ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠣᠷᠢᠶ᠎ᠠ 《ᠬᠣᠷᠢᠳᠤᠭᠠᠷ ᠵᠦᠢᠯ 》 ᠢ  ᠦᠵᠡᠵᠦ ᠂ ᠲᠥᠪ ᠭᠣᠣᠯᠴᠢ ᠰᠢᠳᠤᠷᠭᠤ ᠶᠣᠰᠣ  ᠲᠠᠶ ᠬᠣᠣᠰ ᠴᠢᠭᠯᠡᠯ  ᠢᠶᠡᠷ ᠤᠷᠤᠭᠰᠢᠯᠠᠬᠤ  ᠶᠢ ᠪᠡᠶᠡᠯᠡᠭᠦᠯᠦᠨ᠎ᠡ

2024-03-15 10:37:17
ᠵᠣᠬᠢᠶᠠᠭᠴᠢ
ᠨᠠᠪᠴᠢ

 

《 ᠬᠠᠤᠯᠢ  ᠨᠢ ᠬᠠᠤᠯᠢ ᠪᠤᠰᠤ ᠶᠠᠪᠤᠳᠠᠯ ᠳᠤ ᠨᠠᠶᠢᠷ ᠲᠠᠯᠪᠢᠵᠤ ᠪᠣᠯᠬᠤ ᠦᠭᠡᠶ 》  2 ᠳ᠋ᠤᠭᠠᠷ ᠰᠠᠷ᠎ᠠ ᠶᠢᠨ 20 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠭᠣᠸᠯ ᠰᠡᠳᠦᠪᠲᠦ ᠨᠠᠮ ᠤᠨ ᠡᠳᠦᠷ ᠦᠨ ᠠᠵᠢᠯᠯᠠᠭ᠎ᠠ ᠶᠢ ᠥᠷᠨᠢᠭᠦᠯᠵᠦ ᠂ ᠬᠣᠷᠢᠶᠠᠨ ᠤ ᠪᠠᠶᠢᠭᠤᠯᠭ᠎ᠠ ᠶᠢᠨ ᠪᠥᠬᠥ ᠪᠠᠶᠢᠴᠠᠭᠠᠬᠤ ᠠᠵᠢᠯᠲᠠᠳ ᠢ ᠵᠣᠬᠢᠶᠠᠨ ᠪᠠᠶᠢᠭᠤᠯᠤᠨ ᠺᠢᠨᠣ᠋ ︽ ᠬᠣᠷᠢᠳᠤᠭᠠᠷ ᠵᠦᠶᠯ ︾ ᠢ ᠦᠵᠡᠭᠦᠯᠪᠡ ᠃

 


【ᠬᠣᠷᠢᠳᠤᠭᠠᠷ ᠵᠦᠢᠯ】 ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠺᠢᠨᠣ᠋ ᠲᠧᠯᠸᠢᠰ ᠦᠨ ᠲᠥᠪ ᠵᠡᠷᠭᠡ ᠡᠴᠡ ᠦᠢᠯᠡᠳᠴᠦ᠂ ᠵᠠᠩ ᠢ ᠮᠸᠤ ᠤᠳᠤᠷᠢᠳᠴᠤ ᠂ ᠠᠯᠢ ᠣᠯᠠᠨ ᠺᠢᠨᠣ᠋  ᠶᠢᠨ ᠣᠳᠣᠳ  ᠦᠨᠡᠨ ᠰᠡᠳᠬᠢᠯ  ᠢᠶᠡᠷ  ᠢᠶᠡᠨ ᠲᠣᠭᠯᠠᠵᠤ ᠂ ᠤᠯᠤᠰ ᠤᠨ ᠳᠣᠲᠣᠭᠠᠳᠤ ᠶᠢᠨ ᠠᠩᠬᠠᠳᠠᠭᠴᠢ ︽ ᠵᠦᠶ ᠶᠣᠰᠣᠨ ᠤ ᠬᠠᠮᠠᠭᠠᠯᠠᠯᠲᠠ ︾ ᠶᠢᠨ ᠵᠥᠪᠯᠡᠬᠦ ᠰᠡᠳᠦᠪ ᠲᠦ ᠠᠩᠬᠠᠷᠤᠯ ᠢᠶᠠᠨ ᠲᠥᠪᠯᠡᠷᠡᠭᠦᠯᠦᠭᠰᠡᠨ ᠬᠠᠸᠯᠢ ᠪᠠᠷ ᠵᠠᠰᠠᠬᠤ ᠰᠡᠳᠦᠪᠲᠦ ᠺᠢᠨᠣ᠋ ᠪᠣᠯᠤᠨ᠎ᠠ ᠂ ᠡᠭᠦᠨ ᠳᠦ ᠦᠨᠳᠦᠰᠦᠨ ᠱᠠᠲᠤᠨ ᠤ ᠵᠠᠯᠠᠭᠤ ᠪᠠᠶᠢᠴᠠᠭᠠᠭᠴᠢ ᠲᠤᠰᠢᠶᠠᠯᠲᠠᠨ ᠬᠠᠨ ᠮᠢᠩ ᠂ ᠯᠢᠦᠶ ᠯᠢᠩ ᠯᠢᠩ ᠳᠠᠪᠬᠤᠷ ᠳᠠᠪᠬᠤᠷ ᠬᠠᠷᠰᠢ ᠰᠠᠭᠠᠳ ᠢ ᠲᠤᠯᠵᠤ ᠂ ᠬᠡᠷᠡᠭ ᠦᠨ ᠦᠨᠡᠨ ᠪᠠᠶᠢᠳᠠᠯ ᠢ ᠣᠭ ᠦᠨᠳᠦᠰᠦ ᠶᠢ ᠨᠢ ᠡᠷᠢᠵᠦ ᠂ ᠲᠥᠪ ᠭᠣᠸᠯᠴᠢ ᠰᠢᠳᠤᠷᠭᠤ ᠶᠣᠰᠣᠨ ᠤ ᠬᠣᠷᠢᠭ᠎ᠠ ᠱᠤᠭᠤᠮ ᠢ ᠰᠠᠬᠢᠨ ᠬᠠᠮᠠᠭᠠᠯᠠᠭᠰᠠᠨ ᠥᠯᠢᠭᠡᠷ ᠢ ᠶᠠᠷᠢᠵᠤ ᠂ ᠤᠯᠤᠰ ᠤᠨ ᠵᠦᠶ ᠶᠣᠰᠣᠨ ᠤ ᠬᠠᠮᠠᠭᠠᠯᠠᠯᠲᠠ ᠶᠢ ᠳᠡᠮᠵᠢᠬᠦ ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ ᠶᠢ ᠵᠣᠷᠢᠭᠵᠢᠭᠤᠯᠬᠤ ᠳᠣᠬᠢᠶ᠎ᠠ ᠶᠢ ᠤᠷᠠᠯᠢᠭ ᠤᠨ ᠴᠢᠨᠠᠷᠲᠠᠶ ᠬᠠᠷᠠᠭᠠᠰᠤ  ᠠᠴᠠ ᠦᠵᠡᠭᠴᠢᠳ ᠲᠦ ᠥᠭᠭᠦᠭᠰᠡᠨ ᠪᠠᠶᠢᠨ᠎ᠠ ᠃

 


《 ᠪᠢᠳᠡᠨ ᠦ ᠰᠢᠢᠳᠪᠦᠷᠢᠯᠡᠵᠦ ᠪᠠᠶᠢᠭ᠎ᠠ  ᠨᠢ ᠬᠡᠷᠡᠭ  ᠲᠠᠳᠦᠢ ᠪᠢᠰᠢ ᠂ ᠬᠠᠷᠢᠨ ᠥᠭᠡᠷ᠎ᠡ ᠬᠥᠮᠦᠨ ᠦ ᠠᠮᠢᠳᠤᠷᠠᠯ ᠶᠤᠮ 》

《 ᠬᠠᠤᠯᠢ ᠴᠠᠭᠠᠵᠠ ᠨᠢ ᠮᠠᠭᠤ ᠬᠥᠮᠦᠨ ᠦ ᠶᠠᠯ᠎ᠠ ᠬᠢᠬᠦ  ᠥᠪᠡᠷ ᠦᠨ ᠥᠷᠲᠡᠭ  ᠢ ᠨᠡᠩ ᠥᠨᠳᠥᠷ ᠪᠣᠯᠭᠠᠬᠤ  ᠠᠴᠠ ᠪᠢᠰᠢ ᠂ ᠬᠠᠷᠢᠨ ᠰᠠᠶᠢᠨ ᠬᠥᠮᠦᠨ ᠦ ᠭᠠᠷ ᠬᠥᠳᠡᠯᠬᠦ  ᠶᠢᠨ ᠦᠨ᠎ᠡ ᠥᠷᠲᠡᠭ  ᠢ ᠨᠡᠩ ᠶᠡᠬᠡ ᠪᠣᠯᠭᠠᠬᠤ ᠪᠢᠰᠢ ᠶᠤᠮ 》 ᠃

《 ᠬᠠᠤᠯᠢ ᠴᠠᠭᠠᠵᠠ  ᠶᠢᠨ ᠡᠷᠬᠡ ᠰᠦᠷ ᠨᠢ ᠬᠠᠮᠢᠭ᠎ᠠ  ᠠᠴᠠ ᠢᠷᠡᠭᠰᠡᠨ ᠪᠤᠶ ︖ ᠠᠷᠠᠳ ᠣᠯᠠᠨ ᠤ ᠬᠠᠮᠤᠭ ᠤᠨ ᠪᠣᠷᠣᠭᠵᠢᠭᠤᠨ ᠬᠠᠶᠢᠷ᠎ᠠ ᠰᠡᠳᠬᠢᠯᠭᠡ  ᠶᠢᠨ ᠬᠦᠰᠡᠯ ᠡᠴᠡ ᠢᠷᠡᠭᠰᠡᠨ ᠶᠤᠮ 》 ᠃

 

᠁ ᠁

 

ᠺᠢᠨᠣ᠋ ᠳᠠᠬᠢ ᠰᠤᠩᠭᠤᠳᠠᠭ ᠦᠭᠡᠰ ᠪᠣᠯ ᠪᠠᠰᠠ ᠴᠤ ᠪᠠᠶᠢᠴᠠᠭᠠᠬᠤ ᠠᠵᠢᠯᠲᠠᠨ ᠤ ᠪᠠᠲᠤ ᠰᠠᠬᠢᠵᠤ ᠪᠠᠶᠢᠭ᠎ᠠ ᠲᠤᠬᠠᠶᠢᠯᠠᠭᠰᠠᠨ ᠠᠵᠢᠯ ᠤᠨ ᠵᠢᠷᠤᠮᠯᠠᠯ ᠮᠥᠨ ᠃ ᠺᠢᠨᠣ᠋ ᠶᠢ ᠦᠵᠡᠭᠰᠡᠨ ᠦ ᠲᠠᠷᠠᠭ᠎ᠠ᠂ ᠤᠯᠠᠨ ᠤ ᠰᠡᠳᠬᠢᠯ ᠤᠳᠠᠲᠠᠯ᠎ᠠ ᠦᠯᠦ ᠲᠠᠶᠢᠪᠤᠰᠢᠷᠠᠵᠤ᠂ ᠥᠪᠡᠷ ᠦᠨ ᠪᠠᠶᠢᠭ᠎ᠠ ᠬᠦᠷᠢᠶ᠎ᠡ ᠬᠡᠪᠴᠢᠶᠡᠨ ᠳᠡᠭᠡᠨ ᠬᠠᠨᠳᠤᠭᠤᠯᠤᠭᠰᠠᠨ ᠪᠣᠳᠣᠯᠬᠢᠯᠠᠯ ᠪᠠ ᠲᠦᠷᠦᠭᠳᠡᠯ ᠮᠠᠰᠢ ᠤᠯᠠᠨ ᠪᠠᠶᠢᠯ᠎ᠠ᠃

 

ᠸᠠᠩ ᠰᠢᠤᠸᠠᠢ ᠪᠢᠩ ︱ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠵᠢᠨ ᠨᠢᠭᠡᠳᠦᠭᠡᠷ ᠪᠠᠶᠢᠴᠠᠭᠠᠬᠤ ᠬᠡᠯᠲᠡᠰ

 

 

ᠨᠢᠭᠡᠳᠦᠭᠡᠷ ᠪᠠᠶᠢᠴᠠᠭᠠᠬᠤ ᠬᠡᠯᠲᠡᠰ ᠦᠨ ᠪᠠᠶᠢᠴᠠᠭᠠᠭᠴᠢ  ᠶᠢᠨ ᠲᠤᠰᠠᠯᠠᠭᠴᠢ ᠸᠠᠩ ᠰᠢᠤᠸᠠᠢ ᠪᠢᠩ ᠺᠢᠨᠣ᠋  ᠶᠢᠨ ᠭᠣᠣᠯ ᠰᠡᠳᠦᠪ ᠦᠨ ᠵᠦᠶ ᠶᠣᠰᠣᠨ ᠤ ᠬᠠᠮᠠᠭᠠᠯᠠᠯᠲᠠ ᠳᠤ ᠬᠣᠯᠪᠣᠭᠳᠠᠭᠰᠠᠨ ᠤ ᠬᠠᠷᠠᠭ᠎ᠠ ᠪᠠᠷ ᠄ 《 ᠡᠨᠡᠬᠦ ᠺᠢᠨᠣ᠋ ᠨᠢ ᠪᠠᠶᠢᠴᠠᠭᠠᠭᠴᠢ  ᠶᠢᠨ ᠬᠡᠷᠡᠭ ᠰᠢᠶᠳᠪᠦᠷᠢᠯᠡᠭᠰᠡᠨ ᠶᠠᠪᠤᠴᠠ  ᠶᠢ ᠣᠯᠠᠨ ᠳᠤ ᠦᠨᠡᠨᠴᠢ ᠪᠡᠷ ᠳᠡᠯᠭᠡᠨ ᠦᠵᠡᠭᠦᠯᠦᠭᠰᠡᠨ ᠪᠥᠭᠡᠳ ᠪᠠᠶᠢᠴᠠᠭᠠᠭᠴᠢ  ᠶᠢᠨ ᠥᠰᠴᠦ ᠪᠣᠶᠢᠵᠢᠭᠰᠠᠨ ᠶᠠᠪᠤᠴᠠ  ᠶᠢ ᠴᠤ ᠦᠨᠡᠨ ᠪᠣᠳᠠᠲᠠᠶ ᠪᠠᠷ ᠲᠤᠰᠬᠠᠭᠰᠠᠨ ᠪᠠᠶᠢᠨ᠎ᠠ ᠃ ᠪᠠᠶᠢᠴᠠᠭᠠᠬᠤ ᠲᠤᠰᠢᠶᠠᠯᠲᠠᠨ ᠬᠡᠷᠡᠭ ᠰᠢᠳᠬᠡᠬᠦ ᠮᠧᠬᠠᠨᠢᠭ ᠮᠠᠰᠢᠨ ᠪᠢᠰᠢ ᠂ ᠪᠠᠰᠠ ᠨᠢᠭᠡ ᠨᠢᠭᠡ ᠬᠡᠷᠡᠭ ᠶᠠᠪᠤᠳᠠᠯ ᠤᠨ ᠳᠤᠮᠳᠠ ᠲᠠᠲᠠᠭᠠᠯᠵᠠᠯ ᠪᠠ ᠲᠡᠯᠴᠢᠯᠡᠯᠲᠡ  ᠶᠢ ᠥᠩᠭᠡᠷᠡᠭᠡᠳᠡᠭ ᠂ ᠵᠢᠱᠢᠶᠡᠯᠡᠪᠡᠯ ᠵᠦᠢ ᠶᠣᠰᠣᠨ ᠤ ᠬᠠᠮᠠᠭᠠᠯᠠᠯᠲᠠ ᠵᠡᠷᠭᠡ ᠬᠠᠤᠯᠢ ᠴᠠᠭᠠᠵᠠ ᠶᠢᠨ ᠵᠦᠢᠯ ᠵᠤᠷᠪᠤᠰ ᠢ ᠬᠡᠷᠬᠢᠨ ᠣᠶᠢᠯᠠᠭᠠᠪᠠᠯ ᠵᠣᠬᠢᠬᠤ ᠪᠤᠢ ︖ ᠬᠠᠤᠯᠢ  ᠪᠠᠷᠢᠯᠲᠠ   ᠶᠢᠨ ᠵᠤᠷᠰᠢᠯ  ᠢᠶᠡᠷ ᠪᠣᠯ  ᠬᠡᠷᠬᠢᠨ ᠲᠠᠰᠤᠯᠬᠤ ᠪᠤᠢ ᠂ ᠵᠢᠴᠢ ᠶᠠᠷᠢᠶ᠎ᠠ ᠬᠡᠯᠡᠯᠴᠡᠭᠡᠨ ᠦ ᠤᠳᠤᠷᠢᠳᠤᠮᠵᠢ ᠪᠠᠷ ᠬᠡᠷᠬᠢᠨ  ᠲᠠᠰᠤᠯᠬᠤ  ᠪᠣᠢ ᠵᠡᠷᠭᠡ ᠪᠣᠢ᠂  ᠭᠡᠪᠡᠴᠦ ᠡᠴᠦᠰ ᠲᠡᠬᠡᠨ   ᠦᠪᠡᠷ ᠢᠶᠡᠨ ᠵᠠᠷᠭᠤᠯᠳᠤᠵᠤ ᠪᠠᠶᠢᠭ᠎ᠠ ᠮᠡᠲᠦ  ᠂ ᠥᠭᠡᠷ᠎ᠡ ᠪᠡᠷ ᠬᠡᠯᠡᠪᠡᠯ  ᠬᠡᠷᠪᠡ ᠴᠢ ᠪᠣᠯ ᠶᠠᠭᠠᠬᠢᠬᠤ ᠪᠤᠶ  ᠭᠡᠬᠦ ᠮᠡᠲᠦ  ᠶᠢᠨ ᠥᠪᠡᠷ ᠦᠨ ᠠᠰᠠᠭᠤᠯᠲᠠ ᠬᠠᠷᠢᠭᠤᠯᠲᠠ  ᠶᠢᠨ ᠳᠤᠮᠳᠠ ᠂ ᠬᠠᠤᠯᠢ ᠵᠦᠶ  ᠶᠢᠨ ᠪᠠᠶᠢᠳᠠᠯ ᠤᠨ ᠲᠠᠰᠤᠷᠠᠯᠲᠠ ᠦᠭᠡᠶ ᠨᠡᠶᠢᠯᠡᠯᠳᠦᠬᠦ ᠶᠠᠪᠤᠴᠠ ᠳᠤ ᠥᠪᠡᠷ ᠦᠨ ᠪᠡᠶ᠎ᠡ ᠳᠡᠭᠡᠨ ᠣᠰᠣᠯᠳᠠᠬᠤ ᠦᠭᠡᠶ ᠂ ᠠᠷᠠᠳ ᠲᠦᠮᠡᠨ ᠳᠦ ᠣᠰᠣᠯᠳᠠᠬᠤ ᠦᠭᠡᠶ ᠬᠠᠷᠢᠭᠤᠯᠲᠠ  ᠶᠢ ᠣᠯᠵᠤ ᠂ ᠪᠠᠰᠠ ᠨᠢᠭᠡ ᠨᠢᠭᠡ ᠬᠡᠷᠡᠭ ᠦᠨ ᠳᠤᠮᠳᠠ ᠲᠥᠪ ᠭᠣᠣᠯᠴᠢ ᠰᠢᠳᠤᠷᠭᠤ ᠶᠣᠰᠣ  ᠶᠢ ᠦᠢᠯᠡᠳᠦᠯᠭᠡᠵᠢᠭᠦᠯᠦᠭᠰᠡᠨ  ᠳᠠᠷᠬᠠᠨ  ᠪᠣᠯᠵᠤ ᠬᠥᠮᠦᠵᠢᠭᠳᠡᠨ᠎ᠡ  》 ᠭᠡᠵᠦ ᠺᠢᠨᠣ᠋  ᠶᠢᠨ ᠭᠣᠣᠯ ᠰᠡᠳᠦᠪ ᠦᠨ ᠵᠦᠶ ᠶᠣᠰᠣᠨ ᠤ ᠬᠠᠮᠠᠭᠠᠯᠠᠯᠲᠠ  ᠶᠢᠨ ᠲᠤᠬᠠᠶ ᠶᠠᠷᠢᠵᠠᠶ  ᠃

 


 ᠳ᠋ᠢᠩ ᠰᠢᠶᠠᠨ ᠭᠦᠢ︱ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠰᠦᠳᠦᠭᠡᠷ ᠪᠠᠶᠢᠴᠠᠭᠠᠬᠤ ᠬᠡᠯᠲᠡᠰ

 

 

ᠺᠢᠨᠣ᠋ ᠳᠤ ᠬᠠᠨ ᠢᠦᠶ ᠴᠧᠨ ᠰᠤᠷᠭᠠᠭᠤᠯᠢ  ᠶᠢᠨ ᠬᠦᠷᠢᠶᠡᠨ ᠦ ᠬᠠᠷᠭᠢᠰᠯᠠᠯ  ᠢ ᠬᠣᠷᠢᠭᠯᠠᠬᠤ  ᠶᠢᠨ ᠲᠥᠯᠥᠭᠡ ᠵᠢᠭᠠᠨ ᠰᠤᠷᠭᠠᠬᠤ ᠡᠷᠬᠢᠯᠡᠭᠴᠢ  ᠶᠢᠨ  ᠬᠦᠦ   ᠶᠢ ᠰᠢᠷᠬᠠᠲᠤᠭᠤᠯᠵᠤ ᠂ ᠠᠮᠤᠷ  ᠢ ᠬᠠᠮᠠᠭᠠᠯᠠᠬᠤ ᠶᠠᠪᠤᠳᠠᠯ ᠤᠨ ᠬᠡᠷᠡᠭ ᠪᠣᠯᠭᠠᠨ ᠳᠠᠩᠰᠠᠯᠠᠬᠤ ᠠᠶᠤᠯ ᠳᠤ ᠲᠤᠯᠭᠠᠷᠠᠵᠠᠶ ᠂ ᠬᠡᠷᠡᠭ ᠪᠣᠯᠭᠠᠨ ᠳᠠᠩᠰᠠᠯᠠᠭᠳᠠᠬᠤ ᠳᠤ ᠬᠦᠷᠪᠡᠯ ᠬᠡᠦᠬᠡᠳ ᠦᠨ ᠨᠢᠭᠡ ᠨᠠᠰᠤ  ᠶᠢ ᠨᠥᠯᠥᠭᠡᠯᠡᠬᠦ ᠪᠣᠯᠤᠨ᠎ᠠ ᠂ ᠶᠢᠰᠦᠳᠦᠭᠡᠷ ᠪᠠᠶᠢᠴᠠᠭᠠᠬᠤ ᠬᠡᠯᠲᠡᠰ ᠦᠨ ᠳᠡᠳ᠋ ᠡᠷᠬᠢᠯᠡᠭᠴᠢ ᠳ᠋ᠢᠩ ᠰᠢᠶᠠᠨ ᠬᠦᠶ ᠄ 《 ᠬᠡᠦᠬᠡᠳ ᠦᠨ ᠵᠥᠪ ᠪᠤᠷᠤᠭᠤ  ᠶᠢᠨ ᠦᠵᠡᠯᠲᠡ ᠪᠣᠯᠤᠨ ᠰᠢᠳᠤᠷᠭᠤ ᠰᠡᠳᠬᠢᠯᠭᠡ  ᠶᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠪᠡᠷ  ᠢᠶᠡᠨ ᠰᠠᠶᠢᠲᠤᠷ ᠬᠠᠮᠠᠭᠠᠯᠠᠬᠤ ᠪᠣᠯ ᠮᠠᠨ ᠤ ᠡᠭᠦᠷᠭᠡ ᠬᠠᠷᠢᠭᠤᠴᠠᠯᠭ᠎ᠠ ᠮᠥᠨ ᠃ ᠨᠠᠰᠤᠨ ᠳᠤ ᠥᠯᠥ ᠭᠦᠷᠦᠭᠰᠡᠳ ᠪᠣᠯ ᠡᠬᠡ ᠤᠯᠤᠰ ᠤᠨ ᠢᠷᠡᠭᠡᠳᠦᠶ ᠂ ᠪᠢᠳᠡ ᠶᠠᠮᠠᠷ ᠶᠠᠩᠵᠤ ᠶᠢᠨ ᠳᠡᠯᠡᠬᠡᠶ ᠶᠢᠷᠲᠢᠨᠴᠦ ᠶᠢ ᠲᠡᠳᠡᠨ ᠳᠦ ᠭᠠᠷᠳᠠᠭᠤᠯᠬᠤ ᠪᠣᠯ ᠪᠢᠳᠡᠨ ᠦ ᠭᠦᠨᠵᠡᠭᠡᠶ ᠪᠣᠳᠣᠯᠬᠢᠯᠠᠬᠤ ᠬᠡᠷᠡᠭᠲᠡᠶ ᠴᠠᠭ ᠦᠶ᠎ᠡ ᠶᠢᠨ ᠰᠡᠳᠦᠪ ᠮᠥᠨ ᠃ ᠴᠠᠶᠢᠯᠭᠠᠨ ᠰᠡᠳᠬᠢᠯ ᠪᠣᠯ ᠭᠡᠷᠡᠯ ᠭᠢᠯᠪᠠᠭ᠎ᠠ ᠂ ᠭᠣᠣᠯᠴᠢ ᠶᠣᠰᠣ ᠪᠣᠯ ᠬᠠᠤᠯᠢ ᠮᠥᠨ ᠂ ᠪᠢᠳᠡ ᠰᠤᠷᠭᠠᠭᠤᠯᠢ ᠂ ᠭᠡᠷ ᠪᠦᠯᠢ ᠪᠣᠯᠤᠨ ᠨᠡᠶᠢᠭᠡᠮ ᠦᠨ ᠡᠯ᠎ᠡ ᠲᠠᠯ᠎ᠠ  ᠶᠢᠨ ᠬᠢᠨ ᠲᠡᠶ ᠭᠠᠷ ᠬᠣᠯᠪᠣᠯᠴᠠᠨ ᠨᠠᠰᠤᠨ ᠳᠤ ᠥᠯᠥ ᠬᠦᠷᠦᠭᠰᠡᠳ  ᠢ ᠰᠠᠶᠢᠲᠤᠷ ᠰᠠᠬᠢᠨ ᠬᠠᠮᠠᠭᠠᠯᠠᠵᠤ ᠂ ᠰᠠᠶᠢᠲᠤᠷ ᠬᠠᠯᠠᠮᠵᠢᠯᠠᠵᠤ ᠂ ᠬᠠᠤᠯᠢ ᠴᠠᠭᠠᠵᠠ  ᠶᠢ ᠢᠳᠡᠭᠡᠨ ᠪᠢᠰᠢᠷᠡᠬᠦ ᠂ ᠬᠠᠤᠯᠢ ᠴᠠᠭᠠᠵᠠ  ᠶᠢ ᠪᠢᠰᠢᠷᠡᠨ ᠵᠢᠷᠦᠬᠡᠰᠢᠶᠡᠬᠦ ᠬᠠᠤᠯᠢ ᠪᠠᠷ ᠵᠠᠰᠠᠬᠤ ᠵᠣᠷᠢᠭ ᠰᠠᠨᠠᠭ᠎ᠠ ᠪᠣᠯᠤᠨ ᠬᠠᠤᠯᠢ ᠪᠠᠷ ᠵᠠᠰᠠᠬᠤ  ᠤᠨᠤᠯᠵᠢᠬᠤᠨ  ᠢ ᠬᠡᠦᠬᠡᠳ ᠦᠨ ᠰᠡᠳᠬᠢᠯ ᠳᠦ ᠭᠦᠨ ᠬᠠᠳᠠᠩᠰᠢᠭᠤᠯᠬᠤ ᠬᠠᠷᠢᠭᠤᠴᠠᠯᠭ᠎ᠠ ᠪᠠ ᠡᠭᠦᠷᠭᠡ ᠲᠡᠶ ᠶᠤᠮ 》 ᠭᠡᠵᠡᠶ ᠃

 

 

ᠰᠢᠤᠢ ᠹᠦ᠋ ᠵᠦᠩ ︱ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠠᠷᠪᠠᠳᠤᠭᠠᠷ ᠪᠠᠶᠢᠴᠠᠭᠠᠬᠤ ᠬᠡᠯᠲᠡᠰ

 

 

ᠺᠢᠨᠣ᠋ ᠶᠢᠨ ᠡᠬᠢᠯᠡᠯᠲᠡ ᠨᠢ ᠳᠠᠷᠤᠶ ᠯᠢᠦ ᠸᠸᠨ ᠵᠢᠩ ᠦᠨ ᠭᠡᠷ ᠪᠦᠯᠢ ᠶᠢᠨ ᠬᠢᠨ ᠠᠵᠢᠯᠴᠢᠨ ᠢ ᠵᠣᠬᠢᠶᠠᠨ ᠪᠠᠶᠢᠭᠤᠯᠵᠤ ᠪᠠᠶᠢᠴᠠᠭᠠᠬᠤ ᠪᠠᠶᠢᠭᠤᠯᠭ᠎ᠠ ᠳᠤ ᠣᠴᠢᠭᠤᠯᠤᠨ ᠬᠡᠪ ᠦᠨ ᠪᠤᠰᠤ ᠬᠠᠮᠲᠤ ᠶᠢᠨ ᠵᠠᠬᠢᠳᠠᠯ ᠰᠤᠷᠪᠤᠯᠵᠢᠯᠠᠭ᠎ᠠ ᠬᠢᠯᠭᠡᠵᠡᠶ ᠃ ᠵᠠᠩ ᠬᠦᠢ ᠱᠧᠩ ᠦᠨ ᠤᠯᠠᠨ ᠵᠢᠯ ᠦᠨ ᠭᠣᠮᠣᠳᠠᠯ ᠲᠣᠭᠠᠴᠢᠬᠤ ᠵᠠᠬᠢᠳᠠᠯ ᠰᠤᠷᠪᠤᠯᠵᠢᠯᠠᠭ᠎ᠠ ᠶᠢᠨ ᠶᠠᠪᠤᠴᠠ ᠳᠤ ᠬᠠᠨ ᠮᠢᠩ ᠪᠠᠰᠠ ᠲᠡᠭᠦᠨ ᠦ ᠪᠣᠳᠠᠲᠠᠶ ᠬᠦᠴᠢᠷᠳᠡᠯ ᠪᠠ ᠠᠰᠠᠭᠤᠳᠠᠯ ᠢ ᠰᠢᠶᠳᠪᠦᠷᠢᠯᠡᠵᠦ ᠥᠭᠴᠡᠶ᠂᠂ ᠠᠷᠪᠠᠳᠤᠭᠠᠷ ᠪᠠᠶᠢᠴᠠᠭᠠᠬᠤ ᠬᠡᠯᠲᠡᠰ ᠦᠨ ᠳᠡᠳ᠋ ᠡᠷᠬᠢᠯᠡᠭᠴᠢ ᠰᠢᠤᠢ ᠹᠦ᠋ ᠵᠦᠡᠭ ᠲᠤᠬᠠᠶᠢᠯᠠᠭᠰᠠᠨ ᠠᠵᠢᠯ ᠲᠠᠶ ᠪᠠᠨ ᠤᠶᠠᠯᠳᠤᠭᠤᠯᠤᠨ᠄ 《ᠵᠦᠢ ᠶᠣᠰᠣᠨ ᠤ ᠬᠠᠮᠠᠭᠠᠯᠠᠯᠲᠠ ᠶᠢᠨ ᠲᠦᠷᠦᠯ ᠦᠨ ᠬᠡᠷᠡᠭ ᠦᠨ ᠲᠤᠬᠠᠶ ᠶᠡᠷᠦ ᠡᠴᠡ ᠮᠠᠷᠭᠤᠯᠳᠤᠭᠠᠨ ᠶᠡᠬᠡᠲᠡᠶ᠂ ᠵᠠᠭᠠᠯᠳᠤᠬᠤ ᠶᠢ ᠵᠣᠭᠰᠣᠭᠠᠵᠤ ᠰᠤᠷᠪᠤᠯᠵᠢᠯᠠᠬᠤ ᠶᠢ ᠵᠣᠭᠰᠣᠭᠠᠬᠤ ᠳᠤ ᠪᠡᠷᠬᠡᠲᠡᠶ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠯᠲᠠ ᠶᠡᠬᠡ᠂ ᠨᠡᠶᠢᠭᠡᠮ ᠦᠨ ᠠᠩᠬᠠᠷᠤᠯ ᠤᠨ ᠬᠡᠮᠵᠢᠶ᠎ᠡ ᠥᠨᠳᠥᠷ ᠪᠠᠶᠢᠳᠠᠭ ᠶᠤᠮ᠃  12309 ᠪᠠᠶᠢᠴᠠᠭᠠᠬᠤ ᠦᠢᠯᠡᠴᠢᠯᠡᠭᠡᠨ ᠦ ᠲᠥᠪ ᠨᠢ ᠦᠨᠡᠨ ᠬᠦ ᠬᠥᠭᠥᠷᠭᠡ ᠲᠠᠯᠪᠢᠵᠤ᠂ ᠲᠤᠬᠠᠶ ᠶᠢᠨ ᠬᠥᠮᠦᠨ ᠦ ᠰᠠᠨᠠᠯ ᠢ ᠴᠠᠭ ᠲᠤᠬᠠᠶ ᠳᠤᠨᠢ ᠪᠠᠶᠢᠴᠠᠭᠠᠬᠤ ᠲᠤᠰᠢᠶᠠᠯᠲᠠᠨ ᠳᠤ ᠢᠯᠡᠳᠬᠡᠵᠦ᠂ ᠪᠠᠶᠢᠴᠠᠭᠠᠬᠤ ᠲᠤᠰᠢᠶᠠᠯᠲᠠᠨ ᠢ ᠨᠡᠩ ᠭᠦᠨᠵᠡᠭᠡᠶ ᠰᠣᠨᠣᠰᠬᠠᠬᠤ ᠪᠣᠯᠭᠠᠬᠤ ᠬᠡᠷᠡᠭᠲᠡᠶ᠂ ᠡᠨᠡ ᠨᠢ ᠪᠠᠶᠢᠴᠠᠭᠠᠬᠤ ᠪᠠᠶᠢᠭᠤᠯᠭ᠎ᠠ ᠶᠢᠨ ᠪᠦᠬᠦᠶᠢᠯᠡ ᠬᠡᠷᠡᠭ ᠦᠨ ᠪᠣᠳᠠᠲᠤ ᠶᠠᠪᠤᠳᠠᠯ ᠳᠤ ᠵᠥᠪ ᠮᠠᠭᠠᠳᠯᠠᠯᠲᠠ ᠬᠢᠵᠦ᠂ ᠬᠠᠤᠯᠢ ᠴᠠᠭᠠᠵᠠ ᠶᠢ ᠵᠥᠪ ᠢᠶᠡᠷ ᠬᠡᠷᠡᠭᠯᠡᠬᠦ ᠳᠦ ᠠᠰᠢᠭᠲᠠᠶ ᠶᠤᠮ᠃ ᠪᠢᠳᠡ ᠦᠢᠯᠡᠴᠢᠯᠡᠭᠡ ᠪᠡᠨ ᠤᠯᠠᠮ ᠨᠢᠭᠡ ᠠᠯᠬᠤᠮ ᠵᠢᠷᠤᠮᠵᠢᠭᠤᠯᠵᠤ᠂ ᠤᠯᠠᠨ ᠲᠦᠮᠡᠨ ᠦ ᠭᠣᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠠᠷᠠᠳ ᠤᠯᠠᠨ ᠳᠤ ᠬᠠᠤᠯᠢ ᠴᠠᠭᠠᠵᠠ ᠶᠢᠨ ᠬᠠᠯᠠᠭᠤᠨ ᠳᠤᠯᠠᠭᠠᠨ ᠢ ᠮᠡᠳᠡᠷᠡᠭᠦᠯᠬᠦ ᠬᠡᠷᠡᠭᠲᠡᠶ︾ ᠭᠡᠵᠦ ᠵᠢᠭᠠᠵᠤ ᠭᠠᠷᠭᠠᠪᠠ᠃

 

 

ᠵᠢᠶᠠᠩ ᠴᠤᠤ︱ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠪᠠᠶᠢᠴᠠᠭᠠᠬᠤ ᠶᠠᠪᠤᠳᠠᠯ ᠢ ᠬᠢᠨᠠᠨ ᠪᠠᠶᠢᠴᠠᠭᠠᠬᠤ ᠭᠠᠵᠠᠷ

 

︽ ᠺᠢᠨᠣ᠋ ᠳᠠᠬᠢ ᠯᠢᠦᠶ ᠯᠢᠩ ᠯᠢᠩ ᠲᠣᠭᠲᠠᠭᠠᠯ  ᠠᠴᠠ ᠵᠥᠷᠢᠴᠡᠨ ᠬᠡᠷᠡᠭ ᠰᠢᠶᠳᠪᠦᠷᠢᠯᠡᠭᠰᠡᠨ ᠡᠴᠡ ᠪᠣᠯᠵᠣ ᠰᠢᠳᠬᠡᠯ ᠣᠯᠤᠭᠰᠠᠨ ᠪᠠᠶᠢᠳᠠᠯ ᠨᠢ ᠵᠥᠪᠬᠡᠨ ᠪᠠᠶᠢᠴᠠᠭᠠᠬᠤ ᠠᠵᠢᠯ ᠤᠨ ᠰᠢᠪᠠᠳᠠᠨ ᠪᠠᠶᠢᠴᠠᠭᠠᠬᠤ ᠠᠵᠢᠯ ᠤᠨ ᠨᠢᠭᠡ ᠲᠠᠯ᠎ᠠ ᠲᠡᠳᠦᠶ ᠶᠤᠮ ︾ ᠪᠠᠶᠢᠴᠠᠭᠠᠬᠤ ᠠᠵᠢᠯ ᠤᠨ ᠰᠢᠪᠠᠳᠠᠨ ᠪᠠᠶᠢᠴᠠᠭᠠᠬᠤ ᠭᠠᠵᠠᠷ ᠤᠨ ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ ᠵᠢᠶᠠᠩ ᠴᠤᠸ ᠢᠯᠡᠷᠬᠡᠶᠢᠯᠡᠬᠦ ᠳᠡᠭᠡᠨ ᠄ 《 ᠲᠡᠷᠡ ᠪᠣᠯ ᠬᠢᠪᠡᠰᠦ ᠵᠣᠬᠢᠬᠤ ︿ᠬᠠᠷᠢᠭᠤᠴᠠᠯᠭ᠎ᠠ﹀ᠮᠥᠨ᠃ ᠪᠢᠳᠡᠨ ᠳᠦ ᠪᠠᠰᠠ ᠮᠠᠰᠢ ᠣᠯᠠᠨ ᠠᠵᠢᠯ ᠪᠣᠯ ᠤᠷᠢᠲᠠ ᠪᠠᠷ ᠭᠠᠷᠤᠭ᠎ᠠ ᠦᠭᠡᠶ 〈 ᠰᠡᠷᠭᠡᠢ᠌ᠯᠡᠬᠦ 〉 ᠪᠠ ᠵᠣᠭᠰᠣᠳᠠᠭ 〈 ᠰᠠᠬᠢᠯ 〉 ᠢ ᠬᠢᠬᠦ ᠶᠠᠪᠤᠳᠠᠯ ᠪᠣᠯᠤᠨ᠎ᠠ ᠂  ᠭᠡᠬᠦ ᠳᠦ ᠂ ᠲᠡᠭᠦᠨ ᠡᠴᠡ ᠡᠮᠦᠨᠡᠬᠢ 〈 ᠰᠡᠷᠭᠡᠢ᠌ᠯᠡᠬᠦ 〉 ᠪᠠ ᠲᠡᠭᠦᠨ ᠢ ᠵᠣᠭᠰᠣᠭᠠᠳᠠᠭ 〈 ᠰᠠᠬᠢᠯ 〉 ᠢ ᠬᠢᠬᠦ ᠶᠠᠪᠤᠳᠠᠯ ᠪᠣᠯᠤᠨ᠎ᠠ ᠃ ᠡᠳᠡᠭᠡᠷ  ᠢ ᠬᠤᠷᠢᠶᠠᠩᠭᠤᠶᠢᠯᠠᠪᠠᠯ ᠂ ᠪᠠᠶᠢᠴᠠᠭᠠᠭᠴᠢ ᠳᠤ ᠢᠯᠡ ᠪᠤᠰᠤ ᠬᠢᠵᠠᠭᠠᠷᠯᠠᠯ ᠪᠠ ᠢᠯᠡ ᠳᠠᠷᠤᠯᠲᠠ ᠦᠵᠡᠭᠦᠯᠵᠦ ᠪᠠᠶᠢᠭ᠎ᠠ ᠶᠠᠪᠤᠳᠠᠯ ᠪᠣᠯᠤᠨ᠎ᠠ ᠂ ᠡᠭᠦᠨ  ᠢ ᠺᠢᠨᠣ᠋ ᠳᠤ ᠴᠤ ᠡᠳᠦᠶ ᠲᠡᠳᠦᠶ ᠢᠯᠡᠳᠬᠡᠵᠡᠶ ᠂ ᠯᠢᠦᠶ ᠯᠢᠩ ᠯᠢᠩ  ᠴᠢᠬᠤᠯᠠ ᠪᠣᠳᠠᠲᠤ ᠬᠡᠷᠡᠭ ᠲᠣᠳᠣᠷᠬᠠᠶ ᠦᠭᠡᠶ ᠪᠣᠯ ᠬᠠᠷᠢᠭᠤᠴᠠᠯᠭ᠎ᠠ ᠨᠡᠬᠡᠮᠵᠢᠯᠡᠨ᠎ᠡ  ᠭᠡᠵᠦ ᠢᠯᠡᠷᠬᠡᠶᠢᠯᠡᠭᠰᠡᠨ ᠨᠢ ᠳᠠᠭᠠᠭᠠᠨ ᠰᠢᠳᠬᠡᠭᠴᠢ  ᠶᠢᠨ ᠬᠠᠷᠢᠭᠤᠴᠠᠯᠭ᠎ᠠ  ᠶᠢᠨ ᠤᠬᠠᠮᠰᠠᠷ  ᠢ ᠬᠠᠷᠠᠭᠤᠯᠵᠤ ᠪᠠᠶᠢᠭ᠎ᠠ ᠪᠥᠭᠡᠳ  ᠡᠷᠬᠡ ᠪᠠᠶᠢᠪᠠᠯ ᠵᠠᠪᠠᠯ ᠬᠠᠷᠢᠭᠤᠴᠠᠯᠭ᠎ᠠ  ᠲᠠᠶ ᠪᠠᠶᠢᠬᠤ ᠂ ᠡᠷᠬᠡ ᠪᠡᠨ ᠬᠡᠷᠡᠭᠯᠡᠪᠡᠯ ᠬᠢᠨᠠᠯᠲᠠ ᠬᠦᠯᠢᠶᠡᠬᠦ ᠂ ᠬᠠᠤᠯᠢ  ᠠᠴᠠ ᠵᠥᠷᠢᠴᠡᠪᠡᠯ ᠵᠠᠪᠠᠯ ᠨᠡᠬᠡᠮᠵᠢᠯᠡᠨ᠎ᠡ  ᠭᠡᠰᠡᠨ  ᠤᠨᠤᠯᠵᠢᠬᠤᠨ  ᠢ ᠴᠤ ᠬᠠᠷᠠᠭᠤᠯᠵᠤ ᠪᠠᠶᠢᠭ᠎ᠠ ᠶᠤᠮ ᠂ ᠡᠨᠡ ᠨᠢ ᠪᠠᠰᠠ ᠴᠤ ᠬᠠᠤᠯᠢ ᠪᠠᠷᠢᠬᠤ ᠬᠠᠷᠢᠭᠤᠴᠠᠯᠭ᠎ᠠ  ᠶᠢᠨ ᠳᠦᠷᠢᠮ  ᠢ ᠨᠠᠶᠢᠳᠠᠪᠤᠷᠢᠵᠢᠭᠤᠯᠬᠤ  ᠶᠢᠨ ᠨᠢᠭᠡ ᠲᠠᠯ᠎ᠠ ᠪᠣᠯᠤᠨ᠎ᠠ ᠃ ᠡᠭᠦᠨ ᠡᠴᠡ ᠭᠠᠳᠠᠨ᠎ᠠ ᠂ ᠬᠠᠨ ᠮᠢᠩ ᠲᠤᠬᠠᠶ  ᠶᠢᠨ ᠬᠥᠮᠦᠨ ᠦ ᠬᠠᠤᠯᠢᠴᠢ  ᠠᠴᠠ ᠵᠠᠶᠢᠯᠠᠬᠤ ᠪᠣᠯ  ᠭᠤᠷᠪᠠᠨ ᠲᠣᠭᠲᠠᠭᠠᠯ   ᠢ ᠴᠢᠩᠭ᠎ᠠ ᠬᠡᠷᠡᠭᠵᠢᠭᠦᠯᠦᠭᠰᠡᠨ ᠠᠵᠢᠯᠯᠠᠭ᠎ᠠ ᠮᠥᠨ ᠂ ᠣᠶᠢᠷ᠎ᠠ  ᠶᠢᠨ ᠵᠢᠯ ᠡᠴᠡ ᠨᠠᠰᠢ ᠪᠠᠶᠢᠴᠠᠭᠠᠬᠤ ᠪᠠᠶᠢᠭᠤᠯᠭ᠎ᠠ ᠨᠤᠭᠤᠳ  ᠭᠤᠷᠪᠠᠨ ᠲᠣᠭᠲᠠᠭᠠᠯ   ᠢ ᠤᠷᠲᠤ ᠬᠤᠭᠤᠴᠠᠭ᠎ᠠ ᠪᠠᠷ ᠴᠢᠩᠭ᠎ᠠ ᠠᠳᠬᠤᠵᠤ ᠂ ᠬᠠᠤᠯᠢ ᠪᠠᠷᠢᠬᠤ ᠳᠤ ᠭᠠᠷ ᠲᠦᠷᠦᠭᠦ  ᠶᠢ ᠰᠡᠷᠭᠡᠶᠢᠯᠡᠬᠦ ᠨᠢ ᠨᠢᠭᠡᠨᠲᠡ ᠪᠠᠶᠢᠴᠠᠭᠠᠬᠤ ᠠᠵᠢᠯᠲᠠᠨ ᠤ ᠬᠠᠮᠲᠤ  ᠶᠢᠨ ᠲᠠᠨᠢᠯᠲᠠ ᠪᠣᠯᠤᠭᠰᠠᠨ ᠪᠠᠶᠢᠨ᠎ᠠ 》 ᠭᠡᠵᠡᠶ ᠃

 


       ᠲᠡᠭᠷᠢ ᠵᠢᠨ ᠳᠤᠤᠷ᠎ᠠ ᠲᠥᠪ ᠶᠣᠰᠣᠨ   ᠬᠠᠮᠤᠭ ᠶᠡᠬᠡ᠂ ᠬᠥᠮᠦᠨ ᠦ ᠰᠡᠳᠬᠢᠯ  ᠳᠦ  ᠰᠠᠶᠢᠨ ᠰᠠᠨᠠᠭ᠎ᠠ ᠬᠠᠮᠤᠭ ᠴᠢᠬᠤᠯᠠ᠃ ᠪᠦᠬᠦ ᠪᠠᠶᠢᠴᠠᠭᠠᠬᠤ ᠠᠵᠢᠯᠲᠠᠳ ᠡᠨᠡᠬᠦ ᠳᠣᠭᠳᠣᠯᠤᠯ ᠪᠠ ᠰᠡᠷᠡᠮᠵᠢᠯᠡᠭᠦᠯᠦᠯ  ᠢ ᠪᠠᠲᠤ ᠴᠡᠭᠡᠵᠢᠯᠡᠵᠦ ᠂ ᠰᠢ ᠶᠢᠨ ᠫᠢᠩ  ᠤᠨ ᠬᠠᠥᠯᠢ ᠪᠠᠷ ᠵᠠᠰᠠᠬᠤ ᠦᠵᠡᠯ ᠰᠠᠨᠠᠭ᠎ᠠ  ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠤ ᠂ ᠠᠷᠠᠳ ᠤᠯᠠᠨ ᠤ ᠪᠠᠴᠢᠮ ᠬᠦᠴᠢᠷ ᠵᠣᠪᠠᠭᠤᠷᠢ ᠲᠠᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠡᠷᠡᠭ ᠪᠣᠯᠭᠠᠨ ᠢ ᠴᠢᠨᠠᠷ ᠰᠠᠶᠢᠲᠠᠢ ᠦᠷ᠎ᠡ ᠪᠦᠲᠦᠮᠵᠢᠲᠡᠢ ᠪᠡᠷ ᠰᠠᠶᠢᠲᠤᠷ ᠰᠢᠢᠳᠪᠦᠷᠢᠯᠡᠬᠦ︾ᠵᠢ ᠲᠤᠪᠤᠢᠢᠯᠭᠠᠵᠦ᠂ ᠶᠡᠬᠡ ᠲᠠᠯ᠎ᠠ ᠳᠤ ᠦᠢᠯᠡᠴᠢᠯᠡᠬᠦ᠂ ᠠᠷᠠᠳ ᠤᠨ  ᠲᠦᠯᠦᠭᠡ ᠬᠠᠤᠯᠢ ᠪᠠᠷᠢᠬᠤ᠂ ᠬᠠᠤᠯᠢ ᠪᠠᠷ ᠵᠠᠰᠠᠬᠤ ᠳᠤ ᠬᠠᠷᠢᠭᠤᠴᠠᠯᠭ᠎ᠠ ᠡᠭᠦᠷᠭᠡᠯᠡᠬᠦ ᠶᠢ ᠲᠤᠪᠤᠢᠯᠭᠠᠵᠦ᠂ ᠬᠠᠤᠯᠢ ᠲᠣᠭᠲᠠᠭᠠᠯ᠂ ᠬᠠᠤᠯᠢ ᠰᠠᠨᠠᠭ᠎ᠠ᠂ ᠬᠠᠤᠯᠢ ᠶᠢᠨ ᠰᠦᠭ ᠰᠦᠨᠡᠰᠦ ᠶᠢ ᠭᠦᠨᠵᠡᠭᠡᠢ ᠠᠭᠤᠰᠤᠯᠴᠠᠭᠤᠯᠬᠤ ᠶᠢ ᠪᠠᠷᠢᠮᠲᠠᠯᠠᠵᠤ᠂ ᠬᠠᠤᠯᠢ᠂ ᠶᠣᠰᠤ᠂  ᠬᠠᠶᠢᠷ᠎ᠠ  ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠬᠠᠤᠯᠢ ᠶᠣᠰᠣᠭᠠᠷ ᠴᠢᠳᠠᠮᠠᠭᠠᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠪᠦᠬᠦ ᠬᠦᠴᠦᠨ ᠢᠶᠡᠷ ᠢᠶᠡᠨ ᠬᠠᠮᠠᠭᠠᠯᠠᠵᠤ᠂ ᠣᠳᠣᠬᠢᠴᠢᠯᠠᠭᠰᠠᠨ ᠥᠪᠥᠷ ᠮᠣᠩᠭᠣᠯ ᠤᠨ ᠪᠦᠳᠦᠭᠡᠨ ᠪᠠᠶᠢᠭᠤᠯᠤᠯᠲᠠ ᠳᠤ ᠬᠦᠴᠦᠲᠡᠢ ᠬᠠᠥᠯᠢ ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

 

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro