ ᠤ ᠪᠠᠶᠢᠴᠠᠭᠠᠬᠤ  ᠪᠠᠶᠢᠭᠤᠯᠭ᠎ᠠ ᠶᠢᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠪᠠᠭᠰᠢ ᠶᠢᠨ ᠡᠩᠨᠡᠭᠡᠨ ᠦ  ᠪᠤᠯᠪᠠᠰᠤᠷᠠᠯ ᠤᠨ ᠠᠩᠭᠢ ᠡᠷᠭᠢᠯᠡᠵᠦ ᠂ ᠪᠥᠬᠥ ᠣᠷᠣᠨ ᠤ ᠪᠠᠶᠢᠴᠠᠭᠠᠬᠤ  ᠪᠠᠶᠢᠭᠤᠯᠭ᠎ᠠ ᠶᠢᠨ ᠰᠤᠷᠭᠠᠨ ᠬᠥᠮᠦᠵᠢᠯ ᠦᠨ ᠪᠠᠭᠰᠢ ᠶᠢᠨ ᠬᠥᠮᠥᠷᠭᠡ ᠪᠣᠯᠤᠨ ᠣᠶᠢᠷ᠎ᠠ ᠶᠢᠨ 3 ᠵᠢᠯ ᠳᠦ ᠬᠢᠴᠢᠶᠡᠯ ᠣᠷᠣᠭᠰᠠᠨ ᠥᠩᠭᠡᠷᠡᠯᠲᠡ ᠲᠡᠶ ᠪᠠᠶᠢᠴᠠᠭᠠᠬᠤ ᠠᠵᠢᠯᠲᠠᠨ ᠂ ᠪᠠᠶᠢᠴᠠᠭᠠᠬᠤ ᠲᠤᠰᠢᠶᠠᠯᠲᠠᠨ ᠤ ᠳᠠᠪᠲᠠᠨ ᠪᠣᠯᠪᠠᠰᠤᠷᠠᠬᠤ ᠳᠡᠭᠡᠳᠦ ᠰᠤᠷᠭᠠᠭᠤᠯᠢ ᠶᠢᠨ ᠲᠤᠰᠬᠠᠶ ᠲᠤᠰᠢᠶᠠᠯᠲᠤ ᠪᠠᠭᠰᠢ ᠵᠡᠷᠭᠡ ᠨᠡᠶᠢᠲᠡ 72 ᠬᠥᠮᠦᠨ  ᠪᠤᠯᠪᠠᠰᠤᠷᠠᠯ ᠳᠤ ᠣᠷᠣᠯᠴᠠᠵᠠᠶ ᠃

 

 

ᠪᠣᠯᠪᠠᠰᠤᠷᠠᠯ ᠤᠨ ᠠᠩᠭᠢ  ᠨᠢ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ  ᠤᠨ  ᠬᠠᠥᠯᠢ ᠪᠠᠷ ᠵᠠᠰᠠᠬᠤ ᠦᠵᠡᠯ ᠰᠠᠨᠠᠭ᠎ᠠ  ᠶᠢ ᠰᠤᠷᠤᠯᠴᠠᠬᠤ ᠶᠢᠨ ᠲᠣᠭᠣᠷᠢᠨ ᠳᠤ ᠂ ᠪᠠᠭᠰᠢ ᠶᠢᠨ ᠠᠵᠢᠯ ᠮᠡᠷᠭᠡᠵᠢᠯ ᠦᠨ ᠬᠡᠪ ᠪᠣᠯᠪᠠᠰᠤᠷᠠᠯ᠂ ᠪᠠᠶᠢᠴᠠᠭᠠᠬᠤ ᠪᠠᠶᠢᠴᠠᠭᠠᠨ ᠰᠤᠳᠤᠯᠤᠯᠲᠠ ᠶᠢᠨ ᠵᠣᠬᠢᠶᠠᠯ ᠪᠠ ᠰᠡᠳᠬᠦᠯ ᠳᠦ ᠬᠡᠷᠡᠭᠯᠡᠬᠦ ᠡᠬᠡ ᠪᠢᠴᠢᠭ ᠦᠨ ᠪᠠᠷᠢᠮᠵᠢᠶ᠎ᠠ ᠵᠡᠷᠭᠡ ᠪᠡᠷ ᠰᠡᠳᠦᠪ ᠠᠪᠴᠤ  ᠂ ᠰᠢᠯᠢᠳᠡᠭ  ᠰᠠᠶᠢᠨ ᠬᠢᠴᠢᠶᠡᠯ᠂ ᠪᠣᠯᠪᠠᠰᠤᠷᠠᠯ ᠤᠨ ᠤᠨᠤᠯᠵᠢᠬᠤᠨ ᠪᠠ ᠠᠷᠭ᠎ᠠ ᠬᠡᠯᠪᠡᠷᠢ᠂ ᠵᠢᠭᠠᠨ ᠰᠤᠷᠭᠠᠯᠲᠠ ᠶᠢᠨ ᠨᠡᠪᠲᠡᠷᠡᠯᠴᠡᠬᠦ ᠤᠷᠠᠯᠢᠭ᠂ ᠬᠡᠷᠡᠭ ᠦᠨ ᠵᠢᠱᠢᠢ᠎ᠡ ᠶᠢᠨ ᠵᠢᠭᠠᠨ ᠰᠤᠷᠭᠠᠯᠲᠠ ᠶᠢᠨ ᠠᠷᠭ᠎ᠠ ᠶᠢᠨ ᠬᠡᠷᠡᠭᠯᠡᠯᠲᠡ ᠵᠡᠷᠭᠡ ᠤᠯᠠᠨ ᠬᠦᠷᠢᠢ᠎ᠡ ᠶᠢ ᠬᠠᠮᠤᠷᠴᠤ᠂ ᠤᠯᠤᠰ ᠲᠦᠷᠦ ᠶᠢᠨ ᠤᠨᠤᠯ᠂ ᠠᠵᠢᠯ ᠮᠡᠷᠭᠡᠵᠢᠯ ᠦᠨ ᠬᠡᠪ ᠪᠣᠯᠪᠠᠰᠤᠷᠠᠯ᠂ ᠤᠨᠤᠯ ᠤᠨ ᠰᠤᠳᠤᠯᠭᠠᠨ᠂ ᠰᠢᠯᠢᠳᠡᠭ ᠬᠢᠴᠢᠶᠡᠯ᠂ ᠵᠢᠭᠠᠨ ᠰᠤᠷᠭᠠᠯᠲᠠ ᠶᠢᠨ ᠪᠣᠳᠠᠲᠤ ᠶᠠᠪᠤᠳᠠᠯ᠂ ᠪᠠᠶᠢᠴᠠᠭᠠᠬᠤ ᠲᠤᠬᠠᠶᠢᠯᠠᠭᠰᠠᠨ ᠠᠵᠢᠯ ᠵᠡᠷᠭᠡ ᠵᠢᠷᠭᠤᠭᠠᠨ ᠶᠡᠬᠡ ᠬᠡᠰᠡᠭ ᠢᠶᠡᠷ ᠬᠢᠴᠢᠶᠡᠯ ᠲᠤᠬᠢᠷᠠᠭᠤᠯᠪᠠ᠃ ᠡᠭᠦᠨ ᠦ ᠬᠠᠮᠲᠤ ᠠᠮᠢᠳᠤᠯᠢᠭ  ᠪᠦᠭᠡᠳ ᠤᠯᠠᠨ  ᠶᠠᠩᠵᠤ ᠵᠢᠨ ᠵᠢᠭᠠᠨ ᠰᠤᠷᠭᠠᠬᠤ ᠠᠷᠭ᠎ᠠ ᠮᠠᠶ᠋ᠢᠭ  ᠶᠢ ᠬᠡᠷᠡᠭᠯᠡᠵᠦ᠂  ᠲᠤᠰᠬᠠᠶ ᠮᠡᠷᠭᠡᠵᠢᠯᠲᠡᠨ ᠡᠴᠡ ᠬᠢᠴᠢᠶᠡᠯ ᠵᠢᠭᠠᠬᠤ ᠂ ᠬᠡᠷᠡᠭ ᠦᠨ ᠵᠢᠱᠢᠶ᠎ᠡ ᠶᠢ ᠵᠠᠳᠠᠯᠬᠤ᠂ ᠳᠤᠭᠤᠶᠢᠯᠠᠩ ᠬᠤᠪᠢᠶᠠᠨ ᠶᠠᠷᠢᠯᠴᠠᠬᠤ ᠂ ᠲᠤᠬᠠᠶ ᠶᠢᠨ ᠲᠠᠯᠠᠪᠤᠷ ᠲᠤᠨᠢ ᠬᠢᠴᠢᠶᠡᠯ  ᠦᠨᠡᠯᠠᠵᠦ ᠂ ᠰᠤᠷᠤᠭᠴᠢᠳ ᠢ ᠬᠠᠪᠰᠤᠷᠤᠨ ᠬᠢᠴᠢᠶᠡᠯ ᠣᠷᠣᠬᠤ ᠶᠠᠪᠤᠴᠠ ᠳᠤ ᠲᠣᠬᠢᠶᠠᠯᠳᠤᠵᠤ ᠮᠡᠳᠡᠬᠦ ᠡᠯ᠎ᠡ ᠵᠦᠶᠯ ᠦᠨ ᠠᠰᠠᠭᠤᠳᠠᠯ ᠢ ᠢᠯᠡᠷᠡᠭᠦᠯᠦᠨ ᠰᠢᠶᠳᠪᠦᠷᠢᠯᠡᠵᠦ  ᠦᠭᠭᠦᠭᠰᠡᠨ ᠪᠠᠶᠢᠨ᠎ᠠ ᠃

 

 

ᠲᠤᠰ ᠤᠳᠠᠭᠠᠨ ᠤ ᠪᠣᠯᠪᠠᠰᠤᠷᠠᠯ ᠳᠤ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ 《 ᠪᠠᠶᠢᠴᠠᠭᠠᠬᠤ ᠪᠠᠶᠢᠭᠤᠯᠭ᠎ᠠ ᠶᠢᠨ ᠤᠯᠤᠰ ᠲᠥᠷᠥ ᠲᠤᠬᠠᠶᠢᠯᠠᠭᠰᠠᠨ ᠠᠵᠢᠯ ᠤᠨ  ᠪᠤᠯᠪᠠᠰᠤᠷᠠᠯ ᠢ ᠬᠡᠷᠬᠢᠨ ᠰᠠᠶᠢᠲᠤᠷ ᠬᠢᠬᠦ 》 ᠰᠡᠳᠦᠪ ᠢᠶᠡᠷ ᠲᠤᠰᠬᠠᠶ ᠰᠡᠳᠦᠪ ᠢᠶᠡᠷ ᠬᠢᠴᠢᠶᠡᠯ ᠣᠷᠣᠵᠤ ᠂ 《 ᠶᠠᠭᠤᠨ ᠤ ᠤᠴᠢᠷ  ᠠᠴᠠ ᠤᠯᠤᠰ ᠲᠥᠷᠥ  ᠶᠢᠨ ᠲᠤᠬᠠᠶᠢᠯᠠᠭᠰᠠᠨ ᠠᠵᠢᠯ ᠤᠨ  ᠪᠤᠯᠪᠠᠰᠤᠷᠠᠯ  ᠢ ᠥᠷᠨᠢᠭᠦᠯᠬᠦ 》 《 ᠤᠯᠤᠰ ᠲᠥᠷᠥ  ᠶᠢᠨ ᠲᠤᠬᠠᠶᠢᠯᠠᠭᠰᠠᠨ ᠠᠵᠢᠯ ᠤᠨ  ᠪᠤᠯᠪᠠᠰᠤᠷᠠᠯ ᠳᠤ ᠶᠠᠭᠤ  ᠶᠢ ᠪᠣᠯᠪᠠᠰᠤᠷᠠᠭᠤᠯᠬᠤ 》 《 ᠤᠯᠤᠰ ᠲᠥᠷᠥ  ᠶᠢᠨ ᠲᠤᠬᠠᠶᠢᠯᠠᠭᠰᠠᠨ ᠠᠵᠢᠯ ᠤᠨ  ᠪᠤᠯᠪᠠᠰᠤᠷᠠᠯ  ᠢ ᠬᠡᠨ ᠪᠣᠯᠪᠠᠰᠤᠷᠠᠭᠤᠯᠬᠤ 》 《 ᠤᠯᠤᠰ ᠲᠥᠷᠥ  ᠶᠢᠨ ᠲᠤᠬᠠᠶᠢᠯᠠᠭᠰᠠᠨ ᠠᠵᠢᠯ ᠤᠨ  ᠪᠤᠯᠪᠠᠰᠤᠷᠠᠯ  ᠢ ᠬᠡᠷᠬᠢᠨ ᠪᠣᠯᠪᠠᠰᠤᠷᠠᠭᠤᠯᠬᠤ 》 ᠳᠥᠷᠪᠡᠨ ᠲᠠᠯ᠎ᠠ  ᠠᠴᠠ ᠲᠡᠦᠬᠡ ᠂ ᠪᠣᠳᠠᠲᠤ ᠠᠬᠤᠶ ᠶᠢᠨ ᠬᠠᠷᠠᠭᠠᠰᠤ  ᠪᠠᠷ ᠪᠠᠶᠢᠴᠠᠭᠠᠬᠤ ᠪᠠᠶᠢᠭᠤᠯᠭ᠎ᠠ ᠶᠢᠨ ᠤᠯᠤᠰ ᠲᠥᠷᠥ ᠲᠤᠬᠠᠶᠢᠯᠠᠭᠰᠠᠨ ᠠᠵᠢᠯ ᠤᠨ  ᠪᠤᠯᠪᠠᠰᠤᠷᠠᠯ ᠢ ᠰᠠᠶᠢᠲᠤᠷ ᠬᠢᠬᠦ ᠶᠢᠨ ᠴᠢᠬᠤᠯᠠ ᠠᠴᠢ ᠬᠣᠯᠪᠣᠭᠳᠠᠯ  ᠢ ᠭᠦᠨᠵᠡᠭᠡᠶ ᠲᠠᠶᠢᠯᠪᠤᠷᠢᠯᠠᠵᠤ ᠂ ᠡᠭᠦᠨ ᠦ ᠵᠡᠷᠭᠡ ᠳᠦ ᠪᠠᠶᠢᠴᠠᠭᠠᠬᠤ  ᠪᠠᠶᠢᠭᠤᠯᠭ᠎ᠠ ᠶᠢᠨ ᠰᠢᠨᠵᠢ ᠴᠢᠨᠠᠷ ᠪᠠ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠲᠠᠶ ᠤᠶᠠᠯᠳᠤᠭᠤᠯᠤᠨ ᠂ ᠤᠯᠤᠰ ᠲᠥᠷᠥ ᠶᠢᠨ ᠲᠤᠬᠠᠶᠢᠯᠠᠭᠰᠠᠨ ᠠᠵᠢᠯ ᠤᠨ  ᠪᠤᠯᠪᠠᠰᠤᠷᠠᠯ ᠢ ᠬᠡᠷᠬᠢᠨ ᠰᠠᠶᠢᠲᠤᠷ ᠬᠢᠬᠦ ᠲᠤᠬᠠᠶ ᠪᠥᠬᠥ ᠲᠠᠯ᠎ᠠ ᠶᠢᠨ ᠂ ᠰᠢᠰᠲ᠋ᠧᠮ ᠲᠡᠶ ᠲᠠᠶᠢᠯᠤᠮᠵᠢ ᠬᠢᠵᠦ ᠂ ᠪᠠᠶᠢᠴᠠᠭᠠᠬᠤ  ᠠᠵᠢᠯᠲᠠᠨ ᠳᠤ ᠴᠢᠩᠭ᠎ᠠ ᠲᠤᠰᠬᠠᠯ ᠭᠠᠷᠭᠠᠵᠤ ᠂ ᠣᠯᠤᠯᠲᠠ ᠶᠢ  ᠨᠢ ᠨᠡᠮᠡᠭᠳᠡᠭᠦᠯᠵᠦ ᠂ ᠲᠥᠭᠡᠷᠢᠭᠳᠡᠯ ᠢ ᠨᠢ  ᠲᠠᠶᠢᠯᠵᠤ ᠡᠷᠳᠡᠮ ᠡᠪᠦᠷᠯᠡᠭᠦᠯᠵᠦ᠂ ᠤᠯᠤᠰ ᠲᠥᠷᠥ ᠶᠢᠨ ᠲᠤᠬᠠᠶᠢᠯᠠᠭᠰᠠᠨ ᠠᠵᠢᠯ ᠤᠨ  ᠪᠤᠯᠪᠠᠰᠤᠷᠠᠯ ᠤᠨ ᠠᠵᠢᠯ ᠢ ᠰᠠᠶᠢᠲᠤᠷ ᠥᠷᠨᠢᠭᠦᠯᠬᠦ ᠳᠦ ᠵᠢᠯᠣᠭᠣᠳᠣᠯᠭ᠎ᠠ ᠪᠠ ᠵᠢᠷᠤᠮᠯᠠᠯ ᠬᠠᠩᠭᠠᠭᠰᠠᠨ ᠪᠠᠶᠢᠨ᠎ᠠ ᠃

ᠲᠣᠰ ᠤᠳᠠᠭᠠᠨ ᠤ  ᠪᠤᠯᠪᠠᠰᠤᠷᠠᠯ ᠤᠨ ᠬᠢᠴᠢᠶᠡᠯ ᠦᠨ ᠲᠣᠬᠢᠷᠠᠭᠤᠯᠤᠯᠲᠠ ᠨᠢ ᠠᠭᠤᠯᠭ᠎ᠠ ᠪᠠᠷ ᠪᠠᠶᠠᠯᠢᠭ ᠂ ᠬᠠᠨᠳᠤᠯᠭᠠᠲᠤ ᠴᠢᠨᠠᠷ ᠢᠶᠠᠷ ᠴᠢᠩᠭ᠎ᠠ ᠂ ᠪᠠᠭᠰᠢ ᠶᠢᠨ ᠡᠩᠨᠡᠭᠡ ᠬᠦᠴᠦᠷᠬᠡᠭ  ᠪᠠᠶᠢᠵᠤ ᠂ ︽ ᠪᠥᠬᠥ ᠣᠷᠣᠨ ᠤ ᠪᠠᠶᠢᠴᠠᠭᠠᠬᠤ ᠡᠩᠨᠡᠭᠡ ᠶᠢᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠦᠨ ᠬᠡᠷᠡᠭᠵᠢᠭᠦᠯᠬᠦ ᠲᠥᠰᠦᠯ ︾ ᠤᠨ ᠱᠠᠭᠠᠷᠳᠠᠯᠭ᠎ᠠ ᠶᠣᠰᠣᠭᠠᠷ ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠤᠨ ᠲᠤᠰᠬᠠᠶ ᠪᠠ ᠲᠤᠰᠢᠶᠠᠯ ᠬᠠᠪᠰᠤᠷᠭᠠᠭᠰᠠᠨ ᠪᠠᠭᠰᠢ ᠶᠢᠨ ᠡᠩᠨᠡᠭᠡ ᠶᠢᠨ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ ᠂ ᠲᠤᠰᠬᠠᠶ ᠪᠠ ᠲᠤᠰᠢᠶᠠᠯ ᠬᠠᠪᠰᠤᠷᠭᠠᠭᠰᠠᠨ ᠪᠠᠭᠰᠢ ᠶᠢᠨ ᠡᠩᠨᠡᠭᠡ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠦᠨ ᠂ ᠴᠢᠨᠠᠷ ᠰᠠᠶᠢᠲᠠᠶ ᠦᠷ᠎ᠡ ᠪᠦᠲᠦᠮᠵᠢ ᠲᠡᠶ ᠦᠶᠯᠡᠴᠢᠯᠡᠭᠡ ᠪᠡᠷ ᠪᠠᠶᠢᠴᠠᠭᠠᠬᠤ ᠠᠵᠢᠯ ᠤᠨ ᠣᠳᠣᠬᠢᠴᠢᠯᠠᠯᠲᠠ ᠶᠢ ᠪᠠᠲᠤᠯᠠᠨ᠎ᠠ ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠪᠠᠭᠰᠢ ᠶᠢᠨ ᠡᠩᠨᠡᠭᠡᠨ ᠦ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠥᠮᠦᠵᠢᠯ ᠪᠣᠯᠪᠠᠰᠤᠷᠠᠯ ᠤᠨ ᠪᠠᠲᠤᠯᠠᠪᠤᠷᠢ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠪᠠᠶᠢᠴᠠᠭᠠᠬᠤ ᠡᠩᠨᠡᠭᠡᠨ ᠦ ᠲᠤᠰᠬᠠᠶᠢᠵᠢᠯᠲᠠ᠂ ᠠᠵᠢᠯ ᠮᠡᠷᠭᠡᠵᠢᠯᠲᠡ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠤᠮᠠᠷᠠᠲᠤ ᠶᠢᠨ ᠪᠠᠶᠢᠴᠠᠭᠠᠬᠤ ᠲᠡᠮᠤᠷ ᠴᠡᠷᠢᠭ ᠢ ᠪᠦᠬᠦ ᠬᠦᠴᠦᠨ ᠢᠶᠡᠷ ᠢᠶᠡᠨ ᠪᠠᠶᠢᠭᠤᠯᠤᠨ᠎ᠠ᠃

 
 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro