ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠨᠥᠳᠦᠷ ᠦᠨ  ᠬᠦᠷᠲᠡᠭᠰᠡᠨ ᠢᠷᠠᠭᠤ ᠠᠯᠳᠠᠷ ᠡᠮᠦᠨᠡᠬᠢ ᠵᠠᠮ ᠢ ᠭᠡᠷᠡᠯᠲᠦᠭᠦᠯᠬᠦ ᠨᠢ ᠯᠠᠪᠲᠠᠢ 

2023-12-07 16:16:29
ᠵᠣᠬᠢᠶᠠᠭᠴᠢ
ᠨᠠᠪᠴᠢ

  

 

11 ᠰᠠᠷ᠎ᠠ ᠶᠢᠨ 30 ᠤ ᠡᠳᠦᠷ ᠂ ᠪᠥᠬᠥ ᠤᠯᠤᠰ ᠤᠨ ᠪᠠᠶᠢᠴᠠᠭᠠᠬᠤ ᠠᠵᠢᠯ ᠤᠨ ᠰᠣᠶᠣᠯ ᠤᠨ ᠤᠬᠠᠭᠤᠯᠭ᠎ᠠ ᠶᠢᠨ  ᠠᠵᠢᠯ ᠤᠨ ᠬᠤᠷᠠᠯ ᠪᠡᠭᠡᠵᠢᠩ ᠳᠦ ᠬᠤᠷᠠᠯᠳᠤᠪᠠ ᠂ ᠬᠤᠷᠠᠯ  ᠠᠴᠠ ᠭᠤᠷᠪᠠᠳᠤᠭᠠᠷ ᠬᠤᠭᠤᠴᠠᠭᠠᠨ ᠤ ᠪᠥᠬᠥ ᠤᠯᠤᠰ ᠤᠨ ᠪᠠᠶᠢᠴᠠᠭᠠᠬᠤ  ᠪᠠᠶᠢᠭᠤᠯᠭ᠎ᠠ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢᠨ ᠰᠣᠩᠭᠣᠨ ᠦᠵᠡᠭᠦᠯᠬᠦ ᠠᠵᠢᠯᠯᠠᠭ᠎ᠠ ᠪᠠ ᠰᠢᠨ᠎ᠡ ᠴᠠᠭ ᠦᠶ᠎ᠡ ᠶᠢᠨ ᠬᠠᠸᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢᠨ ᠣᠨᠣᠯ ᠤᠨ ᠵᠣᠬᠢᠶᠠᠯ ᠡᠯᠰᠡᠬᠦ ᠠᠵᠢᠯᠯᠠᠭ᠎ᠠ ᠶᠢᠨ ᠱᠠᠩᠨᠠᠯ ᠣᠯᠤᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠱᠠᠩᠨᠠᠯ ᠣᠯᠤᠭᠰᠠᠨ ᠲᠥᠯᠥᠭᠡᠯᠡᠭᠴᠢᠳ ᠲᠦ ᠱᠠᠩᠨᠠᠯ ᠭᠠᠷᠳᠠᠭᠤᠯᠪᠠ ᠃ ᠱᠠᠲᠤ ᠱᠠᠲᠤ ᠪᠠᠷ ᠰᠢᠯᠢᠨ ᠰᠣᠩᠭᠣᠬᠤ ᠪᠠ ᠬᠤᠷᠴᠠ ᠰᠢᠷᠦᠭᠦᠨ  ᠦᠷᠢᠰᠦᠯᠳᠦᠭᠡᠨ ᠢᠶᠡᠷ ᠳᠡᠮᠵᠢᠨ ᠂ ᠠᠷᠤᠨ ᠬᠣᠰᠢᠭᠤᠨ ᠤ ᠪᠠᠶᠢᠴᠠᠭᠠᠬᠤ ᠬᠣᠷᠢᠶ᠎ᠠ ᠶᠢᠨ ︽ᠠᠷᠤᠨ ᠪᠠᠶᠢᠴᠭᠠᠠᠬᠤ ᠵᠠᠯᠠᠭᠤ︾ ᠰᠣᠶᠣᠯ ᠤᠨ ᠨᠠᠷᠠᠲᠤ ᠲᠡᠮᠳᠡᠭ ᠨᠢ ᠭᠤᠷᠪᠠᠳᠤᠭᠠᠷ ᠬᠤᠭᠤᠴᠠᠭᠠᠨ ᠤ ᠪᠥᠬᠥ ᠤᠯᠤᠰ ᠤᠨ ᠪᠠᠶᠢᠴᠠᠭᠠᠬᠤ  ᠪᠠᠶᠢᠭᠤᠯᠭ᠎ᠠ ᠶᠢᠨ ᠠᠷᠪᠠᠨ ᠰᠢᠯᠢᠳᠡᠭ ᠰᠣᠶᠣᠯ ᠤᠨ ᠨᠠᠷᠠᠲᠤ ᠲᠡᠮᠳᠡᠭ ᠢᠶᠡᠷ ᠦᠨᠡᠯᠡᠭᠳᠡᠵᠦ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠰᠢᠨ᠎ᠡ ᠴᠠᠭ ᠦᠶ᠎ᠡ ᠶᠢᠨ ᠬᠠᠸᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢᠨ ᠣᠨᠣᠯ ᠤᠨ ᠡᠬᠡ ᠪᠢᠴᠢᠭ ᠡᠯᠰᠡᠬᠦ ᠠᠵᠢᠯᠯᠠᠭ᠎ᠠ ᠳᠤ ᠨᠢᠭᠡᠳᠦᠭᠡᠷ ᠳᠡᠰ ᠤᠨ ᠱᠠᠩᠨᠠᠯ ᠭᠥᠷᠳᠡᠪᠡ ᠃

 

 

12 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ  ᠠᠯᠳᠠᠷ ᠡᠪᠦᠷᠯᠡᠭᠡᠳ ᠢᠷᠡᠭᠰᠡᠨ ︽ᠠᠷᠤᠨ ᠪᠠᠶᠢᠴᠭᠠᠠᠬᠤ ᠵᠠᠯᠠᠭᠤ︾ ᠤᠨ ᠰᠣᠶᠣᠯ ᠤᠨ ᠨᠡᠷᠡᠲᠦ ᠲᠡᠮᠳᠡᠭ ᠦᠨ ᠲᠥᠯᠥᠭᠡᠯᠡᠭᠴᠢ ᠠᠷᠤᠨ ᠬᠣᠰᠢᠭᠤᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠸᠠᠩ ᠰᠢᠶᠤᠤ ᠹᠸᠩ  ᠲᠠᠶ ᠠᠭᠤᠯᠵᠠᠵᠤ ᠂ ᠠᠷᠤᠨ ᠬᠣᠰᠢᠭᠤᠨ ᠤ ᠪᠠᠶᠢᠴᠠᠭᠠᠬᠤ ᠬᠣᠷᠢᠶᠠᠨ ᠤ ᠠᠯᠪᠠᠨ ᠬᠡᠷ ᠦᠨ ᠳᠡᠳ᠋ ᠡᠷᠬᠢᠯᠡᠭᠴᠢ ᠯᠢ ᠶᠠᠩ ᠵᠢᠴᠢ ᠡᠬᠡ ᠪᠢᠴᠢᠭ ᠡᠯᠰᠡᠬᠦ ᠠᠵᠢᠯᠯᠠᠭ᠎ᠠ ᠶᠢᠨ ᠨᠢᠭᠡᠳᠦᠭᠡᠷ ᠳᠡᠰ ᠤᠨ ᠱᠠᠩᠨᠠᠯ ᠬᠦᠷᠲᠡᠭᠴᠢ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠪᠠᠶᠢᠴᠠᠭᠠᠬᠤ ᠳᠠᠷᠤᠭ᠎ᠠ ᠵᠧᠩ ᠵᠢᠶᠠ ᠮᠧᠶ ᠂ ᠥᠪᠥᠷ ᠮᠣᠩᠭᠣᠯ ᠤᠨ ᠪᠠᠶᠢᠴᠠᠭᠠᠬᠤ ᠲᠤᠰᠢᠶᠠᠯᠲᠠᠨ ᠤ ᠳᠠᠪᠲᠠᠨ ᠪᠣᠯᠪᠠᠰᠤᠷᠠᠭᠤᠯᠬᠤ ᠳᠡᠭᠡᠳᠦ ᠰᠤᠷᠭᠠᠭᠤᠯᠢ ᠶᠢᠨ ᠵᠠᠬᠢᠷᠤᠯ ᠴᠧᠨ ᠪᠦᠦ ᠹᠸᠩ ᠂ ᠬᠠᠶᠢᠯᠠᠷ ᠤᠨ ᠲᠡᠮᠦᠷ ᠵᠠᠮ ᠤᠨ ᠲᠡᠭᠡᠭᠡᠪᠦᠷᠢ ᠶᠢᠨ ᠪᠠᠶᠢᠴᠠᠭᠠᠬᠤ ᠬᠣᠷᠢᠶᠠᠨ ᠤ ᠭᠤᠷᠪᠠᠳᠤᠭᠠᠷ ᠪᠠᠶᠢᠴᠠᠭᠠᠬᠤ ᠬᠡᠯᠲᠡᠰ ᠦᠨ ᠴᠧᠨ ᠢᠦᠶ ᠹᠸᠩ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠯᠤᠰ ᠲᠦᠷᠦ ᠶᠢᠨ ᠬᠡᠯᠲᠡᠰ ᠦᠨ ᠡᠷᠬᠢᠯᠡᠭᠴᠢ ᠸᠠᠩ ᠪᠦᠦ ᠵᠦ ᠠᠭᠤᠯᠵᠠᠯᠲᠠ ᠳᠤ ᠣᠷᠣᠯᠴᠠᠪᠠ᠃

 

 

ᠯᠢ ᠶᠦᠩ ᠵᠢᠶᠦ᠋ᠨ ᠤᠷᠤᠯᠳᠤᠭᠠᠨ ᠤ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠱᠠᠩᠨᠠᠯ ᠣᠯᠤᠭᠰᠠᠳ ᠲᠤ ᠪᠠᠶᠠᠷ ᠬᠦᠷᠭᠡᠪᠡ ᠃ ᠯᠢ ᠶᠦᠩ ᠵᠢᠶᠦ᠋ᠨ ᠢᠯᠡᠷᠬᠡᠶᠢᠯᠡᠬᠦ ᠳᠡᠭᠡᠨ ᠂ ︽ ᠬᠣᠸᠰ ᠠᠷᠪᠠᠨ ᠰᠢᠯᠢᠳᠡᠭ ︾ ᠤᠨ ᠠᠮᠵᠢᠯᠲᠠ ᠪᠦᠲᠦᠮᠵᠢ ᠬᠢᠯᠪᠠᠷ ᠪᠤᠰᠤ ᠪᠠᠶᠢᠵᠤ ᠂ ᠥᠪᠥᠷ ᠮᠣᠩᠭᠣᠯ ᠤᠨ ᠪᠠᠶᠢᠴᠠᠭᠠᠬᠤ ᠠᠵᠢᠯᠲᠠᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠳᠦ ᠠᠰᠢᠭᠲᠠᠶ ᠂ ᠪᠥᠬᠥ ᠪᠠᠶᠢᠴᠠᠭᠠᠬᠤ ᠠᠵᠢᠯᠲᠠᠨ ᠤ ᠴᠣᠭ ᠰᠦᠯᠳᠡ ᠶᠢ ᠳᠡᠭᠡᠭᠰᠢᠯᠡᠭᠦᠯᠬᠦ ᠳᠦ ᠠᠰᠢᠭᠲᠠᠶ ᠶᠤᠮ ᠭᠡᠵᠡᠶ ᠃ ᠯᠢ ᠶᠦᠩ ᠵᠢᠶᠦ᠋ᠨ ᠴᠢᠬᠤᠯᠠᠴᠢᠯᠠᠬᠤ ᠳᠠᠭᠠᠨ ᠂ ᠨᠢᠭᠡ ᠳᠦ ᠨᠡᠶᠢᠲᠡᠯᠢᠭ ᠵᠢᠱᠢᠶ᠎ᠡ ᠶᠢ ᠰᠠᠶᠢᠲᠤᠷ ᠬᠡᠷᠡᠭᠯᠡᠵᠦ ᠂ ᠠᠮᠵᠢᠯᠲᠠ ᠪᠠᠨ ᠪᠠᠳᠠᠷᠠᠭᠤᠯᠬᠤ ᠬᠡᠷᠡᠭᠲᠡᠶ ᠃  ᠱᠠᠩᠨᠠᠯ ᠣᠯᠤᠭᠰᠠᠨ ᠪᠦᠲᠦᠭᠡᠯ ᠢ ᠥᠪᠥᠷ ᠮᠣᠩᠭᠣᠯ ᠤᠨ ᠪᠠᠶᠢᠴᠠᠭᠠᠬᠤ ᠲᠤᠰᠢᠶᠠᠯᠲᠠᠨ ᠤ ᠳᠠᠪᠲᠠᠨ ᠪᠣᠯᠪᠠᠰᠤᠷᠠᠬᠤ ᠳᠡᠭᠡᠳᠦ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠰᠢᠰᠲ᠋ᠧᠮᠵᠢ ᠳᠦ ᠣᠷᠣᠭᠤᠯᠬᠤ ᠶᠢᠨ ᠬᠠᠮᠲᠤ ᠬᠢᠴᠢᠶᠡᠯ ᠵᠢᠭᠠᠬᠤ ᠰᠢᠯᠢᠳᠡᠭ ᠠᠭᠤᠯᠭ᠎ᠠ ᠶᠢ ᠡᠮᠬᠢᠳᠬᠡᠨ ᠳᠡᠪᠲᠡᠷᠯᠡᠵᠦ ᠂ ᠨᠢᠳᠦᠨ ᠳᠦ ᠦᠵᠡᠭᠳᠡᠮ᠎ᠡ ᠦᠷ᠎ᠡ ᠪᠦᠲᠦᠭᠡᠯ ᠢ ᠪᠣᠶ ᠪᠣᠯᠭᠠᠵᠤ ᠂ ᠳᠡᠭᠡᠳᠦ ᠰᠤᠷᠭᠠᠭᠤᠯᠢ ᠶᠢᠨ ᠦᠨ᠎ᠡ ᠴᠠᠨ᠎ᠠ ᠶᠢ ᠨᠡᠮᠡᠭᠳᠡᠭᠦᠯᠬᠦ ᠬᠡᠷᠡᠭᠲᠡᠶ ᠃ ᠬᠣᠶᠠᠷ ᠲᠤ ᠥᠪᠥᠷ ᠮᠣᠩᠭᠣᠯ ᠤᠨ ᠪᠠᠶᠢᠴᠠᠭᠠᠬᠤ ᠠᠵᠢᠯ ᠤᠨ ᠰᠣᠶᠣᠯ ᠤᠨ ᠪᠠᠶᠢᠭᠤᠯᠤᠯᠲᠠ ᠶᠢ ᠰᠢᠨ᠎ᠡ ᠳᠡᠭᠡᠳᠦ ᠬᠡᠮᠵᠢᠶᠡᠨ ᠳᠦ ᠬᠦᠷᠭᠡᠵᠦ᠂ ᠰᠣᠶᠣᠯ ᠤᠨ ᠪᠠᠶᠢᠭᠤᠯᠤᠯᠲᠠ ᠪᠠᠷ ᠥᠪᠥᠷ ᠮᠣᠩᠭᠣᠯ ᠤᠨ ᠪᠠᠶᠢᠴᠠᠭᠠᠬᠤ ᠠᠵᠢᠯ ᠤᠨ ᠥᠷᠨᠢᠯᠲᠡ ᠶᠢ ᠲᠤᠯᠭᠠᠭᠤᠷᠢᠯᠠᠬᠤ ᠪᠠ ᠬᠥᠲᠥᠯᠥᠨ ᠵᠢᠯᠣᠭᠣᠳᠬᠤ ᠬᠡᠷᠡᠭᠲᠡᠶ᠃ ᠰᠢ ᠶᠢᠨ ᠫᠢᠩ  ᠤᠨ ᠰᠣᠶᠣᠯ  ᠤᠨ ᠦᠵᠡᠯ ᠰᠠᠨᠠᠭ᠎ᠠ  ᠢᠢ ᠥᠪᠥᠷ ᠮᠣᠩᠭᠣᠯ  ᠤᠨ ᠪᠠᠶᠢᠴᠠᠭᠠᠬᠤ ᠠᠵᠢᠯ  ᠤᠨ ᠲᠠᠯ᠎ᠠ ᠪᠣᠯᠭᠠᠨ ᠳᠤ ᠣᠷᠣᠭᠤᠯᠵᠤ᠂ ᠰᠣᠶᠣᠯ  ᠤᠨ ᠪᠠᠶᠢᠭᠤᠯᠤᠯᠲᠠ  ᠢᠢ ᠪᠠᠶᠢᠴᠠᠭᠠᠬᠤ ᠠᠵᠢᠯ  ᠤᠨ ᠴᠢᠬᠤᠯᠠ ᠪᠦᠷᠢᠯᠳᠦᠬᠦᠨ ᠬᠡᠰᠡᠭ ᠪᠣᠯᠭᠠᠬᠤ ᠬᠡᠷᠡᠭᠲᠡᠢ᠃ ᠵᠣᠷᠢᠭ ᠰᠠᠨᠠᠭ᠎ᠠ ᠪᠠᠨ ᠬᠥᠭᠵᠢᠭᠡᠬᠦ ᠪᠣᠯ ᠨᠢᠭᠡᠨ ᠲᠠᠰᠤᠷᠠᠯᠳᠠ ᠦᠭᠡᠢ ᠰᠢᠨᠡᠳᠬᠡᠨ ᠪᠠᠶᠠᠯᠢᠭᠵᠢᠭᠤᠯᠬᠤ ᠶᠠᠪᠤᠴᠠ ᠮᠥᠨ᠂ ᠤᠳᠤ ᠮᠢᠩᠭᠠᠨ ᠳᠠᠷᠪᠠᠭᠤᠯ ᠢ ᠥᠷᠢᠰᠥᠯᠳᠦᠭᠦᠯᠦᠨ ᠲᠦᠮᠡᠨ ᠠᠭᠲᠠ ᠶᠢ ᠳᠠᠪᠬᠢᠭᠤᠯᠬᠤ ᠪᠠᠶᠢᠳᠠᠯ ᠨᠢᠭᠡᠨᠲᠡ ᠪᠤᠢ ᠪᠣᠯᠵᠠᠶ᠂ ᠪᠦᠬᠦ ᠪᠠᠶᠢᠴᠠᠭᠠᠬᠤ ᠠᠵᠢᠯᠲᠠᠳ  ᠮᠡᠷᠡᠶᠢᠨ ᠴᠢᠷᠮᠠᠶᠢᠵᠤ᠂ ᠰᠢᠨ᠎ᠡ ᠬᠦᠴᠦᠨ᠂ ᠰᠢᠨ᠎ᠡ  ᠢᠳᠡ ᠬᠦᠴᠦ᠂ ᠰᠢᠨ᠎ᠡ ᠮᠠᠲ᠋ᠧᠷᠢᠶᠠᠯ ᠨᠡᠮᠡᠵᠦ᠂ ᠨᠡᠩ ᠲᠡᠭᠦᠰ ᠲᠡᠭᠦᠯᠳᠡᠷ ᠪᠥᠭᠡᠳ ᠴᠤᠭ ᠪᠠᠳᠠᠷᠠᠩᠭᠤᠶ ᠵᠣᠷᠢᠭ ᠰᠠᠨᠠᠭ᠎ᠠ ᠪᠠᠷ ᠨᠡᠩ ᠰᠢᠯᠢᠳᠡᠭ ᠠᠮᠵᠢᠯᠲᠠ ᠪᠦᠲᠦᠮᠵᠢ ᠤᠯᠬᠤ ᠬᠡᠷᠡᠭᠲᠡᠶ᠃ ᠭᠤᠷᠪᠠ ᠳᠤ 2024 ᠣᠨ ᠢ ︽ᠥᠪᠥᠷ ᠮᠣᠩᠭᠣᠯ ᠤᠨ ᠪᠠᠶᠢᠴᠠᠭᠠᠬᠤ ᠠᠵᠢᠯ ᠤᠨ ᠰᠣᠶᠣᠯ ᠤᠨ ᠪᠠᠶᠢᠭᠤᠯᠤᠯᠲᠠ ᠶᠢᠨ ᠠᠷᠪᠠᠨ ᠶᠡᠬᠡ ᠠᠷᠭ᠎ᠠ ᠬᠡᠮᠵᠢᠶ᠎ᠡ ︾ ᠶᠢ ᠪᠥᠬᠥ ᠲᠠᠯ᠎ᠠ ᠪᠠᠷ ᠬᠡᠷᠡᠭᠵᠢᠭᠦᠯᠬᠦ ᠣᠨ ᠪᠣᠯᠭᠠᠵᠤ ᠂ ︽ ᠠᠷᠪᠠᠨ ᠶᠡᠬᠡ ᠠᠷᠭ᠎ᠠ ᠬᠡᠮᠵᠢᠶ᠎ᠡ ︾ ᠨᠢ ᠭᠤᠷᠪᠠᠳᠤᠭᠠᠷ ᠳᠡᠰ ᠤᠨ  ᠬᠣᠷᠢᠶᠠᠨ ᠤ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠶᠢ ᠬᠠᠮᠤᠷᠤᠭᠰᠠᠨ ᠪᠦᠷᠢᠨ ᠪᠦᠲᠦᠨ ᠪᠣᠷᠣ ᠲᠥᠯᠥᠪ ᠢ ᠪᠣᠶ ᠪᠣᠯᠭᠠᠵᠤ ᠂ ᠲᠡᠭᠦᠨ ᠢ ᠪᠥᠬᠥ ᠲᠠᠯ᠎ᠠ ᠪᠠᠷ ᠳᠡᠯᠭᠡᠷᠡᠭᠦᠯᠦᠨ ᠂ ᠦᠨᠳᠦᠰᠦ ᠬᠠᠳᠬᠤᠨ ᠰᠣᠶᠣᠭᠠᠯᠠᠵᠤ ᠂ ᠦᠷ᠎ᠡ ᠵᠢᠮᠢᠰ ᠰᠠᠭᠤᠯᠭᠠᠵᠤ ᠂ ᠡᠯᠪᠡᠭ ᠳᠡᠯᠪᠡᠭ ᠪᠣᠳᠠᠲᠤ ᠦᠷ᠎ᠡ ᠪᠦᠲᠦᠭᠡᠯ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ ᠃

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro