ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠯᠢ ᠶᠦᠩ ᠵᠢᠶᠦ᠋ᠨ ᠤᠯᠠᠭᠠᠨᠬᠠᠳᠠ ᠶᠢᠨ ᠪᠠᠶᠢᠴᠠᠭᠠᠬᠤ ᠪᠠᠶᠢᠭᠤᠯᠭ᠎ᠠ ᠳᠤ ᠪᠠᠶᠢᠴᠠᠭᠠᠨ ᠰᠤᠳᠤᠯᠤᠯᠲᠠ ᠬᠢᠪᠠ

2023-12-07 15:59:28
ᠵᠣᠬᠢᠶᠠᠭᠴᠢ
ᠨᠠᠪᠴᠢ

 

ᠯᠢ ᠶᠦᠩ ᠵᠢᠶᠦ᠋ᠨ ᠤᠯᠠᠭᠠᠨᠬᠠᠳᠠ ᠶᠢᠨ ᠪᠠᠶᠢᠴᠠᠭᠠᠬᠤ ᠪᠠᠶᠢᠭᠤᠯᠭ᠎ᠠ ᠳᠤ ᠪᠠᠶᠢᠴᠠᠭᠠᠨ ᠰᠤᠳᠤᠯᠤᠯᠲᠠ  ᠬᠢᠬᠦ ᠳᠦ ᠪᠠᠨ ᠳᠦᠷᠪᠡᠨ ᠲᠠᠯ᠎ᠠ  ᠶᠢᠨ ᠠᠰᠠᠭᠤᠳᠠᠯ  ᠢ ᠡᠵᠡᠮᠰᠢᠬᠦ  ᠶᠢ  ᠴᠢᠬᠤᠯᠠᠴᠢᠯᠠᠵᠤ᠂ ᠬᠡᠷᠡᠭ ᠪᠣᠯᠭᠠᠨ ᠢ ᠴᠢᠨᠠᠷ ᠰᠠᠶᠢᠲᠠᠶ ᠪᠥᠭᠡᠳ ᠦᠷ᠎ᠡ ᠪᠦᠲᠦᠮᠵᠢᠲᠡᠶ ᠪᠡᠷ ᠰᠠᠶᠢᠲᠤᠷ ᠰᠢᠶᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ

 

 

11 ᠰᠠᠷ᠎ᠠ ᠶᠢᠨ 20 ᠤ ᠡᠳᠦᠷ ᠡᠴᠡ 22 ᠤᠨ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠤᠷᠢᠳ ᠬᠣᠵᠢᠳ ᠠᠸᠬᠠᠨ ᠬᠣᠰᠢᠭᠤ ᠂ ᠰᠦᠩᠱᠠᠨ ᠲᠣᠭᠣᠷᠢᠭ ᠂ ᠬᠠᠷᠠᠴᠢᠨ ᠬᠣᠰᠢᠭᠤ ᠂ ᠨᠢᠩᠴᠧᠩ ᠰᠢᠶᠠᠨ ᠂ ᠶᠤᠸᠠᠨ ᠪᠦᠦ ᠱᠠᠨ ᠲᠣᠭᠣᠷᠢᠭ ᠪᠠ ᠤᠯᠠᠭᠠᠨᠬᠠᠳᠠ ᠬᠣᠲᠠ ᠬᠣᠶᠠᠷ ᠱᠠᠲᠤᠨ ᠤ ᠪᠠᠶᠢᠴᠠᠭᠠᠬᠤ ᠬᠣᠷᠢᠶ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠣᠳᠪᠠ ᠃

 

 

ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ ᠂ ᠯᠢ ᠶᠦᠩ ᠵᠢᠶᠦ᠋ᠨ ᠡᠯ᠎ᠡ ᠬᠣᠷᠢᠶᠠᠨ ᠤ ᠴᠢᠳᠠᠮᠵᠢᠳᠤ ᠣᠷᠣᠨ ᠤ ᠪᠥᠲᠥᠭᠡᠨ ᠪᠠᠶᠢᠭᠤᠯᠤᠯᠲᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ ᠂ ᠲᠤᠬᠠᠶ ᠶᠢᠨ ᠲᠠᠯᠠᠪᠤᠷ ᠲᠤ ᠪᠠᠶᠢᠴᠠᠭᠠᠬᠤ ᠠᠵᠢᠯᠲᠠᠳ ᠲᠠᠶ ᠶᠠᠷᠢᠯᠴᠠᠨ ᠂ ᠪᠠᠶᠢᠴᠠᠭᠠᠬᠤ ᠠᠵᠢᠯᠲᠠᠳ ᠤᠨ ᠦᠵᠡᠯ ᠰᠠᠨᠠᠭᠠᠨ ᠤ ᠪᠠᠶᠢᠳᠠᠯ ᠪᠠ ᠡᠯ᠎ᠡ ᠵᠦᠶᠯ ᠦᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠶ ᠤᠶᠢᠯᠠᠭᠠᠨ ᠂ ᠣᠷᠣᠰᠢᠵᠤ ᠪᠠᠶᠢᠭ᠎ᠠ ᠪᠣᠳᠠᠲᠠᠶ ᠬᠦᠴᠢᠷᠳᠡᠯ ᠢ ᠯᠠᠪᠯᠠᠨ ᠠᠰᠠᠭᠤᠭᠰᠠᠨ ᠪᠥᠭᠡᠳ ᠬᠠᠨᠳᠤᠯᠭᠠᠲᠤ ᠴᠢᠨᠠᠷᠲᠠᠶ ᠪᠠᠷ ᠠᠵᠢᠯ ᠤᠨ ᠱᠠᠭᠠᠷᠳᠠᠯᠭ᠎ᠠ ᠪᠠ ᠵᠢᠯᠣᠭᠣᠳᠬᠤ ᠰᠠᠨᠠᠯ ᠢᠶᠠᠨ ᠳᠤᠷᠠᠳᠤᠨ ᠭᠠᠷᠭᠠᠪᠠ ᠃

ᠤᠯᠠᠭᠠᠨᠬᠠᠳᠠ ᠬᠤᠳᠠ ᠶᠢᠨ ᠪᠠᠶᠢᠴᠠᠭᠠᠬᠤ ᠬᠣᠷᠢᠢ᠎ᠠ ᠳᠤ᠂ ᠯᠢ ᠶᠦᠩ ᠵᠢᠶᠦ᠋ᠨ ᠬᠤᠳᠠ ᠶᠢᠨ ᠬᠣᠷᠢᠶᠠᠨ ᠤ ᠤᠳᠤᠷᠢᠳᠬᠤ ᠪᠠᠭ᠂ ᠡᠯ᠎ᠡ ᠦᠨᠳᠦᠰᠦᠨ ᠱᠠᠲᠤᠨ ᠤ ᠬᠣᠷᠢᠶᠠᠨ ᠤ ᠪᠠᠶᠢᠴᠠᠭᠠᠬᠤ ᠳᠠᠷᠤᠭ᠎ᠠ᠂ ᠬᠤᠳᠠ ᠶᠢᠨ ᠬᠣᠷᠢᠶᠠᠨ ᠤ ᠡᠯ᠎ᠡ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠲᠠᠶ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠪᠥᠬᠥ ᠬᠣᠲᠠ ᠶᠢᠨ ᠪᠠᠶᠢᠴᠠᠭᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠣᠨᠴᠠ ᠵᠠᠷᠢᠮ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ ᠂ ᠯᠢ ᠶᠦᠩ ᠵᠢᠶᠦ᠋ᠨ ᠢᠯᠡᠷᠬᠡᠶᠢᠯᠡᠬᠦ ᠳᠡᠭᠡᠨ ᠂ ᠤᠯᠠᠭᠠᠨᠬᠠᠳᠠ ᠶᠢᠨ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠰᠢᠶᠳᠪᠦᠷᠢᠯᠡᠭᠰᠡᠨ ᠶᠡᠷᠦᠩᠬᠡᠶ ᠬᠡᠮᠵᠢᠶ᠎ᠡ ᠪᠠ ᠬᠥᠮᠦᠨ ᠳᠤᠮᠳᠠᠴᠢ ᠶᠢᠨ ᠬᠡᠷᠡᠭ ᠰᠢᠶᠳᠪᠦᠷᠢᠯᠡᠭᠰᠡᠨ ᠬᠡᠮᠵᠢᠶ᠎ᠡ ᠨᠢ ᠴᠥᠮ ᠪᠥᠬᠥ ᠣᠷᠣᠨ ᠤ ᠡᠮᠦᠨ᠎ᠡ ᠡᠩᠨᠡᠭᠡᠨ ᠳᠦ ᠣᠷᠣᠵᠤ ᠂ ᠬᠡᠷᠡᠭ ᠦᠨ ᠪᠠᠭᠲᠠᠭᠠᠮᠵᠢ ᠶᠡᠬᠡ ᠂ ᠦᠶᠯᠡᠳᠦᠯ ᠨᠢ ᠮᠠᠰᠢ ᠴᠢᠬᠤᠯᠠ ᠪᠠᠶᠢᠵᠤ ᠂ ᠨᠡᠶᠢᠭᠡᠮ ᠦᠨ ᠲᠣᠭᠲᠠᠭᠤᠨ ᠪᠠᠶᠢᠳᠠᠯ ᠢ ᠬᠠᠮᠠᠭᠠᠯᠠᠬᠤ ᠂ ᠬᠠᠸᠯᠢ ᠪᠠᠷ ᠵᠠᠰᠠᠬᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠭᠡᠵᠡᠶ ᠃

 


ᠲᠠᠷᠠᠭᠠᠴᠢ ᠶᠢᠨ ᠠᠯᠬᠤᠮ ᠤᠨ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠯᠢ ᠶᠦᠩ ᠵᠢᠶᠦ᠋ᠨ ᠴᠢᠬᠤᠯᠠᠴᠢᠯᠠᠬᠤ ᠳᠠᠭᠠᠨ ᠄

ᠨᠢᠭᠡ ᠳᠦ ᠶᠠᠰᠤ ᠴᠢᠨᠠᠷ ᠪᠠ ᠦᠷ᠎ᠡ ᠠᠰᠢᠭ ᠢ ᠦᠨᠡᠨ ᠬᠦ ᠪᠠᠲᠤᠯᠠᠬᠤ ᠶᠢ ᠠᠩᠬᠠᠷᠬᠤ ᠬᠡᠷᠡᠭᠲᠡᠶ᠃  ᠬᠡᠮᠵᠢᠶ᠎ᠡ ᠶᠡᠬᠡ  ᠴᠢᠨᠠᠷ ᠢ ᠬᠥᠭᠡᠭᠡᠴᠡᠯᠳᠦᠬᠦ ᠶᠢ ᠪᠠᠷᠢᠮᠲᠠᠯᠠᠵᠤ᠂ ᠳᠦᠭᠦᠷᠡᠩ ᠪᠦᠳᠦᠭᠦᠯᠢᠭ ᠪᠠᠶᠢᠬᠤ ᠶᠢ ᠴᠡᠭᠡᠷᠯᠡᠨ᠎ᠡ᠃ ᠡᠩ ᠲᠡᠷᠢᠭᠦᠨ ᠳᠦ ᠦᠵᠡᠯ ᠰᠠᠨᠠᠭ᠎ᠠ ᠣᠨᠤᠯᠵᠢᠬᠤᠨ ᠤ ᠠᠰᠠᠭᠤᠳᠠᠯ ᠢ ᠰᠠᠶᠢᠲᠤᠷ ᠰᠢᠶᠳᠪᠦᠷᠢᠯᠡᠵᠦ᠂ 《ᠬᠡᠷᠡᠭ ᠨᠢᠭᠡᠪᠦᠷᠢ ᠶᠢ ᠴᠢᠨᠠᠷ ᠰᠠᠶᠢᠲᠠᠶ ᠦᠷ᠎ᠡ ᠪᠦᠲᠦᠮᠵᠢᠲᠡᠶ ᠪᠡᠷ ᠰᠠᠶᠢᠲᠤᠷ ᠰᠢᠶᠳᠪᠦᠷᠢᠯᠡᠬᠦ》 ᠶᠢ ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠬᠡᠷᠡᠭ ᠰᠢᠶᠳᠪᠦᠷᠢᠯᠡᠬᠦ ᠶᠢᠨ ᠦᠨᠳᠦᠰᠦᠨ ᠦᠷᠳᠡᠭ ᠦᠨ ᠬᠥᠭᠡᠭᠡᠴᠡᠯᠳᠦᠯ ᠪᠣᠯᠭᠠᠵᠤ᠂ 《ᠴᠢᠨᠠᠷ ᠴᠢᠨᠰᠠᠭ᠎ᠠ ᠲᠠᠶ ᠲᠣᠭ᠎ᠠ ᠬᠡᠮᠵᠢᠶ᠎ᠡ》 ᠪᠠ 《ᠲᠣᠭ᠎ᠠ ᠬᠡᠮᠵᠢᠶ᠎ᠡ ᠲᠡᠶ ᠶᠠᠰᠤ ᠴᠢᠨᠠᠷ》 ᠢ ᠶᠠᠰᠤ ᠴᠢᠨᠠᠷ ᠢ ᠨᠡᠩ ᠴᠢᠬᠤᠯᠠᠴᠢᠯᠠᠬᠤ ᠳᠡᠭᠡᠷ᠎ᠡ ᠨᠢᠭᠡᠳᠬᠡᠬᠦ ᠬᠡᠷᠡᠭᠲᠡᠶ᠃ ᠭᠠᠷᠮᠠᠭᠠᠶ ᠪᠦᠲᠦᠭᠡᠯ ᠢ ᠬᠥᠭᠡᠭᠡᠴᠡᠯᠳᠦᠬᠦ ᠠᠮᠢᠳᠤᠷᠠᠯ ᠤᠨ ᠵᠢᠷᠤᠮᠯᠠᠯ ᠢ ᠪᠤᠢ ᠪᠣᠯᠭᠠᠬᠤ ᠬᠡᠷᠡᠭᠲᠡᠶ᠂ ᠬᠡᠷᠡᠭ ᠦᠨ ᠬᠡᠮᠵᠢᠶ᠎ᠡ ᠶᠡᠬᠡ ᠡᠴᠡ ᠪᠤᠯᠵᠤ ᠠᠯᠳᠠᠰᠢ ᠪᠠ ᠠᠰᠠᠭᠤᠳᠠᠯ ᠳᠤ ᠥᠪᠡᠷ ᠦᠨ ᠪᠡᠶ᠎ᠡ ᠳᠡᠭᠡᠨ ᠢᠯᠳᠠᠷ ᠬᠠᠶᠠᠵᠤ ᠪᠣᠯᠬᠤ ᠦᠭᠡᠢ᠂ ᠪᠠᠶᠢᠷᠢ ᠰᠣᠯᠢᠵᠤ ᠰᠡᠳᠬᠢᠬᠦ ᠳᠡᠭᠡᠨ ᠴᠢᠳᠠᠮᠠᠭᠠᠶ ᠪᠠᠶᠢᠵᠤ᠂  ᠵᠠᠷᠭᠤ ᠶᠢᠨ ᠦᠢᠯᠡᠰ ᠲᠦ ᠪᠠᠨ ᠵᠢᠳᠬᠦᠬᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠡᠷ ᠡᠭᠦᠷᠭᠡ ᠲᠤᠰᠢᠶᠠᠯ ᠢᠶᠠᠨ ᠭᠦᠢᠴᠡᠳᠬᠡᠨ ᠬᠡᠷᠡᠭ ᠰᠢᠶᠳᠪᠦᠷᠢᠯᠡᠵᠦ᠂ ᠬᠠᠤᠯᠢ ᠴᠠᠭᠠᠵᠠ ᠶᠢᠨ ᠬᠡᠷᠡᠭ ᠨᠢᠭᠡᠪᠦᠷᠢ ᠡᠴᠡ ᠴᠥᠮ ᠲᠥᠪ ᠭᠣᠣᠯᠴᠢ ᠰᠢᠳᠤᠷᠭᠤ ᠶᠣᠰᠣ ᠶᠢ ᠠᠷᠠᠳ ᠤᠯᠠᠨ ᠳᠤ ᠮᠡᠳᠡᠷᠡᠭᠦᠯᠬᠦ ᠪᠡᠷ ᠴᠢᠷᠮᠠᠶᠢᠬᠤ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠢᠶᠡᠷ ᠡᠨᠧᠷᠭᠢ ᠣᠯᠭᠣᠬᠤ ᠶᠢ ᠪᠠᠷᠢᠮᠲᠠᠯᠠᠵᠤ ᠂ ᠵᠠᠭᠪᠤᠷ ᠢ ᠬᠠᠶᠢᠨ ᠰᠦᠪᠡᠭᠴᠢᠯᠡᠨ᠎ᠡ ᠃  ᠲᠤᠭᠠᠵᠢᠭᠤᠯᠤᠭᠰᠠᠨ  ᠪᠠᠶᠢᠴᠭᠠᠠᠬᠤ ᠨᠢ ᠪᠤᠰᠤᠳ ᠲᠤ ᠦᠵᠡᠭᠦᠯᠵᠦ ᠪᠠᠶᠢᠭ᠎ᠠ ᠶᠠᠪᠤᠳᠠᠯ ᠪᠢᠰᠢ᠂ ᠪᠣᠳᠠᠲᠠᠶ ᠠᠰᠠᠭᠤᠳᠠᠯ ᠢ ᠰᠢᠶᠳᠪᠦᠷᠢᠯᠡᠬᠦ ᠨᠢ ᠲᠡᠷᠢᠭᠦᠨ ᠴᠢᠬᠤᠯᠠ ᠱᠠᠭᠠᠷᠳᠠᠯᠭ᠎ᠠ ᠪᠣᠯᠤᠨ᠎ᠠ᠃ ᠬᠡᠷᠡᠭ ᠦᠨ ᠲᠣᠭ᠎ᠠ ᠬᠡᠮᠵᠢᠶ᠎ᠡ ᠨᠢ ᠶᠡᠬᠡ ᠮᠥᠷᠲᠡᠭᠡᠨ ᠣᠷᠣᠨ ᠲᠣᠭ᠎ᠠ ᠨᠡᠮᠡᠵᠦ ᠬᠥᠮᠦᠨ ᠨᠥᠬᠥᠪᠥᠷᠢᠯᠡᠬᠦ ᠶᠢᠨ ᠠᠷᠭ᠎ᠠ ᠦᠭᠡᠢ ᠪᠣᠳᠠᠲᠤ ᠨᠥᠬᠥᠴᠡᠯ ᠳᠣᠣᠷ᠎ᠠ᠂ ᠬᠡᠷᠡᠭ ᠦᠨ ᠶᠠᠰᠤ ᠴᠢᠨᠠᠷ ᠢ ᠳᠡᠭᠡᠭᠰᠢᠯᠡᠭᠦᠯᠬᠦ ᠳᠦ ᠲᠤᠰ ᠪᠡᠶ᠎ᠡ ᠶᠢᠨ ᠴᠢᠳᠠᠪᠤᠷᠢ ᠪᠠᠨ ᠠᠭᠤᠳᠠᠯᠬᠤ ᠪᠠᠷ ᠪᠠᠷᠠᠬᠤ ᠦᠭᠡᠢ ᠨᠡᠩ ᠴᠤ ᠲᠣᠭᠠᠨ ᠤ ᠴᠢᠳᠠᠪᠤᠷᠢ ᠶᠢᠨ ᠣᠯᠭᠣᠯᠲᠠ ᠶᠢ ᠴᠢᠩᠭᠠᠳᠬᠠᠬᠤ ᠬᠡᠷᠡᠭᠲᠡᠶ᠃ ᠤᠯᠠᠭᠠᠨᠬᠠᠳᠠ ᠶᠢᠨ ᠶᠡᠬᠡ ᠬᠡᠮᠵᠢᠶᠡᠨ ᠦ ᠬᠡᠷᠡᠭ ᠢ ᠲᠤᠭᠠᠵᠢᠭᠤᠯᠤᠭᠰᠠᠨ ᠪᠠᠶᠢᠴᠠᠭᠠᠯᠲᠠ ᠶᠢᠨ ᠡᠬᠢ ᠪᠠᠶᠠᠯᠢᠭ ᠪᠠ ᠪᠠᠶᠠᠯᠢᠭ ᠠᠭᠤᠷᠬᠠᠢ ᠪᠣᠯᠭᠠᠵᠤ᠂ ᠭᠦᠨᠵᠡᠭᠡᠢ ᠠᠭᠤᠳᠠᠯᠵᠤ᠂ ᠪᠦᠲᠦᠮᠵᠢᠲᠡᠢ ᠪᠥᠭᠡᠳ ᠲᠤᠰᠠᠲᠠᠢ ᠲᠤᠭᠠᠵᠢᠭᠤᠯᠤᠭᠰᠠᠨ ᠵᠠᠭᠪᠤᠷ ᠢ ᠢᠳᠡᠪᠬᠢᠲᠡᠢ ᠡᠭᠦᠳᠴᠦ᠂ ᠬᠢᠨᠠᠯᠲᠠ ᠲᠠᠯᠪᠢᠬᠤ᠂ ᠤᠷᠢᠳᠴᠢᠯᠠᠨ ᠰᠡᠷᠡᠮᠵᠢᠯᠡᠭᠦᠯᠬᠦ᠂ ᠨᠥᠬᠥᠪᠥᠷᠢᠯᠡᠬᠦ ᠵᠡᠷᠭᠡ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠤᠨ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠠᠮᠢᠳᠤᠯᠢᠭ ᠲᠣᠭᠲᠠᠴᠠ ᠶᠢ ᠪᠠᠷᠢᠮᠲᠠᠯᠠᠵᠤ᠂ ᠶᠠᠷᠰᠢᠭ ᠲᠦᠪᠡᠭ ᠲᠡᠶ ᠪᠠ  ᠬᠢᠯᠪᠠᠷ ᠲᠦᠭᠦᠮ ᠢ ᠰᠠᠯᠭᠠᠨ᠎ᠠ᠃ ᠬᠡᠷᠡᠭ ᠰᠢᠶᠳᠪᠦᠷᠢᠯᠡᠬᠦ ᠬᠦᠴᠦᠨ ᠢ ᠬᠡᠷᠡᠭ ᠦᠨ ᠬᠦᠴᠢᠷ ᠬᠢᠯᠪᠠᠷ ᠤᠨ ᠬᠡᠮᠵᠢᠶ᠎ᠡ ᠲᠡᠶ ᠬᠠᠷᠢᠯᠴᠠᠨ ᠵᠣᠬᠢᠴᠠᠭᠤᠯᠵᠤ᠂ 《ᠭᠠᠷᠮᠠᠭᠠᠶ ᠭᠠᠷ》 ᠢᠶᠠᠷ ᠪᠡᠷᠬᠡ ᠬᠡᠷᠡᠭ ᠢ ᠰᠢᠶᠳᠪᠦᠷᠢᠯᠡᠬᠦ᠂ 《ᠬᠠᠲᠠᠭᠤ ᠭᠠᠷ》 ᠢᠶᠠᠷ ᠲᠤᠮᠤ ᠬᠡᠷᠡᠭ ᠢ ᠰᠢᠶᠳᠪᠦᠷᠢᠯᠡᠬᠦ᠂ 《ᠰᠢᠨ᠎ᠡ ᠭᠠᠷ》 ᠢᠶᠠᠷ ᠡᠩ ᠦᠨ ᠬᠡᠷᠡᠭ ᠢ ᠰᠢᠶᠳᠪᠦᠷᠢᠯᠡᠭᠦᠯᠬᠦ ᠬᠡᠷᠡᠭᠲᠡᠶ᠂ ᠠᠳᠠᠯᠢ ᠲᠡᠭᠰᠢ ᠪᠡᠷ ᠦᠵᠡᠵᠦ᠂ ᠲᠡᠭᠰᠢᠳᠬᠡᠨ ᠬᠦᠴᠦᠯᠡᠵᠦ ᠪᠣᠯᠬᠤ ᠦᠭᠡᠢ᠃ ᠭᠣᠣᠯᠳᠠᠯᠭ᠎ᠠ ᠲᠠᠶ ᠲᠦᠷᠦᠯ ᠦᠨ ᠬᠡᠷᠡᠭ ᠲᠦ ᠲᠤᠰᠬᠠᠶᠢᠵᠢᠭᠤᠯᠬᠤ ᠪᠠᠶᠢᠭᠤᠯᠤᠯᠲᠠ ᠶᠢ ᠴᠢᠬᠤᠯᠠᠴᠢᠯᠠᠵᠤ᠂ 《ᠲᠤᠰᠬᠠᠶ ᠮᠡᠷᠭᠡᠵᠢᠯ ᠦᠨ ᠡᠮᠴᠢ》 ᠶᠢ ᠬᠥᠮᠦᠵᠢᠭᠦᠯᠦᠨ᠂ ᠲᠤᠰᠬᠠᠶ ᠮᠡᠷᠭᠡᠵᠢᠯ ᠦᠨ ᠬᠥᠮᠦᠨ ᠢᠶᠡᠷ ᠲᠤᠰᠬᠠᠶ ᠮᠡᠷᠭᠡᠵᠢᠯ ᠦᠨ ᠠᠵᠢᠯ ᠬᠢᠯᠭᠡᠵᠦ᠂ ᠪᠣᠯᠪᠠᠰᠤᠷᠠᠩᠭᠤᠶ ᠮᠥᠷᠲᠡᠭᠡᠨ ᠤᠷᠠᠨ ᠳᠡᠮᠲᠡᠶ᠂ ᠪᠣᠯᠪᠠᠰᠤᠷᠠᠩᠭᠤᠶ ᠮᠥᠷᠲᠡᠭᠡᠨ 《ᠴᠢᠨᠠᠷ》 ᠲᠠᠶ ᠪᠣᠯᠭᠠᠬᠤ ᠬᠡᠷᠡᠭᠲᠡᠶ᠃

ᠬᠣᠶᠠᠷ ᠲᠤ ᠲᠤᠪᠤᠢᠢᠮ᠎ᠠ ᠠᠰᠠᠭᠤᠳᠠᠯ ᠢ ᠠᠩᠬᠠᠷᠬᠤ ᠬᠡᠷᠡᠭᠲᠡᠶ᠃ ᠡᠷᠡᠭᠦᠦ ᠶᠢᠨ ᠬᠡᠷᠡᠭ ᠢ ᠪᠠᠶᠢᠴᠠᠭᠠᠬᠤ ᠲᠠᠯ᠎ᠠ ᠪᠠᠷ᠂ 《ᠭᠤᠷᠪᠠᠨ ᠥᠨᠳᠥᠷ ᠬᠣᠶᠠᠷ ᠳᠣᠣᠷ᠎ᠠ》 ᠶᠢᠨ ᠠᠰᠠᠭᠤᠳᠠᠯ ᠢ ᠰᠢᠶᠳᠪᠦᠷᠢᠯᠡᠬᠦ ᠤᠳᠠᠭᠠᠨ ᠳᠠᠭᠠᠭᠠᠮᠠᠭᠠᠶ ᠳᠠᠶᠢᠨ ᠢ ᠰᠠᠶᠢᠲᠤᠷ ᠬᠢᠬᠦ ᠳᠦ ᠡᠷᠡᠰ ᠪᠠᠲᠤ ᠵᠣᠷᠢᠭ ᠪᠠᠶᠢᠬᠤ ᠬᠡᠷᠡᠭᠲᠡᠶ ᠮᠥᠷᠲᠡᠭᠡᠨ ᠪᠠᠰᠠ ᠶᠠᠭᠠᠷᠠᠮᠠᠲᠠᠭᠠᠶ ᠰᠡᠳᠬᠢᠯᠭᠡ ᠶᠢ ᠲᠡᠪᠴᠢᠵᠦ᠂ ᠤᠳᠠᠭᠠᠨ ᠳᠠᠭᠠᠭᠠᠮᠠᠭᠠᠶ  ᠶᠢ ᠪᠠᠷᠢᠮᠲᠠᠯᠠᠨ᠂ ᠤᠷᠳᠤ ᠬᠤᠭᠤᠴᠠᠭ᠎ᠠ ᠪᠠᠷ ᠭᠠᠪᠢᠶ᠎ᠠ ᠪᠠᠶᠢᠭᠤᠯᠪᠠᠯ ᠰᠠᠶ᠋ᠢ ᠪᠠᠭ᠎ᠠ ᠶᠢ ᠬᠤᠷᠠᠮᠳᠤᠭᠤᠯᠤᠨ ᠶᠡᠬᠡ ᠠᠮᠵᠢᠯᠲᠠ ᠶᠢ ᠪᠦᠲᠦᠭᠡᠵᠦ ᠴᠢᠳᠠᠬᠤ ᠶᠤᠮ᠃ ᠢᠷᠭᠡᠨ ᠦ ᠬᠡᠷᠡᠭ ᠦᠨ ᠪᠠᠶᠢᠴᠠᠭᠠᠬᠤ ᠲᠠᠯ᠎ᠠ ᠪᠠᠷ᠂︽ᠭᠤᠷᠪᠠᠨ ᠳᠣᠣᠷ᠎ᠠ ᠬᠣᠶᠠᠷ ᠴᠥᠭᠡᠨ︾ ᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠨᠡᠯᠢᠶᠡᠳ  ᠰᠠᠶᠢᠨ ᠦᠷ᠎ᠡ ᠪᠦᠲᠦᠮᠵᠢ ᠣᠯᠵᠠᠢ᠂ ᠦᠷᠭᠦᠯᠵᠢᠯᠡᠨ ᠳᠤᠲᠠᠭᠤᠳᠠᠯ ᠪᠠᠭᠤᠷᠠᠢ ᠲᠠᠯ᠎ᠠ ᠪᠠᠨ ᠡᠷᠢᠵᠦ᠂ ᠰᠠᠶᠢᠨ ᠲᠠᠶ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠠᠵᠢᠯ ᠤᠨ ᠬᠠᠨᠳᠤᠰᠢ ᠪᠠᠨ ᠪᠠᠲᠤᠯᠠᠵᠤ᠂ ᠠᠵᠢᠯ ᠤᠨ ᠦᠷ᠎ᠡ ᠪᠦᠲᠦᠭᠡᠯ ᠢᠶᠡᠨ ᠪᠡᠬᠢᠵᠢᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠲᠠᠯ᠎ᠠ ᠪᠠᠷ᠂ ᠡᠯ᠎ᠡ ᠲᠠᠯ᠎ᠠ ᠶᠢᠨ ᠬᠦᠴᠦᠨ ᠪᠠ ᠢᠳᠡᠪᠬᠢ ᠬᠦᠴᠦᠨ ᠵᠦᠢᠯ ᠢ ᠭᠦᠢᠴᠡᠳ ᠲᠠᠢᠢᠴᠢᠯᠠᠵᠦ᠂ ᠠᠵᠢᠯ ᠤᠨ ᠳᠤᠮᠳᠠᠬᠢ ᠪᠠᠯᠠᠶ ᠴᠡᠭ᠂ ᠬᠣᠭᠣᠰᠣᠨ ᠴᠡᠭ ᠢ ᠤᠰᠠᠳᠬᠠᠵᠤ᠂ ᠤᠷᠢᠳᠠᠪᠠᠷ ᠥᠨᠳᠥᠷᠯᠢᠭ ᠭᠠᠷᠭᠠᠵᠤ᠂ ᠲᠠᠷᠠᠭ᠎ᠠ ᠨᠢ ᠥᠨᠳᠥᠷ ᠤᠷᠬᠢᠯ ᠢ ᠪᠤᠢ ᠪᠣᠯᠭᠠᠬᠤ ᠬᠡᠷᠡᠭᠲᠡᠶ᠃ ᠨᠡᠶᠢᠲᠡ ᠶᠢᠨ ᠠᠰᠢᠭᠲᠤ ᠵᠠᠷᠭᠤ ᠶᠢ ᠪᠠᠶᠢᠴᠠᠭᠠᠬᠤ ᠲᠠᠯ᠎ᠠ ᠪᠠᠷ᠂ 《ᠵᠠᠭᠠᠯᠳᠤᠵᠤ ᠪᠣᠯᠬᠤ ᠴᠢᠨᠠᠷ》 ᠤᠨ ᠲᠤᠬᠠᠶ ᠬᠠᠶᠢᠨ ᠰᠦᠪᠡᠭᠴᠢᠯᠡᠯᠳᠡ ᠪᠡᠨ ᠨᠡᠮᠡᠭᠳᠡᠭᠦᠯᠵᠦ᠂ ᠵᠠᠷᠭᠤᠯᠳᠤᠬᠤ ᠪᠠᠷ ᠳᠠᠮᠵᠢᠭᠤᠯᠤᠨ ᠬᠢᠨᠠᠯᠲᠠ ᠲᠠᠯᠪᠢᠬᠤ ᠬᠠᠲᠠᠭᠤ ᠴᠢᠨᠠᠷ ᠢᠶᠠᠨ ᠳᠡᠭᠡᠭᠰᠢᠯᠡᠭᠦᠯᠵᠦ᠂ ᠵᠠᠷᠭᠤ ᠶᠢᠨ ᠢᠷᠡᠯᠳᠡ ᠶᠢ ᠵᠠᠰᠠᠬᠤ ᠶᠢ ᠨᠡᠩ ᠬᠦᠴᠦᠲᠡᠶ ᠠᠬᠢᠭᠤᠯᠬᠤ ᠬᠡᠷᠡᠭᠲᠡᠶ᠃

ᠭᠤᠷᠪᠠ ᠳᠤ ᠬᠥᠭᠵᠢᠯᠲᠡ ᠶᠢᠨ ᠳᠠᠪᠠᠭᠤᠯᠢᠭ ᠲᠠᠯ᠎ᠠ ᠶᠢ ᠠᠩᠬᠠᠷᠬᠤ ᠬᠡᠷᠡᠭᠲᠡᠶ᠃ ᠥᠪᠡᠷ ᠢ ᠪᠡᠨ ᠲᠤᠷᠰᠢᠨ ᠪᠠᠶᠢᠴᠠᠭᠠᠬᠤ ᠠᠵᠢᠯ ᠤᠨ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠡᠩᠨᠡᠭᠡ ᠪᠡᠨ ᠪᠠᠶᠢᠭᠤᠯᠤᠨ ᠬᠦᠴᠦᠷᠬᠡᠭᠵᠢᠭᠦᠯᠵᠦ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠶᠢᠴᠠᠭᠠᠬᠤ ᠠᠵᠢᠯ ᠤᠨ ᠲᠤᠷᠰᠢᠨ ᠪᠠᠶᠢᠴᠠᠭᠠᠬᠤ ᠡᠷᠬᠡ ᠶᠢ ᠰᠠᠶᠢᠲᠤᠷ ᠬᠡᠷᠡᠭᠯᠡᠵᠦ᠂ ᠬᠢᠨᠠᠯᠲᠠ ᠲᠠᠯᠪᠢᠬᠤ ᠡᠷᠬᠡ ᠰᠦᠷ ᠢ ᠪᠤᠢ ᠪᠣᠯᠭᠠᠵᠤ᠂ ᠬᠢᠨᠠᠯᠲᠠ ᠲᠠᠯᠪᠢᠬᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠴᠢᠩᠭᠠᠳᠬᠠᠬᠤ ᠬᠡᠷᠡᠭᠲᠡᠢ᠃ ᠲᠦᠷᠭᠡᠨ ᠲᠠᠪᠰᠢᠯᠳᠠ ᠲᠠᠶ ᠠᠵᠢᠯ ᠢ ᠠᠩᠬᠠᠷᠴᠤ᠂ ᠢᠷᠭᠡᠨ ᠦ ᠬᠡᠷᠡᠭ ᠢ ᠪᠠᠶᠢᠴᠠᠭᠠᠬᠤ ᠵᠡᠷᠭᠡ ᠲᠠᠯ᠎ᠠ ᠪᠠᠷ ᠬᠢ ᠰᠠᠶᠢᠨ ᠬᠥᠭᠵᠢᠯᠲᠡ ᠶᠢᠨ ᠠᠵᠢᠯ ᠤᠨ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ ᠲᠡᠷᠢᠭᠦᠨ ᠦ ᠬᠢ ᠶᠢ ᠵᠣᠷᠢᠭᠵᠢᠭᠤᠯᠵᠤ᠂ ᠬᠣᠴᠣᠷᠤᠩᠭᠤᠶ ᠶᠢ ᠰᠡᠩᠬᠡᠷᠡᠭᠦᠯᠵᠦ᠂ ᠪᠠᠶᠢᠴᠠᠭᠠᠬᠤ ᠠᠵᠢᠯᠲᠠᠳ ᠤᠨ ᠠᠵᠢᠯ ᠬᠢᠵᠦ ᠠᠳᠠᠯ ᠦᠢᠯᠡᠰ ᠪᠦᠲᠦᠭᠡᠬᠦ ᠬᠠᠯᠠᠭᠤᠨ ᠰᠡᠳᠬᠢᠯᠭᠡ ᠶᠢ ᠬᠥᠭᠵᠢᠭᠡᠬᠦ ᠬᠡᠷᠡᠭᠲᠡᠶ᠃ ᠰᠣᠳᠣᠨ ᠬᠡᠷᠡᠭ ᠦᠨ ᠵᠢᠱᠢᠢ᠎ᠡ ᠶᠢ ᠭᠦᠨᠵᠡᠭᠡᠢ ᠠᠭᠤᠳᠠᠯᠤᠨ ᠂ ᠪᠠᠶᠢᠴᠠᠭᠠᠬᠤ ᠠᠵᠢᠯᠳᠠᠨ ᠤ ᠰᠣᠳᠣᠨ ᠪᠦᠲᠦᠭᠡᠯ ᠦᠨ ᠤᠬᠠᠮᠰᠠᠷ ᠢ ᠳᠡᠭᠡᠭᠰᠢᠯᠡᠭᠦᠯᠵᠦ᠂ ᠳᠠᠪᠠᠵᠤ ᠳᠡᠶᠢᠯᠬᠦ ᠬᠣᠷᠢᠭ᠎ᠠ ᠱᠤᠭᠤᠮ ᠠᠴᠠ ᠬᠤᠯᠠ ᠵᠠᠶᠢᠳᠠᠵᠤ᠂ ᠳᠠᠪᠠᠵᠤ ᠳᠡᠶᠢᠯᠬᠦ ᠥᠨᠳᠥᠷ ᠱᠤᠭᠤᠮ ᠳᠤ ᠬᠦᠷᠬᠦ ᠬᠡᠷᠡᠭᠲᠡᠢ᠃

ᠲᠦᠷᠪᠡ ᠳᠦ ᠬᠡᠪ ᠴᠢᠨᠠᠷ ᠤᠨ ᠪᠠᠶᠢᠭᠤᠯᠤᠯᠲᠠ ᠶᠢ ᠠᠩᠬᠠᠷᠬᠤ ᠬᠡᠷᠡᠭᠲᠡᠶ᠃ ᠤᠯᠤᠰ ᠲᠦᠷᠦ ᠶᠢᠨ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ᠠᠵᠢᠯ ᠤᠨ ᠣᠪᠣᠷ᠂ ᠤᠶᠤᠨ ᠰᠠᠨᠠᠭᠠᠨ ᠤ ᠳᠦᠷᠰᠦ ᠪᠠᠶᠢᠳᠠᠯ᠂ ᠰᠠᠬᠢᠯᠭ᠎ᠠ ᠪᠠᠲᠤ ᠣᠪᠣᠷ ᠰᠤᠷᠲᠠᠯ ᠪᠣᠯ ᠴᠥᠮ ᠤᠯᠤᠰ ᠲᠦᠷᠦ ᠶᠢᠨ ᠬᠡᠪ ᠴᠢᠨᠠᠷ ᠤᠨ ᠪᠣᠳᠠᠲᠠᠶ ᠢᠯᠡᠷᠡᠯ ᠮᠥᠨ᠂ ᠴᠢᠳᠠᠪᠤᠷᠢ ᠬᠡᠳᠦᠶ ᠶᠡᠬᠡ ᠪᠠᠶᠢᠭᠰᠠᠨ ᠴᠤ ᠬᠡᠷᠡᠭᠯᠡᠬᠦ ᠳᠤᠷ᠎ᠠ ᠦᠭᠡᠢ᠂ ᠴᠢᠳᠠᠪᠤᠷᠢ ᠬᠡᠳᠦᠶ ᠶᠡᠬᠡ ᠪᠠᠶᠢᠭᠰᠠᠨ ᠴᠤ ᠭᠠᠷᠭᠠᠬᠤ ᠳᠤᠷ᠎ᠠ ᠦᠭᠡᠢ ᠪᠣᠯ ᠤᠯᠤᠰ ᠲᠦᠷᠦ ᠶᠢᠨ ᠲᠠᠯ᠎ᠠ ᠪᠠᠷ ᠰᠢᠯᠭᠠᠷᠠᠵᠤ ᠴᠢᠳᠠᠨ᠎ᠠ ᠭᠡᠵᠦ ᠬᠡᠯᠡᠬᠦ ᠶᠢᠨ ᠠᠷᠭ᠎ᠠ ᠦᠭᠡᠢ ᠶᠤᠮ᠃ ᠭᠣᠣᠯ ᠰᠡᠳᠦᠪᠲᠦ ᠬᠥᠮᠦᠵᠢᠯ ᠳᠦ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ ᠶᠢ ᠱᠠᠭᠠᠷᠳᠠᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ᠂ ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ ᠳᠤ ᠵᠣᠭᠰᠣᠴᠠ ᠲᠠᠶ ᠶᠤᠮ᠂ ᠡᠭᠦᠨ ᠦ ᠵᠣᠷᠢᠯᠭ᠎ᠠ ᠨᠢ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ ᠶᠢᠨ ᠲᠥᠯᠥᠭᠡ ᠶᠤᠮ᠃ ᠭᠣᠣᠯ ᠰᠡᠳᠦᠪᠲᠦ ᠬᠥᠮᠦᠵᠢᠯ ᠢ ᠠᠵᠢᠯ ᠢᠶᠠᠨ ᠠᠬᠢᠭᠤᠯᠬᠤ ᠬᠦᠴᠦᠲᠡᠢ ᠭᠠᠷᠳᠠᠴᠠ ᠪᠣᠯᠭᠠᠵᠤ᠂ ︽ᠰᠤᠷᠤᠯᠴᠠᠬᠤ︾ᠪᠠ︽ᠲᠡᠩᠴᠡᠭᠦᠯᠬᠦ︾ ᠢᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ︽ᠬᠣᠶᠠᠷ ᠲᠠᠯ᠎ᠠ ᠪᠠᠷ ᠰᠢᠢᠳᠪᠦᠷᠢᠯᠡᠬᠦ︾ᠵᠢ ᠰᠡᠷᠭᠡᠶᠢᠯᠡᠵᠦ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠬᠡᠷᠡᠮ ᠳᠡᠭᠡᠷ᠎ᠡ ᠢᠯᠡᠷᠡᠭᠦᠯᠬᠦ ᠪᠡᠷ ᠪᠠᠷᠠᠬᠤ ᠦᠭᠡᠢ ᠪᠠᠶᠢᠴᠠᠭᠠᠬᠤ ᠠᠵᠢᠯᠳᠠᠨ ᠤ ᠰᠡᠳᠬᠢᠯ ᠳᠦ ᠨᠡᠩ ᠭᠦᠨ ᠰᠠᠭᠤᠭᠳᠠᠭᠤᠯᠬᠤ ᠬᠡᠷᠡᠭᠲᠡᠢ᠃ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ᠡᠩᠨᠡᠭᠡᠨ ᠦ ᠪᠣᠳᠠᠲᠠᠶ ᠴᠢᠳᠠᠪᠤᠷᠢ᠂ ᠪᠣᠳᠠᠲᠠᠶ ᠪᠠᠶᠢᠯᠳᠤᠭᠠᠨ ᠤ ᠬᠢᠷᠢ ᠬᠡᠮᠵᠢᠶ᠎ᠡ᠂ ᠠᠵᠢᠯ ᠤᠨ ᠠᠮᠵᠢᠯᠲᠠ ᠪᠦᠲᠦᠮᠵᠢ ᠪᠣᠯ ᠰᠠᠶ᠋ᠢ ᠲᠤᠬᠠᠶᠢᠯᠠᠭᠰᠠᠨ ᠠᠵᠢᠯ ᠤᠨ ᠬᠡᠪ ᠴᠢᠨᠠᠷ ᠤᠨ ᠦᠨᠡᠨ ᠪᠣᠳᠠᠲᠠᠶ ᠢᠯᠡᠷᠡᠯ ᠮᠥᠨ᠂ ᠡᠩᠨᠡᠭᠡᠨ ᠦ ᠪᠠᠶᠢᠭᠤᠯᠤᠯᠲᠠ ᠶᠢᠨ ᠭᠣᠣᠯᠳᠠᠯᠭ᠎ᠠ ᠶᠢ ᠤᠳᠤ ᠪᠠᠶᠢᠭ᠎ᠠ ᠺᠠᠳ᠋ᠷᠴᠤᠳ ᠢ ᠪᠣᠯᠪᠠᠰᠤᠷᠠᠭᠤᠯᠬᠤ ᠪᠠ ᠳᠠᠪᠲᠠᠨ ᠪᠣᠯᠪᠠᠰᠤᠷᠠᠭᠤᠯᠬᠤ ᠳᠡᠭᠡᠷ᠎ᠡ ᠲᠠᠯᠪᠢᠵᠤ᠂ 《ᠭᠤᠷᠪᠠᠨ ᠪᠦᠷᠢᠨ ᠬᠡᠯᠪᠡᠷᠢ》 ᠶᠢᠨ ᠪᠣᠯᠪᠠᠰᠤᠷᠠᠭᠤᠯᠤᠯ᠂ 《ᠭᠤᠷᠪᠠᠨ ᠵᠢᠩᠬᠢᠨᠢ ᠬᠡᠯᠪᠡᠷᠢ》 ᠶᠢᠨ ᠪᠣᠳᠠᠲᠠᠶ ᠪᠣᠯᠪᠠᠰᠤᠷᠠᠭᠤᠯᠤᠯ ᠢ ᠥᠷᠨᠢᠭᠦᠯᠵᠦ᠂ ᠪᠠᠭᠰᠢ ᠨᠢ ᠱᠠᠪᠢ ᠪᠠᠨ ᠳᠠᠭᠠᠭᠤᠯᠬᠤ᠂ ᠬᠠᠰᠢᠷ ᠭᠠᠷ ᠨᠢ ᠰᠢᠨ᠎ᠡ ᠭᠠᠷ ᠢᠶᠠᠨ ᠳᠠᠭᠠᠭᠤᠯᠬᠤ᠂ ᠭᠠᠷᠮᠠᠭᠠᠶ ᠭᠠᠷ ᠨᠢ ᠳᠣᠣᠷ᠎ᠠ ᠭᠠᠷ ᠢᠶᠠᠨ ᠳᠠᠭᠠᠭᠤᠯᠬᠤ ᠡᠨᠡ ᠬᠦ ᠪᠦᠲᠦᠮᠵᠢᠲᠡᠶ ᠠᠷᠭ᠎ᠠ ᠮᠠᠶ᠋ᠢᠭ ᠢ ᠰᠠᠶᠢᠲᠤᠷ ᠠᠰᠢᠭᠯᠠᠬᠤ ᠬᠡᠷᠡᠭᠲᠡᠶ᠃ ᠪᠠᠶᠢᠴᠠᠭᠠᠬᠤ ᠲᠤᠰᠢᠶᠠᠯᠲᠠᠨ ᠬᠢᠭᠡᠳ ᠬᠠᠤᠯᠢᠴᠢ᠂ ᠰᠢᠭᠦᠬᠦ ᠲᠤᠰᠢᠶᠠᠯᠲᠠᠨ ᠤ ᠬᠣᠭᠣᠷᠣᠨᠳᠣᠬᠢ ᠪᠣᠳᠠᠲᠤ  ᠳᠠᠶᠢᠨ ᠦ ᠴᠢᠨᠠᠷᠲᠠᠶ᠂ ᠡᠰᠡᠷᠭᠦᠴᠡᠯᠳᠦᠬᠦ ᠴᠢᠨᠠᠷᠲᠠᠶ ᠪᠣᠯᠪᠠᠰᠤᠷᠠᠭᠤᠯᠤᠯ ᠢ ᠰᠦᠪᠡᠭᠴᠢᠯᠡᠨ ᠥᠷᠨᠢᠭᠦᠯᠵᠦ᠂ ᠪᠣᠯᠪᠠᠰᠤᠷᠠᠭᠤᠯᠤᠯ ᠢ ᠨᠡᠩ ᠪᠣᠳᠠᠲᠠᠶ ᠶᠢ ᠡᠷᠬᠢᠮᠯᠡᠬᠦ᠂ ᠨᠡᠩ ᠳᠥᠭᠥᠮ ᠳᠥᠲᠡ᠂ ᠨᠡᠩ ᠪᠦᠲᠦᠮᠵᠢᠲᠡᠶ ᠪᠣᠯᠭᠠᠵᠤ᠂ ᠡᠩᠨᠡᠭᠡᠨ ᠦ ᠲᠤᠰᠬᠠᠶ ᠮᠡᠷᠭᠡᠵᠢᠯ ᠦᠨ ᠴᠢᠳᠠᠪᠤᠷᠢ ᠪᠠ ᠳᠠᠢᠢᠴᠢᠨ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro