ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠨ ᠲᠤᠭᠤᠰᠢᠯᠠᠭᠤᠯᠪᠠ

2024-03-27 10:11:22
ᠵᠣᠬᠢᠶᠠᠭᠴᠢ
ᠨᠠᠪᠴᠢ

    

    ᠢᠲᠡᠭᠡᠯ ᠵᠣᠷᠢᠭ ᠢᠶᠠᠨ ᠪᠠᠲᠤᠳᠬᠠᠵᠤ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠤᠨ᠎ᠠ ---- ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠬᠤᠷᠠᠯᠳᠤᠭᠤᠯᠪᠠ

     

  

    3 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠵᠢᠴᠢ ᠪᠥᠬᠦ ᠣᠷᠣᠨ ᠤ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠠᠶᠢᠴᠠᠭᠠᠬᠤ ᠪᠠᠶᠢᠭᠤᠯᠭ᠎ᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠬᠡᠨ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ᠪᠠᠶᠢᠴᠠᠭᠠᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃

 

  

    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ︔ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ᠂ ︽ᠬᠤᠶᠠᠷ ᠬᠤᠷᠢᠶ᠎ᠠ︾ ᠶᠢᠨ ᠠᠵᠢᠯ ᠤᠨ ᠮᠡᠳᠡᠭᠦᠯᠦᠯᠲᠡ ᠵᠡᠷᠭᠡ ᠡᠯ᠎ᠡ ᠵᠦᠢᠯ ᠤᠨ ᠮᠡᠳᠡᠭᠦᠯᠦᠯᠲᠡ ᠪᠣᠯᠤᠨ ᠬᠠᠤᠯᠢ ᠴᠠᠭᠠᠵᠠ ᠶᠢᠨ ᠲᠥᠰᠦᠯ ᠳᠤ ᠵᠠᠰᠠᠪᠤᠷᠢ ᠣᠷᠣᠭᠤᠯᠤᠭᠰᠠᠨ ᠪᠠᠶᠢᠳᠠᠯ ᠢ ᠤᠯᠠᠮᠵᠢᠯᠠᠪᠠ︔ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠭᠤᠣᠯ ᠠᠵᠢᠯᠯᠠᠭ᠎ᠠ ᠶᠢᠨ ᠪᠠᠶᠢᠳᠠᠯ ᠢ ᠤᠯᠠᠮᠵᠢᠯᠠᠪᠠ᠃   

    ᠬᠤᠷᠠᠯ ᠠᠴᠠ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠠᠶᠠᠷᠯᠠᠨ ᠤᠭᠲᠤᠬᠤ ᠴᠢᠬᠤᠯᠠ ᠵᠠᠩᠭᠢᠯᠠᠭ᠎ᠠ ᠶᠢᠨ ᠴᠡᠭ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠠᠬᠢᠭᠤᠯᠬᠤ ᠵᠠᠩᠭᠢᠯᠠᠭ᠎ᠠ ᠶᠢᠨ ᠱᠠᠲᠤᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠬᠤᠷᠠᠯ ᠤᠨ ᠦᠷ᠎ᠡ ᠪᠦᠲᠦᠭᠡᠯ ᠡᠯᠪᠡᠭ ᠪᠠᠶᠠᠯᠢᠭ ᠪᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠳᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠢᠲᠡᠭᠡᠯ ᠵᠣᠷᠢᠭ ᠢᠶᠠᠨ ᠬᠥᠪᠴᠢᠯᠡᠵᠦ᠂ ᠡᠷᠴᠢ ᠵᠣᠷᠢᠭ ᠢᠶᠠᠨ  ᠬᠦᠪᠴᠢᠯᠡᠨ᠎ᠡ᠃ ᠶᠡᠷᠦᠩᠬᠡᠢ ᠱᠦᠵᠢ ᠰᠢ ᠶᠢᠨ ᠫᠢᠩ ᠤᠨ ᠲᠠᠯᠪᠢᠭᠰᠠᠨ ᠠᠯᠢ ᠤᠯᠠᠨ ᠴᠢᠬᠤᠯᠠ ᠶᠠᠷᠢᠶ᠎ᠠ ᠨᠢ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠠᠭᠤᠯᠵᠤ᠂ ᠤᠯᠤᠰ ᠲᠦᠷᠦ ᠶᠢᠨ ᠡᠭᠦᠷᠭᠡᠯᠡᠯ ᠢ ᠢᠯᠡᠷᠡᠭᠦᠯᠵᠦ᠂ ᠤᠷᠤᠭᠰᠢᠯᠠᠯᠲᠠ ᠶᠢᠨ ᠴᠢᠭᠯᠡᠯ ᠢ ᠵᠢᠯᠣᠭᠤᠳᠴᠤ᠂ ᠲᠦᠢᠯ ᠤᠨ ᠴᠢᠩᠭ᠎ᠠ ᠤᠯᠤᠰ ᠲᠦᠷᠦ ᠶᠢᠨ ᠳᠠᠶᠢᠴᠢᠯᠠᠬᠤ ᠬᠦᠴᠦᠨ᠂ ᠦᠵᠡᠯ ᠰᠠᠨᠠᠭᠠᠨ ᠤ ᠬᠦᠳᠦᠯᠦᠨ ᠳᠠᠭᠠᠭᠤᠯᠬᠤ ᠬᠦᠴᠦᠨ ᠪᠣᠯᠤᠨ ᠦᠢᠯᠡᠳᠦᠯᠭᠡ ᠶᠢᠨ ᠵᠢᠯᠣᠭᠤᠳᠬᠤ ᠬᠦᠴᠦᠨ ᠲᠠᠢ ᠶᠤᠮ᠃ ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ  ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠨᠡ ᠬᠦ ᠬᠠᠮᠤᠭ ᠤᠨ ᠶᠡᠭᠡ ᠤᠯᠤᠰ ᠲᠥᠷᠥ ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ︽ᠬᠡᠷᠡᠭ ᠨᠢᠭᠡᠪᠦᠷᠢ ᠶᠢ ᠰᠠᠶᠢᠲᠤᠷ ᠭᠦᠶᠴᠡᠳᠬᠡᠬᠦ︾ ᠶᠢ ᠳᠣᠪᠣᠶᠢᠯᠭᠠᠵᠤ᠂ ᠵᠣᠷᠢᠭ ᠰᠠᠨᠠᠭ᠎ᠠ ᠪᠠᠨ ᠤᠯᠠᠮ ᠨᠢᠭᠡ ᠠᠯᠬᠤᠮ ᠬᠥᠪᠴᠢᠯᠡᠨ᠂ ᠠᠮᠵᠢᠯᠲᠠ ᠪᠦᠲᠦᠮᠵᠢ ᠪᠠᠨ ᠳᠡᠭᠡᠭᠰᠢᠯᠡᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ︽ᠬᠤᠶᠠᠷ ᠵᠢᠯ ᠳᠤ ᠨᠢᠭᠡ  ᠳᠤᠮᠳᠠ  ᠬᠤᠪᠢᠷᠠᠯᠲᠠ ᠭᠠᠷᠭᠠᠬᠤ︾ ᠪᠠᠷ ᠣᠨ ᠤ ᠬᠠᠷᠠᠯᠲᠠ ᠪᠣᠯᠭᠠᠵᠤ᠂ ︽ᠵᠢᠷᠭᠤᠭᠠᠨ ᠶᠡᠭᠡ ᠨᠢᠭᠡᠳᠦᠯᠲᠡᠶ ᠠᠵᠢᠯᠯᠠᠭ᠎ᠠ︾ ᠪᠣᠯᠤᠨ ︽ᠳᠥᠷᠪᠡᠨ ᠶᠡᠭᠡ ᠳᠡᠭᠡᠭᠰᠢᠯᠡᠯᠲᠡ ᠶᠢᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ᠶᠡᠭᠡ ᠲᠠᠯ᠎ᠠ ᠳᠤ ᠦᠶᠯᠡᠴᠢᠯᠡᠵᠦ᠂ ᠠᠷᠠᠳ ᠲᠦᠮᠡᠨ ᠤ ᠬᠠᠤᠯᠢ ᠴᠠᠭᠠᠵᠠ᠂ ᠬᠠᠤᠯᠢ ᠪᠠᠷ ᠵᠠᠰᠠᠬᠤ ᠶᠢᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ᠂ ᠥᠪᠥᠷ ᠮᠣᠩᠭᠤᠯ ᠤᠨ ᠣᠷᠣᠨ ᠪᠠᠶᠢᠷᠢ ᠶᠢᠨ ᠨᠥᠬᠦᠴᠡᠯ ᠯᠦᠭᠡ ᠵᠣᠬᠢᠴᠠᠯᠳᠤᠭᠰᠠᠨ ᠪᠠᠶᠢᠴᠠᠭᠠᠬᠤ ᠠᠵᠢᠯ ᠤᠨ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠶ ᠭᠡᠵᠦ ᠴᠢᠩᠭᠠᠳᠬᠠᠪᠠ᠃    

    ᠬᠤᠷᠠᠯ ᠠᠴᠠ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠪᠥᠬᠦ ᠣᠷᠣᠨ ᠤ ᠪᠠᠶᠢᠴᠠᠭᠠᠬᠤ ᠳᠠᠷᠤᠭ᠎ᠠ ᠨᠠᠷ ᠤᠨ ᠬᠤᠷᠠᠯ ᠤᠨ ᠲᠣᠭᠲᠠᠭᠰᠠᠨ ᠬᠠᠷᠠᠯᠲᠠ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠴᠥᠬᠦᠷᠡᠰᠢ ᠥᠬᠡᠶ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠣᠳᠠᠲᠤ ᠠᠮᠵᠢᠯᠲᠠ ᠪᠦᠲᠦᠮᠵᠢ ᠪᠠᠷ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠤᠬᠠᠭᠤᠯᠭ᠎ᠠ᠂ ᠬᠥᠮᠦᠵᠢᠯ ᠪᠣᠯᠪᠠᠰᠤᠷᠠᠯ ᠢ ᠪᠣᠳᠠᠲᠠᠶ ᠠᠳᠬᠤᠵᠤ᠂ ᠦᠵᠡᠯ ᠰᠠᠨᠠᠭ᠎ᠠ ᠤᠨᠤᠯ ᠤᠨ ᠲᠦᠪᠰᠢᠨ ᠤ ᠳᠡᠭᠡᠭᠰᠢᠯᠡᠯᠲᠡ ᠪᠠᠷ ᠤᠯᠤᠰ ᠲᠥᠷᠦ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠶ᠃ ︽ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ︾ ᠶᠢ ᠢᠮᠠᠭᠲᠠ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠪᠠᠶᠢᠴᠠᠭᠠᠬᠤ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠵᠠᠮ ᠢᠶᠠᠷ ᠲᠣᠭᠲᠠᠭᠤᠨ ᠢ ᠬᠠᠮᠠᠭᠠᠯᠠᠵᠤ᠂ ᠬᠥᠭᠵᠢᠯᠲᠡ ᠶᠢ ᠠᠬᠢᠭᠤᠯᠵᠤ᠂ ᠴᠢᠳᠠᠮᠠᠭᠠᠢ ᠵᠠᠰᠠᠬᠤ ᠶᠢ ᠪᠠᠲᠤᠯᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ  ᠤᠨᠤᠯᠵᠢᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ  ᠲᠤᠭᠤᠰᠢᠯᠠᠭᠤᠯᠵᠤ᠂ ︽ᠪᠠᠶᠢᠴᠠᠭᠠᠬᠤ ᠠᠵᠤ ᠠᠬᠤᠶᠢᠯᠠᠯ ᠢ ᠬᠠᠮᠠᠭᠠᠯᠠᠬᠤ︾ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠠᠵᠤ ᠠᠬᠤᠶᠢᠯᠠᠯ ᠢ ᠬᠠᠮᠠᠭᠠᠯᠠᠬᠤ ᠲᠠᠪᠤᠨ ᠠᠷᠭ᠎ᠠ︾ ᠶᠢ ᠰᠠᠶᠢᠲᠤᠷ ᠬᠡᠷᠡᠭᠯᠡᠵᠦ᠂ ᠬᠠᠤᠯᠢ ᠪᠠᠷ ᠵᠠᠰᠠᠬᠤ ᠪᠠᠷ ᠠᠵᠤ ᠠᠬᠤᠢᠯᠠᠯ ᠤ᠋ᠨ ᠬᠥᠭᠵᠢᠯᠲᠡ ᠶ᠋ᠢᠨ ᠢᠲᠡᠭᠡᠯ ᠢ᠋ ᠨᠡᠮᠡᠭᠳᠡᠭᠦᠯᠦᠨ᠎ᠡ᠃ ︽ᠠᠷᠠᠳ ᠤᠨ ᠠᠮᠢᠳᠤᠷᠠᠯ ᠢ ᠪᠠᠶᠢᠴᠠᠭᠠᠨ ᠬᠠᠮᠠᠭᠠᠯᠠᠬᠤ︾ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠬᠡᠷᠡᠭ ᠨᠢᠭᠡᠪᠦᠷᠢ ᠶᠢ ᠴᠢᠨᠠᠷ ᠰᠠᠶᠢᠲᠠᠶ ᠦᠷ᠎ᠡ ᠪᠦᠲᠦᠮᠵᠢ ᠲᠠᠢ ᠪᠠᠷ ᠰᠠᠶᠢᠲᠤᠷ ᠡᠷᠭᠢᠯᠡᠵᠦ᠂ ᠠᠷᠠᠳ ᠣᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ︽ᠥᠨᠳᠥᠷ ᠶᠠᠰᠤ ᠴᠢᠨᠠᠷ ᠦᠷ᠎ᠡ ᠪᠦᠲᠦᠮᠵᠢ ᠪᠠᠷ ᠬᠡᠷᠡᠭ ᠨᠢᠭᠡᠪᠦᠷᠢ ᠶᠢ ᠰᠠᠶᠢᠲᠤᠷ ᠡᠷᠬᠢᠯᠡᠬᠦ︾ ᠦᠨᠳᠦᠰᠦᠨ ᠦᠷᠳᠡᠭ ᠤᠨ ᠬᠥᠭᠡᠭᠡᠴᠡᠯᠳᠦᠯ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ︽ᠴᠢᠨᠠᠷ ᠰᠠᠶᠢᠲᠠᠢ ᠲᠤᠭ᠎ᠠ ᠬᠡᠮᠵᠢᠶ᠎ᠡ︾ ᠪᠠ ︽ᠲᠤᠭ᠎ᠠ ᠬᠡᠮᠵᠢᠶ᠎ᠡ ᠲᠠᠢ ᠶᠠᠰᠤ ᠴᠢᠨᠠᠷ︾ ᠢ ᠶᠠᠰᠤ ᠴᠢᠨᠠᠷ ᠢ ᠨᠡᠩ ᠴᠢᠬᠤᠯᠠᠴᠢᠯᠠᠬᠤ ᠳᠡᠭᠡᠷ᠎ᠡ ᠨᠢᠭᠡᠳᠬᠡᠵᠦ᠂ ᠦᠨᠳᠦᠰᠦ ᠠᠴᠠ ᠨᠢ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ 

ᠪᠠᠷ ᠴᠢᠷᠮᠠᠶᠢᠬᠤ ᠬᠡᠷᠡᠭᠲᠡᠢ᠃ ᠴᠢᠳᠠᠪᠤᠷᠢᠲᠠᠨ ᠢᠶᠠᠷ ᠪᠠᠶᠢᠴᠠᠭᠠᠯᠲᠠ ᠪᠠᠨ ᠴᠢᠩᠭᠠᠳᠬᠠᠬᠤ ᠶᠢ ᠭᠦᠨᠵᠡᠭᠡᠶᠢᠷᠡᠭᠦᠯᠵᠦ᠂ ︽ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ︾ ︽251 ᠴᠢᠳᠠᠪᠤᠷᠢᠲᠠᠨ ᠤ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠪᠠᠶᠢᠴᠠᠭᠠᠬᠤ ᠲᠤᠰᠢᠶᠠᠯᠲᠠᠨ᠂ ᠪᠠᠶᠢᠴᠠᠭᠠᠬᠤ ᠲᠤᠰᠠᠯᠠᠭᠴᠢ᠂ ᠵᠠᠰᠠᠭ ᠵᠠᠬᠢᠷᠭᠠᠨ ᠤ ᠭᠤᠷᠪᠠᠨ ᠲᠦᠷᠦᠯ ᠤᠨ ᠠᠵᠢᠯᠳᠠᠨ ᠤ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠪᠠᠶᠢᠴᠠᠭᠠᠬᠤ ᠦᠢᠯᠡᠰ ᠤᠨ ᠵᠠᠯᠭᠠᠮᠵᠢᠯᠠᠭᠴᠢ ᠶᠢ ᠬᠥᠮᠦᠨ ᠲᠠᠢ ᠪᠣᠯᠭᠠᠬᠤ ᠬᠡᠷᠡᠭᠲᠡᠢ᠃ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠭᠠᠵᠠᠷ ᠳᠣᠤᠷᠠᠬᠢ ᠲᠡᠮᠦᠷ ᠵᠠᠮ ᠤᠨ ᠬᠠᠮᠵᠢᠯᠴᠠᠭ᠎ᠠ︾ ᠶᠢ ᠪᠣᠳᠠᠲᠠᠶ ᠶᠢ ᠡᠷᠬᠢᠮᠯᠡᠨ ᠠᠬᠢᠭᠤᠯᠵᠤ᠂ ᠬᠢᠨᠠᠨ ᠪᠠᠶᠢᠴᠠᠭᠠᠬᠤ᠂ ᠪᠠᠶᠢᠴᠠᠭᠠᠬᠤ᠂ ᠲᠤᠷᠰᠢᠨ ᠪᠠᠶᠢᠴᠠᠭᠠᠬᠤ ︽ᠭᠤᠷᠪᠠ ᠶᠢ ᠪᠠᠶᠢᠴᠠᠭᠠᠨ ᠠᠭᠤᠰᠤᠯᠴᠠᠬᠤ︾ ᠶᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠬᠡᠷᠡᠭ ᠰᠢᠶᠳᠪᠦᠷᠢᠯᠡᠬᠦ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠬᠦ ᠬᠡᠷᠡᠭᠲᠡᠶ᠃ ᠬᠠᠯᠠᠭᠤᠨ ᠰᠡᠳᠬᠢᠯ᠂ ᠦᠨᠡᠨᠴᠢ ᠰᠡᠳᠬᠢᠯ᠂ ᠰᠡᠳᠬᠢᠯ ᠢ ᠳᠤᠯᠠᠭᠠᠴᠠᠭᠤᠯᠬᠤ ᠠᠷᠭ᠎ᠠ ᠬᠡᠮᠵᠢᠶ᠎ᠡ ᠪᠠᠷ ᠲᠥᠯᠥᠭᠡᠯᠡᠭᠴᠢ ᠭᠡᠰᠢᠭᠦᠳ ᠤᠨ ᠬᠠᠷᠢᠯᠴᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠠᠷᠢᠯᠴᠠᠬᠤ ᠦᠢᠯᠡᠴᠢᠯᠡᠭᠡᠨ ᠤ ᠲᠣᠭᠲᠠᠴᠠ ᠶᠢ ᠰᠠᠶᠢᠲᠤᠷ ᠬᠡᠷᠡᠭᠯᠡᠵᠦ᠂ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠰᠠᠨᠠᠯ ᠰᠠᠨᠠᠭᠤᠯᠭ᠎ᠠ ᠳᠤ ᠬᠠᠷᠢᠭᠤᠯᠲᠠ ᠥᠭᠴᠦ᠂ ᠪᠠᠶᠢᠴᠠᠭᠠᠬᠤ ᠠᠵᠢᠯ ᠢ ᠲᠠᠰᠤᠷᠠᠯᠳᠠ ᠦᠭᠡᠢ ᠰᠠᠶᠢᠵᠢᠷᠠᠭᠤᠯᠤᠨ ᠴᠢᠩᠭᠠᠳᠬᠠᠬᠤ ᠬᠡᠷᠡᠭᠲᠡᠢ᠃

    ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠴᠠᠭᠠᠬᠤ ᠬᠤᠷᠢᠶᠠᠨ ᠤ ᠲᠤᠰᠬᠠᠶ ᠲᠤᠰᠢᠶᠠᠯᠲᠤ ᠭᠡᠰᠢᠭᠦᠨ᠂ ᠲᠢᠩᠬᠢᠮ ᠤᠨ ᠲᠠᠰ ᠤᠨ ᠺᠠᠳ᠋ᠷ᠂ ᠳᠣᠲᠣᠭᠠᠳᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro