ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠳᠡᠯᠡᠬᠡᠢ ᠳ᠋ᠠᠬᠢᠨ ᠢ ᠪᠠᠷᠠᠯᠠᠬᠤ ᠬᠠᠷᠠᠴᠠ ᠪᠠᠷ ᠪᠠᠶᠢᠴᠠᠭᠠᠬᠤ ᠠᠶᠠᠨ ᠳᠤ ᠬᠤᠪᠢ ᠨᠡᠮᠡᠷᠢ ᠦᠵᠡᠭᠦᠯᠦᠶ᠎ᠡ

2024-04-29 15:35:08
ᠵᠣᠬᠢᠶᠠᠭᠴᠢ
ᠪᠠᠶᠢᠴᠠᠭᠠᠬᠤ ᠬᠣᠷᠢᠶ᠎ᠠ

ᠪᠠᠶᠢᠭᠤᠯᠭ᠎ᠠ ᠶᠢᠨ ᠤᠨᠤᠯ ᠤᠨ ᠰᠤᠷᠤᠯᠴᠠᠯᠭ᠎ᠠ ᠶᠢᠨ ᠲᠠᠲᠠᠬᠤ ᠬᠦᠴᠦᠨ᠂ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠶᠢᠭᠤᠯᠭ᠎ᠠ ᠶᠢᠨ ᠰᠣᠶᠣᠯ ᠤᠨ ᠠᠵᠢᠯᠯᠠᠭ᠎ᠠ ᠶᠢᠨ ᠬᠡᠯᠪᠡᠷᠢ ᠪᠠ ᠠᠴᠢᠶᠠᠯᠠᠪᠤᠷᠢ ᠶᠢ ᠪᠠᠶᠠᠯᠢᠭᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ︽ᠭᠠᠷᠠᠭ ᠤᠨ ᠲᠠᠪᠤᠨ ᠤ ᠰᠤᠷᠤᠯᠴᠠᠯᠭ᠎ᠠ ᠶᠢᠨ ᠬᠤᠷᠠᠯ︾ ᠤᠨ ᠳᠦᠷᠢᠮ ᠢ ᠪᠠᠶᠢᠭᠤᠯᠪᠠ᠃

4 ᠰᠠᠷ᠎ᠠ ᠶᠢᠨ 12 ᠤᠨ ᠡᠳᠦᠷ ᠤᠨ ᠨᠢᠭᠡᠳᠦᠭᠡᠷ ᠬᠤᠭᠤᠴᠠᠭᠠᠨ ᠤ ᠰᠤᠷᠤᠯᠴᠠᠯᠭ᠎ᠠ ᠶᠢᠨ ᠬᠤᠷᠠᠯ ᠪᠤᠯᠵᠤᠭ᠎ᠠ ᠶᠣᠰᠣᠭᠠᠷ ᠶᠠᠪᠤᠭᠳᠠᠵᠤ᠂ ᠭᠠᠳᠠᠭᠠᠳᠤ ᠳᠤ ᠬᠤᠯᠪᠣᠭᠳᠠᠭᠰᠠᠨ ᠠᠵᠢᠯ ᠤᠨ ᠥᠩᠭᠡᠷᠡᠯᠲᠡ ᠲᠠᠢ ᠭᠤᠷᠪᠠᠨ ᠨᠥᠬᠦᠳ︽ ᠲᠠᠪᠤᠨ ᠲᠢᠪ ᠢ ᠬᠠᠷᠠᠬᠤ - ᠤᠯᠤᠰ ᠤᠨ ᠭᠠᠳᠠᠭᠠᠳᠤ ᠶᠢᠨ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠭᠰᠠᠨ ᠮᠡᠳᠡᠭᠦᠯᠦᠯᠲᠡ︾ ᠪᠠᠷ ᠭᠤᠣᠯ ᠰᠡᠳᠦᠪ ᠪᠣᠯᠭᠠᠵᠤ᠂ ᠤᠯᠠᠨ ᠳᠤ ᠤᠨᠤᠯ ᠤᠨ ᠪᠠ ᠦᠢᠯᠡᠳᠦᠯᠭᠡ ᠶᠢᠨ ᠭᠦᠨᠵᠡᠭᠡᠢ ᠠᠭᠤᠰᠤᠯᠴᠠᠯ ᠤᠨ ᠭᠠᠳᠠᠭᠠᠳᠤ ᠲᠠᠢ ᠬᠤᠯᠪᠣᠭᠳᠠᠬᠤ ᠦᠵᠡᠯᠲᠡ ᠶᠢᠨ ︽ᠦᠪᠡᠳᠡᠭᠰᠢ ᠳᠠᠶᠢᠯᠠᠯᠭ᠎ᠠ︾ ᠶᠢ ᠬᠦᠷᠲᠡᠭᠡᠵᠦ᠂ ᠳᠡᠯᠡᠬᠡᠶᠢᠵᠢᠯᠲᠡ ᠶᠢᠨ ᠶᠡᠭᠡ ᠠᠬᠤᠢ ᠪᠠᠶᠢᠳᠠᠯ ᠳᠣᠣᠷ᠎ᠠ᠂ ᠪᠠᠶᠢᠴᠠᠭᠠᠬᠤ ᠪᠠᠶᠢᠭᠤᠯᠭ᠎ᠠ  ᠬᠠᠥᠯᠢ ᠪᠠᠷ ᠵᠠᠰᠠᠬᠤ ᠡᠨᠡ ᠬᠦ ︽ᠣᠯᠠᠨ ᠤᠯᠤᠰ ᠤᠨ ᠬᠠᠮᠲᠤ ᠶᠢᠨ ᠶᠠᠷᠢᠯᠴᠠᠭ᠎ᠠ︾ ᠶᠢ ᠬᠡᠷᠬᠢᠨ ᠬᠡᠷᠡᠭᠯᠡᠵᠦ᠂ ᠨᠠᠮ ᠪᠠ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠦᠢᠯᠡᠴᠢᠯᠡᠬᠦ ᠳᠤᠮᠳᠠ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃

    

ᠯᠢᠪᠧᠷᠢᠶ᠎ᠠ  ᠳᠤ ᠡᠩᠬᠡ ᠲᠠᠢᠪᠤᠩ ᠢ᠋ ᠪᠡᠶ᠎ᠡ ᠪᠡᠷ ᠢ᠋ᠶ᠋ᠡᠨ ᠥᠩᠭᠡᠷᠡᠭᠦᠯᠦᠭᠰᠡᠨ ᠲᠡᠮᠳᠡᠭᠯᠡᠯ

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠤᠯᠤᠰ ᠲᠥᠷᠥ ᠶᠢᠨ ᠬᠡᠯᠲᠡᠰ ᠦᠨ ᠺᠠᠳ᠋ᠷ ᠤᠨ ᠭᠠᠵᠠᠷ ᠤᠨ ᠳᠠᠷᠤᠭ᠎ᠠ ᠹᠡᠨ  ᠳ᠋ᠧ ᠶᠢᠨ 《ᠦᠬᠦᠵᠦ ᠰᠡᠬᠡᠬᠦ ᠶᠢᠨ ᠵᠠᠬᠢᠶ᠎ᠠ ᠄ ᠯᠢᠪᠧᠷᠢᠶ᠎ᠠ ᠶᠢᠨ ᠡᠩᠬᠡ ᠲᠠᠶᠢᠪᠤᠩ ᠢ ᠬᠠᠮᠠᠭᠠᠯᠠᠭᠰᠠᠨ ᠲᠡᠮᠳᠡᠭᠯᠡᠯ》 ᠢᠶᠡᠷ ᠰᠡᠳᠦᠪᠯᠡᠵᠦ ᠂ ᠲᠤᠰ ᠤᠳᠠᠭᠠᠨ ᠤ ᠭᠠᠳᠠᠭᠠᠳᠤ ᠶᠢᠨ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠶᠢᠨ ᠬᠤᠷᠠᠯ ᠤᠨ ᠲᠦᠷᠦᠭᠦᠦ ᠪᠦᠯᠦᠭ ᠢ ᠡᠬᠢᠯᠡᠭᠦᠯᠵᠦ ᠂ 2006   ᠣᠨ ᠂ 2010 ᠣᠨ ᠳᠤ ᠬᠣᠶᠠᠷ ᠤᠳᠠᠭᠠᠨ ᠤ ᠪᠠᠷᠠᠭᠤᠨ ᠠᠹᠷᠢᠺᠠ ᠶᠢᠨ ᠡᠩᠬᠡ ᠲᠠᠶᠢᠪᠤᠩ  ᠢ ᠰᠠᠬᠢᠭᠰᠠᠨ ᠥᠩᠭᠡᠷᠡᠯᠲᠡ  ᠢᠶᠠᠨ ᠬᠤᠪᠢᠶᠠᠯᠴᠠᠭᠰᠠᠨ ᠪᠠᠶᠢᠨ᠎ᠠ ᠃  ᠯᠢᠪᠧᠷᠢᠶ᠎ᠠ ᠣᠯᠠᠨ ᠵᠢᠯ ᠦᠨ ᠳᠠᠶᠢᠨ ᠢ ᠥᠩᠭᠡᠷᠡᠭᠦᠯᠵᠦ ᠂ ᠠᠷᠠᠳ ᠤᠨ ᠠᠮᠢᠳᠤᠷᠠᠯ ᠳᠣᠷᠣᠶᠢᠲᠠᠵᠤ ᠂ᠠᠷᠠᠳ ᠲᠦᠮᠡᠨ ᠡᠩᠬᠡ ᠲᠠᠶᠢᠪᠤᠩ ᠪᠠ ᠬᠥᠭᠵᠢᠯᠲᠡ ᠶᠢ ᠶᠡᠬᠡ ᠬᠦᠰᠡᠳᠡᠭ ᠪᠠᠶᠢᠵᠠᠶ ᠃ ᠡᠩᠬᠡ ᠲᠠᠢᠪᠤᠩ ᠢ᠋ ᠬᠠᠮᠠᠭᠠᠯᠠᠬᠤ ᠡᠭᠦᠷᠭᠡ ᠬᠠᠲᠠᠭᠤ ᠪᠡᠷᠬᠡᠰᠢᠶᠡᠯ ᠲᠡᠢ ᠪᠥᠭᠡᠳ ᠪᠤᠳᠤᠯᠢᠶᠠᠨᠲᠠᠢ ᠪᠠᠢᠵᠤ ᠂  16 ᠰᠠᠷ᠎ᠠ ᠶ᠋ᠢᠨ ᠬᠤᠭᠤᠴᠠᠭᠠᠨ ᠳ᠋ᠤ᠌ ᠂ ᠲᠡᠢᠨ ᠦ᠌ ᠭᠠᠵᠠᠷ ᠤ᠋ᠨ ᠰᠤᠷᠪᠤᠯᠵᠢᠯᠠᠭᠴᠢ ᠪᠣᠯᠤᠭᠰᠠᠨ ᠤ᠋ ᠬᠤᠪᠢ ᠳ᠋ᠤ᠌ ᠂ ᠹᠠᠨ  ᠳ᠋ᠧ ᠶᠢᠨ  ᠮᠠᠨ ᠤ ᠴᠡᠷᠢᠭ ᠦᠨ ᠪᠠᠭᠠᠲᠤᠷᠯᠢᠭ ᠠᠶᠠᠨ ᠢ ᠪᠡᠶ᠎ᠡ ᠪᠡᠷ ᠢ᠋ᠶ᠋ᠡᠨ ᠥᠩᠭᠡᠷᠡᠭᠦᠯᠵᠡᠢ ᠃

    
        ᠣᠮᠠᠷᠠᠲᠦ  ᠳᠦ ᠠᠶᠠᠯᠠᠭᠰᠠᠨ  ᠲᠡᠮᠳᠡᠭᠯᠡᠯ
    ᠳᠤᠮᠳᠠᠳᠤ ᠮᠣᠩᠭᠤᠯ ᠪᠣᠯ  ᠨᠦᠬᠦᠷᠰᠡᠭ ᠬᠥᠷᠰᠢ ᠤᠯᠤᠰ ᠮᠥᠨ᠂ ᠥᠪᠥᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠬᠡᠷᠬᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠳᠤ ᠦᠢᠯᠡᠴᠢᠯᠡᠬᠦ ᠴᠢᠬᠤᠯᠠ ᠪᠠᠬᠢᠯᠡᠯᠲᠡ ᠶᠢᠨ ᠠᠵᠢᠯ ᠤᠨ ᠳᠤᠮᠳᠠ ᠬᠦᠴᠦᠨ ᠴᠢᠳᠠᠯ ᠢᠶᠠᠨ ᠡᠷᠭᠦᠬᠦ ᠪᠤᠢ︖ 2023 ᠣᠨ ᠤ 10 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠯᠢ ᠵᠢᠶᠠᠨ ︽ᠳᠤᠮᠳᠠᠳᠤ ᠮᠣᠩᠭᠤᠯ ᠤᠨ ᠬᠢᠯᠢ ᠬᠢᠵᠠᠭᠠᠷ ᠤᠨ ᠭᠠᠵᠠᠷ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠪᠣᠳᠠᠲᠠᠶ ᠶᠢ ᠡᠷᠬᠢᠮᠯᠡᠭᠰᠡᠨ ᠰᠣᠯᠢᠯᠴᠠᠭ᠎ᠠ ᠶᠢ ᠬᠡᠷᠬᠢᠨ ᠬᠠᠤᠯᠢ ᠶᠣᠰᠣᠭᠠᠷ ᠴᠢᠩᠭᠠᠳᠬᠠᠬᠤ ᠪᠣᠶ︾ ᠭᠡᠬᠦ ᠠᠰᠠᠭᠤᠳᠠᠯ ᠢ ᠳᠠᠭᠠᠭᠤᠯᠤᠨ ᠮᠣᠩᠭᠤᠯ ᠤᠯᠤᠰ ᠲᠤ ᠠᠶᠢᠯᠴᠢᠯᠠᠵᠤ᠂ ᠣᠯᠠᠨ ᠲᠠᠢ ︽ᠤᠮᠠᠷᠠᠲᠤ ᠶᠢᠨ ᠠᠶᠠᠯᠠᠯ ᠤᠨ ᠲᠡᠮᠳᠡᠭᠯᠡᠯ᠄ ᠮᠣᠩᠭᠤᠯ  ᠳᠤ ᠰᠢᠨᠵᠢᠯᠡᠨ ᠪᠠᠶᠢᠴᠠᠭᠠᠭᠰᠠᠨ ᠮᠡᠳᠡᠭᠦᠯᠦᠯᠲᠡ︾ ᠭᠡᠬᠦ ᠡᠨᠡ ᠬᠦ  ᠡᠯᠪᠡᠭ ᠠᠭᠤᠯᠭ᠎ᠠ  ᠲᠠᠢ ᠠᠶᠢᠯᠴᠢᠯᠠᠯᠲᠠ ᠶᠢᠨ ᠦᠷ᠎ᠡ ᠪᠦᠲᠦᠭᠡᠯ ᠢ ᠬᠤᠪᠢᠶᠠᠯᠴᠠᠪᠠ᠃

 

ᠪᠠᠢᠴᠠᠭᠠᠬᠤ ᠡᠲᠡᠭᠡᠳ  ᠤᠨ ᠣᠯᠠᠨ ᠤᠯᠤᠰ ᠤ᠋ᠨ ᠬᠣᠯᠪᠣᠭᠠᠲᠤ ᠪᠠᠶᠢᠭᠤᠯᠭ᠎ᠠ ᠄ ᠣᠯᠠᠨ ᠤᠯᠤᠰ ᠤ᠋ᠨ ᠪᠠᠢᠴᠠᠭᠠᠬᠤ  ᠲᠤᠰᠢᠶᠠᠯᠲᠠᠨ ᠤ᠋ ᠬᠣᠯᠪᠣᠭᠠᠲᠤ ᠬᠤᠷᠠᠯ ᠤ᠋ᠨ ᠲᠣᠪᠴᠢ ᠲᠠᠨᠢᠯᠴᠠᠭᠤᠯᠭ᠎ᠠ
    ᠣᠯᠠᠨ ᠤᠯᠤᠰ ᠤᠨ ᠪᠠᠶᠢᠴᠠᠭᠠᠬᠤ ᠲᠤᠰᠢᠶᠠᠯᠲᠠᠨ ᠤ ᠬᠣᠯᠪᠤᠭᠠᠲᠤ ᠬᠤᠷᠠᠯ ᠪᠣᠯ ᠣᠯᠠᠨ ᠤᠯᠤᠰ ᠤᠨ ᠴᠢᠬᠤᠯᠠ ᠵᠣᠬᠢᠶᠠᠨ ᠪᠠᠶᠢᠭᠤᠯᠤᠯᠲᠠ ᠮᠦᠨ ᠂ ᠪᠦᠬᠦ ᠳᠡᠯᠡᠬᠡᠢ ᠶᠢᠨ ᠪᠠᠶᠢᠴᠠᠭᠠᠬᠤ ᠠᠵᠢᠯ ᠤᠨ ᠬᠥᠭ᠍ᠵᠢᠯᠲᠡ ᠪᠠ ᠬᠠᠮᠲᠤᠷᠠᠯᠴᠠᠭ᠎ᠠ ᠶᠢ ᠠᠬᠢᠭᠤᠯᠬᠤ ᠳᠤ ᠴᠢᠬᠤᠯᠠ ᠠᠴᠢ ᠬᠣᠯᠪᠤᠭᠳᠠᠯ ᠲᠠᠢ ᠶᠤᠮ ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠤ ᠬᠤᠪᠢᠶᠠᠯᠴᠠᠭᠰᠠᠨ ︽ᠪᠠᠶᠢᠴᠠᠭᠠᠬᠤ ᠡᠲᠡᠭᠡᠳ ᠤᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠄ ᠣᠯᠠᠨ ᠤᠯᠤᠰ ᠤᠨ ᠪᠠᠶᠢᠴᠠᠭᠠᠬᠤ ᠲᠤᠰᠢᠶᠠᠯᠲᠠᠨ ᠤ ᠬᠤᠯᠪᠣᠭᠠᠲᠤ ᠬᠤᠷᠠᠯ ᠤᠨ ᠲᠣᠪᠴᠢ ᠲᠠᠨᠢᠯᠴᠠᠭᠤᠯᠭ᠎ᠠ︾ ᠨᠢ ᠪᠠᠶᠢᠴᠠᠭᠠᠬᠤ ᠬᠠᠷᠠᠭᠠᠰᠤ ᠠᠴᠠ ᠳᠡᠯᠡᠬᠡᠢ ᠳ᠋ᠠᠬᠢᠨ ᠢ ᠠᠵᠢᠭᠯᠠᠵᠤ᠂ ᠮᠡᠳᠡᠭᠦᠯᠦᠯᠲᠡ ᠶᠢᠨ ᠬᠤᠷᠠᠯ ᠤᠨ ᠠᠭᠤᠷ ᠠᠮᠢᠰᠬᠤᠯ ᠢ ᠣᠷᠭᠢᠯ ᠳᠤ ᠨᠢ ᠬᠦᠷᠭᠡᠪᠡ᠃
 

 

ᠭᠤᠷᠪᠠᠨ ᠨᠥᠬᠦᠷ  ᠭᠠᠳᠠᠭᠠᠳᠤ  ᠳ᠋ᠡᠬᠢ  ᠠᠵᠢᠯ ᠠᠮᠢᠳᠤᠷᠠᠯ ᠢᠶᠠᠨ ᠰᠡᠳᠬᠢᠯ ᠠᠭᠤᠵᠢᠷᠠᠲᠠᠯ᠎ᠠ ᠬᠤᠪᠢᠶᠠᠯᠴᠠᠵᠤ᠂ ᠦᠷᠦᠨᠡᠳᠡᠬᠢᠨ ᠤ ᠬᠥᠭᠵᠢᠭᠰᠡᠨ ᠤᠯᠤᠰ ᠤᠨ ᠲᠡᠷᠢᠭᠦᠨ ᠤ  ᠬᠠᠥᠯᠢ ᠪᠠᠷ ᠵᠠᠰᠠᠬᠤ ᠦᠢᠯᠡᠳᠦᠯᠭᠡ ᠲᠠᠢ ᠮᠥᠷᠲᠡᠭᠡᠨ ᠪᠠᠰᠠ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠤᠯᠠᠨ ᠤᠯᠤᠰ ᠤᠨ ᠬᠠᠤᠯᠢ ᠴᠠᠭᠠᠵᠠ ᠶᠢᠨ ᠬᠠᠮᠲᠤᠷᠠᠯᠴᠠᠭ᠎ᠠ ᠶᠢᠨ ᠳᠤᠮᠳᠠ ᠬᠠᠶᠢᠨ ᠰᠦᠪᠡᠭᠴᠢᠯᠡᠯᠲᠡ  ᠬᠢᠭᠰᠡᠨ᠂ ᠪᠠᠰᠠ ᠠᠹᠷᠢᠺᠠ ᠲᠢᠪ ᠤᠨ ᠤᠯᠤᠰ ᠤᠳ ᠤᠨ ᠡᠩᠬᠡ ᠲᠠᠶᠢᠪᠤᠩ ᠢ ᠬᠠᠮᠠᠭᠠᠯᠠᠬᠤ ᠲᠠᠶᠢᠨ ᠤ ᠲᠠᠯᠠᠪᠤᠷ ᠲᠤ  ᠬᠠᠥᠯᠢ ᠪᠠᠷ ᠵᠠᠰᠠᠬᠤ ᠵᠣᠷᠢᠭ ᠰᠠᠨᠠᠭ᠎ᠠ ᠶᠢ ᠲᠠᠶᠢᠯᠪᠤᠷᠢᠯᠠᠬᠤ ᠬᠠᠳᠠᠨ ᠵᠣᠷᠢᠭ ᠴᠤ ᠪᠤᠢ᠃
ᠬᠤᠷᠠᠯ ᠳᠤ ᠣᠷᠣᠯᠴᠠᠭᠰᠠᠳ ᠮᠥᠨ ᠴᠦ ᠳᠠᠭᠤᠰᠤᠭ᠎ᠠ ᠦᠭᠡᠢ᠂ ᠡᠨᠡ ᠤᠳᠠᠭᠠᠨ ᠤ ᠭᠠᠳᠠᠭᠠᠳᠤ ᠳᠤ ᠬᠤᠯᠪᠣᠭᠳᠠᠬᠤ ᠦᠵᠡᠯᠲᠡ ᠶᠢᠨ︽ᠦᠪᠡᠳᠡᠭᠰᠢ ᠳᠠᠶᠢᠯᠠᠯᠭ᠎ᠠ︾ ᠶᠢᠨ ᠰᠣᠨᠢᠷᠬᠠᠯ ᠲᠠᠢ ᠪᠥᠭᠡᠳ ᠴᠠᠩᠭᠠᠭ᠎ᠠ  ᠢ ᠲᠠᠶᠢᠯᠵᠤ᠂ ᠪᠢᠳᠡᠨ ᠤ ᠬᠠᠤᠯᠢ ᠴᠠᠭᠠᠵᠠ ᠶᠢᠨ ᠬᠠᠷᠠᠭ᠎ᠠ ᠪᠠᠨ ᠥᠷᠭᠡᠳᠬᠡᠵᠦ᠂ ᠤᠯᠠᠨ ᠤᠯᠤᠰ ᠤᠨ ᠬᠠᠤᠯᠢ ᠴᠠᠭᠠᠵᠠ ᠶᠢᠨ ᠵᠣᠷᠢᠭ ᠰᠠᠨᠠᠭ᠎ᠠ ᠶᠢ ᠣᠶᠢᠯᠠᠭᠠᠵᠤ᠂ ᠤᠯᠠᠨ ᠤᠯᠤᠰ ᠤᠨ ᠬᠠᠤᠯᠢ ᠪᠠᠷ ᠵᠠᠰᠠᠬᠤ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠡᠷᠬᠢᠮ ᠨᠠᠨᠳᠢᠨ ᠠᠵᠠ ᠲᠣᠬᠢᠶᠠᠯ ᠮᠥᠨ ᠭᠡᠵᠦ ᠢᠯᠡᠳᠬᠡᠵᠡᠭᠡᠪᠡ᠃ 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro