ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

 ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷᠴᠤᠳ ᠢ ᠲᠣᠬᠣᠨᠢᠭᠤᠯᠬᠤ ᠠᠵᠢᠯᠯᠠᠭ᠎ᠠ ᠥᠷᠨᠢᠭᠦᠯᠵᠡᠢ

2024-03-15 10:06:36
ᠵᠣᠬᠢᠶᠠᠭᠴᠢ
ᠨᠠᠪᠴᠢ

 

 ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠲᠣᠭᠣᠷᠢᠨ ᠦᠵᠡᠵᠦ ᠲᠣᠬᠣᠨᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷᠴᠤᠳ ᠲᠤ ᠪᠠᠶᠠᠷ ᠤᠨ ᠡᠳᠦᠷ ᠦᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃

 

 

2 ᠰᠠᠷ᠎ᠠ ᠶᠢᠨ 5 ᠤ ᠦᠳᠡ ᠶᠢᠨ ᠡᠮᠦᠨ᠎ᠡ ᠂ ᠯᠠᠪᠰᠠᠬᠤ ᠴᠠᠰᠤᠨ ᠢᠶᠠᠷ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠡᠴᠡ ᠮᠤᠵᠢ ᠶᠢᠨ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠵᠠᠩ ᠾᠧ ᠰᠥᠩ ᠂ ᠸᠠᠩ ᠱᠠᠩ ᠯᠦᠸᠧ ᠂ ᠰᠢᠩ ᠪᠦᠦ ᠢᠦᠶ ᠶᠢ ᠲᠣᠰ ᠲᠣᠰ ᠪᠣᠯᠭᠣᠭᠠᠨ ᠲᠣᠬᠣᠨᠢᠭᠤᠯᠤᠭᠰᠠᠨ ᠪᠥᠭᠡᠳ ᠤᠲᠠᠰᠤ ᠪᠠᠷ ᠭᠠᠳᠠᠷ ᠣᠷᠣᠨ ᠳᠤ ᠪᠠᠶᠢᠭ᠎ᠠ ᠮᠤᠵᠢ ᠶᠢᠨ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠮᠠ ᠶᠦᠩ ᠱᠧᠩ ᠢ ᠲᠣᠬᠣᠨᠢᠭᠤᠯᠵᠤ ᠂  ᠲᠡᠳᠡᠨ  ᠳᠦ ᠴᠠᠭᠠᠨ ᠰᠠᠷ᠎ᠠ  ᠳᠤ ᠪᠠᠨ  ᠪᠠᠶᠠᠷ ᠬᠥᠷ ᠲᠡᠶ ᠂ ᠬᠡᠷ ᠬᠣᠲᠠᠯᠠᠭᠠᠷ ᠢᠶᠠᠨ ᠵᠣᠯ ᠵᠢᠷᠭᠠᠯ ᠲᠠᠶ ᠂ ᠠᠮᠤᠷ ᠠᠮᠤᠭᠤᠯᠠᠩ ᠪᠠᠶᠢᠬᠤ ᠶᠢ ᠴᠢᠩ ᠰᠡᠳᠬᠢᠯ ᠡᠴᠡ ᠪᠡᠨ ᠢᠷᠥᠭᠡᠵᠡᠶ ᠃ ᠡᠨᠡ ᠬᠤᠭᠤᠴᠠᠭᠠᠨ ᠳᠤ᠂ ᠯᠢ ᠶᠦᠩ ᠵᠢᠶᠦ᠋ᠨ ᠠᠬᠠᠮᠠᠳ ᠤᠳᠤᠷᠢᠳᠤᠯᠭ᠎ᠠ ᠨᠠᠷ ᠤᠨ ᠪᠡᠶ᠎ᠡ ᠮᠠᠬᠠᠪᠣᠳ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠥᠩᠭᠡᠷᠡᠭᠰᠡᠨ ᠨᠢᠭᠡ ᠵᠢᠯ ᠦᠨ ᠪᠦᠬᠦ ᠣᠷᠣᠨ ᠤ ᠪᠠᠶᠢᠴᠠᠭᠠᠬᠤ ᠠᠵᠢᠯ ᠤᠨ ᠣᠯᠤᠭᠰᠠᠨ ᠪᠠᠶᠠᠷᠯᠠᠭᠤᠰᠢᠲᠠᠢ ᠠᠮᠵᠢᠯᠲᠠ ᠶᠢ ᠲᠣᠪᠴᠢ ᠲᠠᠨᠢᠯᠴᠠᠭᠤᠯᠪᠠ᠂  ᠮᠦᠨ  ᠠᠬᠠᠮᠠᠳ ᠺᠠᠲᠷᠴᠤᠳ ᠤᠨ ᠪᠠᠶᠢᠴᠠᠭᠠᠬᠤ ᠦᠢᠯᠡᠰ  ᠳᠡᠬᠢ ᠰᠢᠷᠭᠠᠭᠤ ᠬᠠᠲᠠᠭᠤᠵᠢᠯᠲᠠᠢ  ᠵᠢᠳᠬᠦᠯ  ᠳᠦ ᠲᠠᠯᠠᠷᠬᠠᠵᠤ᠂ ᠬᠣᠶᠢᠰᠢᠳᠠ ᠥᠩᠭᠡᠷᠡᠭᠰᠡᠨ ᠲᠡᠶ ᠪᠡᠨ ᠠᠳᠠᠯᠢ ᠪᠠᠷ ᠪᠠᠶᠢᠴᠠᠭᠠᠬᠤ ᠠᠵᠢᠯ ᠢ ᠬᠠᠯᠠᠮᠵᠢᠯᠠᠨ ᠳᠡᠮᠵᠢᠵᠦ᠂ ᠥᠪᠥᠷ ᠮᠣᠩᠭᠣᠯ ᠤᠨ ᠪᠠᠶᠢᠴᠠᠭᠠᠬᠤ ᠠᠵᠢᠯ ᠳᠤ ᠦᠷᠭᠦᠯᠵᠢᠯᠡᠨ ᠠᠷᠭ᠎ᠠ ᠤᠬᠠᠭᠠᠨ ᠭᠠᠷᠭᠠᠵᠤ᠂ ᠰᠠᠨᠠᠯ ᠵᠥᠪᠯᠡᠯᠭᠡ ᠳᠤᠷᠠᠳᠬᠤ  ᠶᠢ ᠬᠦᠰᠡᠪᠡ᠃

 


ᠠᠬᠠᠮᠠᠳ ᠤᠳᠤᠷᠢᠳᠤᠯᠭ᠎ᠠ ᠨᠠᠷ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠠᠯᠠᠮᠵᠢᠯᠠᠯ ᠪᠠ ᠯᠢ ᠶᠦᠩ ᠵᠢᠶᠦ᠋ᠨ ᠪᠡᠶ᠎ᠡ ᠪᠡᠷ ᠢᠶᠡᠨ ᠡᠷᠭᠢᠨ ᠦᠵᠡᠭᠰᠡᠨ ᠳᠦ ᠴᠢᠩ ᠰᠡᠳᠬᠢᠯ ᠡᠴᠡ ᠪᠡᠨ ᠲᠠᠯᠠᠷᠬᠠᠵᠤ ᠪᠠᠶᠢᠬᠤ ᠪᠠᠨ ᠢᠯᠡᠳᠬᠡᠵᠦ ᠂ ᠥᠩᠭᠡᠷᠡᠭᠰᠡᠨ ᠨᠢᠭᠡ ᠵᠢᠯ ᠦᠨ ᠪᠠᠶᠢᠴᠠᠭᠠᠬᠤ ᠠᠵᠢᠯ ᠤᠨ ᠣᠯᠤᠭᠰᠠᠨ ᠪᠦᠬᠦ ᠲᠠᠯ᠎ᠠ ᠶᠢᠨ ᠳᠠᠪᠰᠢᠯᠲᠠ ᠶᠢ ᠭᠦᠢᠴᠡᠳ ᠨᠤᠲᠠᠯᠠᠵᠤ ᠂ ᠪᠠᠶᠢᠴᠠᠭᠠᠬᠤ ᠬᠣᠷᠢᠶᠠᠨ ᠤ 《ᠬᠣᠶᠠᠷ ᠬᠤᠷᠠᠯ》 ᠤᠨ ᠠᠵᠢᠯ ᠤᠨ  ᠮᠡᠳᠡᠭᠦᠯᠦᠯᠲᠡ 99.24%  ᠪᠡᠷ  ᠵᠦᠪᠰᠢᠶᠡᠷᠡᠭᠳᠡᠭᠰᠡᠨ ᠲᠡᠦᠬᠡ ᠶᠢᠨ ᠰᠢᠨ᠎ᠡ ᠥᠨᠳᠥᠷ ᠲᠡᠮᠳᠡᠭᠯᠡᠯ ᠢ ᠡᠭᠦᠳᠦᠭᠰᠡᠨ ᠢ ᠮᠠᠭᠲᠠᠨ ᠰᠠᠶᠢᠰᠢᠶᠠᠵᠤ᠂ ᠰᠢ ᠶᠢᠨ ᠫᠢᠩ ᠨᠥᠬᠥᠷ ᠢᠶᠡᠷ ᠭᠣᠣᠯ ᠪᠣᠯᠭᠠᠭᠰᠠᠨ ᠨᠠᠮ ᠤᠨ ᠲᠥᠪ ᠬᠣᠷᠢᠶᠠᠨ ᠤ ᠲᠣᠭᠣᠷᠢᠨ ᠳᠤ ᠨᠢᠭᠲᠠᠷᠠᠨ ᠪᠦᠯᠬᠦᠮᠳᠡᠵᠦ᠂ ᠨᠠᠮ ᠤᠨ ᠪᠠᠶᠢᠴᠠᠭᠠᠬᠤ ᠦᠢᠯᠡᠰ  ᠳ᠋ᠡᠬᠢ  ᠦᠯᠡᠳᠡᠮᠡᠯ ᠬᠦᠴᠦᠨ ᠢᠶᠡᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠪᠠᠶᠢᠴᠠᠭᠠᠬᠤ ᠠᠵᠢᠯ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠢᠳᠡᠪᠬᠢ ᠬᠦᠴᠦᠨ ᠨᠡᠮᠡᠷᠢᠯᠡᠵᠦ᠂ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠪᠡ᠃

ᠰᠤᠷᠪᠤᠯᠵᠢᠯᠠᠨ ᠲᠣᠬᠣᠨᠢᠭᠤᠯᠬᠤ ᠠᠵᠢᠯᠯᠠᠭ᠎ᠠ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠪᠠᠷ ᠶᠠᠪᠤᠭᠳᠠᠭᠤᠯᠵᠤ᠂ ᠪᠤᠰᠤᠳ ᠬᠣᠷᠢᠶᠠᠨ ᠤ ᠤᠳᠤᠷᠢᠳᠤᠯᠭ᠎ᠠ ᠠᠳᠠᠯᠢ ᠪᠤᠰᠤ ᠬᠡᠯᠪᠡᠷᠢ ᠪᠡᠷ  ᠪᠠᠶᠢᠭᠤᠯᠭ᠎ᠠ  ᠵᠢᠨ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠨ ᠺᠠᠳ᠋ᠷ ᠪᠣᠯᠤᠨ ᠡᠪᠡᠳᠴᠢᠨ ᠲᠡᠶ᠂ ᠠᠮᠢᠳᠤᠷᠠᠯ ᠨᠢ ᠬᠦᠴᠢᠷᠳᠡᠯᠲᠡᠢ ᠠᠬᠠᠮᠠᠳ ᠨᠠᠮ ᠤᠨ ᠭᠡᠰᠢᠭᠦᠨ ᠦ ᠲᠥᠯᠥᠭᠡᠯᠡᠭᠴᠢ ᠶᠢ ᠲᠣᠬᠣᠨᠢᠭᠤᠯᠵᠤ᠂ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ ᠨᠢᠭᠡᠪᠦᠷᠢ ᠶᠢᠨ ᠳᠡᠷᠭᠡᠳᠡ ᠬᠦᠷᠭᠡᠪᠡ᠃

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro