ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠲᠡᠮᠦᠷ ᠵᠠᠮ ᠤᠨ ᠪᠠᠶᠢᠴᠠᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ ᠤᠮᠠᠷᠠᠲᠤ ᠶᠢᠨ ᠠᠮᠢ ᠠᠬᠤᠶ ᠶᠢᠨ ᠪᠠᠶᠢᠴᠠᠭᠠᠯᠲᠠ ᠶᠢᠨ ᠰᠠᠶᠢᠨ ᠬᠠᠮᠠᠭᠠᠯᠠᠭᠴᠢ ᠪᠣᠯᠣᠶ᠎ᠠ

2024-01-18 20:21:55
ᠵᠣᠬᠢᠶᠠᠭᠴᠢ
ᠨᠠᠪᠴᠢ

12 ᠳ᠋ᠤᠭᠠᠷ ᠰᠠᠷ᠎ᠠ ᠶᠢᠨ 27 ᠤ ᠡᠳᠦᠷ ᠂ ᠪᠥᠬᠥ ᠣᠷᠣᠨ ᠤ ᠲᠡᠮᠦᠷ ᠵᠠᠮ ᠤᠨ ᠪᠠᠶᠢᠴᠠᠭᠠᠬᠤ  ᠪᠠᠶᠢᠭᠤᠯᠭ᠎ᠠ ᠶᠢᠨ ᠥᠭᠡᠷᠡᠴᠢᠯᠡᠯᠲᠡ ᠶᠢᠨ ᠳᠠᠶᠢᠴᠢᠯᠠᠯᠲᠠ ᠶᠢᠨ ᠬᠤᠷᠠᠯ ᠬᠥᠬᠡᠬᠣᠲᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠪᠠᠶᠢᠴᠠᠭᠠᠬᠤ ᠬᠤᠪᠢᠶᠠᠷᠢ ᠬᠣᠷᠢᠶ᠎ᠠ ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠢ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠮᠢ ᠠᠬᠤᠢ ᠶᠢᠨ ᠣᠷᠴᠢᠨ ᠲᠣᠭᠣᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠬᠠᠷᠢᠭᠤᠴᠠᠯᠭᠠᠲᠠᠨ᠂ ᠬᠣᠶᠠᠷ ᠱᠠᠲᠤᠨ ᠤ ᠲᠡᠮᠦᠷ ᠵᠠᠮ ᠤᠨ ᠪᠠᠶᠢᠴᠠᠭᠠᠬᠤ ᠬᠣᠷᠢᠢ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠰᠠᠯᠠᠭ᠎ᠠ ᠮᠥᠴᠢᠷ ᠦᠨ ᠵᠢᠩᠬᠢᠨᠢ  ᠲᠤᠰᠢᠶᠠᠯᠲᠠᠨ ᠲᠤᠬᠠᠢ ᠶᠢᠨ ᠲᠠᠯᠠᠪᠠᠢ ᠳᠤ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠪᠠᠶᠢᠴᠠᠭᠠᠬᠤ ᠳᠠᠷᠤᠭ᠎ᠠ ᠯᠢ ᠵᠢᠶᠠᠨ ᠬᠤᠷᠠᠯ ᠢ ᠡᠷᠬᠢᠯᠡᠪᠡ᠃ ᠬᠤᠷᠠᠯ ᠨᠢ ᠸᠢᠳᠢᠣ᠋ ᠶᠢᠨ ᠬᠡᠯᠪᠡᠷᠢ ᠪᠡᠷ ᠪᠦᠬᠦ ᠣᠷᠣᠨ ᠤ ᠲᠡᠮᠦᠷ ᠵᠠᠮ ᠤᠨ ᠦᠨᠳᠦᠰᠦᠨ ᠱᠠᠲᠤᠨ ᠤ ᠪᠠᠶᠢᠴᠠᠭᠠᠬᠤ ᠬᠣᠷᠢᠢ᠎ᠠ ᠳᠤ ᠶᠠᠪᠤᠭᠳᠠᠪᠠ᠃

 

ᠬᠤᠷᠠᠯ ᠳᠡᠭᠡᠷ᠎ᠡ ᠂ ᠯᠢ ᠶᠦᠩ ᠵᠢᠶᠦ᠋ᠨ ︽ ᠥᠩᠭᠡᠷᠡᠭᠰᠡᠨ ᠤᠨ ᠰᠠᠷ᠎ᠠ ᠠᠴᠠ ᠲᠡᠮᠦᠷ ᠵᠠᠮ ᠤᠨ ᠪᠠᠶᠢᠴᠠᠭᠠᠯᠲᠠ ᠶᠢᠨ ᠥᠭᠡᠷᠡᠴᠢᠯᠡᠯᠲᠡ ᠶᠢ ᠡᠷᠡᠰ ᠭᠤᠶᠢᠪᠢᠰᠢ ᠥᠬᠡᠶ ᠠᠬᠢᠭᠤᠯᠬᠤ  ᠰᠢᠯᠳᠠᠭᠠᠨ ᠢ ᠡᠷᠢᠵᠦ ︾ ︽ ᠣᠲᠣ   ᠶᠢᠨ ᠬᠡᠷᠡᠭᠴᠡᠭᠡ ᠡᠴᠡ  ᠦᠭᠡᠷᠡᠴᠢᠯᠡᠯᠲᠡ ᠵᠢᠨ ᠶᠠᠩᠵᠤ  ᠢ ᠰᠦᠪᠡᠭᠴᠢᠯᠡᠵᠦ ︾ ︽ ᠬᠣᠶᠢᠰᠢᠳᠠ ᠶᠢᠨ ᠪᠠᠶᠢᠳᠠᠯ ᠡᠴᠡ ᠲᠡᠮᠦᠷ ᠵᠠᠮ ᠤᠨ ᠪᠠᠶᠢᠴᠠᠭᠠᠯᠲᠠ ᠶᠢᠨ ᠥᠭᠡᠷᠡᠴᠢᠯᠡᠯᠲᠡ  ᠦᠷ᠎ᠡ  ᠪᠦᠳᠦᠮᠵᠢ ᠶᠢ ᠬᠠᠷᠠᠶ᠎ᠠ ︾ ᠭᠡᠬᠦ ᠭᠤᠷᠪᠠᠨ ᠲᠠᠯ᠎ᠠ ᠠᠴᠠ ᠲᠡᠮᠦᠷ ᠵᠠᠮ ᠤᠨ ᠪᠠᠶᠢᠴᠠᠭᠠᠯᠲᠠ ᠶᠢᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠶᠢᠨ ᠪᠣᠳᠠᠲᠤ ᠴᠢᠬᠤᠯᠠ ᠴᠢᠨᠠᠷ ᠢ ᠪᠥᠬᠥ ᠲᠠᠯ᠎ᠠ ᠪᠠᠷ ᠲᠣᠳᠣᠷᠬᠠᠶᠢᠯᠠᠨ ᠥᠭᠦᠯᠡᠵᠦ ᠂ ᠲᠡᠮᠦᠷ ᠵᠠᠮ ᠤᠨ ᠪᠠᠶᠢᠴᠠᠭᠠᠯᠲᠠ ᠶᠢᠨ ᠥᠭᠡᠷᠡᠴᠢᠯᠡᠯᠲᠡ ᠶᠢᠨ ᠦᠨᠳᠦᠰᠦᠨ ᠪᠣᠷᠣ ᠲᠥᠯᠥᠪ ᠢ ᠲᠣᠳᠣᠷᠬᠠᠶᠢᠯᠠᠵᠤ ᠂ ᠲᠡᠮᠦᠷ ᠵᠠᠮ ᠤᠨ ᠪᠠᠶᠢᠴᠠᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠣᠸᠯᠳᠠᠯᠭ᠎ᠠ ᠲᠠᠶ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠵᠢᠭᠠᠵᠤ ᠭᠠᠷᠭᠠᠪᠠ ᠃

 

 

ᠯᠢ ᠶᠦᠩ ᠵᠢᠶᠦ᠋ᠨ ᠵᠢᠭᠠᠵᠤ ᠭᠠᠷᠭᠠᠭᠰᠠᠨ ᠨᠢ ᠂ ᠲᠡᠮᠦᠷ ᠵᠠᠮ ᠤᠨ ᠪᠠᠶᠢᠴᠠᠭᠠᠯᠲᠠ ᠶᠢᠨ ᠥᠭᠡᠷᠡᠴᠢᠯᠡᠯᠲᠡ ᠪᠣᠯ ᠨᠠᠮ ᠤᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠶᠢᠨ ᠨᠢᠭᠡᠨᠲᠡ ᠲᠣᠳᠣᠷᠬᠠᠶᠢᠯᠠᠭᠰᠠᠨ ᠠᠵᠢᠯ ᠤᠨ ᠡᠭᠦᠷᠭᠡ ᠮᠥᠨ ᠂ ᠲᠡᠮᠦᠷ ᠵᠠᠮ ᠤᠨ ᠪᠠᠶᠢᠴᠠᠭᠠᠯᠲᠠ ᠶᠢᠨ ᠪᠠᠶᠢᠭᠤᠯᠭ᠎ᠠ ᠶᠢᠨ ᠬᠥᠭᠵᠢᠯᠲᠡ ᠳᠦ ᠪᠠᠰᠠ ᠪᠣᠳᠠᠲᠠᠶ ᠬᠡᠷᠡᠭᠴᠡᠭᠡ ᠱᠠᠭᠠᠷᠳᠠᠯᠭ᠎ᠠ ᠲᠠᠶ ᠶᠤᠮ ᠂ ᠲᠡᠮᠦᠷ ᠵᠠᠮ ᠤᠨ ᠪᠠᠶᠢᠴᠠᠭᠠᠯᠲᠠ ᠶᠢᠨ ᠥᠭᠡᠷᠡᠴᠢᠯᠡᠯᠲᠡ ᠶᠢ ᠡᠷᠲᠡᠬᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠃ ᠪᠦᠬᠦ ᠣᠷᠣᠨ ᠤ ᠪᠠᠶᠢᠴᠠᠭᠠᠬᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ︽ᠭᠤᠷᠪᠠᠨ ᠬᠦᠯ ᠢᠶᠡᠷ ᠬᠦᠯᠢᠰᠯᠡᠬᠦ︾ᠪᠠ︽ᠬᠣᠶᠠᠷ ᠵᠢᠭᠦᠷ ᠢ ᠵᠡᠷᠭᠡᠪᠡᠷ  ᠲᠡᠯᠭᠡᠬᠦ︾ᠵᠢ ᠬᠠᠮᠵᠢᠯᠴᠠᠨ ᠠᠬᠢᠭᠤᠯᠬᠤ ᠲᠡᠮᠤᠷ ᠵᠠᠮ ᠤᠨ ᠪᠠᠶᠢᠴᠠᠭᠠᠯᠲᠠ ᠶᠢᠨ ᠥᠭᠡᠷᠡᠴᠢᠯᠡᠯᠲᠡ ᠶᠢᠨ ᠦᠨᠳᠦᠰᠦᠨ ᠪᠣᠷᠣ ᠲᠥᠯᠥᠪ ᠢ ᠪᠠᠶᠢᠭᠤᠯᠵᠤ᠂ ᠬᠡᠰᠡᠭ ᠣᠷᠴᠢᠨ ᠲᠣᠭᠣᠷᠢᠨ ᠡᠬᠢ ᠪᠠᠶᠠᠯᠢᠭ ᠤᠨ ᠡᠷᠡᠭᠦᠦ ᠶᠢᠨ ᠬᠡᠷᠡᠭ ᠪᠣᠯᠤᠨ ᠬᠣᠯᠪᠣᠭᠳᠠᠯ ᠪᠦᠬᠦᠢ ᠨᠡᠶᠢᠲᠡ ᠶᠢᠨ  ᠠᠰᠢᠭᠲᠤ ᠵᠠᠷᠭᠤ ᠶᠢᠨ ᠬᠡᠷᠡᠭ᠂ ᠤᠯᠠᠮᠵᠢᠯᠠᠯᠲᠤ ᠲᠡᠮᠤᠷ ᠵᠠᠮ ᠳᠤ ᠬᠣᠯᠪᠣᠭᠳᠠᠭᠰᠠᠨ ᠬᠡᠷᠡᠭ ᠢ ᠲᠣᠭᠲᠠᠭᠤᠨ ᠢᠶᠠᠷ ᠰᠠᠶᠢᠲᠤᠷ ᠰᠢᠢᠳᠪᠦᠷᠢᠯᠡᠵᠦ᠂ ᠬᠡᠰᠡᠭ ᠣᠷᠴᠢᠨ ᠲᠣᠭᠣᠷᠢᠨ ᠡᠬᠢ ᠪᠠᠶᠠᠯᠢᠭ ᠤᠨ ᠬᠡᠷᠡᠭ ᠢ ᠲᠥᠪᠯᠡᠷᠡᠭᠦᠯᠦᠨ ᠬᠠᠮᠢᠶᠠᠷᠬᠤ ᠪᠠ ᠣᠷᠣᠨ ᠪᠦᠰᠡ ᠶᠢᠨ ᠳᠣᠲᠣᠷᠠᠬᠢ︽ᠭᠠᠵᠠᠷ ᠳᠣᠣᠷᠠᠬᠢ ᠲᠡᠮᠤᠷ ᠵᠠᠮ ᠤᠨ ᠬᠠᠮᠵᠢᠯᠴᠠᠭ᠎ᠠ︾ ᠵᠢ ᠵᠡᠷᠭᠡᠪᠡᠷ ᠠᠬᠢᠭᠤᠯᠬᠤ ᠬᠡᠷᠡᠭᠲᠡᠢ᠃

ᠯᠢ ᠶᠦᠩ ᠵᠢᠶᠦ᠋ᠨ ᠴᠢᠬᠤᠯᠠᠴᠢᠯᠠᠭᠰᠠᠨ ᠨᠢ ᠂ ︽ ᠭᠠᠵᠠᠷ ᠳᠣᠸᠷᠠᠬᠢ ᠲᠡᠮᠦᠷ ᠵᠠᠮ ᠤᠨ ᠬᠠᠮᠵᠢᠯᠴᠠᠭ᠎ᠠ ︾ ᠪᠣᠯ ᠲᠡᠮᠦᠷ ᠵᠠᠮ ᠤᠨ ᠪᠠᠶᠢᠴᠠᠭᠠᠯᠲᠠ ᠶᠢᠨ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠮᠥᠨ ᠂ ᠣᠷᠣᠨ ᠪᠦᠰᠡ ᠶᠢᠨ ᠳᠣᠲᠣᠷᠠᠬᠢ ᠬᠠᠮᠵᠢᠯᠴᠠᠭ᠎ᠠ ᠪᠠᠷ ᠲᠥᠪᠯᠡᠷᠡᠭᠦᠯᠦᠨ ᠬᠠᠮᠢᠶᠠᠷᠬᠤ ᠶᠢ ᠪᠦᠲᠦᠮᠵᠢᠲᠡᠶ ᠲᠤᠯᠭᠠᠭᠤᠷᠢᠯᠠᠬᠤ ᠬᠡᠷᠡᠭᠲᠡᠶ ᠃ ᠣᠨᠴᠠ ᠵᠠᠷᠢᠮ ᠬᠡᠷᠡᠭ ᠦᠨ ᠬᠠᠮᠵᠢᠯᠴᠠᠭ᠎ᠠ ᠶᠢ ᠨᠢᠭᠲᠠᠷᠠᠭᠤᠯᠵᠤ᠂ ᠯᠠᠪᠳᠠᠭᠤᠨ ᠢᠶᠠᠷ ᠬᠠᠶᠢᠨ ᠰᠦᠪᠡᠭᠴᠢᠯᠡᠵᠦ᠂ ᠣᠨᠴᠠ ᠵᠠᠷᠢᠮ ᠬᠡᠷᠡᠭ ᠦᠨ ᠬᠠᠮᠵᠢᠯᠴᠠᠭ᠎ᠠ ᠶᠢ ᠢᠳᠡᠪᠬᠢᠲᠡᠢ ᠨᠤᠲᠠᠯᠠᠬᠤ ᠬᠡᠷᠡᠭᠲᠡᠢ᠃ ᠺᠠᠳ᠋ᠷ ᠢ ᠬᠡᠷᠡᠭᠯᠡᠬᠦ ᠳᠡᠭᠡᠨ 《ᠬᠤᠳᠳᠤᠭ ᠤᠨ ᠤᠰᠤ ᠭᠣᠣᠯ ᠤᠨ ᠤᠰᠤ ᠲᠠᠶ ᠦᠯᠦ ᠬᠠᠯᠳᠠᠬᠤ》 ᠶᠢ ᠡᠪᠳᠡᠵᠦ᠂ ᠬᠠᠷᠢᠯᠴᠠᠨ ᠲᠤᠰᠢᠶᠠᠯ ᠡᠭᠦᠷᠭᠡᠯᠡᠬᠦ᠂ ᠲᠤᠰᠢᠶᠠᠯ ᠬᠠᠪᠰᠤᠷᠭᠠᠬᠤ ᠶᠢ ᠬᠠᠶᠢᠨ ᠰᠦᠪᠡᠭᠴᠢᠯᠡᠵᠦ᠂ ᠠᠵᠢᠯ ᠪᠠ ᠶᠠᠪᠤᠯᠴᠠᠭ᠎ᠠ ᠪᠠᠨ ᠠᠬᠢᠭᠤᠯᠬᠤ ᠬᠡᠷᠡᠭᠲᠡᠶ᠃ ᠬᠣᠶᠠᠷ ᠲᠠᠯ᠎ᠠ ᠶᠢᠨ ᠵᠥᠭᠡᠯᠡᠨ ᠬᠠᠲᠠᠭᠤ ᠬᠡᠷᠡᠭᠰᠡᠯ ᠦᠨ ᠡᠬᠢ ᠪᠠᠶᠠᠯᠢᠭ ᠬᠠᠷᠢᠯᠴᠠᠨ ᠠᠰᠢᠭ ᠬᠦᠷᠲᠡᠭᠡᠵᠦ ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠬᠡᠷᠡᠭᠲᠡᠢ᠃ ᠣᠷᠣᠨ ᠪᠦᠰᠡ ᠶᠢᠨ ᠳᠣᠲᠣᠷᠠᠬᠢ 《ᠭᠠᠵᠠᠷ ᠳᠣᠣᠷᠠᠬᠢ ᠲᠡᠮᠦᠷ ᠵᠠᠮ ᠤᠨ ᠬᠠᠮᠵᠢᠯᠴᠠᠭ᠎ᠠ》 ᠪᠠᠷ ᠳᠠᠮᠵᠢᠭᠤᠯᠤᠨ᠂ ᠣᠷᠣᠨ ᠨᠤᠲᠤᠭ᠂ ᠲᠡᠮᠦᠷ ᠵᠠᠮ ᠤᠨ ᠪᠠᠶᠢᠴᠠᠭᠠᠬᠤ ᠪᠠᠶᠢᠭᠤᠯᠭ᠎ᠠ ᠶᠢᠨ ᠬᠥᠮᠦᠨ ᠪᠠ ᠬᠡᠷᠡᠭ ᠢ ᠲᠡᠩᠴᠡᠭᠦᠷᠢᠲᠡᠶ ᠪᠠᠶᠢᠯᠭᠠᠬᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠥᠪᠥᠷᠢᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠶᠢ ᠠᠬᠢᠭᠤᠯᠵᠤ᠂ ᠲᠡᠮᠦᠷ ᠵᠠᠮ ᠤᠨ ᠪᠠᠶᠢᠴᠠᠭᠠᠯᠲᠠ ᠶᠢᠨ ᠥᠭᠡᠷᠡᠴᠢᠯᠡᠯᠲᠡ ᠶᠢᠨ ᠬᠠᠮᠤᠭ ᠤᠨ ᠶᠡᠬᠡ ᠦᠢᠯᠡᠳᠦᠯ ᠴᠢᠳᠠᠪᠤᠷᠢ ᠶᠢ  ᠪᠠᠳᠠᠷᠠᠭᠤᠯᠤᠨ᠎ᠠ᠃

ᠯᠢ ᠶᠦᠩ ᠵᠢᠶᠦ᠋ᠨ ᠵᠢᠭᠠᠵᠤ ᠭᠠᠷᠭᠠᠭᠰᠠᠨ ᠨᠢ ᠂ ᠳᠠᠶᠢᠴᠢᠯᠠᠯᠲᠠ  ᠶᠢᠨ ᠬᠤᠷᠠᠯ ᠨᠢ ᠲᠡᠮᠦᠷ ᠵᠠᠮ ᠤᠨ ᠪᠠᠶᠢᠴᠠᠭᠠᠯᠲᠠ  ᠶᠢᠨ ᠥᠭᠡᠷᠡᠴᠢᠯᠡᠯᠲᠡ  ᠶᠢᠨ ᠣᠨᠣᠯ  ᠠᠴᠠ ᠪᠣᠳᠠᠲᠤ ᠠᠬᠤᠶ ᠳᠤ ᠬᠦᠷᠬᠦ ᠡᠷᠭᠢᠯᠲᠡ ᠂ ᠴᠠᠭᠠᠰᠤᠨ  ᠳᠡᠭᠡᠷ᠎ᠡ  ᠠᠴᠠ ᠪᠣᠳᠠᠲᠤ  ᠳᠦ ᠬᠦᠷᠬᠦ ᠬᠤᠪᠢᠷᠠᠯᠲᠠ  ᠶᠢ ᠦᠨᠡᠨᠬᠦ ᠪᠡᠶᠡᠯᠡᠭᠦᠯᠦᠭᠰᠡᠨ  ᠢ ᠬᠠᠷᠠᠭᠤᠯᠵᠤ ᠪᠠᠶᠢᠨ᠎ᠠ ᠃ ᠭᠡᠪᠡᠴᠦ ᠲᠡᠮᠦᠷ ᠵᠠᠮ ᠤᠨ ᠪᠠᠶᠢᠴᠠᠭᠠᠯᠲᠠ  ᠶᠢᠨ ᠥᠭᠡᠷᠡᠴᠢᠯᠡᠯᠲᠡ ᠨᠢᠭᠡ ᠯᠡ ᠳᠡᠭᠡᠷ᠎ᠡ ᠪᠦᠲᠦᠴᠢᠬᠡᠬᠦ ᠪᠢᠰᠢ ᠂ ᠠᠰᠠᠭᠤᠳᠠᠯ ᠪᠣᠯᠤᠨ ᠬᠦᠴᠢᠷᠳᠡᠯ  ᠢ ᠵᠥᠪ  ᠢᠶᠡᠷ ᠵᠢᠱᠢᠬᠦ ᠪᠡᠷ ᠪᠠᠷᠠᠬᠤ ᠦᠭᠡᠶ ᠢᠳᠡᠪᠬᠢᠲᠡᠶ ᠪᠡᠷ ᠠᠷᠭᠠᠴᠠᠨ ᠰᠢᠶᠳᠪᠦᠷᠢᠯᠡᠬᠦ ᠬᠡᠷᠡᠭᠲᠡᠶ ᠭᠡᠳᠡᠭ  ᠢ ᠰᠡᠷᠭᠡᠭ  ᠢᠶᠡᠷ ᠲᠠᠨᠢᠵᠤ ᠤᠯᠬᠤ ᠬᠡᠷᠡᠭᠲᠡᠶ ᠃ ᠰᠤᠷᠤᠯᠴᠠᠬᠤ ᠪᠠᠷ ᠺᠠᠳ᠋ᠷ ᠢ ᠠᠬᠢᠭᠤᠯᠵᠤ᠂ ᠨᠣᠮ ᠪᠢᠴᠢᠭ ᠡᠴᠡ ᠰᠤᠷᠤᠯᠴᠠᠵᠤ᠂ ᠣᠷᠣᠨ ᠨᠤᠲᠤᠭ ᠤᠨ ᠪᠠᠶᠢᠴᠠᠭᠠᠬᠤ  ᠪᠠᠶᠢᠭᠤᠯᠭ᠎ᠠ ᠠᠴᠠ ᠰᠤᠷᠤᠯᠴᠠᠵᠤ᠂ ᠠᠬ᠎ᠠ ᠳᠡᠭᠦᠦ ᠨᠢᠭᠡᠴᠡ ᠡᠴᠡ ᠰᠤᠷᠤᠯᠴᠠᠵᠤ᠂ ᠰᠤᠷᠤᠯᠴᠠᠬᠤ ᠰᠤᠳᠤᠯᠬᠤ ᠶᠢ ᠤᠶᠠᠯᠳᠤᠭᠤᠯᠵᠤ᠂ ᠰᠤᠷᠤᠯᠴᠠᠬᠤ ᠪᠠᠷ ᠺᠠᠳ᠋ᠷ ᠢ ᠠᠬᠢᠭᠤᠯᠬᠤ ᠬᠡᠷᠡᠭᠲᠡᠶ᠃ ᠲᠣᠭᠲᠠᠭᠤᠨ ᠪᠠᠶᠢᠯᠭᠠᠬᠤ ᠶᠢᠨ ᠵᠡᠷᠭᠡ ᠳᠦ ᠤᠷᠤᠭᠰᠢᠯᠠᠭᠤᠯᠵᠤ᠂ ᠬᠡᠷᠡᠭ ᠨᠢᠭᠡᠪᠦᠷᠢ ᠶᠢ ᠴᠢᠨᠠᠷ ᠰᠠᠶᠢᠲᠠᠶ ᠦᠷ᠎ᠡ ᠪᠦᠲᠦᠮᠵᠢᠲᠡᠶ ᠪᠡᠷ ᠰᠠᠶᠢᠲᠤᠷ ᠰᠢᠶᠳᠪᠦᠷᠢᠯᠡᠵᠦ᠂ 《ᠴᠢᠨᠠᠷ ᠴᠢᠨᠰᠠᠭ᠎ᠠ ᠲᠠᠶ ᠲᠣᠭ᠎ᠠ ᠬᠡᠮᠵᠢᠶ᠎ᠡ》 ᠪᠠ 《ᠲᠣᠭ᠎ᠠ ᠬᠡᠮᠵᠢᠶ᠎ᠡ ᠲᠡᠶ ᠶᠠᠰᠤ ᠴᠢᠨᠠᠷ》 ᠤᠨ ᠨᠢᠭᠡᠳᠦᠯᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠥᠭᠡᠷᠡᠴᠢᠯᠡᠯᠲᠡ ᠶᠢᠨ ᠳᠤᠮᠳᠠ ᠲᠤᠯᠭᠠᠷᠠᠭᠰᠠᠨ ᠡᠯ᠎ᠡ ᠵᠦᠢᠯ ᠦᠨ ᠠᠰᠠᠭᠤᠳᠠᠯ ᠢ ᠢᠳᠡᠪᠬᠢᠲᠡᠶ ᠪᠡᠷ ᠠᠷᠭᠠᠴᠠᠬᠤ ᠬᠡᠷᠡᠭᠲᠡᠶ᠂ ᠬᠦᠴᠢᠷ ᠪᠡᠷᠬᠡᠰᠢᠶᠡᠯ ᠲᠤᠯᠭᠠᠷᠠᠭᠰᠠᠨ ᠠᠴᠠ ᠪᠤᠯᠵᠤ ᠭᠤᠶᠢᠪᠢᠯᠵᠠᠬᠤ ᠪᠤᠶᠤ ᠴᠢᠨᠠᠭᠰᠢᠯᠠᠪᠠᠯ ᠤᠷᠤᠭᠰᠢᠯᠠᠬᠤ ᠦᠭᠡᠢ ᠪᠠᠶᠢᠵᠤ ᠪᠣᠯᠬᠤ ᠦᠭᠡᠢ᠃ ᠳᠡᠮᠵᠢᠨ ᠬᠠᠮᠵᠢᠯᠴᠠᠵᠤ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠂ ᠡᠯ᠎ᠡ ᠣᠷᠣᠨ ᠨᠤᠲᠤᠭ ᠤᠨ ᠪᠠᠶᠢᠴᠠᠭᠠᠬᠤ ᠬᠣᠷᠢᠶ᠎ᠠ ᠨᠤᠭᠤᠳ ᠥᠭᠡᠷᠡᠴᠢᠯᠡᠯᠲᠡ ᠶᠢ ᠢᠳᠡᠪᠬᠢᠲᠡᠶ ᠳᠡᠮᠵᠢᠵᠦ ᠂ ᠥᠭᠡᠷᠡᠴᠢᠯᠡᠯᠲᠡ ᠶᠢ ᠬᠦᠷᠢᠶᠡᠯᠡᠨ ᠂ ᠥᠭᠡᠷᠡᠴᠢᠯᠡᠯᠲᠡ ᠲᠡᠶ ᠬᠠᠮᠵᠢᠯᠴᠠᠵᠤ ᠂ ᠥᠭᠡᠷᠡᠴᠢᠯᠡᠯᠲᠡ ᠪᠡᠷ ᠪᠥᠬᠥ ᠣᠷᠣᠨ ᠤ ᠪᠠᠶᠢᠴᠠᠭᠠᠬᠤ ᠠᠵᠢᠯ ᠤᠨ ᠶᠡᠷᠦᠩᠬᠡᠶ ᠠᠮᠵᠢᠯᠲᠠ ᠪᠦᠲᠦᠮᠵᠢ ᠳᠦ ᠨᠡᠮᠡᠷᠢ ᠬᠦᠴᠦ ᠪᠠᠨ ᠦᠵᠡᠭᠦᠯᠬᠦ ᠬᠡᠷᠡᠭᠲᠡᠶ ᠃

 

 

ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠪᠠᠶᠢᠴᠠᠭᠠᠬᠤ ᠳᠠᠷᠤᠭ᠎ᠠ ᠸᠠᠩ ᠶᠠᠨ ᠴᠦᠨ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠪᠠᠶᠢᠴᠠᠭᠠᠬᠤ ᠳᠠᠷᠤᠭ᠎ᠠ ᠵᠣᠣ ᠭᠦᠸᠧ ᠬᠤᠸᠠ ᠲᠣᠰ ᠲᠣᠰ ︽ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠤᠪᠢᠶᠠᠷᠢᠯᠠᠯ ᠠᠯᠤᠰᠯᠠᠨ ᠣᠷᠴᠢᠨ ᠠᠬᠤᠶ ᠡᠬᠢ ᠪᠠᠶᠠᠯᠢᠭ ᠤᠨ ᠡᠷᠡᠭᠦᠸ ᠶᠢᠨ ᠬᠡᠷᠡᠭ ᠢ ᠲᠥᠪᠯᠡᠷᠡᠭᠦᠯᠦᠨ ᠬᠠᠮᠢᠶᠠᠷᠬᠤ ᠲᠣᠭᠲᠠᠭᠠᠯ ︵ ᠲᠤᠷᠰᠢᠨ ᠬᠡᠷᠡᠭᠵᠢᠭᠦᠯᠬᠦ ︶ ︾ ᠪᠠ ︽ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠤᠪᠢᠶᠠᠷᠢᠯᠠᠯ ᠠᠯᠤᠰᠯᠠᠨ ᠣᠷᠴᠢᠨ ᠠᠬᠤᠶ ᠡᠬᠢ ᠪᠠᠶᠠᠯᠢᠭ ᠤᠨ ᠬᠦᠷᠢᠶᠡᠨ ᠳᠡᠬᠢ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠢ ᠲᠥᠪᠯᠡᠷᠡᠭᠦᠯᠦᠨ ᠬᠠᠮᠢᠶᠠᠷᠬᠤ ᠲᠣᠭᠲᠠᠭᠠᠯ ︵ ᠲᠤᠷᠰᠢᠨ ᠬᠡᠷᠡᠭᠵᠢᠭᠦᠯᠬᠦ ︶ ︾ ᠢ ᠤᠩᠰᠢᠨ ᠨᠡᠶᠢᠲᠡᠯᠡᠪᠡ ᠃ ᠬᠥᠬᠡᠬᠣᠲᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠪᠠᠶᠢᠴᠠᠭᠠᠬᠤ ᠬᠤᠪᠢᠶᠠᠷᠢ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠰᠥᠩ ᠸᠧᠶ ᠶᠠᠨ ᠣᠪᠣᠷ ᠢᠶᠠᠨ ᠢᠯᠡᠳᠬᠡᠬᠦ ᠦᠭᠡ ᠬᠡᠯᠡᠪᠡ ᠃

 

 

 

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠬᠡᠷ ᠲᠡᠬᠡᠨ ᠪᠠᠶᠢᠭ᠎ᠠ ᠪᠤᠰᠤᠳ ᠤᠳᠤᠷᠢᠳᠬᠤ ᠪᠠᠭ ᠤᠨ ᠪᠦᠷᠢᠯᠳᠦᠬᠦᠨ ᠂ ᠲᠢᠩᠬᠢᠮ ᠦᠨ ᠲᠠᠰ ᠤᠨ ᠺᠠᠳ᠋ᠷ ᠂ ᠬᠠᠮᠢᠶ᠎ᠠ ᠪᠥᠬᠥᠶ ᠰᠠᠯᠠᠭ᠎ᠠ ᠮᠥᠴᠢᠷ ᠦᠨ ᠠᠵᠢᠯ ᠳᠤ ᠪᠠᠶᠢᠭ᠎ᠠ ᠪᠥᠬᠥ ᠠᠵᠢᠯᠲᠠᠨ ᠂ ᠡᠯ᠎ᠡ ᠠᠶᠢᠮᠠᠭ ᠬᠣᠲᠠ ᠶᠢᠨ ᠪᠠᠶᠢᠴᠠᠭᠠᠬᠤ ︵ ᠬᠤᠪᠢᠶᠠᠷᠢ ︶ ᠬᠣᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠂ ᠰᠠᠯᠠᠭ᠎ᠠ ᠮᠥᠴᠢᠷ ᠦᠨ ᠵᠢᠩᠬᠢᠨᠢ ᠪᠠ ᠳᠡᠳ᠋ ᠲᠤᠰᠢᠶᠠᠯᠲᠠᠨ ᠂ ᠡᠯ᠎ᠡ ᠦᠨᠳᠦᠰᠦᠨ ᠱᠠᠲᠤᠨ ᠤ ᠲᠡᠮᠦᠷ ᠵᠠᠮ ᠤᠨ ᠪᠠᠶᠢᠴᠠᠭᠠᠬᠤ ᠬᠣᠷᠢᠶ᠎ᠠ ᠶᠢᠨ ᠪᠥᠬᠥ ᠠᠵᠢᠯᠲᠠᠨ ᠲᠣᠰ ᠲᠣᠰ ᠤᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ ᠃

ᠳᠠᠶᠢᠴᠢᠯᠠᠯᠲᠠ  ᠶᠢᠨ ᠬᠤᠷᠠᠯ ᠤᠨ ᠳᠠᠷᠠᠭ᠎ᠠ ᠯᠢ ᠶᠦᠩ ᠵᠢᠶᠦ᠋ᠨ ᠬᠣᠶᠠᠷ ᠱᠠᠲᠤᠨ ᠤ ᠲᠡᠮᠦᠷ ᠵᠠᠮ ᠤᠨ ᠪᠠᠶᠢᠴᠠᠭᠠᠬᠤ ᠬᠣᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠲᠡᠶ ᠬᠠᠮᠲᠤ  ᠶᠢᠨ ᠶᠠᠷᠢᠯᠴᠠᠭ᠎ᠠ ᠪᠠ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠪᠠ ᠃

 

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro