ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠪᠦᠬᠦ ᠣᠷᠣᠨ ᠤ ᠪᠠᠶᠢᠴᠠᠭᠠᠬᠤ ᠳᠠᠷᠤᠭ᠎ᠠ ᠶᠢᠨ ᠬᠤᠷᠠᠯ ᠬᠢᠪᠡ

2024-02-29 17:21:07
ᠵᠣᠬᠢᠶᠠᠭᠴᠢ
ᠨᠠᠪᠴᠢ

 

 

2024 ᠣᠨ ᠤ 1ᠳ᠋ᠦ᠋ᠭᠡᠷ ᠰᠠᠷ᠎ᠠ ᠶᠢᠨ 25 ᠤ ᠡᠳᠦᠷ ᠦᠨ ᠦᠳᠡ ᠶᠢᠨ ᠬᠣᠶᠢᠨ᠎ᠠ ᠂ ᠪᠥᠬᠥ ᠣᠷᠣᠨ ᠤ ᠪᠠᠶᠢᠴᠠᠭᠠᠬᠤ ᠳᠠᠷᠤᠭ᠎ᠠ ᠨᠠᠷ ᠤᠨ ᠬᠤᠷᠠᠯ ᠬᠥᠬᠡᠬᠣᠲᠠ ᠳᠤ ᠬᠤᠷᠠᠯᠳᠤᠵᠤ ᠂ 2023 ᠣᠨ ᠤ ᠪᠥᠬᠥ ᠣᠷᠣᠨ ᠤ ᠪᠠᠶᠢᠴᠠᠭᠠᠬᠤ ᠠᠵᠢᠯ ᠢ ᠳ᠋ᠦᠩᠨᠡᠵᠦ ᠂ 2024 ᠣᠨ ᠤ ᠭᠣᠸᠯ ᠡᠭᠦᠷᠭᠡ ᠶᠢ ᠰᠤᠳᠤᠯᠤᠨ ᠳᠣᠭᠢᠷᠠᠭᠤᠯᠪᠠ ᠃ ᠲᠣᠰ ᠤᠳᠠᠭᠠᠨ ᠤ ᠬᠤᠷᠠᠯ ᠨᠢ ᠪᠥᠬᠥ ᠤᠯᠤᠰ ᠤᠨ ᠤᠯᠤᠰ ᠲᠥᠷᠥ ᠬᠠᠸᠯᠢ ᠴᠠᠭᠠᠵᠠ ᠂ ᠪᠠᠶᠢᠴᠠᠭᠠᠬᠤ ᠳᠠᠷᠤᠭ᠎ᠠ ᠶᠢᠨ ᠠᠵᠢᠯ ᠤᠨ ᠬᠤᠷᠠᠯ ᠵᠢᠴᠢ ᠪᠥᠬᠥ ᠣᠷᠣᠨ ᠤ ᠤᠯᠤᠰ ᠲᠥᠷᠥ ᠬᠠᠸᠯᠢ ᠴᠠᠭᠠᠵᠠ ᠶᠢᠨ ᠠᠵᠢᠯ ᠤᠨ ᠬᠤᠷᠠᠯ ᠤᠨ ᠠᠯᠬᠤᠴᠠ ᠶᠢ ᠳᠠᠭᠠᠨ ᠬᠤᠷᠠᠯᠳᠤᠵᠤ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠦ ᠬᠤᠷᠠᠯ ᠳᠡᠭᠡᠷᠡᠬᠢ ᠶᠠᠷᠢᠶᠠᠨ ᠳᠤ ᠬᠢᠯᠠᠰ ᠴᠡᠭ  ᠤᠯᠠᠨᠲᠠ ᠢᠯᠡᠷᠡᠵᠦ ᠂   ᠬᠠᠯᠠᠮᠰᠢᠯᠠᠯ ᠦᠭᠡᠰ ᠪᠠᠶᠢᠨ ᠳᠠᠬᠢᠨ ᠭᠠᠷᠴᠤ ᠪᠠᠶᠢᠯ᠎ᠠ ᠃

 

  

ᠯᠢ ᠶᠦᠩ ᠵᠢᠶᠦ᠋ᠨ ᠬᠤᠷᠠᠯ ᠳᠡᠭᠡᠷ᠎ᠡ ᠶᠠᠷᠢᠶ᠎ᠠ ᠲᠠᠯᠪᠢᠬᠤ ᠳᠠᠭᠠᠨ ᠂ ᠡᠨᠡ ᠵᠢᠯ ᠂ ᠪᠥᠬᠥ ᠣᠷᠣᠨ ᠤ ᠪᠠᠶᠢᠴᠠᠭᠠᠬᠤ  ᠪᠠᠶᠢᠭᠤᠯᠭ᠎ᠠ ᠶᠢᠨ ᠣᠨ ᠤ ᠬᠠᠷᠠᠯᠲᠠ ᠪᠣᠯ ︽ᠬᠣᠶᠠᠷ ᠵᠢᠯ ᠳᠦ ᠨᠢᠭᠡ ᠳᠤᠮᠳᠠ ᠵᠡᠷᠭᠡ ᠶᠢᠨ ᠬᠤᠪᠢᠷᠠᠯᠲᠠ ᠭᠠᠷᠭᠠᠬᠤ ︾ ᠶᠢ ᠪᠡᠶᠡᠯᠡᠭᠦᠯᠬᠦ ᠶᠠᠪᠤᠳᠠᠯ ᠪᠣᠯᠤᠨ᠎ᠠ ᠃ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠨᠠᠮ ᠤᠨ ᠤᠳᠤᠷᠢᠳᠬᠤ ᠳᠤᠭᠤᠶᠢᠯᠠᠩ︽1231︾ᠠᠵᠢᠯ ᠤᠨ ᠰᠡᠳᠬᠢᠴᠡ ᠶᠢ ᠳᠤᠷᠠᠳᠴᠤ᠂                                                        ᠪᠠᠶᠢᠴᠠᠭᠠᠬᠤ ᠠᠵᠢᠯ ᠢᠶᠠᠨ ᠥᠷᠨᠢᠭᠦᠯᠬᠦ ᠪᠡᠷ ᠲᠣᠭᠲᠠᠵᠠᠢ᠂ ᠡᠨᠡᠬᠦ ᠵᠢᠷᠤᠭ ᠲᠥᠯᠥᠪᠯᠡᠭᠡ ᠨᠢ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ᠬᠠᠷᠠᠯᠲᠠ ᠲᠠᠶ  ᠨᠡᠶᠢᠴᠡᠵᠡᠢ᠃  

ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦ ᠳᠦ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠤᠶᠤᠨ ᠰᠠᠨᠠᠭᠠᠨ ᠤ ᠪᠠᠶᠢᠳᠠᠯ ᠮᠡᠳᠡᠭᠳᠡᠮ᠎ᠡ ᠳᠡᠭᠡᠭᠰᠢᠯᠡᠵᠦ᠂ ᠪᠠᠶᠢᠴᠠᠭᠠᠬᠤ ᠠᠵᠢᠯᠲᠠᠳ ᠤᠨ ᠤᠷᠮ᠎ᠠ ᠵᠣᠷᠢᠭ ᠢ ᠬᠥᠭᠵᠢᠭᠡᠵᠦ᠂ ᠲᠡᠷᠢᠭᠦᠨ ᠦ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠡᠷᠴᠢ ᠵᠣᠷᠢᠭ ᠢ ᠬᠥᠪᠴᠢᠯᠡᠪᠡ︔ ᠬᠡᠷᠡᠭ ᠰᠢᠶᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ ᠬᠡᠷᠡᠭ ᠰᠢᠶᠳᠪᠦᠷᠢᠯᠡᠬᠦ ᠪᠦᠬᠦᠯᠢ ᠴᠣᠭᠴᠠ ᠶᠢᠨ ᠬᠡᠪᠴᠢᠶ᠎ᠡ ᠠᠳᠠᠯᠢ ᠬᠤᠭᠤᠴᠠᠭᠠᠨ ᠤ ᠬᠢ ᠡᠴᠡ ᠳᠡᠭᠡᠭᠰᠢᠯᠡᠵᠦ᠂ ᠭᠦᠢᠴᠡᠳᠬᠡᠬᠦ ᠲᠣᠭ᠎ᠠ ᠠᠳᠠᠯᠢ ᠬᠤᠭᠤᠴᠠᠭᠠᠨ ᠤ ᠬᠢ ᠡᠴᠡ ᠰᠠᠶᠢᠵᠢᠷᠠᠪᠠ︔ ᠬᠡᠪ ᠴᠢᠨᠠᠷ ᠪᠠ ᠴᠢᠳᠠᠪᠤᠷᠢ ᠨᠢ ᠢᠯᠡᠳᠲᠡ ᠳᠡᠭᠡᠭᠰᠢᠯᠡᠵᠦ᠂ 8 ᠪᠠᠶᠢᠴᠠᠭᠠᠬᠤ ᠠᠵᠢᠯᠳᠠᠨ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ 《ᠵᠢᠱᠢᠶᠡᠴᠢ》᠂ 《ᠴᠢᠳᠠᠪᠤᠷᠢᠲᠠᠨ》᠂ 《ᠲᠤᠰᠬᠠᠶ ᠮᠡᠷᠭᠡᠵᠢᠯᠲᠡᠨ》 ᠦ ᠴᠣᠯᠠ ᠪᠠᠷ ᠦᠨᠡᠯᠡᠭᠳᠡᠵᠦ᠂ ᠤᠨᠤᠯ ᠤᠨ ᠰᠤᠳᠤᠯᠭᠠᠨ ᠤ 12 ᠵᠣᠬᠢᠶᠠᠯ ᠨᠢ ᠪᠦᠬᠦ ᠤᠯᠤᠰ ᠤᠨ ᠴᠢᠨᠠᠷᠲᠠᠶ ᠱᠠᠩᠨᠠᠯ ᠢ ᠬᠦᠷᠳᠡᠵᠤ᠂ ᠱᠠᠩᠨᠠᠯ ᠣᠯᠤᠭᠰᠠᠨ ᠲᠡᠰ ᠳᠠᠪᠬᠤᠷᠭ᠎ᠠ ᠪᠠ ᠲᠣᠭ᠎ᠠ ᠬᠡᠮᠵᠢᠶ᠎ᠡ ᠨᠢ ᠲᠡᠦᠬᠡ ᠶᠢᠨ ᠬᠠᠮᠤᠭ  ᠢ ᠡᠭᠦᠳᠪᠡ᠃ ᠠᠵᠢᠯ ᠤᠨ ᠠᠮᠵᠢᠯᠲᠠ ᠪᠦᠲᠦᠮᠵᠢ ᠢᠯᠡᠳᠲᠡ ᠳᠡᠭᠡᠭᠰᠢᠯᠡᠵᠦ᠂ 2 ᠬᠡᠷᠡᠭ ᠨᠢ ᠪᠦᠬᠦ ᠤᠯᠤᠰ ᠤᠨ ᠵᠢᠯᠤᠭᠤᠲᠤᠮᠵᠢ ᠶᠢᠨ ᠴᠢᠨᠠᠷᠲᠠᠶ ᠬᠡᠷᠡᠭ ᠦᠨ ᠵᠢᠱᠢᠶ᠎ᠡ ᠪᠡᠷ ᠦᠨᠡᠯᠡᠭᠳᠡᠵᠦ᠂ 42 ᠬᠡᠷᠡᠭ ᠨᠢ ᠪᠦᠬᠦ ᠤᠯᠤᠰ ᠤᠨ ᠨᠡᠶᠢᠲᠡᠯᠢᠭ ᠬᠡᠷᠡᠭ ᠦᠨ ᠵᠢᠱᠢᠶ᠎ᠡ ᠪᠡᠷ ᠦᠨᠡᠯᠡᠭᠳᠡᠵᠦ᠂ ᠲᠡᠦᠬᠡᠲᠦ ᠴᠢᠨᠠᠷᠲᠠᠶ ᠰᠢᠪᠲᠤᠯᠤᠯᠲᠠ ᠲᠠᠶ ᠪᠣᠯᠪᠠ᠃

ᠣᠳᠣᠬᠠᠨ ᠳᠤ ︽ᠨᠢᠭᠡ ᠵᠢᠯ ᠳᠦ ᠨᠢᠭᠡ ᠪᠠᠭ᠎ᠠ ᠬᠤᠪᠢᠷᠠᠯᠲᠠ ᠭᠠᠷᠭᠠᠬᠤ︾ᠲᠣᠭᠲᠠᠭᠰᠠᠨ ᠬᠠᠷᠠᠯᠲᠠ ᠶᠢ ᠤᠷᠤᠭᠰᠢᠲᠠᠢ ᠪᠡᠶᠡᠯᠡᠭᠦᠯᠵᠦ᠂ 2024 ᠣᠨ ᠤ︽ᠬᠣᠶᠠᠷ ᠵᠢᠯ ᠳᠦ ᠨᠢᠭᠡ ᠳᠤᠮᠳᠠ ᠵᠡᠷᠭᠡ ᠶᠢᠨ ᠬᠤᠪᠢᠷᠠᠯᠲᠠ ᠭᠠᠷᠭᠠᠬᠤ︾ᠣᠨ ᠤ ᠬᠠᠷᠠᠯᠲᠠ ᠶᠢ ᠬᠦᠰᠡᠨ ᠬᠦᠯᠢᠶᠡᠵᠦ ᠪᠠᠶᠢᠨ᠎ᠠ᠃ ᠯᠢ ᠶᠦᠩ ᠵᠢᠶᠦ᠋ᠨ ᠢᠯᠡᠷᠬᠡᠶᠢᠯᠡᠬᠦ ᠳᠡᠭᠡᠨ ᠂ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠶᠢᠨ ᠬᠢᠨ ᠨᠢᠭᠡᠨ ᠵᠢᠷᠤᠭ ᠲᠥᠰᠦᠪ ᠢ ᠡᠴᠦᠰ ᠲᠦᠨᠢ ᠲᠤᠯᠲᠠᠯ᠎ᠠ ᠵᠢᠷᠤᠭᠯᠠᠵᠤ ᠂ ︽ 1231 ︾ ᠠᠵᠢᠯ ᠤᠨ ᠰᠡᠳᠬᠢᠮᠵᠢ ᠶᠢ ᠪᠠᠷᠢᠮᠲᠠᠯᠠᠨ ᠂ ︽ ᠵᠢᠷᠭᠤᠭᠠᠨ ᠶᠡᠬᠡ ᠨᠢᠭᠡᠳᠦᠯᠲᠡᠶ ᠠᠵᠢᠯᠯᠠᠭ᠎ᠠ ︾ ᠪᠠ ︽ ᠳᠥᠷᠪᠡᠨ ᠶᠡᠬᠡ ᠳᠡᠭᠡᠭᠰᠢᠯᠡᠭᠦᠯᠬᠦ ᠢᠨᠵᠧᠨᠧᠷᠢᠩ ︾ ᠢ ᠦᠷᠭᠦᠯᠵᠢᠯᠡᠨ ᠬᠡᠷᠡᠭᠵᠢᠭᠦᠯᠵᠦ ᠂ ᠶᠡᠬᠡ ᠲᠠᠯ᠎ᠠ ᠳᠤ ᠨᠠᠩ ᠬᠦᠴᠦᠲᠡᠶ ᠦᠶᠯᠡᠴᠢᠯᠡᠵᠦ ᠂ ᠠᠷᠠᠳ ᠤᠨ ᠲᠦᠯᠦᠭᠡ  ᠬᠠᠸᠯᠢ ᠪᠠᠷᠢᠬᠤ ᠂ ᠬᠠᠸᠯᠢ ᠪᠠᠷ ᠵᠠᠰᠠᠬᠤ ᠶᠢᠨ ᠲᠥᠯᠥᠭᠡ ᠨᠠᠩ ᠬᠦᠴᠦᠲᠡᠶ ᠡᠭᠦᠷᠭᠡᠯᠡᠵᠦ ᠂ ᠪᠠᠶᠢᠴᠠᠭᠠᠬᠤ ᠠᠵᠢᠯ ᠤᠨ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠴᠦ ᠂ ᠣᠳᠣᠬᠢᠴᠢᠯᠠᠭᠰᠠᠨ ᠥᠪᠥᠷ ᠮᠣᠩᠭᠣᠯ ᠤᠨ ᠪᠥᠲᠥᠭᠡᠨ ᠪᠠᠶᠢᠭᠤᠯᠤᠯᠲᠠ ᠳᠤ ᠨᠠᠩ ᠬᠦᠴᠦᠲᠡᠶ ᠬᠠᠸᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ ᠭᠡᠵᠡᠶ ᠃

ᠰᠡᠳᠬᠢᠴᠡ ᠶᠢᠨ ᠬᠠᠷᠠᠯᠲᠠ ᠶᠢ ᠲᠣᠭᠲᠠᠭᠠᠬᠤ ᠳᠤ ᠵᠢᠷᠦᠬᠡ ᠴᠢᠩᠭᠠᠷᠠᠭᠤᠯᠬᠤ ᠡᠮ ᠰᠢᠭ ᠪᠣᠯᠤᠭᠰᠠᠨ ᠢᠶᠠᠷ ᠪᠦᠬᠦ ᠣᠷᠣᠨ ᠤ ᠪᠠᠶᠢᠴᠠᠭᠠᠬᠤ  ᠪᠠᠶᠢᠭᠤᠯᠭ᠎ᠠ ᠶᠢᠨ ᠬᠢᠨ ᠮᠠᠰᠢ ᠲᠦᠷᠭᠡᠨ ᠢᠶᠡᠷ ᠲᠤᠷᠰᠢᠵᠤ ᠦᠵᠡᠬᠦ ᠪᠣᠯᠪᠠ᠃  ᠪᠠᠭ᠎ᠠ ᠲᠦᠷᠭᠡᠨ ᠭᠤᠤᠯ ᠤᠷᠤᠨ ᠤ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠳᠠᠷᠤᠭ᠎ᠠ ᠸᠠᠩ ᠴᠤᠸᠠᠨ ᠬᠣᠩ 26 ᠤ ᠡᠳᠦᠷ ᠦᠨ ᠶᠠᠷᠢᠯᠴᠠᠬᠤ ᠬᠤᠷᠠᠯ ᠳᠡᠭᠡᠷ᠎ᠡ ᠢᠯᠡᠷᠬᠡᠶᠢᠯᠡᠬᠦ ᠳᠡᠭᠡᠨ ᠂ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ  ᠪᠣᠯ ᠨᠢᠭᠡ ᠮᠣᠷᠢ ᠲᠠᠶ ᠠᠳᠠᠯᠢ ᠶᠤᠮ ᠂ ᠭᠤᠷᠪᠠᠨ ᠵᠢᠯ ᠦᠨ ᠬᠠᠷᠠᠯᠲᠠ ᠪᠠᠨ ᠲᠣᠭᠲᠠᠭᠠᠭᠰᠠᠨ ᠨᠢ ᠶᠠᠭ ᠯᠠ ᠡᠨᠡ ᠮᠣᠷᠢᠨ ᠤ ᠤᠷᠤᠭᠰᠢᠯᠠᠯᠲᠠ ᠶᠢᠨ ᠴᠢᠭᠯᠡᠯ ᠪᠠ ᠬᠦᠴᠦ ᠨᠡᠮᠡᠬᠦ ᠲᠠᠰᠢᠭᠤᠷ ᠥᠭᠭᠦᠭᠰᠡᠨ ᠲᠡᠶ ᠠᠳᠠᠯᠢ ᠶᠤᠮ ᠭᠡᠵᠡᠶ ᠃  ᠰᠢᠯᠢ  ᠶᠢᠨ ᠭᠣᠣᠯ ᠂ ᠤᠯᠠᠭᠠᠨᠴᠠᠪ ᠂ ᠪᠠᠶᠠᠨᠨᠠᠭᠤᠷ ᠂ ᠦᠬᠠᠶ ᠵᠡᠷᠭᠡ ᠭᠠᠵᠠᠷ ᠤᠨ ᠪᠠᠶᠢᠴᠠᠭᠠᠬᠤ ᠳᠠᠷᠤᠭ᠎ᠠ ᠬᠤᠷᠠᠯ ᠳᠡᠭᠡᠷ᠎ᠡ ᠠᠪᠢᠶᠠᠰ ᠪᠢᠯᠢᠭ ᠣᠯᠵᠤ ᠂ ᠲᠡᠳᠡ ᠢᠲᠡᠭᠡᠯ ᠵᠣᠷᠢᠭ ᠢᠶᠠᠨ ᠪᠠᠲᠤᠳᠬᠠᠵᠤ ᠂ ᠥᠨᠳᠥᠷ ᠲᠦ ᠵᠣᠭᠰᠣᠨ ᠠᠯᠤᠰ  ᠢ ᠪᠠᠷᠠᠯᠠᠵᠤ ᠂ ᠲᠡᠷᠢᠭᠦᠨ ᠦ ᠬᠢ  ᠶᠢ ᠲᠡᠮᠡᠴᠡᠨ ᠰᠢᠯᠢᠳᠡᠭ  ᠢ ᠡᠭᠦᠳᠴᠦ ᠂ ᠶᠠᠰᠤ ᠴᠢᠨᠠᠷ  ᠢ ᠳᠡᠭᠡᠭᠰᠢᠯᠡᠭᠦᠯᠦᠨ ᠦᠷ᠎ᠡ ᠠᠰᠢᠭ  ᠢ ᠨᠡᠮᠡᠭᠳᠡᠭᠦᠯᠵᠦ ᠂ ᠨᠠᠶᠢᠳᠠᠪᠤᠷᠢᠵᠢᠭᠤᠯᠤᠯᠲᠠ  ᠶᠢ ᠬᠦᠴᠦᠲᠡᠶ ᠠᠳᠬᠤᠵᠤ ᠂ ᠬᠣᠶᠠᠷ ᠵᠢᠯ ᠳᠦ ᠨᠢᠭᠡ ᠤᠳᠠᠭᠠᠨ ᠤ ᠳᠤᠮᠳᠠ ᠵᠡᠷᠭᠡ  ᠶᠢᠨ ᠬᠤᠪᠢᠷᠠᠯᠲᠠ  ᠶᠢ ᠪᠡᠶᠡᠯᠡᠭᠦᠯᠦᠨ᠎ᠡ ᠭᠡᠵᠦ ᠢᠯᠡᠷᠬᠡᠶᠢᠯᠡᠵᠡᠶ ᠃

 

 

︽ ᠠᠵᠤ ᠠᠬᠤᠶᠢᠯᠠᠯ ᠢ ᠬᠠᠮᠠᠭᠠᠯᠠᠬᠤ ᠲᠠᠪᠤᠨ ᠠᠷᠭ᠎ᠠ ︾ ᠪᠣᠯ ᠬᠤᠷᠠᠯ ᠤᠨ ᠭᠣᠸᠯᠳᠠᠯᠭ᠎ᠠ ᠲᠠᠶ ᠶᠠᠷᠢᠶ᠎ᠠ ᠶᠢᠨ ᠨᠢᠭᠡ ᠪᠣᠯᠤᠨ᠎ᠠ ᠃ ᠯᠢ ᠶᠦᠩ ᠵᠢᠶᠦ᠋ᠨ ᠴᠢᠬᠤᠯᠠᠴᠢᠯᠠᠭᠰᠠᠨ ᠨᠢ ᠂ ᠪᠠᠶᠢᠴᠠᠭᠠᠬᠤ ᠪᠠᠶᠢᠭᠤᠯᠭ᠎ᠠ ᠨᠤᠭᠤᠳ ᠡᠭᠦᠷᠭᠡ ᠲᠤᠰᠢᠶᠠᠯ ᠢᠶᠠᠨ ᠬᠠᠸᠯᠢ ᠶᠣᠰᠣᠭᠠᠷ ᠴᠢᠳᠠᠮᠠᠭᠠᠶ ᠪᠠᠷ ᠭᠦᠶᠴᠡᠳᠬᠡᠵᠦ ᠂ ᠤᠮᠠᠷᠠᠲᠤ ᠬᠢᠯᠢ ᠶᠢᠨ ᠶᠡᠬᠡ ᠲᠠᠯ᠎ᠠ ᠳᠤ ᠢᠳᠡᠪᠬᠢᠲᠡᠶ ᠪᠡᠷ ᠦᠶᠯᠡᠴᠢᠯᠡᠬᠦ ᠬᠡᠷᠡᠭᠲᠡᠶ ᠃ ᠲᠡᠷᠡ︽ᠲᠦᠷᠢᠮ ᠲᠣᠭᠲᠠᠭᠠᠯ ᠳᠤ ᠨᠡᠶᠢᠴᠡᠭᠦᠯᠦᠨ ᠠᠵᠤ ᠠᠬᠤᠶᠢᠯᠠᠯ ᠢ ᠬᠠᠮᠠᠭᠠᠯᠠᠬᠤ︾᠂︽ᠬᠠᠤᠯᠢ ᠲᠦᠷᠢᠮ ᠳᠦ ᠨᠡᠶᠢᠴᠡᠭᠦᠯᠦᠨ ᠠᠵᠤ ᠠᠬᠤᠶᠢᠯᠠᠯ ᠢ ᠬᠠᠮᠠᠭᠠᠯᠠᠬᠤ︾᠂︽ᠬᠠᠷᠰᠢᠯᠠᠯ ᠢ ᠰᠡᠷᠭᠡᠶᠢᠯᠡᠨ ᠠᠵᠤ ᠠᠬᠤᠶᠢᠯᠠᠯ ᠢ ᠬᠠᠮᠠᠭᠠᠯᠠᠬᠤ︾᠂︽ ᠤᠶᠤᠨ ᠤ ᠥᠮᠴᠢ ᠶᠢᠨ ᠪᠠᠢᠴᠠᠭᠠᠬᠤ ᠠᠵᠤ ᠠᠬᠤᠶᠢᠯᠠᠯ ᠢ ᠬᠠᠮᠠᠭᠠᠯᠠᠬᠤ︾᠂︽ᠬᠠᠤᠯᠢ ᠶᠢ ᠬᠦᠷᠭᠡᠵᠦ ᠠᠵᠤ ᠠᠬᠤᠶᠢᠯᠠᠯ ᠢ ᠬᠠᠮᠠᠭᠠᠯᠠᠬᠤ︾ᠲᠠᠪᠤᠨ ᠢᠵᠢ ᠰᠣᠩᠭᠣᠳᠠᠭ ᠠᠷᠭ᠎ᠠ ᠶᠢ ᠬᠤᠷᠢᠶᠠᠩᠭᠤᠶᠢᠯᠠᠨ ᠳᠤᠷᠠᠳᠴᠤ᠂ ︽ᠪᠠᠶᠢᠴᠠᠭᠠᠬᠤ ᠪᠠᠷ ᠠᠵᠤ ᠠᠬᠤᠶᠢᠯᠠᠯ ᠢ ᠬᠠᠮᠠᠭᠠᠯᠠᠬᠤ︾ᠲᠤᠰᠬᠠᠢ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠬᠡᠷᠡᠭᠯᠡᠵᠡᠢ᠃ ᠡᠭᠦᠨ ᠦ ᠲᠤᠬᠠᠢ ᠶᠠᠷᠢᠬᠤ ᠳᠤ᠂ ᠠᠯᠠᠱᠠ ᠠᠶᠢᠮᠠᠭ ᠤᠨ ᠬᠤᠪᠢᠶᠠᠷᠢ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠳᠠᠷᠤᠭ᠎ᠠ ᠸᠠᠩ  ᠺᠧ ᠸᠧᠢ ᠶᠡᠬᠡᠳᠡ ᠵᠦᠪᠰᠢᠶᠡᠷᠡᠵᠦ᠂ ᠠᠯᠠᠱᠠ ᠠᠶᠢᠮᠠᠭ ᠤᠨ ᠶᠡᠷᠦᠩᠬᠡᠢ ᠲᠠᠯᠠᠪᠠᠢ ᠨᠢ 27 ᠲᠦᠮᠡᠨ ᠲᠡᠭᠰᠢ ᠳᠥᠷᠪᠡᠯᠵᠢᠨ ᠂ ᠬᠥᠮᠦᠨ ᠠᠮᠠ ᠨᠢ 26.9 ᠲᠦᠮᠡ᠂ ᠲᠡᠭᠰᠢ ᠳᠥᠷᠪᠡᠯᠵᠢᠨ  ᠪᠦᠷᠢ ᠳᠦ ᠨᠢᠭᠡ ᠬᠥᠮᠦᠨ ᠴᠦ ᠬᠦᠷᠬᠦ ᠦᠭᠡᠢ᠂ ᠬᠢᠯᠢ ᠶᠢᠨ ᠱᠤᠭᠤᠮ ᠤᠨ ᠤᠷᠳᠤ ᠨᠢ 735 ᠂ ᠪᠣᠭᠣᠮᠲᠠ ᠶᠢᠨ ᠠᠵᠤ ᠠᠬᠤᠢ ᠬᠠᠷᠢᠴᠠᠩᠭᠤᠢ ᠪᠠᠷ ᠨᠡᠯᠢᠶᠡᠳ ᠰᠠᠶᠢᠨ ᠪᠠᠶᠢᠵᠤ᠂ ︽ᠠᠵᠤ ᠠᠬᠤᠶᠢᠯᠠᠯ ᠢ ᠬᠠᠮᠠᠭᠠᠯᠠᠬᠤ ᠲᠠᠪᠤᠨ ᠠᠷᠭ᠎ᠠ︾ᠵᠢᠨ ᠠᠷᠭ᠎ᠠ ᠬᠡᠯᠪᠡᠷᠢ ᠪᠦᠷᠢ ᠳᠦ ᠴᠥᠮ ᠬᠡᠢ ᠬᠣᠭᠣᠰᠣᠨ ᠪᠢᠰᠢ᠂ ᠨᠠᠶᠢᠳᠠᠪᠤᠷᠢᠵᠢᠭᠤᠯᠤᠯᠲᠠ ᠶᠢ ᠯᠠᠪᠲᠠᠢ ᠰᠠᠶᠢᠲᠤᠷ ᠠᠳᠬᠤᠨ᠎ᠠ ᠭᠡᠵᠦ ᠢᠯᠡᠳᠬᠡᠪᠡ᠃ ᠵᠡᠭᠦᠨ ᠬᠣᠶᠢᠲᠤ ᠣᠷᠣᠨ ᠤ ᠠᠵᠤ ᠠᠬᠤᠢ ᠶᠢᠨ ᠪᠦᠬᠦ ᠲᠠᠯ᠎ᠠ ᠪᠠᠷ ᠬᠥᠭᠵᠢᠨ ᠮᠠᠨᠳᠤᠬᠤ ᠶᠢ ᠲᠠᠭᠠᠯᠳᠤᠨ᠂ ᠲᠦᠩᠯᠢᠶᠣᠤ᠂ ᠤᠯᠠᠭᠠᠨᠬᠠᠳᠠ᠂ ᠬᠥᠯᠥᠨ ᠪᠤᠢᠷ᠂ ᠬᠢᠩᠭᠠᠨ ᠠᠶᠢᠮᠠᠭ ᠤᠨ ᠬᠢᠨ ᠴᠦ ᠬᠣᠴᠣᠷᠬᠤ ᠳᠤᠷ᠎ᠠ ᠦᠭᠡᠢ ᠪᠣᠯᠵᠠᠢ᠂ ᠲᠦᠷᠪᠡᠨ ᠭᠠᠵᠠᠷ ᠤᠨ ᠪᠠᠶᠢᠴᠠᠭᠠᠬᠤ ᠪᠠᠶᠢᠭᠤᠯᠭ᠎ᠠ ᠠᠴᠠ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠲᠣᠭᠲᠠᠴᠠ ᠶᠢᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂︽ᠠᠵᠤ ᠠᠬᠤᠶᠢᠯᠠᠯ ᠢ ᠬᠠᠮᠠᠭᠠᠯᠠᠬᠤ ᠲᠠᠪᠤᠨ ᠠᠷᠭ᠎ᠠ︾ᠵᠢᠨ ᠪᠠᠷᠢᠮᠲᠠᠯᠠᠯ ᠳᠣᠣᠷ᠎ᠠ᠂  ᠬᠠᠤᠯᠢ ᠪᠠᠷ ᠵᠠᠰᠠᠬᠤ  ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ ᠠᠯᠬᠤᠮ ᠠᠯᠬᠤᠮ ᠢᠶᠠᠷ ᠰᠢᠯᠢᠳᠡᠭᠵᠢᠭᠦᠯᠬᠦ ᠪᠡᠷ ᠳᠤᠷᠠᠳᠴᠠᠢ᠃  

ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠬᠥᠩᠭᠡᠨ ᠶᠠᠯ᠎ᠠ  ᠶᠢ ᠵᠠᠰᠠᠬᠤ  ᠶᠢ ᠪᠠᠶᠢᠨ ᠳᠠᠬᠢᠨ ᠴᠢᠬᠤᠯᠠᠴᠢᠯᠠᠵᠤ ᠂ 《  ᠬᠦᠩᠭᠡᠨ ᠬᠡᠷᠡᠭ ᠢ ᠬᠦᠩᠭᠡᠨ ᠢᠶᠡᠷ ᠰᠢᠳᠭᠡᠵᠦ᠂ ᠬᠦᠨᠳᠦ ᠬᠡᠷᠡᠭ ᠢ ᠬᠦᠨᠳᠦ ᠪᠡᠷ ᠰᠢᠳᠭᠡᠨ ᠂ ᠬᠦᠨᠳᠦ ᠬᠥᠩᠭᠡᠨ ᠡᠮᠬᠢ ᠵᠢᠷᠤᠮ  ᠲᠠᠶ ᠶᠠᠯᠠᠲᠤ ᠠᠵᠢᠯᠯᠠᠭ᠎ᠠ  ᠶᠢ ᠵᠠᠰᠠᠬᠤ ᠪᠦᠲᠦᠴᠡ  ᠶᠢ ᠪᠤᠶ ᠪᠣᠯᠭᠠᠬᠤ ᠬᠡᠷᠡᠭᠲᠡᠶ 》 ᠭᠡᠵᠦ ᠱᠠᠭᠠᠷᠳᠠᠵᠤ ᠪᠠᠶᠢᠨ᠎ᠠ ᠂ ᠡᠨᠡᠬᠦ ᠰᠡᠳᠦᠪ  ᠢ ᠬᠡᠷᠬᠢᠨ ᠰᠢᠶᠳᠪᠦᠷᠢᠯᠡᠬᠦ ᠪᠤᠶ︖᡼ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠶᠢᠨ ᠬᠢᠨ ︽ᠬᠦᠨᠳᠦ ᠬᠥᠩᠭᠡᠨ ᠢ ᠰᠠᠯᠭᠠᠬᠤ ᠂ ᠬᠥᠩᠭᠡᠨ ᠶᠠᠯ᠎ᠠ ᠶᠢ ᠲᠦᠷᠭᠡᠨ ᠰᠢᠶᠳᠪᠦᠷᠢᠯᠡᠬᠦ ᠂ ᠬᠦᠨᠳᠦ ᠶᠠᠯ᠎ᠠ ᠶᠢ ᠨᠠᠷᠢᠨ ᠰᠢᠶᠳᠪᠦᠷᠢᠯᠡᠬᠦ ︾ᠥᠪᠡᠷ ᠦᠨ ᠰᠡᠳᠦᠪ  ᠵᠠᠳᠠᠯᠤᠨ ᠰᠢᠢᠳᠪᠦᠷᠢᠯᠡᠬᠦ ᠰᠡᠳᠬᠢᠮᠵᠢ ᠲᠡᠶ ᠪᠠᠶᠢᠳᠠᠭ ᠂ ᠪᠣᠳᠠᠲᠠᠶ ᠪᠠᠷ ᠬᠡᠯᠡᠪᠡᠯ ᠳᠠᠷᠤᠶ ︽ ᠭᠤᠷᠪᠠ ᠶᠢ ᠬᠤᠪᠢᠶᠠᠬᠤ ᠠᠷᠭ᠎ᠠ ︾ ᠪᠣᠯᠤᠨ᠎ᠠ ᠂ ᠲᠤᠬᠠᠶᠢᠯᠠᠪᠠᠯ ᠡᠬᠢ ᠡᠭᠦᠰᠦᠯ ᠡᠴᠡ ᠨᠢ ᠬᠡᠷᠡᠭ ᠢ ᠰᠠᠯᠭᠠᠬᠤ ᠂ ᠬᠡᠷᠡᠭ ᠢ ᠰᠢᠶᠳᠪᠦᠷᠢᠯᠡᠬᠦ ᠳᠦ ᠬᠥᠮᠦᠨ ᠢ ᠰᠠᠯᠭᠠᠬᠤ ᠂ ᠬᠡᠷᠡᠭ ᠦᠨ ᠬᠠᠮᠢᠶᠠᠷᠤᠯᠲᠠ ᠶᠢ ᠰᠠᠯᠭᠠᠬᠤ ᠠᠷᠭ᠎ᠠ ᠪᠣᠯᠤᠨ᠎ᠠ ᠃ ᠠᠵᠢᠯ ᠤᠨ ᠰᠠᠭᠤᠷᠢ ᠪᠠ ᠣᠷᠣᠨ ᠵᠠᠶ ᠶᠢᠨ ᠲᠠᠷᠬᠠᠯᠲᠠ ᠶᠢ ᠪᠣᠳᠣᠯᠬᠢᠯᠠᠨ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ  ᠠᠴᠠ ᠤᠷᠢᠳ ᠢᠶᠠᠷ ᠲᠤᠷᠰᠢᠯᠲᠠ ᠬᠢᠵᠦ ᠳᠠᠷᠠᠭ᠎ᠠ ᠨᠢ ᠴᠠᠭ ᠲᠤᠨᠢ ᠲᠣᠬᠢᠷᠠᠭᠤᠯᠤᠨ ᠬᠡᠷᠡᠭᠵᠢᠭᠦᠯᠬᠦ ᠪᠡᠷ ᠲᠣᠭᠲᠠᠪᠠ ᠃

ᠬᠢᠨᠠᠯᠲᠠ ᠲᠠᠯᠪᠢᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠦ︽ᠵᠠᠩᠭᠢᠯᠠᠭ᠎ᠠ︾ᠵᠢ ᠠᠳᠬᠤᠬᠤ ᠪᠣᠯ ᠵᠠᠩᠭᠢᠯᠠᠭ᠎ᠠ ᠪᠣᠯᠤᠨ᠎ᠠ᠃ ᠯᠢ ᠶᠦᠩ ᠵᠢᠶᠦ᠋ᠨ ᠬᠤᠷᠠᠯ ᠳᠡᠭᠡᠷ᠎ᠡ ᠶᠠᠷᠢᠶ᠎ᠠ ᠲᠠᠯᠪᠢᠬᠤ ᠳᠠᠭᠠᠨ ᠂ ᠡᠷᠡᠭᠦᠸ ᠶᠢᠨ ᠬᠡᠷᠡᠭ ᠦᠨ  ᠪᠠᠢᠴᠠᠭᠠᠬᠤ ᠠᠵᠢᠯ ᠤᠨ ︽ᠭᠤᠷᠪᠠᠨ ᠥᠨᠳᠥᠷ ᠬᠣᠶᠠᠷ ᠳᠣᠸᠷ᠎ᠠ ︾ ᠶᠢᠨ ᠠᠰᠠᠭᠤᠳᠠᠯ ᠤᠨ ᠵᠠᠰᠠᠯᠲᠠ ᠶᠢ ᠴᠢᠩᠭᠠᠳᠬᠠᠬᠤ ᠬᠡᠷᠡᠭᠲᠡᠶ︔ ᠢᠷᠭᠡᠨ ᠦ ᠬᠡᠷᠡᠭ ᠦᠨ ᠪᠠᠶᠢᠴᠠᠭᠠᠬᠤ ᠠᠵᠢᠯ ᠤᠨ 《ᠭᠤᠷᠪᠠᠨ ᠳᠣᠣᠷ᠎ᠠ ᠬᠣᠶᠠᠷ ᠴᠥᠭᠡᠨ》 ᠪᠠᠶᠢᠬᠤ ᠠᠰᠠᠭᠤᠳᠠᠯ ᠢ ᠦᠷᠭᠦᠯᠵᠢᠯᠡᠨ ᠬᠦᠴᠦᠯᠡᠨ  ᠰᠢᠢᠳᠪᠦᠷᠢᠯᠡᠨ᠎ᠡ︔ ᠡᠷᠡᠭᠦᠦ ᠶᠢᠨ ᠬᠡᠷᠡᠭ ᠦᠨ ᠭᠦᠢᠴᠡᠳᠬᠡᠯᠲᠡ ᠶᠢ ᠪᠠᠶᠢᠴᠠᠭᠠᠬᠤ ᠬᠦᠷᠢᠶᠡᠨ ᠳᠦ ᠲᠣᠭᠣᠷᠢᠨ ᠪᠠᠢᠴᠠᠭᠠᠬᠤ ᠪᠠ ᠲᠤᠮᠢᠯᠠᠨ ᠰᠠᠭᠤᠯᠭᠠᠬᠣ ᠶᠢ ᠠᠭᠤᠰᠤᠯᠴᠠᠬᠤ ᠶᠢ  ᠠᠭᠢᠭᠤᠯᠤᠨ᠎ᠠ︔ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠴᠢᠬᠤᠯᠠ ᠦᠨᠡᠯᠡᠯᠲᠡ ᠶᠢᠨ ᠭᠦᠢᠴᠡᠳᠭᠡᠯ ᠲᠣᠭ᠎ᠠ ᠶᠢ ᠪᠦᠬᠦ ᠤᠯᠤᠰ ᠤᠨ ᠡᠮᠦᠨ᠎ᠡ ᠡᠩᠨᠡᠭᠡᠨ ᠳᠦ ᠣᠷᠣᠭᠤᠯᠬᠤ ᠰᠠᠢᠢᠨ ᠰᠠᠶᠢᠬᠠᠨ ᠪᠠᠶᠢᠳᠠᠯ ᠢ  ᠪᠡᠬᠢᠵᠢᠭᠦᠯᠭᠦᠨ᠎ᠡ︔ ᠨᠡᠶᠢᠲᠡ ᠶᠢᠨ ᠠᠰᠢᠭᠲᠤ ᠵᠠᠷᠭᠤ ᠶᠢ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠦᠷᠨᠢᠭᠦᠯᠵᠦ᠂ 《ᠵᠠᠭᠠᠯᠳᠤᠬᠤ》ᠠᠷᠭ᠎ᠠ ᠶᠢ ᠦᠷᠭᠦᠯᠵᠢᠯᠡᠨ ᠰᠠᠶᠢᠲᠤᠷ ᠬᠡᠷᠡᠭᠯᠡᠬᠦ ᠬᠡᠷᠡᠭᠲᠡᠶ︔ᠪᠠᠶᠢᠴᠠᠭᠠᠬᠤ ᠠᠵᠢᠯ ᠤᠨ ᠲᠤᠷᠰᠢᠨ ᠪᠠᠶᠢᠴᠠᠭᠠᠯᠲᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠦ ᠤᠷᠤᠭᠰᠢᠯᠠᠭᠤᠯᠵᠤ᠂ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠡᠴᠡ ᠭᠠᠳᠠᠨ᠎ᠠ ᠂ ᠯᠢ ᠶᠦᠩ ᠵᠢᠶᠦ᠋ᠨ ᠪᠠᠰᠠ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠂ ᠠᠮᠢ ᠠᠬᠤᠶ ᠶᠢᠨ ᠠᠮᠤᠷ ᠲᠦᠪᠰᠢᠨ ᠢ ᠬᠦᠴᠦᠯᠡᠨ ᠬᠠᠮᠠᠭᠠᠯᠠᠬᠤ ᠂ ︽ᠠᠷᠠᠳ ᠤᠨ ᠠᠮᠢᠳᠤᠷᠠᠯ ᠢ ᠪᠠᠶᠢᠴᠠᠭᠠᠨ ᠬᠠᠮᠠᠭᠠᠯᠠᠬᠤ ︾᠂ ᠢᠯᠵᠠᠷᠠᠯ ᠢ ᠡᠰᠡᠷᠭᠦᠴᠡᠬᠦ ᠲᠡᠮᠡᠴᠡᠯ ᠳᠦ ᠬᠦᠴᠦᠨ ᠨᠡᠮᠡᠷᠢᠯᠡᠬᠦ ᠵᠡᠷᠭᠡ ᠠᠵᠢᠯ ᠢ ᠪᠥᠬᠥ ᠬᠦᠴᠦᠨ ᠢᠶᠡᠷ ᠢᠶᠡᠨ ᠪᠣᠳᠠᠲᠠᠶᠢᠵᠢᠭᠤᠯᠬᠤ ᠲᠤᠬᠠᠶ ᠱᠠᠭᠠᠷᠳᠠᠯᠭ᠎ᠠ ᠳᠤᠷᠠᠳᠪᠠ ᠃

ᠤᠯᠠᠨ ᠢᠶᠠᠷ ᠢᠶᠠᠨ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ 2023 ᠣᠨ ᠤ ᠠᠵᠢᠯ ᠢ ᠳ᠋ᠦᠩᠨᠡᠬᠦ ᠳᠡᠭᠡᠨ ᠬᠡᠳᠦᠶᠢᠪᠡᠷ ᠬᠠᠭᠤᠳᠠᠰᠤ ᠨᠢ ᠶᠡᠬᠡ ᠪᠢᠰᠢ ᠪᠣᠯᠪᠠᠴᠤ ᠦᠭᠡ ᠥᠭᠦᠯᠡᠪᠦᠷᠢ ᠨᠢ ᠪᠦᠷᠢᠨ ᠭᠦᠢᠴᠡᠳ ᠪᠠᠶᠢᠵᠤ᠂ 2024 ᠣᠨ ᠤ ᠠᠵᠢᠯ ᠤᠨ ᠳᠤᠬᠢᠷᠠᠭᠤᠯᠤᠯᠳᠠ ᠪᠠᠶᠢᠷᠢᠯᠠᠭᠤᠯᠤᠯᠲᠠ ᠶᠢᠨ ᠲᠠᠯ᠎ᠠ ᠪᠠᠷ ᠶᠡᠬᠡ ᠲᠠᠯ᠎ᠠ ᠳᠤ ᠬᠦᠴᠦ ᠣᠷᠣᠭᠤᠯᠵᠤ᠂ ᠶᠠᠮᠠᠷ ᠶᠠᠮᠠᠷ ᠠᠵᠢᠯ ᠢ ᠨᠠᠶᠢᠳᠠᠪᠤᠷᠢᠵᠢᠭᠤᠯᠬᠤ᠂ ᠬᠡᠷᠬᠢᠨ ᠨᠠᠶᠢᠳᠠᠪᠤᠷᠢᠵᠢᠭᠤᠯᠬᠤ ᠶᠢ ᠭᠣᠣᠯᠳᠠᠯᠭ᠎ᠠ ᠲᠠᠶ ᠲᠤᠪᠤᠢᠢᠯᠭᠠᠵᠦ᠂ ᠵᠢᠯᠣᠭᠣᠳᠬᠤ ᠴᠢᠨᠠᠷ ᠪᠠ ᠬᠡᠷᠡᠭᠵᠢᠭᠦᠯᠬᠦ ᠴᠢᠨᠠᠷ ᠢᠶᠠᠷ ᠮᠠᠰᠢ ᠴᠢᠩᠭ᠎ᠠ ᠪᠠᠶᠢᠨ᠎ᠠ ᠭᠡᠵᠦ ᠦᠵᠡᠪᠡ᠃ ᠬᠥᠬᠡᠬᠣᠲᠠ ᠪᠤᠭᠤᠲᠤ ᠤᠷᠳᠤᠰ ᠰᠢᠵᠢᠷ ᠠᠯᠳᠠᠨ ᠭᠤᠷᠪᠠᠯᠵᠢᠨ ᠣᠷᠣᠨ ᠪᠣᠯᠤᠭᠰᠠᠨ ᠤ ᠬᠤᠪᠢ ᠳᠤ᠂ ᠮᠥᠨᠴᠦ ᠬᠡᠷᠡᠭ ᠰᠢᠢᠳᠪᠦᠷᠢᠯᠡᠬᠦ ᠲᠤᠮᠤ ᠬᠤᠳᠠ᠂ ᠭᠤᠷᠪᠠᠨ ᠭᠠᠵᠠᠷ ᠤᠨ ᠪᠠᠶᠢᠴᠠᠭᠠᠬᠤ ᠳᠠᠷᠤᠭ᠎ᠠ ᠲᠤᠰ ᠭᠠᠵᠠᠷ ᠤᠨ ᠢᠶᠠᠨ ᠪᠠᠶᠢᠴᠠᠭᠠᠬᠤ ᠠᠵᠢᠯ ᠤᠨ ᠣᠨᠴᠠᠯᠢᠭ ᠤᠨ ᠲᠣᠭᠣᠷᠢᠨ ᠳᠤ᠂ ᠳᠠᠪᠠᠭᠤᠯᠢᠭ ᠢᠶᠠᠨ ᠪᠠᠲᠤᠯᠠᠵᠤ᠂ ᠳᠤᠲᠠᠭᠤᠳᠠᠯ ᠢᠶᠠᠨ ᠨᠥᠬᠥᠪᠥᠷᠢᠯᠡᠵᠦ᠂ ᠲᠡᠷᠢᠭᠦᠨ ᠦ ᠬᠢ ᠶᠢ ᠴᠢᠷᠮᠠᠶᠢᠨ ᠡᠭᠦᠳᠴᠦ᠂ ᠣᠷᠣᠨ ᠪᠦᠰᠡ ᠶᠢᠨ ᠬᠥᠭᠵᠢᠯᠲᠡ ᠲᠡᠶ ᠵᠣᠬᠢᠴᠠᠯᠳᠤᠭᠰᠠᠨ ᠪᠠᠶᠢᠴᠠᠭᠠᠬᠤ ᠠᠵᠢᠯ ᠤᠨ ᠰᠢᠨ᠎ᠡ ᠠᠮᠵᠢᠯᠲᠠ ᠪᠦᠲᠦᠮᠵᠢ ᠶᠢ ᠡᠭᠦᠳᠬᠦ ᠬᠡᠷᠡᠭᠲᠡᠢ ᠭᠡᠵᠦ ᠳᠤᠷᠠᠳᠪᠠ᠃ 《 ᠡᠷᠡᠭᠦᠦ  ᠶᠢᠨ ᠬᠡᠷᠡᠭ ᠦᠨ ᠭᠦᠢᠴᠡᠳᠬᠡᠯᠲᠡ  ᠶᠢ ᠪᠠᠶᠢᠴᠠᠭᠠᠬᠤ ᠠᠵᠢᠯ  ᠢ ᠶᠡᠬᠡ ᠪᠡᠷ ᠬᠢᠭᠰᠡᠨ ᠶᠠᠪᠤᠳᠠᠯ ᠪᠣᠯ ᠪᠦᠬᠦ ᠣᠷᠣᠨ ᠤ ᠪᠠᠶᠢᠴᠠᠭᠠᠬᠤ ᠳᠠᠷᠤᠭ᠎ᠠ ᠨᠠᠷ ᠤᠨ ᠬᠤᠷᠠᠯ ᠳᠡᠭᠡᠷ᠎ᠡ ᠠᠩᠬ᠎ᠠ ᠤᠳᠠᠭ᠎ᠠ ᠭᠠᠷᠴᠤ ᠪᠠᠶᠢᠭ᠎ᠠ ᠶᠤᠮ ᠂ ᠡᠭᠦᠨ ᠳᠦ ᠵᠢᠭᠠᠵᠤ ᠭᠠᠷᠭᠠᠭᠰᠠᠨ ᠠᠰᠠᠭᠤᠳᠠᠯ ᠤᠨ ᠠᠮᠢᠨ ᠭᠠᠵᠠᠷ  ᠢ ᠣᠨᠣᠭᠠᠵᠤ ᠂ ᠠᠰᠠᠭᠤᠳᠠᠯ  ᠢ ᠰᠢᠶᠳᠪᠦᠷᠢᠯᠡᠬᠦ ᠠᠷᠭ᠎ᠠ ᠨᠢ ᠲᠣᠳᠣᠷᠬᠠᠶ ᠪᠥᠭᠡᠳ ᠬᠡᠷᠡᠭᠵᠢᠭᠦᠯᠬᠦ ᠴᠢᠨᠠᠷ ᠢᠶᠠᠷ ᠴᠢᠩᠭ᠎ᠠ ᠪᠠᠶᠢᠵᠤ ᠂ ᠪᠢᠳᠡᠨ ᠦ ᠴᠣᠭ ᠰᠦᠯᠳᠡ  ᠶᠢ ᠬᠥᠭᠵᠢᠭᠡᠨ ᠂ ᠢᠲᠡᠭᠡᠯ ᠵᠣᠷᠢᠭ  ᠢ ᠬᠥᠪᠴᠢᠯᠡᠵᠦ ᠪᠠᠶᠢᠨ᠎ᠠ 》 ᠭᠡᠵᠦ  ᠪᠤᠬ᠎ᠠ ᠶᠢᠨ ᠵᠤ ᠭᠠᠵᠠᠷ ᠤᠷᠤᠨ ᠤ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠳᠠᠷᠤᠭ᠎ᠠ ᠵᠧᠸ ᠬᠠᠶ ᠴᠧᠩ ᠢᠯᠡᠷᠬᠡᠶᠢᠯᠡᠪᠡ ᠃

 

 

ᠯᠢ ᠶᠦᠩ ᠵᠢᠶᠦ᠋ᠨ ᠴᠢᠬᠤᠯᠠᠴᠢᠯᠠᠭᠰᠠᠨ ᠨᠢ ᠂ ᠥᠪᠥᠷ ᠮᠣᠩᠭᠣᠯ ᠤᠨ ᠪᠠᠶᠢᠴᠠᠭᠠᠬᠤ ᠠᠵᠢᠯ ᠢ ᠴᠢᠨᠠᠷ ᠰᠠᠶᠢᠲᠠᠶ ᠬᠥᠭᠵᠢᠭᠦᠯᠦᠶ᠎ᠡ ᠭᠡᠪᠡᠯ ᠡᠷᠬᠡᠪᠰᠢ ︽ ᠴᠣᠭ ᠰᠦᠯᠳᠡ ︾ ᠪᠡᠨ ᠪᠠᠳᠠᠷᠠᠭᠤᠯᠵᠤ ᠂ ᠡᠭᠡᠯ ᠵᠢᠷ ᠦᠨ ᠬᠥᠮᠦᠨ ᠪᠣᠯᠬᠤ ᠥᠬᠡᠶ︔ ︽ ᠵᠠᠮ ᠱᠤᠭᠤᠮ ᠤᠨ ᠵᠢᠷᠤᠭ ︾ ᠢ ᠣᠨᠣᠪᠴᠢᠲᠠᠶ ᠲᠣᠭᠲᠠᠭᠠᠵᠤ ᠂ ᠣᠶᠤᠨᠴᠢ ᠪᠠᠷ ᠰᠡᠳᠬᠢᠵᠦ ᠂ ᠮᠡᠳᠡᠬᠦᠶ ᠬᠢᠬᠦᠶ ᠶᠢ ᠵᠡᠷᠭᠡ ᠪᠡᠷ ᠴᠢᠬᠤᠯᠠᠴᠢᠯᠠᠬᠤ ᠬᠡᠷᠡᠭᠲᠡᠶ︔ ︽ᠪᠡᠷᠬᠡ ᠠᠰᠠᠭᠤᠳᠠᠯ︾ ᠢ  ᠰᠠᠶᠢᠲᠤᠷ ᠰᠢᠢᠳᠪᠦᠷᠢᠯᠡᠵᠦ᠂ ᠰᠢᠨᠲᠠᠷᠠᠰᠢ ᠦᠭᠡᠢ ᠲᠡᠮᠡᠴᠡᠵᠦ᠂ ᠬᠦᠴᠢᠷ ᠢ ᠲᠤᠭᠤᠯᠤᠨ ᠪᠡᠷᠬᠡ ᠶᠢ  ᠳᠠᠪᠠᠨ᠎ᠠ︔ ︽ᠣᠯᠠᠨ ᠬᠥᠳᠡᠯᠭᠡᠭᠦᠷᠲᠦ ᠴᠤᠪᠤᠭ᠎ᠠ ᠲᠡᠷᠭᠡ ︾ ᠶᠢ ᠪᠣᠶ ᠪᠣᠯᠭᠠᠵᠤ ᠂ ᠳᠡᠭᠡᠳᠦ ᠳᠣᠸᠷᠠᠳᠤ ᠱᠠᠲᠤ ᠪᠠᠷ ᠢᠶᠠᠨ ᠰᠡᠳᠬᠢᠯ ᠢᠶᠡᠨ ᠨᠢᠭᠡᠳᠬᠡᠨ ᠂ ᠬᠦᠴᠦᠷᠬᠡᠭ ᠶᠡᠬᠡ ᠬᠦᠴᠦᠨ ᠴᠢᠳᠠᠯ ᠢ ᠨᠢᠭᠲᠠᠷᠠᠭᠤᠯᠤᠨ᠎ᠠ ᠃ ᠪᠠᠶᠢᠴᠠᠭᠠᠬᠤ ᠠᠵᠢᠯ ᠤᠨ ᠰᠡᠳᠬᠢᠴᠡ ᠶᠢ ᠰᠠᠶᠢᠲᠤᠷ ᠨᠠᠶᠢᠳᠠᠪᠤᠷᠢᠵᠢᠭᠤᠯᠬᠤ ᠳᠤ᠂ ᠤᠯᠤᠰ ᠲᠦᠷᠦ ᠶᠢᠨ ᠤᠬᠠᠮᠰᠠᠷ᠂ ᠬᠠᠤᠯᠢ ᠪᠠᠷ ᠵᠠᠰᠠᠬᠤ ᠵᠣᠷᠢᠭ ᠰᠠᠨᠠᠭ᠎ᠠ᠂ ᠤᠳᠤ ᠦᠶ᠎ᠡ ᠶᠢᠨ ᠬᠥᠭᠡᠭᠡᠴᠡᠯᠳᠦᠯ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠠᠩᠬᠠᠷᠤᠨ ᠴᠢᠩᠭᠠᠳᠬᠠᠬᠤ ᠬᠡᠷᠡᠭᠲᠡᠢ᠃

ᠪᠠᠶᠢᠴᠠᠭᠠᠬᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢ ᠰᠢᠯᠢᠳᠡᠭᠵᠢᠭᠦᠯᠬᠦ ᠪᠣᠯ ︽ᠬᠡᠷᠡᠭ ᠨᠢᠭᠡᠪᠦᠷᠢ ᠶᠢ ᠴᠢᠨᠠᠷ ᠰᠠᠶᠢᠲᠠᠶ ᠦᠷ᠎ᠡ ᠪᠦᠲᠦᠮᠵᠢᠲᠡᠶ ᠪᠡᠷ ᠰᠠᠶᠢᠲᠤᠷ ᠰᠢᠶᠳᠪᠦᠷᠢᠯᠡᠬᠦ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ ︾ ᠂ ᠯᠢ ᠶᠦᠩ ᠵᠢᠶᠦ᠋ᠨ ᠬᠡᠷᠡᠭ ᠢ ᠭᠣᠸᠯᠯᠠᠨ ᠡᠷᠭᠢᠯᠡᠬᠦ ᠪᠠᠶᠢᠴᠠᠭᠠᠬᠤ ᠲᠤᠰᠢᠶᠠᠯᠲᠠᠨ ᠪᠠ ᠤᠳᠤᠷᠢᠳᠬᠤ ᠺᠠᠳ᠋ᠷᠴᠤᠳ ᠢ ᠡᠷᠬᠡ ᠪᠡᠨ ᠬᠡᠷᠡᠭᠯᠡᠬᠦ ᠳᠦ ᠡᠷᠬᠡᠪᠰᠢ ᠰᠡᠳᠬᠢᠯ ᠲᠠᠯᠪᠢᠵᠤ ᠂ ᠡᠷᠬᠡ ᠶᠢ ᠳᠣᠷᠣᠭᠰᠢ ᠪᠠᠭᠤᠯᠭᠠᠬᠤ ᠳᠤ ᠳᠤᠷ᠎ᠠ ᠪᠠᠷ ᠨᠢ ᠲᠠᠯᠪᠢᠵᠤ ᠪᠣᠯᠬᠤ ᠥᠬᠡᠶ ᠂ ᠬᠠᠸᠯᠢ ᠪᠠᠷᠢᠬᠤ ᠬᠠᠷᠢᠭᠤᠴᠠᠯᠭ᠎ᠠ ᠳᠤ ᠬᠡᠷᠡᠭ ᠰᠢᠶᠳᠪᠦᠷᠢᠯᠡᠬᠦ ᠬᠠᠷᠢᠭᠤᠴᠠᠯᠭ᠎ᠠ ᠪᠠᠭᠲᠠᠬᠤ ᠪᠠᠷ ᠪᠠᠷᠠᠬᠤ ᠥᠬᠡᠶ ᠬᠠᠮᠢᠶᠠᠷᠤᠯᠲᠠ ᠶᠢᠨ ᠬᠠᠷᠢᠭᠤᠴᠠᠯᠭ᠎ᠠ ᠴᠤ ᠪᠠᠭᠲᠠᠨ᠎ᠠ ᠭᠡᠵᠦ ᠵᠣᠷᠢᠭᠵᠢᠭᠤᠯᠪᠠ ᠃ ᠯᠢ ᠶᠦᠩ ᠵᠢᠶᠦ᠋ᠨ ᠪᠠᠰᠠ ᠴᠢᠬᠤᠯᠠᠴᠢᠯᠠᠭᠰᠠᠨ ᠨᠢ᠂ ᠲᠣᠭᠠᠴᠢᠯᠠᠭᠰᠠᠨ ᠪᠠᠶᠢᠴᠠᠭᠠᠬᠤ ᠢᠨᠵᠧᠨᠧᠷᠢᠩ ᠢ ᠦᠷᠭᠦᠯᠵᠢᠯᠡᠨ ᠭᠦᠨᠵᠡᠭᠡᠢ ᠠᠬᠢᠭᠤᠯᠬᠤ ᠬᠡᠷᠡᠭᠲᠡᠢ︔ ︽ ᠭᠠᠵᠠᠷ ᠳᠣᠸᠷᠠᠬᠢ ᠲᠡᠮᠦᠷ ᠵᠠᠮ ᠤᠨ ᠬᠠᠮᠵᠢᠯᠴᠠᠭ᠎ᠠ ︾ ᠶᠢ ᠪᠣᠳᠠᠲᠠᠶ ᠪᠠᠷ ᠥᠷᠨᠢᠭᠦᠯᠦᠨ᠎ᠡ ︔ ᠳᠡᠭᠡᠳᠦ ᠱᠠᠲᠤᠨ ᠤ ᠬᠣᠷᠢᠶᠠᠨ ᠤ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠶ︔ ᠳᠣᠲᠣᠭᠠᠳᠤ  ᠶᠢᠨ ᠡᠷᠭᠢᠯᠲᠡ ᠶᠢ ᠠᠮᠢᠳᠤᠯᠢᠭ ᠢᠶᠠᠷ  ᠪᠣᠳᠠᠲᠠᠶ ᠬᠢᠬᠦ ᠬᠡᠷᠡᠭᠲᠡᠶ  ᠭᠡᠵᠡᠢ᠃

ᠬᠥᠬᠡᠬᠣᠲᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠬᠤᠪᠢᠶᠠᠷᠢ ᠬᠣᠷᠢᠶᠠᠨ ᠤ ᠪᠠᠶᠢᠴᠠᠭᠠᠬᠤ ᠳᠠᠷᠤᠭ᠎ᠠ ᠰᠥᠩ ᠸᠧᠶ ᠶᠠᠨ ᠯᠢ ᠶᠦᠩ ᠵᠢᠶᠦ᠋ᠨ ᠠᠩᠬ᠎ᠠ ᠤᠳᠠᠭ᠎ᠠ ᠲᠤᠰ ᠬᠣᠷᠢᠶᠠᠨ ᠳᠤ ᠠᠵᠢᠯ ᠪᠠᠶᠢᠴᠠᠭᠠᠬᠤ ᠪᠠᠷ ᠢᠷᠡᠭᠰᠡᠨ ᠢᠶᠡᠨ ᠡᠷᠭᠢᠴᠡᠭᠦᠯᠬᠦ ᠳᠡᠭᠡᠨ ᠂ ᠲᠤᠰ ᠬᠣᠷᠢᠶ᠎ᠠ ᠨᠡᠶᠢᠲᠡ  ᠶᠢᠨ ᠠᠰᠢᠭᠲᠤ ᠵᠠᠷᠭᠤ  ᠶᠢᠨ ᠬᠡᠷᠡᠭ  ᠢ ᠰᠢᠶᠳᠪᠦᠷᠢᠯᠡᠬᠦ ᠳᠦ ᠣᠷᠣᠬᠤ ᠡᠭᠦᠳᠡ ᠪᠠ ᠭᠠᠷᠬᠤ ᠡᠭᠦᠳᠡ ᠳᠤᠲᠠᠭᠳᠠᠵᠤ ᠪᠠᠶᠢᠨ᠎ᠠ ᠂ ᠣᠳᠣ ᠨᠢᠭᠡ ᠡᠭᠡᠯᠵᠢ  ᠶᠢᠨ ᠲᠡᠮᠦᠷ ᠵᠠᠮ ᠤᠨ ᠪᠠᠶᠢᠴᠠᠭᠠᠯᠲᠠ  ᠶᠢᠨ ᠥᠭᠡᠷᠡᠴᠢᠯᠡᠯᠲᠡ ᠪᠡᠷ ᠳᠠᠮᠵᠢᠭᠠᠳ ᠂ ᠰᠢᠨ᠎ᠡ ᠵᠢᠯ ᠦᠨ ᠡᠬᠢᠨ ᠳᠦ 《 ᠭᠤᠷᠪᠠᠨ ᠬᠥᠯ  ᠢᠶᠡᠷ ᠬᠦᠯᠢᠰᠯᠡᠨ ᠵᠣᠭᠰᠣᠬᠤ 》 ᠰᠢᠨ᠎ᠡ ᠬᠠᠮᠢᠶᠠᠷᠤᠯᠲᠠ  ᠶᠢᠨ ᠶᠣᠰᠣᠭᠠᠷ ᠠᠵᠢᠯᠯᠠᠵᠤ ᠂ ᠨᠡᠶᠢᠲᠡ  ᠶᠢᠨ ᠠᠰᠢᠭᠲᠤ ᠵᠠᠷᠭᠤ  ᠶᠢᠨ ᠬᠡᠷᠡᠭ ᠦᠨ ᠣᠷᠣᠬᠤ ᠡᠭᠦᠳᠡ ᠪᠠ ᠭᠠᠷᠬᠤ ᠡᠭᠦᠳᠡ  ᠶᠢᠨ ᠠᠰᠠᠭᠤᠳᠠᠯ  ᠢ ᠴᠥᠮ ᠰᠢᠶᠳᠪᠦᠷᠢᠯᠡᠭᠰᠡᠨ ᠪᠥᠭᠡᠳ ᠬᠥᠷᠥᠩᠭᠡ  ᠶᠢᠨ ᠭᠠᠷᠠᠬ᠎ᠠ  ᠶᠢᠨ ᠲᠥᠷᠥᠯ ᠦᠨ ᠬᠡᠷᠡᠭ  ᠢ ᠪᠦᠬᠦ ᠲᠠᠯ᠎ᠠ ᠪᠠᠷ ᠬᠦᠯᠢᠶᠡᠨ ᠠᠪᠴᠤ ᠰᠢᠶᠳᠪᠦᠷᠢᠯᠡᠵᠦ ᠪᠣᠯᠤᠨ᠎ᠠ ᠂ ᠲᠡᠮᠦᠷ ᠵᠠᠮ ᠤᠨ ᠪᠠᠶᠢᠴᠠᠭᠠᠯᠲᠠ  ᠶᠢᠨ ᠠᠵᠢᠯᠲᠠᠨ ᠳᠤ ᠠᠪᠴᠤ ᠬᠡᠯᠡᠪᠡᠯ ᠵᠣᠷᠢᠭᠵᠢᠭᠤᠯᠤᠯ  ᠢ ᠶᠡᠷᠦ ᠪᠤᠰᠤ  ᠶᠢᠨ ᠬᠡᠮᠵᠢᠶᠡᠨ ᠳᠦ ᠬᠦᠷᠭᠡᠬᠦ ᠪᠣᠯᠤᠨ᠎ᠠ ᠭᠡᠵᠦ ᠣᠨᠣᠴᠢᠲᠠᠶ ᠵᠢᠭᠠᠵᠤ ᠭᠠᠷᠭᠠᠵᠠᠶ ᠃

  

《251 ᠴᠢᠳᠠᠪᠤᠷᠢᠲᠠᠨ ᠢ ᠬᠥᠮᠦᠵᠢᠭᠦᠯᠬᠦ ᠢᠨᠵᠧᠨᠧᠷᠢᠩ》 ᠢ ᠳᠤᠷᠠᠳᠤᠨ ᠭᠠᠷᠭᠠᠭᠰᠠᠨ ᠨᠢ ᠬᠤᠷᠠᠯ ᠳᠤ ᠣᠷᠣᠯᠴᠠᠭᠰᠠᠳ ᠤᠨ ᠨᠢᠳᠦᠨ ᠳᠦ ᠴᠦ ᠰᠢᠨ᠎ᠡ ᠰᠡᠪᠡᠭᠦᠨ ᠰᠠᠨᠠᠭᠳᠠᠵᠤ᠂ ᠪᠠᠶᠢᠴᠠᠭᠠᠬᠤ ᠡᠩᠨᠡᠭᠡᠨ ᠦ ᠪᠠᠶᠢᠭᠤᠯᠤᠯᠲᠠ ᠶᠢ ᠴᠢᠩᠭᠠᠳᠬᠠᠬᠤ ᠶᠠᠪᠤᠳᠠᠯ ᠢ ᠪᠦᠬᠦ ᠣᠷᠣᠨ ᠤ ᠪᠠᠶᠢᠴᠠᠭᠠᠬᠤ  ᠪᠠᠶᠢᠭᠤᠯᠭ᠎ᠠ ᠶᠢᠨ ᠬᠢᠨ ᠢᠮᠠᠭᠲᠠ ᠴᠢᠬᠤᠯᠠᠴᠢᠯᠠᠭᠰᠠᠭᠠᠷ ᠢᠷᠡᠵᠠᠢ᠂ ᠲᠤᠰ ᠤᠳᠠᠭ᠎ᠠ ᠶᠢᠨ ᠬᠤᠷᠠᠯ ᠠᠴᠠ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠰᠢᠯᠢᠳᠡᠭ ᠵᠠᠯᠠᠭᠤ ᠺᠠᠳ᠋ᠷ ᠢ ᠬᠥᠮᠦᠵᠢᠭᠦᠯᠬᠦ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠪᠡᠯᠡᠳᠬᠡᠯ ᠺᠠᠳ᠋ᠷ ᠢ ᠲᠦᠷᠦᠯ ᠬᠤᠪᠢᠶᠠᠨ ᠨᠥᠭᠡᠴᠡᠯᠡᠨ᠎ᠡ ᠭᠡᠵᠦ ᠳᠤᠷᠠᠳᠪᠠ᠃ ᠬᠤᠷᠠᠯ ᠠᠴᠠ ᠪᠠᠰᠠ 2023 ᠣᠨ ᠤ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠠᠵᠢᠯ ᠤᠨ ᠪᠣᠳᠠᠲᠤ ᠠᠮᠵᠢᠯᠲᠠ ᠪᠠᠷ ᠲᠤᠪᠤᠢᠢᠮ᠎ᠠ ᠪᠠᠶᠢᠭ᠎ᠠ ᠬᠠᠮᠲᠤ ᠨᠡᠢᠢᠳᠡ ᠪᠠ ᠬᠤᠪᠢ ᠬᠥᠮᠦᠨ ᠢ ᠵᠠᠷᠯᠠᠨ ᠰᠠᠶᠢᠰᠢᠶᠠᠵᠤ᠂ ᠯᠢ ᠶᠦᠩ ᠵᠢᠶᠦ᠋ᠨ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠬᠢᠨ ᠦᠨᠡᠨ ᠪᠣᠳᠠᠲᠠᠢ ᠪᠠᠶᠢᠴᠠᠭᠠᠬᠤ ᠠᠵᠢᠯ ᠤᠨ ᠠᠮᠵᠢᠯᠲᠠ ᠪᠦᠲᠦᠮᠵᠢ ᠪᠠ ᠬᠦᠴᠢᠷ ᠢ ᠲᠤᠭᠤᠯᠤᠨ ᠪᠡᠷᠬᠡ ᠶᠢ ᠳᠠᠪᠠᠭᠰᠠᠨ ᠪᠠᠶᠢᠴᠠᠭᠠᠬᠤ ᠬᠠᠷᠢᠭᠤᠴᠠᠯᠭ᠎ᠠ ᠪᠠᠷ ᠢᠶᠠᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠᠨ ᠲᠠᠶᠢᠯᠪᠤᠷᠢᠯᠠᠵᠤ᠂ ᠦᠨᠳᠦᠰᠦ ᠰᠠᠭᠤᠷᠢ ᠶᠢ ᠨᠢ ᠪᠠᠲᠤᠳᠬᠠᠵᠤ ᠰᠦᠭ ᠰᠦᠨᠡᠰᠦ ᠶᠢ ᠨᠢ ᠱᠤᠭᠤᠵᠤ ᠦᠨᠡᠨᠴᠢ ᠰᠢᠳᠤᠷᠭᠤ ᠶᠢ ᠨᠢ ᠪᠠᠲᠤᠯᠠᠵᠤ᠂ ᠰᠠᠭᠤᠷᠢ ᠶᠢ ᠨᠢ ᠪᠠᠲᠤᠳᠬᠠᠵᠤ ᠶᠠᠰᠤ ᠴᠢᠨᠠᠷ ᠢ ᠨᠢ ᠪᠠᠲᠤᠳᠬᠠᠨ ᠬᠡᠪ ᠴᠢᠨᠠᠷ ᠢ ᠨᠢ ᠳᠡᠭᠡᠭᠰᠢᠯᠡᠭᠦᠯᠵᠦ᠂ ᠴᠢᠳᠠᠪᠤᠷᠢᠲᠠᠨ ᠢ ᠬᠥᠮᠦᠵᠢᠭᠦᠯᠵᠦ ᠴᠢᠬᠢ ᠮᠣᠳᠣ ᠶᠢ ᠪᠣᠶᠢᠵᠢᠭᠤᠯᠤᠨ ᠰᠡᠯᠭᠦᠬᠦ ᠬᠦᠴᠦᠨ ᠢ ᠨᠢ ᠲᠡᠵᠢᠭᠡᠵᠦ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠨ ᠦᠨᠳᠦᠰᠦᠨ ᠱᠠᠳᠤ ᠶᠢ ᠠᠳᠬᠤᠬᠤ ᠬᠡᠷᠡᠭᠲᠡᠢ ᠭᠡᠵᠦ ᠱᠠᠭᠠᠷᠳᠠᠪᠠ᠃

ᠬᠤᠷᠠᠯ ᠤᠨ ᠬᠤᠭᠤᠴᠠᠭ᠎ᠠ ᠨᠢ 1 ᠡᠳᠦᠷ ᠂ ᠠᠶᠢᠵᠠᠮ ᠨᠢ ᠠᠪᠴᠠᠯᠳᠤᠩᠭᠤᠶ ᠃ 25 ᠤ ᠡᠳᠦᠷ ᠦᠨ ᠦᠳᠡ ᠶᠢᠨ ᠬᠣᠶᠢᠨ᠎ᠠ ᠶᠢᠨ ᠬᠤᠷᠠᠯ ᠢ ᠬᠠᠷᠠᠭᠠᠨ ᠳᠠᠪᠲᠠᠮᠵᠢ ᠶᠢᠨ ᠬᠡᠯᠪᠡᠷᠢ ᠪᠡᠷ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠳᠤ ᠭᠣᠸᠯ ᠬᠤᠷᠠᠯ ᠤᠨ ᠲᠠᠯᠠᠪᠠᠶ ᠭᠠᠷᠭᠠᠵᠤ ᠂ ᠬᠣᠲᠠ ᠪᠠ ᠲᠤᠰᠬᠠᠶ ᠣᠷᠣᠨ ᠤ ᠬᠣᠷᠢᠶ᠎ᠠ ᠬᠤᠪᠢᠶᠠᠵᠤ ᠂ ᠦᠨᠳᠦᠰᠦᠨ ᠱᠠᠲᠤᠨ ᠤ ᠬᠣᠷᠢᠶ᠎ᠠ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ  ᠪᠠᠶᠢᠭᠤᠯᠭ᠎ᠠ ᠶᠢᠨ ᠬᠣᠯᠪᠣᠭᠳᠠᠯ ᠪᠦᠬᠦᠢ ᠨᠢᠭᠡᠴᠡ ᠶᠢᠨ ᠤᠳᠤᠷᠢᠳᠤᠯᠭ᠎ᠠ ᠪᠣᠯᠤᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠢ ᠤᠷᠢᠵᠤ ᠬᠤᠷᠠᠯ ᠳᠤ ᠣᠷᠣᠯᠴᠠᠭᠤᠯᠤᠨ ᠵᠢᠯᠤᠭᠤᠳᠤᠭᠤᠯᠵᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ 4 ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ 65 ᠲᠥᠯᠥᠭᠡᠯᠡᠭᠴᠢ ᠤᠷᠢᠯᠭ᠎ᠠ ᠪᠠᠷ ᠡᠯ᠎ᠡ ᠱᠠᠲᠤᠨ ᠤ  ᠬᠤᠷᠢᠶᠠᠨ ᠤ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ᠪᠥᠬᠥ ᠣᠷᠣᠨ ᠤ ᠭᠤᠷᠪᠠᠨ ᠱᠠᠲᠤᠨ ᠤ ᠬᠣᠷᠢᠶ᠎ᠠ ᠶᠢᠨ ᠪᠥᠬᠥ ᠪᠠᠶᠢᠴᠠᠭᠠᠬᠤ ᠠᠵᠢᠯᠲᠠᠨ ᠬᠤᠷᠠᠯ ᠳᠤ ᠣᠷᠣᠯᠴᠠᠵᠠᠶ ᠃ ᠡᠯ᠎ᠡ ᠠᠶᠢᠮᠠᠭ ᠬᠣᠲᠠ ᠶᠢᠨ ᠭᠠᠵᠠᠷ ᠣᠷᠣᠨ ᠤ ᠪᠠᠶᠢᠴᠠᠭᠠᠬᠤ ︵ ᠬᠤᠪᠢᠶᠠᠷᠢ ︶ ᠬᠣᠷᠢᠶ᠎ᠠ ᠶᠢᠨ ᠪᠠᠶᠢᠴᠠᠭᠠᠬᠤ ᠳᠠᠷᠤᠭ᠎ᠠ ᠂ ᠬᠥᠬᠡᠬᠣᠲᠠ ᠶᠢᠨ ᠴᠡᠷᠢᠭ ᠦᠨ ᠶᠠᠪᠤᠳᠠᠯ ᠤᠨ ᠪᠠᠶᠢᠴᠠᠭᠠᠬᠤ ᠬᠣᠷᠢᠶ᠎ᠠ ᠶᠢᠨ ᠪᠠᠶᠢᠴᠠᠭᠠᠬᠤ ᠳᠠᠷᠤᠭ᠎ᠠ ᠭᠣᠸᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ ᠃ 26 ᠤ ᠡᠳᠦᠷ ᠦᠨ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠂ ᠲᠢᠩᠬᠢᠮ ᠦᠨ ᠲᠠᠰ ᠤᠨ ᠺᠠᠳ᠋ᠷ ᠵᠢᠴᠢ ᠡᠯ᠎ᠡ ᠠᠶᠢᠮᠠᠭ ᠬᠣᠲᠠ ᠶᠢᠨ ᠭᠠᠵᠠᠷ ᠣᠷᠣᠨ ᠤ ᠪᠠᠶᠢᠴᠠᠭᠠᠬᠤ ︵ ᠬᠤᠪᠢᠶᠠᠷᠢ ︶ᠬᠣᠷᠢᠶ᠎ᠠ ᠶᠢᠨ ᠪᠠᠶᠢᠴᠠᠭᠠᠬᠤ ᠳᠠᠷᠤᠭ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠳᠣᠲᠣᠭᠠᠳᠤ ᠶᠢᠨ ᠪᠠᠶᠢᠭᠤᠯᠤᠮᠵᠢ ᠶᠢᠨ ᠭᠣᠸᠯ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ ᠃

 

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro