ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠠᠴᠠ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠪᠠᠶᠢᠷᠢᠯᠠᠭᠤᠯᠤᠯᠲᠠ ᠬᠢᠵᠡᠢ

2024-03-27 10:30:51
ᠵᠣᠬᠢᠶᠠᠭᠴᠢ
ᠨᠠᠪᠴᠢ

 

      ᠠᠯᠢᠪᠠ ᠪᠦᠬᠦᠨ ᠴᠥᠮ ᠪᠣᠳᠠᠲᠠᠢ ᠠᠵᠢᠯᠯᠠᠬᠤ ᠳᠤ ᠲᠦᠰᠢᠭᠯᠡᠬᠦ ᠬᠡᠷᠡᠭᠲᠡᠢ ︱︱  ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠳᠤᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠪᠠᠶᠢᠷᠢᠯᠠᠭᠤᠯᠤᠯᠲᠠ ᠬᠢᠪᠡ

 

   

     3 ᠰᠠᠷ᠎ᠠ ᠶᠢᠨ 14 ᠤ ᠡᠳᠤᠷ᠂ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠪᠦᠬᠦ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠧᠯᠸᠢᠰ ᠤᠳᠠᠰᠤ ᠬᠤᠷᠠᠯ ᠬᠤᠷᠠᠯᠳᠤᠭᠤᠯᠪᠠ᠃ ᠬᠤᠷᠠᠯ ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠦᠷᠭᠦᠯᠵᠢᠯᠡᠨ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠶᠠᠷᠢᠶ᠎ᠠ ᠲᠠᠯᠪᠢᠪᠠ᠃

 

        

     ᠯᠢ ᠶᠦᠩ ᠵᠢᠶᠦ᠋ᠨ ᠵᠢᠭᠠᠬᠤ ᠳᠠᠭᠠᠨ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠲᠧᠯᠸᠢᠰ ᠳ᠋ᠢᠶᠠᠩᠬᠤᠸᠠ ᠬᠤᠷᠠᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠴᠢᠷᠮᠠᠶᠢᠬᠤ ᠴᠢᠭᠯᠡᠯ ᠢ ᠲᠣᠳᠣᠷᠬᠠᠢ ᠵᠢᠭᠠᠵᠤ᠂ ᠪᠣᠳᠠᠲᠠᠢ ᠵᠠᠮ ᠢ ᠲᠦᠯᠦᠪᠵᠢᠭᠦᠯᠵᠡᠢ᠃ ᠪᠢᠳᠡ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠨᠠᠶᠢᠳᠠᠪᠤᠷᠢᠵᠢᠭᠤᠯᠬᠤ ᠲᠤᠬᠠᠢ ᠦᠨᠳᠦᠰᠦᠨ ᠪᠠᠲᠤᠯᠠᠭ᠎ᠠ ᠲᠠᠢ  ᠪᠣᠯᠪᠠ ᠃ ᠵᠢᠯ ᠳᠤ ᠨᠢᠭᠡ ᠤᠳᠠᠭ᠎ᠠ ᠶᠠᠪᠤᠭᠳᠠᠬᠤ ᠬᠤᠶᠠᠷ ᠬᠤᠷᠠᠯ ᠪᠣᠯ ᠤᠯᠤᠰ ᠤᠨ ᠤᠯᠤᠰ ᠲᠦᠷᠦ ᠶᠢᠨ ᠠᠮᠢᠳᠤᠷᠠᠯ ᠤᠨ ᠶᠡᠭᠡ ᠶᠠᠪᠤᠳᠠᠯ ᠮᠥᠨ᠂ ᠲᠡᠷᠡ ᠨᠢ ᠠᠷᠠᠳ ᠲᠦᠮᠡᠨ ᠤ ᠬᠦᠰᠡᠯ ᠰᠠᠨᠠᠭ᠎ᠠ ᠪᠣᠯᠤᠨ ᠤᠯᠤᠰ ᠤᠨ ᠵᠣᠷᠢᠭ ᠰᠠᠨᠠᠭ᠎ᠠ ᠶᠢ ᠢᠯᠡᠷᠡᠭᠦᠯᠦᠭᠰᠡᠨ ᠪᠠᠶᠢᠳᠠᠭ᠂ ᠪᠢᠳᠡ ᠡᠷᠬᠡᠪᠰᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃

ᠯᠢ ᠶᠦᠩ ᠵᠢᠶᠦ᠋ᠨ ᠢᠯᠡᠷᠬᠡᠶᠢᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠨ ᠱᠤᠤ ᠴᠧᠩ ᠱᠦᠵᠢ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠬᠤᠷᠠᠯ ᠳᠡᠭᠡᠷ᠎ᠡ ᠪᠠᠶᠢᠴᠠᠭᠠᠬᠤ ᠪᠠᠶᠢᠭᠤᠯᠭ᠎ᠠ ᠶᠢᠨ ᠶᠡᠭᠡ ᠲᠠᠯ᠎ᠠ ᠶᠢᠨ ᠲᠣᠭᠤᠷᠢᠨ ᠳᠤ ᠦᠢᠯᠡᠴᠢᠯᠡᠬᠦ ᠠᠷᠭ᠎ᠠ ᠬᠡᠮᠵᠢᠶ᠎ᠡ᠂ ᠢᠯᠠᠩᠭᠤᠶ᠎ᠠ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ  ᠨᠡᠶᠢᠴᠡᠭᠦᠯᠦᠭᠰᠡᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠥᠷᠨᠢᠭᠦᠯᠬᠦ᠂ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠶᠢ ᠭᠦᠶᠴᠡᠳ  ᠨᠣᠲᠠᠯᠠᠵᠠᠢ᠃ ᠡᠶᠢᠮᠦ ᠡᠴᠡ ᠪᠢᠳᠡ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠬᠦᠴᠦᠯᠡᠬᠦ ᠭᠤᠤᠯᠳᠠᠯᠭ᠎ᠠ ᠪᠠᠨ ᠤᠯᠠᠮ ᠨᠢᠭᠡ ᠠᠯᠬᠤᠮ ᠣᠨᠣᠪᠴᠢᠲᠠᠶ ᠣᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠬᠦ ᠬᠡᠷᠡᠭᠲᠡᠶ ᠭᠡᠵᠡᠶ᠃ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠤᠯᠠᠮ ᠴᠢᠨᠠᠭᠰᠢᠳᠠ ᠴᠢᠷᠮᠠᠶᠢᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ︔ ᠬᠡᠷᠡᠭ ᠨᠢᠭᠡᠪᠦᠷᠢ ᠶᠢ ᠴᠢᠨᠠᠷ ᠰᠠᠶᠢᠲᠠᠢ ᠦᠷ᠎ᠡ ᠪᠦᠲᠦᠮᠵᠢᠲᠡᠢ ᠪᠠᠷ ᠰᠠᠶᠢᠲᠤᠷ ᠡᠷᠬᠢᠯᠡᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠠᠴᠠ ᠪᠠᠶᠢᠷᠢᠯᠠᠭᠤᠯᠤᠭᠰᠠᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠥᠷᠨᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃

 

     

     ᠯᠢ ᠶᠦᠩ ᠵᠢᠶᠦ᠋ᠨ ᠴᠢᠬᠤᠯᠠᠴᠢᠯᠠᠭᠰᠠᠨ ᠨᠢ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠭᠤᠷᠪᠠᠨ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠩ ᠲᠡᠷᠢᠭᠦᠨ ᠳ᠋ᠦ  ᠠᠭᠤᠰᠤᠯᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ ᠃ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠶᠢᠨ ᠱᠠᠭᠠᠷᠳᠠᠯᠭ᠎ᠠ ᠶᠢ ᠶᠢᠩ ᠶᠦᠩ ᠪᠠᠶᠢᠴᠠᠭᠠᠬᠤ ᠳᠠᠷᠤᠭ᠎ᠠ ᠶᠢᠨ ᠶᠠᠷᠢᠶ᠎ᠠ  ᠲᠠᠯᠪᠢᠭᠰᠠᠨ ᠪᠣᠳᠠᠲᠠᠢ ᠱᠠᠭᠠᠷᠳᠠᠯᠭ᠎ᠠ ᠳᠡᠭᠡᠷ᠎ᠡ ᠠᠭᠤᠰᠤᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠣᠨᠴᠠᠭᠠᠶᠢᠯᠠᠨ ᠰᠦᠨ ᠱᠤᠤ ᠴᠧᠩ ᠱᠦᠵᠢ ᠶᠢᠨ ᠶᠠᠷᠢᠶᠠᠨ ᠤ ᠱᠠᠭᠠᠷᠳᠠᠯᠭ᠎ᠠ ᠳᠡᠭᠡᠷ᠎ᠡ ᠠᠭᠤᠰᠤᠯᠴᠠᠭᠤᠯᠵᠤ᠂ ᠪᠦᠬᠦ ᠣᠷᠣᠨ ᠤ ᠪᠠᠶᠢᠴᠠᠭᠠᠬᠤ ᠳᠠᠷᠤᠭ᠎ᠠ  ᠶᠢᠨ ᠬᠤᠷᠠᠯ ᠵᠢᠴᠢ ᠠᠶᠢᠮᠠᠭ ᠬᠤᠳᠠ ᠶᠢᠨ ᠪᠠᠶᠢᠴᠠᠭᠠᠬᠤ ᠳᠠᠷᠤᠭ᠎ᠠ ᠨᠠᠷ ᠤᠨ ᠬᠤᠷᠠᠯ ᠤᠨ ᠪᠣᠳᠠᠲᠠᠢ ᠲᠤᠬᠢᠷᠠᠭᠤᠯᠤᠯᠳᠠ ᠪᠠᠶᠢᠷᠢᠯᠠᠭᠤᠯᠤᠯᠲᠠ ᠳᠡᠭᠡᠷ᠎ᠡ ᠠᠭᠤᠰᠤᠯᠴᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠪᠦᠬᠦ ᠵᠢᠯ ᠦᠨ ᠠᠵᠢᠯ ᠤᠨ ᠭᠣᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ ᠢ ᠨᠢᠭᠡᠨᠲᠡ ᠲᠣᠭᠲᠠᠭᠠᠨ ᠲᠠᠷᠬᠠᠭᠠᠵᠤ ᠂ ᠡᠳ᠋ᠡᠭᠡᠷ ᠠᠵᠢᠯ ᠢ ᠰᠠᠶᠢᠲᠤᠷ ᠬᠢᠬᠦ ᠪᠣᠯ ᠳᠠᠷᠤᠢ ᠬᠣᠶᠠᠷ ᠬᠤᠷᠠᠯ ᠤᠨ ᠵᠣᠷᠢᠭ ᠰᠠᠨᠠᠭ᠎ᠠ ᠶᠢ ᠬᠠᠮᠤᠭ ᠤᠨ ᠰᠠᠶᠢᠨ ᠲᠤᠭᠤᠰᠢᠯᠠᠭᠤᠯᠬᠤ ᠶᠠᠪᠤᠳᠠᠯ ᠪᠣᠯᠣᠨ᠎ᠠ ᠃ ᠬᠣᠶᠠᠷ ᠲᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠃ ᠴᠠᠭ ᠦᠶ᠎ᠡ ᠪᠣᠯ ᠰᠡᠳᠦᠪ ᠭᠠᠷᠭᠠᠭᠴᠢ᠂ ᠪᠢᠳᠡ ᠪᠣᠯ ᠰᠡᠳᠦᠪ ᠬᠠᠷᠢᠭᠤᠯᠤᠭᠴᠢ᠂ ᠠᠷᠠᠳ ᠲᠦᠮᠡᠨ ᠪᠣᠯ ᠰᠢᠯᠭᠠᠯᠲᠠ  ᠬᠢᠨᠠᠬᠭᠴᠢ ᠮᠥᠨ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠥᠬᠦᠴᠡᠯ ᠦᠭᠡᠢ ᠪᠠᠷ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠨᠢ ᠠᠷᠠᠳ ᠣᠯᠠᠨ ᠤ ᠡᠮᠦᠨ᠎ᠡ ᠠᠴᠠ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠳᠤ ᠳᠤᠷᠠᠳᠤᠭᠰᠠᠨ ᠰᠠᠨᠠᠯ ᠢ ᠪᠢᠳᠡ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠳᠤ ᠳᠤᠷᠠᠳᠤᠭᠰᠠᠨ ᠰᠠᠨᠠᠯ ᠨᠢ ᠨᠠᠩ ᠴᠤ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠮᠥᠨ᠃ ᠭᠤᠷᠪᠠ ᠳᠤ᠂ ᠭᠦᠨᠵᠡᠭᠡᠶᠢᠷᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠬᠤᠯᠠᠴᠢᠯᠠᠭᠰᠠᠨ ᠭᠤᠤᠯᠳᠠᠯᠭ᠎ᠠ ᠲᠠᠢ ᠠᠰᠠᠭᠤᠳᠠᠯ ᠵᠢᠴᠢ ᠥᠪᠥᠷ ᠮᠣᠩᠭᠤᠯ ᠤᠨ ᠪᠠᠶᠢᠴᠠᠭᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ ᠳᠤᠲᠠᠭᠤᠳᠠᠯ ᠤᠨ ᠲᠣᠭᠤᠷᠢᠨ ᠳᠤ ᠭᠦᠨᠵᠡᠭᠡᠶᠢᠷᠡᠭᠦᠯᠦᠨ ᠰᠠᠶᠢᠵᠢᠷᠠᠭᠤᠯᠬᠤ ᠶᠢ  ᠠᠳᠬᠤᠨ᠎ᠠ᠃ ᠪᠠᠶᠢᠴᠠᠭᠠᠬᠤ ᠠᠵᠢᠯ ᠨᠢᠭᠡᠯᠡ ᠤᠳᠠᠭ᠎ᠠ ᠳᠤ ᠴᠦᠮ ᠬᠤᠪᠢᠷᠠᠬᠤ ᠦᠭᠡᠢ ᠂  ᠣᠨ ᠵᠢᠯ  ᠠᠳᠠᠯᠢᠬᠠᠨ  ᠴᠦ ᠣᠨ ᠤ ᠦᠵᠡᠮᠵᠢ ᠪᠦᠷ ᠠᠳᠠᠯᠢ ᠪᠤᠰᠤ᠂ ᠂ᠨᠢᠭᠡ ᠴᠠᠭ ᠬᠤᠭᠤᠴᠠᠭᠠᠨ ᠳᠤ ᠨᠢᠭᠡ ᠴᠠᠭ ᠦᠶ᠎ᠡ ᠶᠢᠨ ᠠᠰᠠᠭᠤᠳᠠᠯ ᠲᠠᠢ ᠂ ᠤᠷᠲᠤ ᠬᠤᠭᠤᠴᠠᠭ᠎ᠠ ᠪᠠᠷ ᠴᠢᠷᠮᠠᠶᠢᠨ ᠂ ᠵᠢᠯ ᠵᠢᠯ ᠰᠦᠪᠡᠭ᠍ᠴᠢᠯᠡᠨ᠎ᠡ ᠃ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠬᠡᠷᠬᠢᠨ ᠨᠡᠩ ᠰᠠᠶᠢᠨ ᠳᠡᠭᠡᠭᠰᠢᠯᠡᠭᠦᠯᠬᠦ᠂ ᠬᠡᠷᠡᠭ ᠪᠣᠯᠭᠠᠨ ᠢ ᠪᠠᠶᠢᠴᠠᠭᠠᠬᠤ ︽ᠭᠤᠷᠪᠠᠨ ᠥᠨᠳᠥᠷ ᠬᠤᠶᠠᠷ ᠳᠣᠣᠷ᠎ᠠ︾᠂ ᠢᠷᠭᠡᠨ ᠤ ᠬᠡᠷᠡᠭ ᠢ ᠪᠠᠶᠢᠴᠠᠭᠠᠬᠤ ︽ᠭᠤᠷᠪᠠᠨ ᠳᠣᠣᠷ᠎ᠠ ᠬᠤᠶᠠᠷ ᠴᠥᠭᠡᠨ︾ ᠠᠰᠠᠭᠤᠳᠠᠯ ᠤᠨ ᠦᠯᠡᠳᠡᠭᠡᠯ ᠬᠡᠮᠵᠢᠶ᠎ᠡ ᠶᠢ ᠬᠡᠷᠬᠢᠨ ᠰᠢᠩᠭᠡᠭᠡᠬᠦ᠂ ᠨᠡᠮᠡᠭᠳᠡᠯ ᠤᠨ ᠬᠡᠮᠵᠢᠶ᠎ᠡ ᠶᠢ ᠬᠡᠷᠬᠢᠨ ᠰᠡᠷᠭᠡᠶᠢᠯᠡᠬᠦ ︔ ᠬᠡᠷᠬᠢᠨ ᠬᠦᠲᠦᠯᠦᠨ ᠵᠢᠯᠣᠭᠤᠳᠴᠤ ᠲᠤᠷᠰᠢᠨ ᠪᠠᠶᠢᠴᠠᠭᠠᠬᠤ ᠪᠠ ᠥᠪᠡᠰᠦᠪᠡᠨ ᠨᠥᠬᠦᠪᠦᠷᠢᠯᠡᠨ ᠲᠤᠷᠰᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ︔ ᠠᠰᠠᠭᠤᠳᠠᠯ ᠤᠨ ᠰᠦᠪᠡᠭᠴᠢ ᠶᠢ ᠬᠡᠷᠬᠢᠨ ᠰᠢᠯᠵᠢᠭᠦᠯᠦᠨ ᠲᠤᠰᠢᠶᠠᠬᠤ ᠶᠢ ᠨᠡᠩ ᠤᠷᠤᠭᠰᠢᠲᠠᠢ ᠪᠠᠷ ᠪᠡᠶᠡᠯᠡᠭᠦᠯᠬᠦ ︔ ︽ᠶᠠᠷᠰᠢᠭ ᠲᠦᠪᠡᠭ ᠢ ᠰᠠᠯᠭᠠᠬᠤ᠂ ᠬᠦᠨᠳᠦ ᠬᠥᠩᠭᠡᠨ ᠢ ᠰᠠᠯᠭᠠᠬᠤ᠂ ᠲᠦᠷᠭᠡᠨ ᠤᠳᠠᠭᠠᠨ ᠴᠢᠨᠠᠷᠲᠠᠢ ᠵᠠᠮ ᠬᠤᠪᠢᠶᠠᠬᠤ︾ ᠳᠤᠮᠳᠠ ᠠᠵᠢᠯᠲᠠᠨ ᠪᠠ ᠬᠡᠷᠡᠭ ᠢ ᠬᠡᠷᠬᠢᠨ ᠨᠡᠩ ᠰᠠᠶᠢᠨ ᠤᠶᠠᠯᠳᠤᠭᠤᠯᠬᠤ ᠶᠢ ᠪᠡᠶᠡᠯᠡᠭᠦᠯᠬᠦ ︔ ᠲᠡᠮᠦᠷ ᠵᠠᠮ ᠤᠨ ᠪᠠᠶᠢᠴᠠᠭᠠᠬᠤ ᠥᠭᠡᠷᠡᠴᠢᠯᠡᠯᠲᠡ᠂ ︽ᠭᠠᠵᠠᠷ ᠳᠣᠣᠷᠠᠬᠢ ᠲᠡᠮᠦᠷ ᠵᠠᠮ ᠤᠨ ᠬᠠᠮᠵᠢᠯᠴᠠᠭ᠎ᠠ︾ ᠶᠢ ᠬᠡᠷᠬᠢᠨ ᠤᠷᠤᠭᠰᠢᠲᠠᠢ ᠪᠠᠷ ᠪᠥᠭᠡᠳ ᠥᠨᠳᠥᠷ ᠪᠦᠲᠦᠮᠵᠢᠲᠡᠢ ᠪᠣᠯᠭᠠᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ︔ ᠪᠣᠭᠤᠮᠲᠠ ᠶᠢᠨ ᠪᠠᠶᠢᠴᠠᠭᠠᠬᠤ ᠠᠵᠢᠯ ᠢ ᠬᠡᠷᠬᠢᠨ ᠨᠡᠩ ᠥᠨᠳᠥᠷ ᠲᠦᠪᠰᠢᠨ ᠳᠤ ᠬᠦᠷᠭᠡᠬᠦ︔ ︽ᠠᠮᠢ ᠠᠬᠤᠢ ᠶᠢᠨ ᠪᠠᠶᠢᠴᠠᠭᠠᠬᠤ ᠭᠤᠷᠪᠠᠨ ᠶᠡᠭᠡ ᠬᠠᠮᠵᠢᠯᠴᠠᠭ᠎ᠠ ᠶᠢᠨ ᠨᠢᠭᠡᠳᠦᠯᠲᠡᠢ ᠠᠵᠢᠯᠯᠠᠭ᠎ᠠ︾ ᠶᠢ ᠬᠡᠷᠬᠢᠨ ᠭᠦᠨᠵᠡᠭᠡᠶᠢᠷᠡᠭᠦᠯᠬᠦ ᠬᠡᠷᠡᠭᠲᠡᠢ︔ ᠰᠣᠶᠣᠯ ᠤᠨ ᠪᠠᠶᠢᠭᠤᠯᠤᠯᠲᠠ ᠶᠢ ᠬᠡᠷᠬᠢᠨ ᠥᠷᠨᠢᠭᠦᠯᠬᠦ ᠨᠢ ᠴᠥᠮ ᠲᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠪᠣᠯᠣᠨ᠎ᠠ᠃

   

 

    ᠬᠠᠮᠤᠭ ᠰᠡᠭᠦᠯ ᠳᠤ᠂ ᠯᠢ ᠶᠦᠩ ᠵᠢᠶᠦ᠋ᠨ ᠣᠯᠠᠨ ᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠷᠡᠯᠬᠡᠭᠯᠡᠨ ᠤᠷᠤᠭᠰᠢᠯᠠᠵᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠡᠷᠴᠢ ᠵᠣᠷᠢᠭ ᠢᠶᠠᠨ ᠦᠷᠭᠦᠯᠵᠢᠯᠡᠨ ᠪᠠᠲᠤᠯᠠᠵᠤ᠂ ︽ᠬᠤᠶᠠᠷ ᠵᠢᠯ ᠳᠤ ᠨᠢᠭᠡ  ᠳᠤᠮᠳᠠ ᠬᠤᠪᠢᠷᠠᠯᠲᠠ ᠭᠠᠷᠭᠠᠬᠤ︾ ᠬᠠᠷᠠᠯᠲᠠ ᠪᠠᠨ ᠲᠣᠭᠲᠠᠭᠠᠵᠤ᠂ ᠠᠯᠬᠤᠮ ᠵᠣᠷᠢᠭ ᠰᠠᠨᠠᠭ᠎ᠠ ᠪᠠᠨ ᠬᠥᠪᠴᠢᠯᠡᠵᠦ᠂ ᠠᠵᠢᠯ ᠤᠨ ᠠᠮᠵᠢᠯᠲᠠ ᠪᠠᠨ ᠳᠡᠭᠡᠭᠰᠢᠯᠡᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠥᠪᠥᠷ ᠮᠣᠩᠭᠤᠯ ᠤᠨ ᠪᠠᠶᠢᠴᠠᠭᠠᠬᠤ ᠠᠵᠢᠯ ᠤᠨ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ ᠭᠡᠵᠦ ᠵᠣᠷᠢᠭᠵᠢᠭᠤᠯᠪᠠ᠃

 

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro