ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠪᠡ

2024-05-11 15:05:28
ᠵᠣᠬᠢᠶᠠᠭᠴᠢ
ᠨᠠᠪᠴᠢ

 ᠶᠢᠩ ᠶᠦᠩ ᠄  ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ ᠬᠠᠤᠯᠢ ᠴᠠᠭᠠᠵᠠ ᠶᠢᠨ ᠬᠢᠨᠠᠯᠲᠠ ᠳᠤ ᠠᠩᠬᠠᠷᠤᠯ ᠢᠶᠠᠨ  ᠲᠦᠪᠯᠠᠷᠡᠭᠦᠯᠵᠦ᠂   ᠬᠠᠤᠯᠢ ᠪᠠᠷ ᠵᠠᠰᠠᠬᠤ ᠬᠦᠴᠦᠨ ᠢᠶᠠᠷ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ
     

《ᠥᠪᠥᠷ ᠮᠣᠩᠭᠣᠯ ᠪᠣᠯ ᠮᠠᠨ ᠤ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠴᠢᠬᠤᠯᠠ ᠪᠠᠶᠢᠳᠠᠭ᠃ ᠥᠪᠥᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠪᠣᠯᠤᠨ ᠨᠠᠮ ᠤᠨ ᠲᠥᠪ ᠬᠤᠷᠢᠶᠠᠨ ᠤ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︿ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ﹀ ᠶᠢ ᠶᠡᠭᠡ ᠪᠠᠷ ᠪᠠᠳᠠᠷᠠᠭᠤᠯᠵᠤ᠂ ᠨᠡᠩ ᠰᠢᠯᠢᠳᠡᠭ ᠠᠮᠵᠢᠯᠲᠠ ᠪᠠᠷ ᠢᠶᠠᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ︾᠃ 3 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠶᠢᠩ ᠶᠦᠩ  ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ᠂ ᠪᠠᠶᠢᠴᠠᠭᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠪᠠᠶᠢᠴᠠᠭᠠᠬᠤ ᠠᠵᠤ ᠠᠬᠤᠶᠢᠯᠠᠯ ᠢ ᠬᠠᠮᠠᠭᠠᠯᠠᠬᠤ︾᠂ ︽ᠠᠷᠠᠳ ᠤᠨ ᠠᠮᠢᠳᠤᠷᠠᠯ ᠢ ᠪᠠᠶᠢᠴᠠᠭᠠᠨ ᠬᠠᠮᠠᠭᠠᠯᠠᠬᠤ︾ ᠲᠤᠰᠬᠠᠶ ᠠᠵᠢᠯᠯᠠᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠦᠶᠯᠡᠴᠢᠯᠡᠵᠦ᠂ ᠥᠪᠥᠷ ᠮᠣᠩᠭᠤᠯ ᠤᠨ ᠭᠤᠷᠪᠠᠨ ᠱᠠᠲᠤᠨ ᠤ ᠪᠠᠶᠢᠴᠠᠭᠠᠬᠤ ᠪᠠᠶᠢᠭᠤᠯᠭ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃ 

︽ᠠᠷᠠᠳ ᠤᠨ ᠠᠮᠢᠳᠤᠷᠠᠯ ᠢ ᠪᠠᠶᠢᠴᠠᠭᠠᠨ ᠬᠠᠮᠠᠭᠠᠯᠠᠬᠤ︾ ᠳᠤ  ᠶᠠᠭᠤ ᠶᠠᠭᠤ ᠶᠢ ᠢᠯᠭᠠᠬᠤ ᠦᠭᠡᠢ ᠨᠢᠭᠡᠳᠭᠡᠨ ᠠᠳᠬᠤᠵᠦ ᠪᠤᠯᠬᠤ ᠦᠭᠡᠢ᠃ᠪᠤᠳᠠᠳᠠᠢ ᠲᠠᠢ ᠪᠠᠨ ᠤᠶᠠᠯᠳᠤᠭᠤᠯᠤᠨ᠂ ᠭᠤᠤᠯᠳᠠᠯᠭ᠎ᠠ ᠶᠢ  ᠲᠤᠪᠤᠶᠢᠯᠭᠠᠵᠤ᠂ ᠠᠷᠠᠳ ᠣᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠡᠨᠡᠬᠦ ᠰᠶᠢᠳᠪᠦᠷᠢᠯᠡᠬᠦ ᠬᠡᠷᠡᠭᠲᠡᠢ

 

 

ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠶᠢᠩ ᠶᠦᠩ  ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠬᠥᠬᠡᠬᠤᠲᠠ ᠶᠢᠨ ᠰᠢᠨ᠎ᠡ ᠬᠤᠳᠠ ᠲᠣᠭᠤᠷᠢᠭ ᠤᠨ ᠪᠠᠶᠢᠴᠠᠭᠠᠬᠤ ᠬᠤᠷᠢᠶ᠎ᠠ ᠳᠤ ᠬᠦᠷᠴᠦ᠂ ᠦᠨᠳᠦᠰᠦᠨ ᠱᠠᠲᠤᠨ ᠤ ᠪᠠᠶᠢᠴᠠᠭᠠᠬᠤ ᠬᠤᠷᠢᠶᠠᠨ ᠤ ︽ᠠᠷᠠᠳ ᠤᠨ ᠠᠮᠢᠳᠤᠷᠠᠯ ᠢ ᠪᠠᠶᠢᠴᠠᠭᠠᠨ ᠬᠠᠮᠠᠭᠠᠯᠠᠬᠤ︾ ᠲᠤᠰᠬᠠᠢ ᠠᠵᠢᠯᠯᠠᠭ᠎ᠠ ᠥᠷᠨᠢᠭᠦᠯᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃

ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠪᠣᠯ ︽ᠪᠥᠬᠦ ᠤᠯᠤᠰ ᠤᠨ ᠵᠢᠱᠢᠶᠡᠴᠢ ᠪᠠᠶᠢᠴᠠᠭᠠᠬᠤ ᠬᠤᠷᠢᠶ᠎ᠠ︾᠂ ︽ᠪᠥᠬᠦ ᠤᠯᠤᠰ ᠤᠨ ᠲᠡᠷᠢᠭᠦᠨ ᠤ ᠦᠨᠳᠦᠰᠦᠨ ᠱᠠᠲᠤᠨ ᠤ ᠪᠠᠶᠢᠴᠠᠭᠠᠬᠤ ᠬᠤᠷᠢᠶ᠎ᠠ︾ ᠪᠣᠯᠤᠨ᠎ᠠ᠃ ᠶᠢᠩ ᠶᠦᠩ ᠦᠨᠳᠦᠰᠦᠨ ᠱᠠᠲᠤᠨ ᠤ ᠪᠠᠶᠢᠴᠠᠭᠠᠬᠤ ᠬᠤᠷᠢᠶᠠᠨ ᠤ ᠠᠷᠠᠳ ᠤᠨ ᠠᠮᠢᠳᠤᠷᠠᠯ ᠢ ᠪᠠᠶᠢᠴᠠᠭᠠᠨ ᠬᠠᠮᠠᠭᠠᠯᠠᠬᠤ ᠲᠤᠰᠬᠠᠶ ᠠᠵᠢᠯᠯᠠᠭ᠎ᠠ ᠥᠷᠨᠢᠭᠦᠯᠬᠦ᠂ ᠬᠥᠩᠭᠡᠨ ᠶᠠᠯ᠎ᠠ ᠶᠢ ᠵᠠᠰᠠᠬᠤ᠂ ᠨᠠᠰᠤᠨ ᠳᠤ ᠦᠯᠦ ᠬᠦᠷᠦᠭᠰᠡᠳ ᠢ ᠪᠠᠶᠢᠴᠠᠭᠠᠬᠤ ᠵᠡᠷᠭᠡ ᠠᠵᠢᠯ ᠢ ᠭᠦᠨᠵᠡᠭᠡᠶ ᠪᠠᠶᠢᠴᠠᠭᠠᠨ ᠰᠤᠳᠤᠯᠪᠠ᠃ ᠶᠦᠩ ᠶᠦᠩ ᠴᠢᠬᠤᠯᠠᠴᠢᠯᠠᠭᠰᠠᠨ ᠨᠢ᠂ ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠃ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠨᠠᠮ ᠤᠨ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ ᠦᠨᠳᠦᠷᠴᠡ ᠠᠴᠠ ︽ᠠᠷᠠᠳ ᠤᠨ ᠠᠮᠢᠳᠤᠷᠠᠯ ᠢ ᠪᠠᠶᠢᠴᠠᠭᠠᠨ ᠬᠠᠮᠠᠭᠠᠯᠠᠬᠤ︾ ᠲᠤᠰᠬᠠᠢ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ︽ᠠᠷᠠᠳ ᠤᠨ ᠠᠮᠢᠳᠤᠷᠠᠯ ᠢ ᠪᠠᠶᠢᠴᠠᠭᠠᠬᠤ︾ ᠠᠵᠢᠯ ᠢᠶᠠᠭᠤ ᠶᠠᠭᠤ ᠶᠢ ᠢᠯᠭᠠᠬᠤ ᠦᠭᠡᠢ ᠨᠢᠭᠡ ᠯᠡ ᠠᠳᠬᠤᠵᠤ ᠪᠣᠯᠬᠤ ᠦᠭᠡᠢ᠂ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠭᠤᠣᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠬᠦᠷᠢᠶ᠎ᠡ ᠶᠢ ᠲᠤᠪᠤᠶᠢᠯᠭᠠᠨ᠂ ᠠᠷᠠᠳ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ᠂ ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ᠂ ᠨᠡᠶᠢᠭᠡᠮ ᠤᠨ ᠨᠡᠶᠢᠲᠡ ᠶᠢᠨ ᠠᠰᠢᠭ  ᠢ ᠬᠦᠨᠳᠦ ᠨᠣᠴᠢᠲᠠᠢ ᠬᠤᠬᠢᠷᠠᠭᠤᠯᠤᠭᠰᠠᠨ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠡᠯ᠎ᠡ ᠵᠦᠢᠯ ᠤᠨ ᠪᠠᠶᠢᠴᠠᠭᠠᠬᠤ ᠡᠭᠦᠷᠭᠡ ᠴᠢᠳᠠᠪᠬᠢ ᠶᠢ ᠶᠡᠷᠦᠩᠬᠡᠶᠢᠯᠡᠨ ᠬᠡᠷᠡᠭᠯᠡᠵᠦ᠂ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠲᠠᠢ ᠬᠠᠮᠵᠢᠯᠴᠠᠨ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ 《 ᠰᠣᠭᠲᠣᠭᠤ ᠪᠠᠷ ᠲᠡᠷᠭᠡ ᠵᠢᠯᠣᠭᠣᠳᠬᠤ》 ᠪᠣᠯ  ᠨᠡᠢᠲᠡᠯᠢᠭ ᠬᠥᠩᠭᠡᠨ  ᠬᠡᠷᠡᠭ ᠤᠨ  ᠵᠢᠱᠢᠶ᠎ᠠ  ᠮᠦᠨ᠃ ᠪᠠᠶᠢᠴᠠᠭᠠᠬᠤ ᠪᠠᠶᠢᠭᠤᠯᠭ᠎ᠠ ᠨᠢ ᠤᠯᠤᠰ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠᠶᠢᠭᠤᠯᠭ᠎ᠠ ᠪᠠ ᠤᠯᠤᠰ ᠤᠨ ᠬᠠᠤᠯᠢ ᠴᠠᠭᠠᠵᠠ ᠶᠢᠨ ᠨᠢᠭᠡᠳᠦᠯᠲᠡᠢ ᠵᠥᠪ ᠬᠡᠷᠡᠭᠵᠢᠭᠦᠯᠬᠦ ᠶᠢ ᠪᠠᠲᠤᠯᠠᠬᠤ ᠬᠠᠤᠯᠢ ᠴᠠᠭᠠᠵᠠ ᠶᠢᠨ ᠪᠠᠶᠢᠭᠤᠯᠭ᠎ᠠ ᠪᠣᠯᠤᠭᠰᠠᠨ ᠤ ᠬᠤᠪᠢ ᠳᠤ᠂ ︽ᠬᠤᠶᠠᠷ ᠳᠡᠭᠡᠳᠦ ᠬᠤᠶᠠᠷ  ᠶᠠᠮᠤᠨ︾  ᠤ ᠰᠣᠭᠲᠣᠭᠤ ᠪᠠᠷ ᠲᠡᠷᠭᠡ ᠵᠢᠯᠣᠭᠤᠳᠬᠤ ᠶᠢ ᠵᠠᠰᠠᠬᠤ ᠲᠤᠬᠠᠢ ᠰᠠᠨᠠᠯ ᠢ ᠴᠢᠩᠭ᠎ᠠ ᠬᠡᠷᠡᠭᠵᠢᠭᠦᠯᠬᠦ ᠮᠥᠷᠲᠡᠭᠡᠨ ᠪᠠᠰᠠ ᠪᠤᠰᠤᠳ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠴᠢᠩᠭ᠎ᠠ ᠵᠢᠷᠤᠮᠵᠢᠭᠤᠨ ᠬᠡᠷᠡᠭᠵᠢᠭᠦᠯᠦᠯᠲᠡ ᠳᠤ ᠬᠦᠴᠦᠲᠡᠢ ᠬᠢᠨᠠᠯᠲᠠ ᠲᠠᠯᠪᠢᠵᠤ᠂ ᠤᠯᠤᠰ ᠤᠨ ᠬᠠᠤᠯᠢ ᠲᠦᠷᠢᠮ ᠤᠨ ᠨᠢᠭᠡᠳᠦᠯ ᠢ ᠦᠨᠡᠨ ᠬᠦ ᠬᠠᠮᠠᠭᠠᠯᠠᠬᠤ ᠬᠡᠷᠡᠭᠲᠡᠢ᠃ ᠰᠣᠭᠲᠣᠭᠤ ᠪᠠᠷ ᠲᠡᠷᠭᠡ ᠵᠢᠯᠣᠭᠤᠳᠬᠤ ᠶᠢ ᠵᠠᠰᠠᠭᠰᠠᠨ ᠲᠤᠷᠰᠢᠯᠭ᠎ᠠ ᠪᠠᠷ ᠲᠤᠯᠢ ᠪᠣᠯᠭᠠᠵᠤ᠂ ᠬᠦᠩᠭᠡᠨ ᠶᠠᠯ᠎ᠠ ᠶᠢ ᠵᠠᠰᠠᠬᠤ ᠰᠢᠰᠲ᠋ᠧᠮ ᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠨᠡᠩ ᠤᠯᠠᠨ ᠬᠦᠩᠭᠡᠨ ᠶᠠᠯᠠᠲᠤ ᠬᠡᠷᠡᠭ ᠢ ᠰᠢᠰᠲ᠋ᠧᠮᠵᠢᠭᠦᠯᠦᠨ ᠪᠦᠲᠦᠮᠵᠢᠲᠡᠢ ᠵᠠᠰᠠᠬᠤ ᠶᠢ ᠪᠡᠶᠡᠯᠡᠭᠦᠯᠬᠦ ᠬᠡᠷᠡᠭᠲᠡᠢ᠃ ᠬᠠᠤᠯᠢ ᠶᠢ ᠴᠢᠩᠭ᠎ᠠ ᠵᠢᠷᠤᠮᠯᠠᠨ ᠬᠡᠷᠡᠭ ᠰᠢᠢᠳᠪᠦᠷᠢᠯᠡᠬᠦ᠂ ᠲᠥᠪ ᠭᠤᠣᠯᠴᠢ ᠪᠠᠷ ᠬᠠᠤᠯᠢ ᠪᠠᠷᠢᠬᠤ ᠤᠷᠢᠲᠠᠯ ᠳᠣᠣᠷ᠎ᠠ᠂ ᠬᠡᠷᠡᠭ ᠤᠨ ᠶᠠᠷᠰᠢᠭ ᠲᠦᠪᠡᠭ ᠢ ᠰᠠᠯᠭᠠᠬᠤ᠂ ᠬᠦᠨᠳᠦ ᠬᠥᠩᠭᠡᠨ ᠢ ᠰᠠᠯᠭᠠᠬᠤ᠂ ᠲᠦᠷᠭᠡᠨ ᠤᠳᠠᠭᠠᠨ ᠴᠢᠨᠠᠷᠲᠠᠢ ᠤᠴᠢᠷ ᠶᠠᠪᠤᠳᠠᠯ ᠢ ᠰᠦᠪᠡᠭᠴᠢᠯᠡᠨ ᠠᠬᠢᠭᠤᠯᠵᠤ᠂ ᠶᠠᠷᠰᠢᠭ ᠲᠦᠪᠡᠭ ᠢ ᠲᠦᠷᠭᠡᠨ ᠰᠢᠢᠳᠪᠦᠷᠢᠯᠡᠵᠦ᠂ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠣᠨᠣᠪᠴᠢᠲᠠᠶ ᠣᠶᠢᠯᠠᠭᠠᠵᠤ᠂ ᠨᠠᠰᠤᠨ ᠳᠤ ᠥᠯᠥ ᠭᠦᠷᠦᠭᠰᠡᠳ ᠲᠤ ᠬᠠᠯᠳᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠᠷ ᠪᠠᠷᠠᠬᠤ ᠥᠬᠡᠶ ᠪᠠᠰᠠ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠤᠷᠢᠳᠴᠢᠯᠠᠨ ᠰᠡᠷᠭᠡᠶᠢᠯᠡᠬᠦ ᠪᠣᠯ ᠳᠠᠷᠤᠢ ᠬᠠᠮᠠᠭᠠᠯᠠᠬᠤ ᠶᠠᠪᠤᠳᠠᠯ ᠮᠥᠨ᠂ ᠵᠠᠰᠠᠬᠤ ᠪᠣᠯ ᠪᠠᠰᠠ ᠠᠪᠤᠷᠠᠬᠤ ᠶᠠᠪᠤᠳᠠᠯ ᠮᠥᠨ᠃

 

ᠬᠠᠤᠯᠢ ᠪᠠᠷ ᠵᠠᠰᠠᠬᠤ ᠪᠣᠯ ᠬᠤᠳᠠᠯᠳᠤᠭ᠎ᠠ ᠡᠵᠡᠩᠨᠡᠬᠦ ᠬᠠᠮᠤᠭ ᠤᠨ ᠰᠠᠶᠢᠨ ᠣᠷᠴᠢᠨ ᠨᠥᠬᠦᠴᠡᠯ ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠪᠤᠢ ᠪᠣᠯᠭᠠᠬᠤ  ᠨᠢ ᠵᠥᠪᠬᠡᠨ ᠦᠷᠭᠦᠯᠵᠢᠯᠡᠬᠦ ᠬᠡᠯᠪᠡᠷᠢ ᠲᠠᠢ

 

 

ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠶᠢᠩ ᠶᠦᠩ  ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠬᠦᠷᠴᠦ᠂ ︽ᠪᠠᠶᠢᠴᠠᠭᠠᠬᠤ ᠠᠵᠤ ᠠᠬᠤᠶᠢᠯᠠᠯ ᠢ ᠬᠠᠮᠠᠭᠠᠯᠠᠬᠤ︾ ᠶᠢ ᠪᠠᠶᠢᠴᠠᠭᠠᠨ ᠰᠤᠳᠤᠯᠵᠤ᠂  ᠬᠠᠥᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠤ ᠪᠠᠶᠢᠭᠤᠯᠤᠯᠲᠠ ᠶᠢᠨ ᠠᠵᠢᠯ ᠢ ᠴᠢᠩᠭᠠᠳᠬᠠᠪᠠ᠃

ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ᠂ ᠠᠵᠤ ᠠᠬᠤᠶᠢᠯᠠᠯ ᠢ ᠬᠠᠮᠠᠭᠠᠯᠠᠬᠤ ᠠᠵᠢᠯ ᠢ ᠵᠣᠷᠢᠭᠲᠠᠢ ᠪᠠᠷ ᠪᠠᠶᠢᠴᠠᠭᠠᠨ ᠰᠤᠳᠤᠯᠵᠤ᠂  ᠬᠠᠥᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠤ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠤ ᠠᠬᠤᠶᠢᠯᠠᠯ ᠤᠨ ᠳᠦᠷᠢᠮ  ᠶᠢ ᠳᠦᠷᠢᠮ ᠳᠦ ᠨᠡᠶᠢᠴᠡᠭᠦᠯᠬᠦ ᠪᠣᠯ《 ᠠᠵᠤ ᠠᠬᠤᠶᠢᠯᠠᠯ ᠢ ᠬᠠᠮᠠᠭᠠᠯᠠᠬᠤ》 ᠴᠢᠬᠤᠯᠠ ᠲᠠᠯ᠎ᠠ ᠪᠣᠯᠣᠨ᠎ᠠ ᠃ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠷᠡᠭ ᠲᠤ ᠬᠤᠯᠪᠣᠭᠳᠠᠭᠰᠠᠨ ᠶᠠᠯ᠎ᠠ ᠶᠢᠨ ᠨᠡᠷ᠎ᠡ᠂ ᠶᠠᠯ᠎ᠠ ᠬᠢᠭᠰᠡᠨ ᠪᠠᠶᠢᠳᠠᠯ᠂ ᠬᠡᠷᠡᠭ ᠲᠤ ᠬᠤᠯᠪᠣᠭᠳᠠᠭᠰᠠᠨ ᠬᠥᠮᠦᠰ ᠤᠨ ᠪᠡᠶ᠎ᠡ ᠭᠠᠷᠤᠯ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠦᠵᠡᠭᠦᠯᠦᠭᠰᠡᠨ ᠨᠥᠯᠥᠭᠡ ᠵᠡᠷᠭᠡ ᠶᠢ ᠠᠩᠬᠠᠷᠴᠤ᠂ ᠬᠡᠷᠡᠭᠯᠡᠬᠦ ᠬᠡᠪᠴᠢᠶ᠎ᠡ᠂ ᠪᠠᠷᠢᠮᠵᠢᠶ᠎ᠠ ᠪᠠ ᠲᠡᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠣᠭᠲᠠᠭᠠᠯ ᠳᠤ ᠨᠡᠶᠢᠴᠡᠬᠦ ᠴᠢᠬᠤᠯᠠ ᠴᠢᠨᠠᠷ᠂ ᠲᠣᠭᠲᠠᠭᠠᠯ ᠳᠤ ᠨᠡᠶᠢᠴᠡᠬᠦ ᠥᠪᠡᠷ ᠤᠨ ᠦᠷᠳᠡᠭ᠂ ᠦᠷ᠎ᠡ ᠪᠦᠲᠦᠮᠵᠢ ᠵᠡᠷᠭᠡ ᠶᠢ ᠶᠡᠷᠦᠩᠬᠡᠶᠢᠯᠡᠨ ᠪᠣᠳᠣᠯᠬᠢᠯᠠᠵᠤ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠢ ᠦᠨᠡᠨ ᠪᠣᠳᠠᠲᠠᠢ ᠪᠠᠷ ᠬᠠᠪᠰᠤᠷᠤᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠤᠯᠠᠨ ᠠᠵᠤ ᠠᠬᠤᠶᠢᠯᠠᠯ ᠢ ᠬᠠᠤᠯᠢ ᠲᠣᠭᠲᠠᠭᠠᠯ ᠳᠤ ᠨᠡᠶᠢᠴᠡᠭᠦᠯᠦᠨ ︽ᠠᠮᠢᠯᠠᠭᠤᠯᠵᠤ᠂ ᠦᠯᠡᠳᠡᠭᠡᠵᠦ᠂ ᠬᠥᠭᠵᠢᠭᠦᠯᠬᠦ︾ ᠬᠡᠷᠡᠭᠲᠡᠢ᠃ ︽ᠪᠠᠶᠢᠴᠠᠭᠠᠬᠤ ᠠᠵᠤ ᠠᠬᠤᠶᠢᠯᠠᠯ ᠢ ᠬᠠᠮᠠᠭᠠᠯᠠᠬᠤ︾ ᠨᠢ ᠴᠦ ᠠᠷᠭ᠎ᠠ ᠬᠡᠯᠪᠡᠷᠢ ᠶᠢ ᠡᠷᠬᠢᠮᠯᠡᠵᠦ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠦᠵᠡᠭᠦᠯᠬᠦ ᠨᠥᠯᠥᠭᠡ ᠶᠢ ᠪᠠᠭᠠᠰᠬᠠᠵᠤ᠂ ᠳᠠᠭᠤᠳᠠᠪᠠᠯ ᠠᠷᠭᠠᠴᠠᠭᠠᠵᠤ᠂ ᠤᠴᠢᠷ ᠦᠭᠡᠢ ᠪᠣᠯ ᠬᠠᠷᠰᠢᠯᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃

 

ᠬᠡᠷᠡᠭ ᠨᠢᠭᠡᠪᠦᠷᠢ ᠶᠢ ᠴᠢᠨᠠᠷ ᠰᠠᠶᠢᠲᠠᠢ ᠦᠷ᠎ᠡ ᠦᠷ᠎ᠡ ᠪᠦᠲᠦᠮᠵᠢᠲᠠᠢ ᠰᠠᠶᠢᠲᠤᠷ ᠰᠢᠢᠳᠪᠦᠷᠢᠯᠡᠨ᠎ᠡ ᠂ ᠡᠭᠦᠨ ᠤ ᠭᠤᠤᠯᠳᠠᠯᠭ᠎ᠠ ᠨᠢ《 ᠴᠢᠨᠠᠷ ᠴᠢᠨᠰᠠᠭ᠎ᠠ ᠦᠷ᠎ᠡ ᠪᠦᠳᠦᠮᠵᠢ 》 ᠶᠢ ᠡᠷᠬᠢᠮᠯᠡᠵᠦ᠂ ᠬᠦᠴᠢᠷ ᠨᠢ《 ᠬᠡᠷᠡᠭ ᠨᠢᠭᠡ ᠪᠦᠷᠢ ︾ ᠪᠠᠶᠢᠵᠤ᠂ ᠰᠠᠭᠤᠷᠢ ᠪᠤᠯᠤᠨ ᠬᠦᠴᠦᠯᠡᠬᠦ ᠴᠡᠭ ᠨᠢ ᠴᠤ《 ᠬᠡᠷᠡᠭ ᠨᠢᠭᠡ ᠪᠦᠷᠢ 》 ᠳᠤ ᠪᠤᠢ    

   

 

     ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠶᠢᠩ ᠶᠦᠩ  ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠬᠥᠬᠡᠬᠤᠲᠠ ᠶᠢᠨ ᠪᠠᠶᠢᠴᠠᠭᠠᠬᠤ ᠬᠤᠷᠢᠶ᠎ᠠ ᠳᠤ ᠬᠦᠷᠴᠦ᠂ ᠴᠢᠨᠠᠷ ᠰᠠᠶᠢᠲᠠᠢ ᠦᠷ᠎ᠡ  ᠪᠦᠲᠦᠮᠵᠢᠲᠠᠢ ᠪᠠᠷ ᠬᠡᠷᠡᠭ ᠰᠢᠢᠳᠪᠦᠷᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃  

    ᠬᠥᠬᠡᠬᠤᠲᠠ ᠶᠢᠨ ᠪᠠᠶᠢᠴᠠᠭᠠᠬᠤ ᠬᠤᠷᠢᠶ᠎ᠠ ᠳᠤ᠂ ᠶᠢᠩ ᠶᠦᠩ ᠴᠢᠨᠠᠷ ᠰᠠᠶᠢᠲᠠᠢ ᠦᠷ᠎ᠡ ᠪᠦᠲᠦᠮᠵᠢ ᠲᠠᠢ ᠬᠡᠷᠡᠭ ᠰᠢᠢᠳᠪᠦᠷᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃ ︽ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠬᠤ︾ ᠪᠣᠯ ᠰᠢ ᠶᠢᠨ ᠫᠢᠩ ᠤᠨ  ᠬᠠᠦᠯᠢ ᠪᠠᠷ ᠵᠠᠰᠠᠬᠤ ᠦᠵᠡᠯ ᠰᠠᠨᠠᠭᠠᠨ ᠤ ᠲᠥᠪ ᠭᠤᠣᠯᠴᠢ ᠪᠠᠷ ᠬᠠᠤᠯᠢ ᠪᠠᠷᠢᠬᠤ ᠲᠤᠬᠠᠢ ᠵᠠᠷᠴᠢᠮᠲᠤ ᠴᠢᠨᠠᠷ᠂ ᠰᠠᠭᠤᠷᠢ ᠴᠢᠨᠠᠷᠲᠠᠢ ᠱᠠᠭᠠᠷᠳᠠᠯᠭ᠎ᠠ ᠮᠥᠨ᠂ ᠪᠠᠰᠠ ᠴᠤ ᠶᠡᠷᠦᠩᠬᠡᠢ ᠱᠦᠵᠢ ᠰᠢ ᠶᠢᠨ ᠫᠢᠩ ᠤᠨ ᠬᠠᠤᠯᠢ ᠴᠠᠭᠠᠵᠠ ᠶᠢᠨ ᠪᠠᠶᠢᠭᠤᠯᠭ᠎ᠠ ᠳᠤ ᠲᠤᠰᠢᠶᠠᠭᠰᠠᠨ ︽ᠵᠠᠪᠠᠯ ᠬᠠᠷᠢᠭᠤᠯᠬᠤ ᠰᠡᠳᠦᠪ︾ ᠮᠥᠨ᠃ ᠪᠠᠶᠢᠴᠠᠭᠠᠬᠤ ᠪᠠᠶᠢᠭᠤᠯᠭ᠎ᠠ ᠶᠢᠨ ᠬᠢᠨ ︽ᠬᠡᠷᠡᠭ ᠨᠢᠭᠡᠪᠦᠷᠢ ᠶᠢ ᠴᠢᠨᠠᠷ ᠰᠠᠶᠢᠲᠠᠢ ᠦᠷ᠎ᠡ ᠪᠦᠲᠦᠮᠵᠢ ᠲᠠᠢ ᠪᠠᠷ ᠰᠠᠶᠢᠲᠤᠷ ᠰᠢᠢᠳᠪᠦᠷᠢᠯᠡᠬᠦ︾ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠬᠡᠷᠡᠭ ᠰᠢᠢᠳᠪᠦᠷᠢᠯᠡᠬᠦ ᠦᠨᠳᠦᠰᠦᠨ ᠦᠷᠳᠡᠭ ᠤᠨ ᠬᠥᠭᠡᠭᠡᠴᠡᠯᠳᠦᠯ ᠪᠣᠯᠭᠠᠵᠤ᠂ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠪᠣᠳᠠᠲᠠᠢ ᠬᠢᠵᠦ᠂ ︽ᠵᠠᠪᠠᠯ ᠬᠠᠷᠢᠭᠤᠯᠬᠤ ᠰᠡᠳᠦᠪ︾ ᠢ ᠪᠠᠶᠢᠴᠠᠭᠠᠬᠤ ᠠᠵᠢᠯ ᠤᠨ ᠬᠠᠷᠢᠭᠤᠯᠲᠠ ᠶᠢᠨ ᠬᠠᠭᠤᠳᠠᠰᠤ ᠶᠢ ᠦᠷᠭᠦᠯᠵᠢᠯᠡᠨ ᠰᠠᠶᠢᠲᠤᠷ ᠲᠤᠰᠢᠶᠠᠬᠤ ᠬᠡᠷᠡᠭᠲᠡᠢ᠃ ︽ᠬᠡᠷᠡᠭ ᠪᠣᠯᠭᠠᠨ ᠢ ᠴᠢᠨᠠᠷ ᠰᠠᠶᠢᠲᠠᠢ ᠦᠷ᠎ᠡ ᠪᠦᠲᠦᠮᠵᠢᠲᠡᠢ ᠪᠠᠷ ᠰᠠᠶᠢᠲᠤᠷ  ᠰᠢᠢᠳᠪᠦᠷᠢᠯᠡᠬᠦ  ᠨᠢ ᠲᠡᠶᠢᠮᠦ ᠬᠢᠯᠪᠠᠷ ᠪᠢᠰᠢ ᠶᠤᠮ᠂ ᠭᠡᠪᠡᠴᠦ ᠡᠷᠬᠡᠪᠰᠢ  ᠡᠩᠨᠡᠬᠦ ᠴᠢᠭᠯᠡᠯ ᠢᠶᠠᠷ ᠴᠥᠬᠦᠷᠡᠰᠢ ᠦᠭᠡᠢ ᠴᠢᠷᠮᠠᠶᠢᠬᠤ ᠬᠡᠷᠡᠭᠲᠡᠢ᠃ ᠬᠡᠷᠡᠭ ᠨᠢᠭᠡᠪᠦᠷᠢ ᠶᠢ ᠴᠢᠨᠠᠷ ᠰᠠᠶᠢᠲᠠᠢ ᠪᠥᠭᠡᠳ ᠥᠨᠳᠥᠷ ᠶᠠᠰᠤ ᠴᠢᠨᠠᠷ ᠦᠷ᠎ᠡ ᠠᠰᠢᠭ ᠲᠠᠢ  ᠪᠠᠷ ᠰᠠᠶᠢᠲᠤᠷ  ᠰᠢᠢᠳᠪᠦᠷᠢᠯᠡᠬᠦ  ᠨᠢ ︽ ᠴᠢᠨᠠᠷ ᠰᠠᠶᠢᠲᠠᠢ ᠦᠷ᠎ᠡ ᠪᠦᠲᠦᠮᠵᠢᠲᠠᠢ︾ ᠪᠠᠷ ᠭᠤᠣᠯᠳᠠᠯᠭ᠎ᠠ ᠪᠣᠯᠭᠠᠵᠤ᠂  ᠬᠦᠴᠢᠷ ᠨᠢ︽ ᠬᠡᠷᠡᠭ ᠨᠢᠭᠡᠪᠦᠷᠢ︾ ᠳᠤ ᠪᠠᠶᠢᠵᠤ᠂ ᠰᠠᠭᠤᠷᠢ ᠪᠠ ᠬᠦᠴᠦᠯᠡᠬᠦ ᠴᠡᠭ ᠨᠢ ᠴᠦ ︽ ᠬᠡᠷᠡᠭ ᠨᠢᠭᠡᠪᠦᠷᠢ︾ ᠳᠤ ᠪᠠᠶᠢᠨ᠎ᠠ᠃ ᠬᠡᠷᠡᠭ  ᠨᠢᠭᠡᠪᠦᠷᠢ ᠴᠥᠮ  ᠶᠠᠰᠤ ᠴᠢᠨᠠᠷ ᠦᠷ᠎ᠡ ᠪᠦᠲᠦᠮᠵᠢ ᠣᠯᠪᠠᠯ ᠰᠠᠶ᠋ᠢ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠤᠨ ᠪᠦᠬᠦᠯᠢ ᠴᠣᠭᠴᠠ ᠶᠢᠨ ᠴᠢᠨᠠᠷ ᠰᠠᠶᠢᠲᠠᠢ ᠦᠷ᠎ᠡ ᠪᠦᠲᠦᠮᠵᠢᠲᠠᠢ  ᠪᠠᠶᠢᠬᠤ  ᠶᠢ ᠪᠡᠶᠡᠯᠡᠭᠦᠯᠵᠦ ᠴᠢᠳᠠᠨ᠎ᠠ ︔ ᠪᠠᠶᠢᠴᠠᠭᠠᠬᠤ ᠲᠤᠰᠢᠶᠠᠯᠲᠠᠨ ᠨᠢᠭᠡᠪᠦᠷᠢ ᠴᠥᠮ ︽ᠬᠡᠷᠡᠭ ᠨᠢᠭᠡ ᠪᠦᠷᠢ ᠶᠢ ᠴᠢᠨᠠᠷ ᠰᠠᠶᠢᠲᠠᠢ ᠦᠷ᠎ᠡ ᠪᠦᠲᠦᠮᠵᠢᠲᠡᠢ ᠪᠠᠷ ᠰᠠᠶᠢᠲᠤᠷ  ᠰᠢᠢᠳᠪᠦᠷᠢᠯᠡᠬᠦ︾ ᠨᠢᠭᠡᠳᠦᠭᠡᠷ ᠬᠠᠷᠢᠭᠤᠴᠠᠯᠭᠠᠲᠠᠨ  ᠪᠣᠯᠪᠠᠯ ᠰᠠᠶ᠋ᠢ ᠠᠷᠠᠳ ᠣᠯᠠᠨ ᠳᠤ ᠬᠠᠤᠯᠢ ᠴᠠᠭᠠᠵᠠ ᠶᠢᠨ ᠬᠡᠷᠡᠭ ᠨᠢᠭᠡ ᠪᠦᠷᠢ ᠶᠢᠨ ᠳᠤᠮᠳᠠ ᠠᠴᠠ ᠲᠥᠪ ᠭᠤᠣᠯᠴᠢ ᠰᠢᠳᠤᠷᠭᠤ ᠶᠣᠰᠣ ᠶᠢ ᠦᠨᠡᠨ ᠬᠦ ᠮᠡᠳᠡᠷᠡᠭᠦᠯᠵᠦ ᠴᠢᠳᠠᠨ᠎ᠠ᠃

 

︽ᠤᠯᠤᠰ ᠤᠨ ᠶᠡᠭᠡ ᠶᠠᠪᠤᠳᠠᠯ︾ ᠢ ᠪᠠᠲᠤ  ᠴᠡᠭᠡᠵᠢᠯᠠᠵᠦ᠂ ᠡᠬᠡ ᠤᠯᠤᠰ ᠤᠨ ᠤᠮᠠᠷᠠᠲᠤ ᠬᠢᠯᠢ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠬᠡᠷᠡᠮ ᠢ ᠬᠠᠮᠲᠤ ᠪᠠᠷ ᠴᠣᠭᠴᠠᠯᠠᠶ᠎ᠠ

 

 

ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠶᠢᠩ ᠶᠦᠩ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ  ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃

ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠢ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ ᠭᠡᠵᠦ ᠱᠠᠭᠠᠷᠳᠠᠭᠰᠠᠨ ︽ᠤᠯᠤᠰ ᠤᠨ ᠶᠡᠭᠡ ᠶᠠᠪᠤᠳᠠᠯ︾ ᠪᠣᠯᠤᠨ᠎ᠠ᠃ ᠶᠢᠩ ᠶᠦᠩ ᠲᠣᠭᠲᠠᠬᠤ ᠰᠢᠶᠠᠨ᠂ ᠬᠥᠬᠡᠬᠤᠲᠠ ᠶᠢᠨ ᠰᠢᠨ᠎ᠡ ᠬᠤᠳᠠ ᠲᠣᠭᠤᠷᠢᠭ ᠤᠨ ᠪᠠᠶᠢᠴᠠᠭᠠᠬᠤ ᠬᠤᠷᠢᠶ᠎ᠠ ᠵᠡᠷᠭᠡ ᠳᠤ ᠭᠦᠨᠵᠡᠭᠡᠶᠢᠷᠡᠵᠦ᠂ ᠪᠠᠶᠢᠴᠠᠭᠠᠬᠤ ᠪᠠᠶᠢᠭᠤᠯᠭ᠎ᠠ ᠶᠢᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠪᠠᠲᠤᠯᠠᠬᠤ᠂  ᠲᠠᠯ᠎ᠠ ᠨᠤᠲᠤᠭ ᠤᠨ ᠠᠮᠢ ᠠᠬᠤᠢ ᠶᠢ ᠰᠡᠷᠭᠦᠭᠡᠨ ᠵᠠᠰᠠᠬᠤ ᠶᠢ ᠠᠬᠢᠭᠤᠯᠬᠤ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠥᠪᠥᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠶᠢᠨ ᠬᠢᠨ ︽ᠤᠯᠤᠰ ᠤᠨ ᠶᠡᠭᠡ ᠶᠠᠪᠤᠳᠠᠯ︾᠎ ᠢ ᠴᠠᠭ ᠢᠮᠠᠭᠲᠠ ᠪᠠᠲᠤ ᠴᠡᠭᠡᠵᠢᠯᠡᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ  ᠤᠰᠤ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠴᠠᠭᠠᠬᠤ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠵᠦ᠂ ᠬᠠᠮᠵᠢᠯᠴᠠᠨ ᠬᠠᠮᠲᠤ ᠪᠠᠷ ᠵᠠᠰᠠᠬᠤ ᠶᠢ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠬᠠᠮᠲᠤ ᠪᠠᠷ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

 

ᠪᠦᠲᠦᠮᠵᠢᠲᠡᠢ ᠬᠢᠨᠠᠯᠲᠠ ᠶᠢ  ᠴᠢᠩᠭᠠᠳᠬᠠᠵᠤ᠂ ︽ᠴᠠᠭᠠᠰᠤᠨ ᠳᠡᠭᠡᠷ᠎ᠡ ᠡᠷᠡᠭᠦᠦ  ᠭᠦᠢᠴᠡᠳᠬᠡᠬᠦ︾᠂ ︽ᠵᠣᠭᠤᠰ ᠭᠠᠷᠭᠠᠵᠤ ᠭᠢᠨᠳᠠᠨ ᠠᠴᠠ ᠭᠠᠷᠬᠤ︾ ᠶᠢ ᠰᠡᠷᠭᠡᠶᠢᠯᠡᠨ ᠬᠤᠷᠢᠭᠯᠠᠬᠤ ᠮᠥᠷᠲᠡᠭᠡᠨ  ᠬᠠᠰᠤᠬᠤ ᠶᠤᠰᠤᠲᠠᠢ ᠶᠢ ᠨᠢ ᠬᠠᠰᠤᠬᠤ ᠦᠭᠡᠢ᠂  ᠲᠠᠯᠪᠢᠬᠤ ᠶᠣᠰᠤᠲᠠᠢ ᠶᠢ  ᠲᠠᠯᠪᠢᠬᠤ ᠦᠭᠡᠢ ᠪᠠᠶᠢᠬᠤ ᠶᠢ ᠰᠡᠷᠭᠡᠶᠢᠯᠡᠨ᠎ᠡ

 

    

ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠶᠢᠩ ᠶᠦᠩ  ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠪᠠᠭ᠎ᠠ ᠲᠦᠷᠭᠡᠨ ᠭᠤᠣᠯ ᠣᠷᠣᠨ ᠤ ᠪᠠᠶᠢᠴᠠᠭᠠᠬᠤ ᠬᠤᠷᠢᠶᠠᠨ ᠳᠤ ᠬᠦᠷᠴᠦ ᠡᠷᠡᠭᠦᠦ ᠶᠢᠨ ᠬᠡᠷᠡᠭ ᠢ ᠭᠦᠢᠴᠡᠳᠬᠡᠬᠦ ᠪᠠᠶᠢᠴᠠᠭᠠᠬᠤ ᠠᠵᠢᠯ ᠢ ᠪᠠᠶᠢᠴᠠᠭᠠᠨ ᠰᠤᠳᠤᠯᠪᠠ᠃

ᠪᠠᠭ᠎ᠠ ᠲᠦᠷᠭᠡᠨ ᠭᠤᠤᠯ ᠤᠷᠤᠨ ᠤ ᠪᠠᠶᠢᠴᠠᠭᠠᠬᠤ ᠬᠤᠷᠢᠶ᠎ᠠ ᠪᠤᠯ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠲᠤᠮᠢᠯᠠᠬᠰᠠᠨ ᠬᠤᠷᠢᠶ᠎ᠠ ᠪᠤᠯᠤᠨ᠎ᠠ᠂ 6 ᠬᠢᠨᠳᠠᠨ᠂ 1 ᠨᠠᠰᠤᠨ ᠳᠤ ᠦᠯᠦ ᠬᠦᠷᠦᠭᠰᠡᠨ ᠶᠠᠯᠠᠳᠠᠨ ᠢ ᠵᠠᠬᠢᠷᠤᠨ ᠰᠤᠷᠭᠠᠬᠤ ᠭᠠᠵᠠᠷ ᠵᠡᠷᠭᠡ ᠡᠷᠡᠭᠦᠤ  ᠰᠢᠳᠭᠡᠯ ᠢ ᠬᠦᠢᠴᠡᠳᠭᠡᠬᠦ ᠪᠠ ᠬᠢᠨᠠᠨ ᠬᠠᠮᠢᠶᠠᠷᠬᠤ ᠲᠠᠯᠠᠪᠤᠷ ᠭᠠᠵᠠᠷ ᠤᠨ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠠᠵᠢᠯ ᠢ ᠬᠠᠷᠢᠭᠤᠴᠠᠨ᠎ᠠ᠃ ᠲᠤᠰ ᠬᠤᠷᠢᠶᠠᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠶᠢᠩ ᠶᠦᠩ ᠴᠢᠬᠤᠯᠠᠴᠢᠯᠠᠭᠰᠠᠨ ᠨᠢ᠂ ᠡᠷᠡᠭᠦᠦ ᠶᠢᠨ ᠬᠡᠷᠡᠭ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠣᠯ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠴᠢᠬᠤᠯᠠ ᠭᠤᠭᠴᠤᠭ᠎ᠠ ᠪᠣᠯᠤᠨ᠎ᠠ᠃ ︽ᠲᠣᠮᠢᠯᠠᠨ ᠰᠠᠭᠤᠯᠭᠠᠭᠰᠠᠨ ᠲᠣᠭᠤᠷᠢᠨ ᠪᠠᠶᠢᠴᠠᠭᠠᠬᠤ︾ ᠪᠠᠶᠢᠴᠠᠭᠠᠬᠤ ᠲᠣᠭᠲᠠᠴᠠ ᠶᠢ ᠭᠦᠨᠵᠡᠭᠡᠶᠢᠷᠡᠭᠦᠯᠵᠦ᠂ ᠲᠣᠮᠢᠯᠠᠨ ᠰᠠᠭᠤᠯᠭᠠᠭᠰᠠᠨ ᠪᠠᠶᠢᠴᠠᠭᠠᠬᠤ ᠲᠠᠰᠤᠭ ᠤᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠡᠷᠡᠭᠦᠦ ᠰᠢᠳᠬᠡᠯ ᠢ ᠬᠠᠰᠤᠬᠤ᠂ ᠲᠡᠩᠰᠡᠨ ᠰᠤᠯᠠᠯᠠᠬᠤ᠂ ᠲᠦᠷ ᠭᠢᠨᠳᠠᠨ ᠤ ᠭᠠᠳᠠᠨ᠎ᠠ ᠭᠦᠢᠴᠡᠳᠬᠡᠬᠦ ᠳᠤ ᠪᠦᠲᠦᠮᠵᠢᠲᠡᠢ ᠬᠢᠨᠠᠯᠲᠠ ᠲᠠᠯᠪᠢᠬᠤ ᠶᠢ ᠴᠢᠩᠭᠠᠳᠬᠠᠵᠤ᠂ ︽ᠴᠠᠭᠠᠰᠤᠨ ᠳᠡᠭᠡᠷ᠎ᠡ ᠡᠷᠡᠭᠦᠦ  ᠭᠦᠢᠴᠡᠳᠬᠡᠬᠦ︾᠂ ︽ᠵᠣᠭᠤᠰ ᠭᠠᠷᠭᠠᠵᠤ ᠭᠢᠨᠳᠠᠨ ᠠᠴᠠ ᠭᠠᠷᠬᠤ︾ ᠶᠢ ᠬᠢᠨᠠᠨ ᠵᠠᠯᠠᠷᠠᠭᠤᠯᠬᠤ ᠮᠥᠷᠲᠡᠭᠡᠨ ᠪᠠᠰᠠ ᠬᠠᠰᠤᠬᠤ ᠶᠣᠰᠣᠲᠠᠢ ᠶᠢ ᠨᠢ ᠪᠠᠭᠠᠰᠬᠠᠬᠤ ᠦᠭᠡᠢ᠂ ᠲᠠᠯᠪᠢᠬᠤ ᠦᠭᠡᠢ ᠪᠠᠶᠢᠬᠤ ᠶᠢ ᠰᠡᠷᠭᠡᠶᠢᠯᠡᠬᠦ ᠬᠡᠷᠡᠭᠲᠡᠢ᠃

 

ᠨᠠᠶᠢᠳᠠᠪᠤᠷᠢᠵᠢᠭᠤᠯᠤᠯᠳᠠ ᠶᠢ ᠠᠳᠬᠤᠬᠤ ᠪᠠ ᠪᠤᠳᠠᠳᠤ ᠦᠷ᠎ᠡ ᠠᠰᠢᠭ ᠢ ᠤᠯᠬᠤ ᠳᠡᠭᠡᠷ᠎ᠡ ᠬᠦᠴᠦ ᠳᠠᠯᠪᠢᠵᠤ᠂ ᠦᠨᠡᠨ ᠠᠷᠭ᠎ᠠ ᠭᠠᠷᠭᠠᠵᠤ᠂ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠪᠠᠶᠢᠴᠠᠭᠠᠬᠤ ᠦᠢᠯᠡᠳᠦᠯᠭᠡ ᠶᠢ ᠦᠷᠭᠦᠯᠵᠢᠯᠡᠨ ᠠᠭᠢᠭᠤᠯᠤᠨ᠎ᠠ

 

 

ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠶᠢᠩ ᠶᠦᠩ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠳᠤ ᠬᠦᠷᠴᠦ᠂ ᠥᠪᠥᠷ ᠮᠣᠩᠭᠤᠯ ᠤᠨ ᠪᠠᠶᠢᠴᠠᠭᠠᠬᠤ ᠠᠵᠢᠯ ᠳᠤ ᠱᠠᠭᠠᠷᠳᠠᠯᠭ᠎ᠠ ᠳᠤᠷᠠᠳᠪᠠ᠃

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠳᠤ᠂ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠥᠪᠥᠷ ᠮᠣᠩᠭᠤᠯ ᠤᠨ ᠪᠠᠶᠢᠴᠠᠭᠠᠬᠤ ᠠᠵᠢᠯ ᠤᠨ ᠲᠤᠬᠠᠢ ᠭᠦᠢᠴᠡᠳ ᠨᠤᠲᠠᠯᠠᠪᠠ᠃ ᠲᠡᠷᠡ᠂ ᠥᠪᠥᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠲᠠᠯ᠎ᠠ ᠠᠴᠠ ᠪᠣᠳᠣᠯᠬᠢᠯᠠᠨ᠂  ᠬᠠᠥᠯᠢ ᠪᠠᠷ ᠵᠠᠰᠠᠬᠤ ᠲᠠᠯ᠎ᠠ ᠠᠴᠠ ᠬᠦᠴᠦᠯᠡᠵᠦ᠂ ᠪᠠᠶᠢᠴᠠᠭᠠᠬᠤ ᠡᠭᠦᠷᠭᠡ ᠴᠢᠳᠠᠪᠬᠢ ᠳᠤ ᠰᠠᠭᠤᠷᠢᠯᠠᠵᠤ᠂ ᠶᠡᠭᠡ ᠲᠠᠯ᠎ᠠ ᠳᠤ ᠦᠢᠯᠡᠴᠢᠯᠡᠵᠦ᠂ ᠠᠷᠠᠳ ᠤᠨ ᠬᠠᠤᠯᠢ ᠴᠠᠭᠠᠵᠠ᠂  ᠬᠠᠥᠯᠢ ᠪᠠᠷ ᠵᠠᠰᠠᠬᠤ ᠵᠢᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠪᠠᠶᠢᠭᠤᠯᠬᠤ ᠳᠤ ᠦᠢᠯᠡᠴᠢᠯᠡᠬᠦ ᠲᠠᠯ᠎ᠠ ᠪᠠᠷ ᠨᠡᠩ ᠶᠡᠭᠡ ᠪᠠᠶᠢᠴᠠᠭᠠᠬᠤ ᠠᠵᠢᠯ ᠤᠨ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭ ᠨᠢᠭᠡᠪᠦᠷᠢ ᠶᠢ ᠴᠢᠨᠠᠷ ᠰᠠᠶᠢᠲᠠᠢ ᠦᠷ᠎ᠡ  ᠪᠦᠲᠦᠮᠵᠢᠲᠠᠢ ᠪᠠᠷ ᠰᠠᠶᠢᠲᠤᠷ  ᠰᠢᠢᠳᠪᠦᠷᠢᠯᠡᠵᠦ᠂ ᠬᠡᠷᠡᠭ ᠪᠣᠯᠭᠠᠨ ᠳᠠᠩᠰᠠᠯᠠᠬᠤ᠂ ᠲᠤᠷᠰᠢᠨ ᠪᠠᠶᠢᠴᠠᠭᠠᠬᠤ᠂ ᠰᠢᠭᠦᠨ ᠲᠠᠰᠤᠯᠬᠤ᠂ ᠭᠦᠢᠴᠡᠳᠬᠡᠬᠦ ᠵᠡᠷᠭᠡ ᠠᠵᠢᠯᠯᠠᠭ᠎ᠠ ᠳᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠠ ᠪᠣᠳᠠᠲᠠᠢ ᠦᠷ᠎ᠡ ᠪᠦᠲᠦᠮᠵᠢ ᠳᠤ ᠬᠦᠴᠦ ᠣᠷᠣᠭᠤᠯᠵᠤ᠂ ᠦᠨᠡᠨ ᠠᠷᠭ᠎ᠠ ᠭᠠᠷᠭᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠪᠠᠶᠢᠴᠠᠭᠠᠬᠤ ᠦᠢᠯᠡᠳᠦᠯᠭᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃  ᠡᠩᠨᠡᠭᠡ ᠶᠢᠨ ᠪᠠᠶᠢᠭᠤᠯᠤᠯᠲᠠ ᠶᠢ ᠥᠨᠢ ᠤᠳᠠᠭᠠᠨ ᠴᠢᠷᠮᠠᠶᠢᠨ ᠴᠢᠩᠭᠠᠳᠬᠠᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠣᠨᠣᠪᠴᠢᠲᠠᠢ ᠨᠠᠶᠢᠳᠠᠪᠤᠷᠢᠵᠢᠭᠤᠯᠵᠤ᠂ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠢᠵᠠᠭᠠᠷᠯᠠᠵᠤ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠠᠶᠢᠴᠠᠭᠠᠬᠤ ᠡᠷᠬᠡ ᠶᠢᠨ ᠬᠠᠤᠯᠢ ᠶᠣᠰᠣᠭᠠᠷ ᠲᠥᠪ ᠭᠤᠣᠯᠴᠢ ᠥᠨᠳᠥᠷ ᠪᠦᠲᠦᠮᠵᠢᠲᠡᠢ ᠠᠷᠢᠭᠤᠨ ᠴᠢᠬᠡᠴᠢ ᠪᠠᠷ ᠠᠵᠢᠯᠯᠠᠬᠤ ᠶᠢ ᠠᠬᠢᠭᠤᠯᠬᠤ ᠬᠡᠷᠡᠭᠲᠡᠢ᠃

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ ᠨᠠᠷ ᠲᠠᠢ ᠠᠵᠢᠯ ᠤᠨ ᠰᠣᠯᠢᠯᠴᠠᠭ᠎ᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃

 

 

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro