ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠤᠯᠠᠨ ᠬᠡᠯᠡ ᠪᠡᠷ ᠪᠠᠶᠢᠴᠠᠭᠠᠬᠤ ᠶᠢ ᠦᠭᠡᠯᠡᠵᠦ   ᠬᠠᠮᠲᠤ ᠪᠠᠷ ᠢᠶᠠᠨ ᠭᠠᠳᠠᠭᠠᠳᠤ ᠲᠠᠢ ᠬᠤᠯᠪᠤᠭᠳᠠᠭᠰᠠᠨ ᠠᠵᠢᠯ ᠢ  ᠶᠠᠷᠢᠯᠴᠠᠪᠠ

2024-01-18 20:14:30
ᠵᠣᠬᠢᠶᠠᠭᠴᠢ
ᠨᠠᠪᠴᠢ

ᠬᠣᠣᠰ ᠬᠡᠯᠡᠨ ᠦ ᠬᠡᠷᠡᠭ ᠢ ᠬᠡᠷᠬᠢᠨ ᠰᠠᠶᠢᠲᠤᠷ ᠰᠢᠢᠳᠪᠦᠷᠢᠯᠡᠬᠦ ᠪᠤᠢ︖ ᠬᠢᠯᠢ ᠳᠠᠭᠠᠤ  ᠪᠣᠭᠣᠮᠲᠠ ᠳᠠᠭᠠᠭᠰᠠᠨ ᠪᠠᠶᠢᠴᠠᠭᠠᠬᠤ ᠠᠵᠢᠯ ᠢ ᠬᠡᠷᠬᠢᠨ ᠰᠠᠶᠢᠲᠤᠷ ᠬᠢᠬᠦ ᠪᠤᠢ︖ ᠬᠡᠷᠬᠢᠨ ᠤᠯᠠᠨ ᠤᠯᠤᠰ ᠤᠨ ᠪᠠᠶᠢᠴᠠᠭᠠᠬᠤ ᠠᠵᠢᠯ ᠤᠨ ᠲᠤᠷᠰᠢᠯᠭ᠎ᠠ ᠪᠠᠷ ᠲᠤᠯᠢ ᠪᠣᠯᠭᠠᠵᠤ ᠥᠪᠡᠷ ᠦᠨ ᠠᠵᠢᠯ ᠢᠶᠠᠨ ᠠᠬᠢᠭᠤᠯᠬᠤ ᠪᠤᠢ︖

 

 

【ᠬᠣᠣᠰ ᠬᠡᠯᠡᠨ ᠦ ᠬᠡᠷᠡᠭ ᠰᠢᠶᠳᠪᠦᠷᠢᠯᠡᠬᠦ ᠠᠵᠢᠯᠲᠠᠨ ᠦᠨᠳᠦᠰᠦᠲᠡᠨ ᠦ ᠦᠭᠡ ᠬᠡᠯᠡᠨ ᠦ ᠰᠣᠯᠢᠯᠴᠠᠭᠠᠨ ᠤ ᠴᠢᠳᠠᠪᠤᠷᠢ᠂ ᠦᠰᠦᠭ ᠪᠢᠴᠢᠭ ᠦᠨ ᠬᠡᠷᠡᠭᠯᠡᠭᠡᠨ ᠦ ᠴᠢᠳᠠᠪᠤᠷᠢ᠂ ᠬᠠᠤᠯᠢ ᠴᠠᠭᠠᠵᠠ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠲᠠᠶ ᠪᠠᠶᠢᠵᠤ᠂ ᠴᠥᠭᠡᠨ ᠲᠣᠭᠠᠲᠤ ᠦᠨᠳᠦᠰᠦᠲᠡᠨ ᠦ ᠵᠠᠩ ᠳᠠᠳᠬᠠᠯ ᠪᠠ ᠤᠯᠠᠮᠵᠢᠯᠠᠯᠲᠤ ᠮᠡᠳᠡᠯᠭᠡ ᠶᠢ  ᠰᠠᠶᠢᠲᠤᠷ ᠮᠡᠳᠡᠬᠦ ᠬᠡᠷᠡᠭᠲᠡᠶ᠃】

 

︽ᠮᠢᠨᠦ ᠦᠵᠡᠬᠦ ᠪᠡᠷ ᠬᠡᠷᠡᠭ ᠦᠨ ᠬᠠᠮᠢᠶᠠᠷᠤᠯᠲᠠ ᠶᠢᠨ ᠲᠣᠭ᠎ᠠ ᠪᠠᠷᠢᠮᠲᠠ ᠶᠢᠨ  ᠴᠢᠭᠯᠡᠭᠦᠷ ᠦᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠯᠢ ᠳᠠᠭᠠᠤ ᠬᠢᠯᠢ ᠶᠢᠨ ᠪᠣᠭᠣᠮᠲᠠ ᠶᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦ ᠨᠡᠮᠡᠷᠢᠯᠡᠬᠦ ᠬᠡᠷᠡᠭᠲᠡᠢ︾᠃

 

︽ ᠪᠥᠬᠥ ᠣᠷᠣᠨ ᠤ ᠪᠠᠶᠢᠴᠠᠭᠠᠬᠤ  ᠪᠠᠶᠢᠭᠤᠯᠭ᠎ᠠ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠶᠡᠬᠡ ᠪᠡᠷ ᠥᠷᠨᠢᠭᠦᠯᠵᠦ ᠪᠠᠶᠢᠭ᠎ᠠ ᠦᠶ᠎ᠡ ᠳᠦ ᠂ ᠬᠣᠸᠰ ᠬᠡᠯᠡᠨ ᠦ ᠪᠠᠶᠢᠴᠠᠭᠠᠬᠤ ᠠᠵᠢᠯᠲᠠᠨ ᠤ ᠬᠤᠪᠢ ᠬᠥᠮᠦᠨ ᠦ ᠰᠤᠷᠤᠯᠴᠠᠯᠭ᠎ᠠ ᠶᠢ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ ᠂  ᠬᠤᠷᠢᠶᠠᠨ ᠤ  ᠪᠠᠶᠢᠭᠤᠯᠭ᠎ᠠ ᠠᠴᠠ ᠰᠣᠷᠢᠯᠲᠠ ᠪᠣᠯᠪᠠᠰᠤᠷᠠᠭᠤᠯᠤᠯ  ᠪᠠ ᠣᠯᠠᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠤᠨ ᠲᠣᠬᠢᠶᠠᠯ ᠢ ᠢᠯᠡᠭᠦᠬᠡᠨ ᠬᠠᠩᠭᠠᠵᠤ ᠂ ᠣᠷᠴᠢᠭᠤᠯᠤᠭᠴᠢ + ᠬᠠᠸᠯᠢ ᠴᠠᠭᠠᠵᠠ ᠶᠢᠨ ᠬᠠᠮ ᠬᠡᠯᠪᠡᠷᠢ ᠶᠢᠨ ᠳᠡᠭᠡᠳᠦ ᠲᠠᠰ ᠤᠨ ᠴᠢᠳᠠᠪᠤᠷᠢᠲᠠᠨ ᠤ ᠨᠥᠭᠡᠴᠡ ᠶᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ ︾ ᠃

 

︽ᠬᠢᠯᠢ ᠳᠠᠭᠠᠤ ᠬᠢᠯᠢ ᠶᠢᠨ ᠪᠣᠭᠣᠮᠲᠠ ᠳᠤ ᠤᠯᠠᠨ  ᠡᠭᠦᠰᠬᠦ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠦᠷᠦᠯ ᠵᠦᠢᠯ ᠦᠨ ᠬᠡᠷᠡᠭ ᠢ ᠵᠠᠳᠠᠯᠬᠤ ᠪᠠ ᠰᠤᠳᠤᠯᠤᠨ ᠮᠠᠭᠠᠳᠯᠠᠬᠤ ᠪᠠᠷ ᠳᠠᠮᠵᠢᠭᠤᠯᠵᠤ᠂ ᠴᠤᠬᠤᠶᠢᠯᠲᠠ ᠶᠢᠨ ᠴᠢᠨᠠᠷᠲᠠᠢ ᠬᠡᠯᠪᠡᠷᠢᠯ ᠦᠨ ᠴᠢᠨᠠᠷᠲᠠᠢ ᠠᠰᠠᠭᠤᠳᠠᠯ ᠳᠤ᠂ ᠪᠠᠶᠢᠴᠠᠭᠠᠬᠤ ᠰᠠᠨᠠᠭᠤᠯᠭ᠎ᠠ ᠭᠠᠷᠭᠠᠬᠤ ᠵᠡᠷᠭᠡ ᠠᠷᠭ᠎ᠠ ᠬᠡᠯᠪᠡᠷᠢ ᠪᠡᠷ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠦ ᠬᠦᠴᠦ ᠨᠡᠮᠡᠷᠢᠯᠡᠵᠦ᠂ ᠤᠨᠢᠨ ᠳᠡᠭᠡᠷ᠎ᠡ ᠨᠢ ᠬᠦᠴᠦᠯᠡᠬᠦ ᠬᠡᠷᠡᠭᠲᠡᠢ︾᠃

 

《 ᠳᠤᠮᠳᠠᠳᠤ ᠤᠯᠤᠰ ᠪᠣᠯᠤᠨ ᠠᠦ᠋ᠰᠲ᠋ᠷᠠᠯᠢᠶ᠎ᠠ ᠬᠣᠶᠠᠷ ᠤᠯᠤᠰ ᠤᠨ ᠵᠠᠰᠠᠭ ᠤᠨ ᠪᠦᠲᠦᠴᠡ ᠠᠳᠠᠯᠢ ᠦᠭᠡᠶ᠂  ᠭᠡᠪᠡᠴᠦ ᠲᠤᠰᠬᠠᠶᠢᠵᠢᠭᠤᠯᠬᠤ ᠪᠣᠯ ᠪᠠᠶᠢᠴᠠᠭᠠᠬᠤ  ᠪᠠᠶᠢᠭᠤᠯᠭ᠎ᠠ  ᠶᠢᠨ ᠬᠠᠮᠲᠤ  ᠶᠢᠨ ᠬᠥᠭᠵᠢᠯᠲᠡ  ᠶᠢᠨ ᠴᠢᠭᠯᠡᠯ ᠪᠠ ᠭᠣᠣᠯ ᠰᠡᠳᠦᠪ ᠮᠥᠨ ᠂ ᠪᠠᠰᠠ ᠴᠤ ᠮᠠᠨ ᠤ ᠣᠷᠣᠨ ᠤ ᠪᠠᠶᠢᠴᠠᠭᠠᠬᠤ  ᠪᠠᠶᠢᠭᠤᠯᠭ᠎ᠠ  ᠶᠢᠨ ᠰᠢᠨ᠎ᠡ ᠪᠠᠶᠢᠳᠠᠯ ᠰᠢᠨ᠎ᠡ ᠡᠭᠦᠷᠭᠡ  ᠶᠢᠨ ᠡᠮᠦᠨ᠎ᠡ ᠂ ᠪᠠᠶᠢᠴᠠᠭᠠᠬᠤ ᠡᠩᠨᠡᠭᠡᠨ ᠦ ᠣᠳᠣᠬᠢᠴᠢᠯᠠᠯᠲᠠ  ᠶᠢ ᠪᠡᠶᠡᠯᠡᠭᠦᠯᠬᠦ ᠳᠦ ᠵᠠᠪᠠᠯ ᠶᠠᠪᠤᠬᠤ ᠵᠠᠮ ᠮᠥᠨ 》 ᠃

᠁ ᠁

ᠤᠳᠠᠭ᠎ᠠ ᠪᠦᠷᠢ ᠶᠢᠨ ᠰᠣᠯᠢᠯᠴᠠᠭ᠎ᠠ ᠨᠢ ᠴᠥᠮ ᠦᠵᠡᠯ ᠰᠠᠨᠠᠭᠠᠨ ᠤ ᠣᠴᠢ ᠦᠰᠦᠷᠳᠡᠭ᠃ ᠶᠠᠷᠢᠯᠴᠠᠬᠤ ᠬᠤᠷᠠᠯ ᠨᠢ 《 ᠨᠢᠭᠤᠷᠲᠠᠨ ᠶᠠᠷᠢᠯᠴᠠᠬᠤ 》 ᠂ 《 ᠬᠠᠷᠢᠯᠴᠠᠨ ᠬᠥᠳᠡᠯᠦᠯᠴᠡᠬᠦ 》 ᠂ 《 ᠣᠯᠠᠨ  ᠬᠡᠯᠡ ᠪᠡᠷ ᠶᠠᠷᠢᠬᠤ 》 ᠬᠡᠯᠪᠡᠷᠢ ᠪᠡᠷ ᠶᠠᠪᠤᠭᠳᠠᠵᠤ ᠂ 11 ᠰᠠᠯᠠᠭ᠎ᠠ ᠮᠥᠴᠢᠷ ᠦᠨ ᠪᠠᠶᠢᠴᠠᠭᠠᠬᠤ ᠠᠵᠢᠯᠲᠠᠨ ᠣᠯᠠᠨ ᠬᠡᠯᠡᠨ ᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠬᠢᠲᠠᠳ ᠬᠡᠯᠡ ᠂ ᠠᠩᠭᠯᠢ ᠬᠡᠯᠡ ᠂ ᠭᠸᠷᠮᠠᠨ ᠬᠡᠯᠡ ᠂ ᠣᠷᠣᠰ ᠬᠡᠯᠡ ᠂ ᠮᠣᠩᠭᠣᠯ ᠬᠡᠯᠡ  ᠵᠡᠷᠭᠡ ᠬᠡᠯᠡ  ᠶᠢ ᠤᠷᠤᠰᠤᠮ᠎ᠠ ᠰᠠᠶᠢᠬᠠᠨ ᠬᠡᠷᠡᠭᠯᠡᠵᠦ ᠂ ᠲᠤᠰ ᠪᠡᠶ᠎ᠡ ᠶᠢᠨ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠤᠶᠤ ᠭᠠᠳᠠᠭᠠᠳᠤ ᠳᠤ ᠬᠣᠯᠪᠣᠭᠳᠠᠬᠤ ᠰᠤᠷᠤᠯᠴᠠᠯᠭ᠎ᠠ ᠠᠵᠢᠯ ᠤᠨ ᠬᠣᠣᠰ ᠬᠡᠯᠡ ᠪᠡᠷ ᠬᠡᠷᠡᠭ ᠰᠢᠢᠳᠪᠦᠷᠢᠯᠡᠬᠦ᠂ ᠬᠠᠤᠯᠢ ᠴᠠᠭᠠᠵᠠ ᠶᠢᠨ ᠬᠠᠮᠵᠢᠯᠴᠠᠭ᠎ᠠ᠂ ᠬᠢᠯᠢ ᠳᠠᠭᠠᠤ ᠬᠢᠯᠢ ᠶᠢᠨ ᠪᠣᠭᠣᠮᠲᠠ ᠶᠢᠨ ᠪᠠᠶᠢᠴᠠᠭᠠᠬᠤ᠂ ᠭᠠᠳᠠᠭᠠᠳᠤ ᠳᠤ ᠬᠣᠯᠪᠣᠭᠳᠠᠬᠤ  ᠬᠠᠥᠯᠢ  ᠪᠠᠷ ᠵᠠᠰᠠᠬᠤ ᠴᠢᠳᠠᠪᠤᠷᠢᠲᠠᠨ ᠢ ᠬᠥᠮᠦᠵᠢᠭᠦᠯᠬᠦ᠂ ᠬᠠᠤᠯᠢ ᠴᠠᠭᠠᠵᠠ ᠶᠢᠨ ᠰᠣᠶᠣᠯ ᠤᠨ ᠰᠣᠯᠢᠯᠴᠠᠭ᠎ᠠ᠂ ᠭᠠᠳᠠᠭᠠᠳᠤ ᠶᠢᠨ ᠬᠠᠤᠯᠢ ᠴᠠᠭᠠᠵᠠ ᠶᠢᠨ ᠲᠦᠷᠢᠮ ᠢᠶᠡᠷ ᠲᠤᠯᠢ ᠪᠣᠯᠭᠠᠬᠤ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠠᠭᠤᠵᠢᠷᠠᠲᠠᠯ᠎ᠠ ᠶᠠᠷᠢᠯᠴᠠᠵᠤ᠂ ᠢᠳᠡᠪᠬᠢᠲᠡᠢ ᠪᠡᠷ ᠰᠠᠨᠠᠯ ᠢᠶᠠᠨ ᠰᠣᠯᠢᠯᠴᠠᠪᠠ᠃ ᠭᠦᠨ ᠵᠤᠵᠠᠭᠠᠨ ᠦᠭᠡ ᠬᠡᠯᠡᠨ ᠦ ᠦᠨᠳᠦᠰᠦᠨ ᠪᠣᠯᠪᠠᠰᠤᠷᠠᠯ᠂ ᠯᠠᠪᠳᠠᠭᠤᠨ ᠪᠠᠲᠤᠲᠠᠢ ᠲᠤᠰᠬᠠᠢ ᠮᠡᠷᠭᠡᠵᠢᠯ ᠦᠨ ᠮᠡᠳᠡᠯᠭᠡ᠂ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠨᠢᠭᠡ ᠤᠳᠠᠭ᠎ᠠ ᠶᠢᠨ ᠤᠶᠤᠨ ᠤᠬᠠᠭᠠᠨ ᠠᠭᠤᠰᠤᠯᠴᠠᠭᠰᠠᠨ᠂ ᠦᠵᠡᠯᠲᠡ ᠳᠣᠯᠭᠢᠰᠤᠭᠰᠠᠨ᠂  ᠲᠠᠪᠰᠢᠭᠰᠠᠨ᠂ ᠪᠣᠳᠠᠲᠠᠢ ᠶᠢ ᠡᠷᠬᠢᠮᠯᠡᠭᠰᠡᠨ ᠦᠵᠡᠯ ᠰᠠᠨᠠᠭᠠᠨ ᠤ ᠦᠪᠡᠳᠡᠭᠰᠢ ᠳᠠᠶᠢᠯᠠᠯᠭ᠎ᠠ ᠶᠢ  ᠪᠤᠢ ᠪᠣᠯᠭᠠᠵᠤ᠂ ︽ᠬᠠᠤᠯᠢ ᠴᠠᠭᠠᠵᠠ + ᠦᠭᠡ ᠬᠡᠯᠡ︾ᠵᠢᠨ ᠬᠦᠴᠦᠷᠬᠡᠭ ᠳᠠᠭᠤᠨ ᠢ ᠬᠥᠮᠦᠰ ᠦᠨ ᠰᠡᠳᠬᠢᠯ ᠳᠦ ᠬᠦᠷᠭᠡᠵᠦ᠂ ᠶᠠᠷᠢᠯᠴᠠᠬᠤ ᠬᠤᠷᠠᠯ ᠤᠨ ᠭᠤᠶᠤ ᠰᠠᠶᠢᠬᠠᠨ ᠦᠵᠡᠮᠵᠢ ᠪᠣᠯᠭᠠᠭᠰᠠᠨ ᠪᠠᠶᠢᠨ᠎ᠠ᠃ ᠶᠠᠷᠢᠯᠴᠠᠬᠤ ᠬᠤᠷᠠᠯ ᠳᠡᠭᠡᠷ᠎ᠡ᠂ ᠯᠢ ᠶᠦᠩ ᠵᠢᠶᠦ᠋ᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠪᠠᠶᠢᠨ ᠪᠠᠶᠢᠨ ᠦᠭᠡ  ᠠᠰᠠᠭᠤᠨ ᠯᠠᠪᠯᠠᠵᠤ᠂ ᠤᠯᠠᠨ ᠲᠠᠶ ᠰᠠᠨᠠᠯ ᠢᠶᠠᠨ ᠰᠣᠯᠢᠯᠴᠠᠪᠠ᠃

 

 

ᠣᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ ᠯᠢ ᠶᠦᠩ ᠵᠢᠶᠦ᠋ᠨ ᠢᠯᠡᠷᠬᠡᠶᠢᠯᠡᠬᠦ ᠳᠡᠭᠡᠨ ᠂ ᠲᠣᠰ ᠤᠳᠠᠭᠠᠨ ᠤ ᠰᠣᠯᠢᠯᠴᠠᠭᠠᠨ ᠤ ᠬᠤᠷᠠᠯ ᠪᠣᠯ ᠶᠠᠭᠤᠨ ᠤ ᠡᠮᠦᠨ᠎ᠡ ᠨᠢᠭᠡ ᠤᠳᠠᠭᠠᠨ ᠤ ᠪᠣᠳᠠᠲᠤ ᠶᠠᠪᠤᠳᠠᠯ ᠤᠨ ᠰᠣᠯᠢᠯᠴᠠᠭᠠᠨ ᠤ ᠬᠤᠷᠠᠯ ᠪᠣᠯᠤᠨ᠎ᠠ ᠃ ᠤᠯᠠᠨ ᠢᠶᠠᠷ ᠢᠶᠠᠨ ᠬᠣᠣᠰ ᠬᠡᠯᠡᠨ ᠦ ᠬᠡᠷᠡᠭ᠂ ᠬᠢᠯᠢ ᠳᠠᠭᠠᠤ ᠬᠢᠯᠢ ᠶᠢᠨ ᠪᠣᠭᠣᠮᠲᠠ ᠶᠢᠨ ᠪᠠᠶᠢᠴᠠᠭᠠᠬᠤ᠂ ᠭᠠᠳᠠᠭᠠᠳᠤ ᠳᠤ ᠬᠣᠯᠪᠣᠭᠳᠠᠬᠤ ᠪᠠᠶᠢᠴᠠᠭᠠᠬᠤ ᠠᠵᠢᠯ ᠵᠡᠷᠭᠡ ᠭᠤᠷᠪᠠᠨ ᠶᠡᠬᠡ ᠭᠣᠣᠯ ᠰᠡᠳᠦᠪ ᠦᠨ ᠲᠣᠭᠣᠷᠢᠨ ᠳᠤ  ᠶᠠᠭᠠᠬᠢᠵᠤ ᠬᠢᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠤᠪᠢ ᠬᠥᠮᠦᠨ ᠦ ᠣᠶᠢᠯᠠᠭᠠᠯᠲᠠ᠂ ᠪᠣᠳᠣᠯᠬᠢᠯᠠᠯ ᠢᠶᠠᠨ ᠤᠯᠠᠨ ᠤ ᠮᠡᠳᠡᠯᠭᠡ ᠶᠢᠨ ᠬᠡᠮᠵᠢᠢ᠎ᠡ ᠪᠣᠯᠭᠠᠨ ᠬᠤᠪᠢᠷᠠᠭᠤᠯᠵᠤ᠂ ᠦᠵᠡᠯᠲᠡ ᠢᠯᠡ ᠲᠣᠳᠣ᠂ ᠠᠭᠤᠯᠭ᠎ᠠ ᠪᠠᠶᠠᠯᠢᠭ᠂ ᠪᠦᠷᠢᠨ ᠭᠦᠢᠴᠡᠳ ᠪᠣᠳᠠᠲᠠᠢ ᠪᠠᠶᠢᠵᠤ᠂  ᠮᠠᠰᠢ ᠤᠯᠠᠨ ᠠᠰᠢᠭ ᠬᠦᠷᠳᠡᠵᠡᠢ᠃ ᠳᠠᠷᠠᠭ᠎ᠠ ᠳᠤᠨᠢ  ᠨᠢᠭᠡᠨ ᠤᠳᠠᠭᠠᠨ ᠤ ᠬᠡᠯᠡᠨ ᠦ ᠰᠢᠯᠭᠠᠨ ᠦᠵᠡᠬᠦ ᠬᠤᠷᠠᠯ ᠪᠣᠯᠤᠨ᠎ᠠ᠃ ᠡᠨᠡ ᠤᠳᠠᠭᠠᠨ ᠤ ᠰᠣᠯᠢᠯᠴᠠᠭ᠎ᠠ ᠨᠢ ᠮᠣᠩᠭᠣᠯ ᠬᠡᠯᠡ ᠂ ᠠᠩᠭᠯᠢ ᠬᠡᠯᠡ ᠂ ᠭᠸᠷᠮᠠᠨ ᠬᠡᠯᠡ ᠂ ᠣᠷᠣᠰ ᠬᠡᠯᠡ ᠂ ᠹᠷᠠᠨᠼᠢ ᠬᠡᠯᠡ ᠵᠡᠷᠭᠡ ᠬᠡᠯᠡᠨ ᠳᠦ ᠬᠣᠯᠪᠣᠭᠳᠠᠵᠤ ᠂ ᠲᠤᠰᠬᠠᠶᠢᠯᠠᠨ ᠣᠷᠴᠢᠭᠤᠯᠭ᠎ᠠ ᠪᠠ ᠭᠠᠳᠠᠭᠠᠳᠤ ᠶᠠᠪᠤᠳᠠᠯ ᠤᠨ ᠠᠵᠢᠯ ᠬᠢᠳᠡᠭ ᠨᠥᠬᠥᠳ ᠪᠠᠶᠢᠬᠤ ᠪᠠᠷ ᠪᠠᠷᠠᠬᠤ ᠦᠭᠡᠶ ᠪᠠᠰᠠ ᠪᠠᠶᠢᠴᠠᠭᠠᠬᠤ ᠠᠵᠢᠯ ᠵᠢᠴᠢ ᠶᠡᠷᠦᠩᠬᠡᠶᠢᠯᠡᠭᠰᠡᠨ ᠰᠠᠯᠠᠭ᠎ᠠ ᠮᠥᠴᠢᠷ ᠦᠨ ᠨᠥᠬᠥᠳ ᠪᠠᠶᠢᠨ᠎ᠠ ᠂ ᠡᠨᠡ ᠨᠢ ᠦᠶ ᠣᠯᠠᠨ ᠡᠷᠳᠡᠮᠲᠡᠨ ᠢ ᠴᠢᠯᠥᠭᠡᠲᠡᠶ ᠪᠡᠷ ᠶᠠᠷᠢᠯᠴᠠᠭᠤᠯᠵᠤ ᠂ ᠥᠩᠭᠡ ᠪᠦᠷᠢ ᠶᠢᠨ ᠴᠡᠴᠡᠭ ᠢ ᠵᠡᠷᠭᠡ ᠪᠡᠷ ᠳᠡᠯᠭᠡᠷᠡᠭᠦᠯᠵᠦ ᠪᠠᠶᠢᠨ᠎ᠠ ᠭᠡᠵᠦ ᠬᠡᠯᠡᠵᠦ ᠪᠣᠯᠤᠨ᠎ᠠ ᠃ ᠭᠤᠷᠪᠠᠳᠤᠭᠠᠷ ᠲᠤ ᠨᠢᠭᠡ ᠤᠳᠠᠭᠠᠨ ᠤ ᠴᠤᠭ ᠵᠢᠪᠬᠤᠭ᠎ᠠ ᠲᠠᠶ ᠦᠵᠡᠭᠦᠯᠦᠯᠭᠡ ᠶᠢᠨ ᠴᠤᠭᠯᠠᠭᠠᠨ ᠪᠣᠯᠤᠨ᠎ᠠ᠃ ᠦᠭᠡ ᠬᠡᠯᠡ ᠪᠣᠯ ᠤᠶᠤᠨ ᠰᠠᠨᠠᠭᠠᠨ ᠤ ᠬᠥᠭᠥᠷᠭᠡ ᠮᠥᠨ᠂ ᠤᠯᠠᠨ ᠢᠶᠠᠷ ᠢᠶᠠᠨ ᠰᠣᠯᠢᠯᠴᠠᠬᠤ ᠪᠠᠷ ᠳᠠᠮᠵᠢᠭᠤᠯᠤᠨ ᠪᠠᠶᠢᠴᠠᠭᠠᠬᠤ ᠠᠵᠢᠯᠲᠠᠳ ᠤᠨ ᠡᠯᠪᠡᠭ ᠪᠠᠶᠠᠯᠢᠭ ᠮᠡᠳᠡᠯᠭᠡ ᠶᠢᠨ ᠨᠥᠭᠡᠴᠡ᠂ ᠤᠷᠤᠰᠤᠮ᠎ᠠ ᠰᠠᠶᠢᠬᠠᠨ ᠦᠭᠡ ᠬᠡᠯᠡᠨ ᠦ ᠢᠯᠡᠳᠬᠡᠯᠲᠡ ᠪᠠ ᠰᠠᠢᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃ ᠲᠠᠢ᠌ᠵᠠᠨ ᠳᠡᠭᠡᠷ᠎ᠡ ᠨᠢᠭᠡ ᠮᠢᠨᠦ᠋ᠲ ᠂ ᠲᠠᠢ᠌ᠵᠠᠨ ᠳᠣᠣᠷ᠎ᠠ ᠠᠷᠪᠠᠨ ᠵᠢᠯ ᠦᠨ ᠭᠠᠪᠢᠶ᠎ᠠ ᠵᠢᠳᠬᠦᠯ ᠲᠡᠶ ᠃ ᠡᠨᠡ ᠤᠳᠠᠭ᠎ᠠ ᠶᠢᠨ ᠶᠠᠷᠢᠯᠴᠠᠬᠤ ᠬᠤᠷᠠᠯ ᠤᠨ ᠰᠣᠯᠢᠯᠴᠠᠭ᠎ᠠ ᠨᠢ ᠪᠠᠶᠢᠴᠠᠭᠠᠬᠤ ᠠᠵᠢᠯᠲᠠᠳ ᠤᠨ ᠨᠢᠭᠡ ᠤᠳᠠᠭᠠᠨ ᠤ ᠪᠣᠳᠠᠲᠤ ᠪᠠᠶᠢᠯᠳᠤᠭᠠᠨ ᠤ ᠴᠢᠳᠠᠪᠤᠷᠢ ᠂ ᠦᠭᠡ ᠬᠡᠯᠡᠨ ᠦ ᠢᠯᠡᠳᠬᠡᠬᠦ ᠴᠢᠳᠠᠪᠤᠷᠢ ᠂ ᠠᠰᠠᠭᠤᠳᠠᠯ ᠢ ᠰᠢᠶᠳᠪᠦᠷᠢᠯᠡᠬᠦ ᠴᠢᠳᠠᠪᠤᠷᠢ ᠶᠢᠨ ᠰᠢᠯᠭᠠᠯᠲᠠ ᠲᠡᠳᠦᠶ ᠪᠢᠰᠢ ᠂ ᠨᠡᠩ ᠴᠤ ᠤᠯᠠᠨ ᠤ ᠰᠠᠨᠠᠯ ᠢ ᠠᠪᠴᠤ ᠤᠯᠠᠨ ᠤ ᠤᠬᠠᠭᠠᠨ ᠢ ᠲᠥᠪᠯᠡᠷᠡᠭᠦᠯᠬᠦ᠂ ᠬᠦᠴᠦᠨ ᠴᠢᠳᠠᠯ ᠢ ᠨᠢᠭᠲᠠᠷᠠᠭᠤᠯᠬᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠬᠦ ᠲᠤᠷᠰᠢᠯᠲᠠ ᠪᠣᠯᠤᠨ᠎ᠠ᠂ ᠤᠯᠠᠨ ᠢᠶᠠᠷ ᠢᠶᠠᠨ ᠦᠭᠡ ᠬᠡᠯᠡ ᠪᠠ ᠦᠵᠡᠯ ᠰᠠᠨᠠᠭᠠᠨ ᠤ ᠮᠥᠷᠭᠥᠯᠳᠦᠯ ᠰᠣᠯᠢᠯᠴᠠᠭ᠎ᠠ ᠶᠢᠨ ᠳᠤᠮᠳᠠ᠂ ᠠᠳᠠᠯᠢ ᠪᠤᠰᠤ ᠦᠭᠡ ᠬᠡᠯᠡᠨ ᠦ ᠥᠪᠡᠷᠮᠢᠴᠡ ᠷᠢᠳᠢ ᠰᠢᠳᠢ ᠶᠢ ᠣᠶᠢᠯᠠᠭᠠᠵᠤ᠂ ᠠᠳᠠᠯᠢ ᠪᠤᠰᠤ ᠤᠯᠤᠰ ᠤᠨ ᠰᠡᠳᠬᠢᠬᠦᠢ ᠶᠢᠨ ᠵᠠᠭᠪᠤᠷ ᠢ ᠣᠶᠢᠯᠠᠭᠠᠵᠤ᠂ ᠲᠤᠯᠢ ᠪᠣᠯᠭᠠᠵᠤ ᠪᠣᠯᠤᠮᠠᠷ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠰᠦᠪᠡᠭᠴᠢᠯᠡᠨ᠎ᠡ᠃

ᠶᠠᠷᠢᠯᠴᠠᠬᠤ ᠬᠤᠷᠠᠯ ᠤᠨ ᠲᠡᠭᠦᠰᠬᠡᠯ ᠳᠦ ᠂ ᠯᠢ ᠶᠦᠩ ᠵᠢᠶᠦ᠋ᠨ ᠠᠩᠭᠯᠢ ᠬᠡᠯᠡᠨ ᠦ ᠵᠢᠵᠢᠭ ᠳ᠋ᠦᠩᠨᠡᠯᠲᠡ ᠪᠡᠷ ᠣᠯᠠᠨ  ᠢ ᠵᠣᠷᠢᠭᠵᠢᠭᠤᠯᠵᠤ ᠂ ᠣᠳᠣ ᠦᠶ᠎ᠡ  ᠶᠢᠨ ᠪᠠᠶᠢᠴᠠᠭᠠᠬᠤ ᠲᠤᠰᠢᠶᠠᠯᠲᠠᠨ ᠭᠠᠳᠠᠭᠠᠳᠤ ᠬᠡᠯᠡᠨ ᠦ ᠦᠨᠳᠦᠰᠦᠨ ᠤᠷ᠎ᠠ ᠴᠢᠳᠠᠪᠤᠷᠢ  ᠶᠢ ᠡᠵᠡᠮᠰᠢᠵᠦ ᠂ ᠨᠢᠭᠡ ᠲᠠᠯ᠎ᠠ ᠪᠠᠷ ᠣᠯᠠᠨ ᠤᠯᠤᠰ ᠤᠨ ᠮᠡᠳᠡᠭᠡ ᠵᠠᠩᠭᠢ  ᠶᠢ ᠣᠶᠢᠯᠠᠭᠠᠵᠤ ᠂ ᠨᠥᠭᠥᠭᠡ ᠲᠠᠯ᠎ᠠ ᠪᠠᠷ ᠳᠤᠮᠳᠠᠳᠤ ᠤᠯᠤᠰ ᠤᠨ ᠪᠠᠶᠢᠴᠠᠭᠠᠬᠤ ᠠᠵᠢᠯ ᠤᠨ ᠴᠣᠭ ᠵᠢᠪᠬᠤᠭ᠎ᠠ  ᠶᠢ ᠳᠡᠯᠡᠬᠡᠶ ᠳ᠋ᠠᠬᠢᠨ ᠳᠤ ᠦᠵᠡᠭᠦᠯᠵᠦ ᠂ ᠳᠤᠮᠳᠠᠳᠤ ᠤᠯᠤᠰ ᠤᠨ ᠪᠠᠶᠢᠴᠠᠭᠠᠬᠤ ᠠᠵᠢᠯ ᠤᠨ ᠳᠠᠭᠤᠨ  ᠢ ᠳᠠᠮᠵᠢᠭᠤᠯᠬᠤ ᠬᠡᠷᠡᠭᠲᠡᠶ ᠭᠡᠵᠡᠶ ᠃

 

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro