ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠵᠢᠯ ᠤᠨ ᠰᠣᠯᠢᠯᠴᠠᠭᠠᠨ ᠤ ᠵᠦᠪᠳᠡᠯᠴᠡᠬᠦ ᠬᠤᠷᠠᠯ ᠬᠤᠷᠠᠯᠳᠤᠭᠤᠯᠪᠠ

2024-04-29 16:03:37
ᠵᠣᠬᠢᠶᠠᠭᠴᠢ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ

4 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠵᠢᠯ ᠤᠨ ᠰᠣᠯᠢᠯᠴᠠᠭᠠᠨ ᠤ ᠵᠦᠪᠳᠡᠯᠴᠡᠬᠦ ᠬᠤᠷᠠᠯ  ᠬᠤᠷᠠᠯᠳᠤᠭᠤᠯᠵᠤ᠂ ᠰᠢ ᠶᠢᠨ ᠫᠢᠩ ᠤᠨ  ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠵᠤ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠶᠠᠮᠤᠨ ᠤ ᠠᠵᠢᠯ ᠤᠨ ᠰᠣᠯᠢᠯᠴᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠦ ᠪᠠᠨ ᠬᠠᠮᠲᠤᠳᠬᠠᠨ  ᠠᠰᠠᠭᠤᠳᠠᠯ ᠢ ᠰᠢᠢᠳᠪᠦᠷᠢᠯᠡᠵᠦ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ ᠶᠢ ᠬᠠᠮᠲᠤ ᠪᠠᠷ ᠠᠬᠢᠭᠤᠯᠵᠤ᠂ ᠠᠮᠤᠷ ᠠᠮᠤᠭᠤᠯᠠᠩ ᠥᠪᠥᠷ ᠮᠣᠩᠭᠤᠯ᠂  ᠬᠠᠥᠯᠢ ᠪᠠᠷ ᠵᠠᠰᠠᠬᠤ ᠥᠪᠥᠷ ᠮᠣᠩᠭᠤᠯ ᠤᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ ᠪᠠᠶ ᠶᠦᠩ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

ᠯᠢ ᠶᠦᠩ ᠵᠢᠶᠦ᠋ᠨ ᠴᠢᠬᠤᠯᠠᠴᠢᠯᠠᠬᠤ ᠳᠠᠭᠠᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠠᠮᠲᠤ ᠶᠢᠨ ᠴᠣᠭᠴᠠ ᠶᠢ ᠢᠳᠡᠪᠬᠢᠲᠡᠢ ᠪᠠᠶᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠬᠠᠤᠯᠢ ᠴᠠᠭᠠᠵᠠ ᠶᠢᠨ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠯᠴᠠᠨ ᠬᠠᠮᠵᠢᠯᠴᠠᠬᠤ᠂ ᠬᠠᠷᠢᠯᠴᠠᠨ ᠬᠢᠵᠠᠭᠠᠷᠯᠠᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ ᠃ ᠲᠠᠨᠢᠯᠲᠠ ᠶᠢᠨ ᠲᠠᠯ᠎ᠠ ᠪᠠᠷ ᠲᠠᠬᠢᠨ ᠭᠦᠨᠵᠡᠭᠡᠶᠢᠷᠡᠭᠦᠯᠵᠦ᠂ ᠦᠵᠡᠯ ᠰᠠᠨᠠᠭᠠᠨ ᠤ ᠲᠠᠯ᠎ᠠ ᠪᠠᠷ ᠲᠠᠬᠢᠨ ᠴᠢᠬᠤᠯᠠᠴᠢᠯᠠᠵᠤ᠂ ᠵᠣᠭᠰᠣᠴᠠ ᠪᠠᠨ ᠲᠠᠬᠢᠨ ᠳᠡᠭᠡᠭᠰᠢᠯᠡᠭᠦᠯᠵᠦ᠂ ᠰᠢ ᠶᠢᠨ ᠫᠢᠩ ᠤᠨ  ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠣᠶᠢᠯᠠᠭᠠᠵᠤ ᠦᠢᠯᠡᠳᠦᠯᠭᠡᠵᠢᠭᠦᠯᠬᠦ ᠦᠨᠳᠦᠷᠴᠡ ᠠᠴᠠ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠢᠨ ᠬᠢᠵᠠᠭᠠᠷᠯᠠᠯ ᠬᠢᠨᠠᠯᠲᠠ ᠶᠢ ᠨᠢᠭᠡ ᠴᠤᠬᠴᠠᠵᠢᠭᠤᠯᠤᠨ ᠴᠢᠩᠭᠠᠳᠬᠠᠵᠤ᠂ ᠲᠣᠬᠢᠷᠠᠯᠴᠠᠭᠰᠠᠨ ᠬᠠᠮᠲᠤ ᠶᠢᠨ ᠲᠠᠨᠢᠯᠲᠠ᠂ ᠪᠠᠶᠢᠭᠤᠯᠤᠭᠰᠠᠨ ᠲᠣᠭᠲᠠᠴᠠ᠂ ᠬᠠᠮᠲᠤ ᠪᠠᠷ ᠡᠭᠦᠷᠭᠡᠯᠡᠭᠰᠡᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠶᠡᠷᠦ ᠠᠴᠠ ᠴᠥᠮ ᠰᠠᠶᠢᠨ ᠨᠥᠬᠦᠴᠡᠯ ᠲᠠᠢ ᠪᠠᠶᠢᠵᠤ᠂ ᠡᠨᠡ ᠬᠦ ᠠᠵᠠ ᠲᠣᠬᠢᠶᠠᠯ ᠢ ᠠᠰᠢᠭᠯᠠᠨ᠂ ᠨᠠᠩ ᠴᠤ ᠪᠠᠬᠢᠵᠢᠭᠦᠯᠦᠨ ᠥᠷᠭᠡᠳᠬᠡᠵᠦ᠂ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠠᠴᠢᠶᠠᠯᠠᠪᠤᠷᠢ ᠶᠢ ᠪᠠᠶᠠᠯᠢᠭᠵᠢᠭᠤᠯᠵᠤ᠂ ᠬᠠᠮᠲᠤ ᠪᠠᠷ ᠵᠥᠪᠳᠡᠯᠴᠡᠬᠦ ᠳᠤᠮᠳᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠬᠠᠮᠲᠤ ᠶᠢᠨ ᠲᠠᠨᠢᠯᠲᠠ ᠳᠤᠮᠳᠠ ᠬᠠᠮᠲᠤ ᠪᠠᠷ ᠵᠠᠰᠠᠬᠤ ᠶᠢ ᠠᠬᠢᠭᠤᠯᠵᠤ᠂ ᠰᠢᠨ᠎ᠡ ᠲᠤᠷᠰᠢᠯᠭ᠎ᠠ ᠶᠢ ᠲᠠᠰᠤᠷᠠᠯᠲᠠ ᠥᠬᠡᠶ ᠡᠭᠦᠳᠴᠦ᠂ ᠰᠢᠨ᠎ᠡ ᠵᠠᠮ ᠢ ᠬᠠᠶᠢᠨ ᠰᠦᠪᠡᠭᠴᠢᠯᠡᠵᠦ᠂ ᠪᠠᠶᠢᠴᠠᠭᠠᠬᠤ ᠵᠤᠷᠭᠠᠨ ᠤ ᠬᠠᠮᠵᠢᠯᠴᠠᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ᠂ ᠰᠠᠶᠢᠨ ᠨᠥᠬᠦᠴᠡᠯᠳᠦᠬᠦ ︽ᠥᠪᠥᠷ ᠮᠣᠩᠭᠤᠯ ᠤᠨ ᠥᠯᠢᠭᠡᠷ ᠳᠠᠭᠤᠷᠢᠶᠠᠯ︾ ᠢ ᠬᠦᠴᠦᠯᠡᠨ ᠴᠣᠭᠴᠠᠯᠠᠬᠤ ᠬᠡᠷᠡᠭᠲᠡᠶ᠃ ᠪᠠᠶᠢᠴᠠᠭᠠᠬᠤ ᠪᠠᠶᠢᠭᠤᠯᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠪᠣᠯ ᠴᠥᠮ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠳᠣᠣᠷᠠᠬᠢ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠮᠥᠨ᠂ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠳᠣᠣᠷ᠎ᠠ ᠬᠡᠳᠦ᠋ᠢᠪᠡᠷ ᠠᠳᠠᠯᠢ ᠦᠭᠡᠢ ᠪᠠᠶᠢᠳᠠᠭ ᠪᠣᠯᠪᠠᠴᠤ ᠲᠡᠮᠡᠴᠡᠬᠦ ᠬᠠᠷᠠᠯᠲᠠ ᠨᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠮᠠᠰᠢ ᠤᠯᠠᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠵᠡᠷᠭᠡ ᠪᠠᠷ ᠬᠢᠵᠦ᠂ ᠦᠷ᠎ᠡ ᠪᠦᠲᠦᠮᠵᠢ ᠨᠢ ᠨᠡᠩ ᠰᠠᠶᠢᠨ ᠪᠠᠶᠢᠵᠤ᠂ ᠬᠢᠨᠠᠯᠲᠠ᠂ ᠬᠠᠤᠯᠢ ᠴᠠᠭᠠᠵᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠠᠤᠯᠢ ᠪᠠᠷ ᠣᠷᠣᠨ ᠢᠶᠠᠨ ᠵᠠᠰᠠᠬᠤ᠂ ᠲᠤᠰᠬᠠᠢ ᠰᠤᠷᠭᠠᠭᠤᠯᠢ ᠶᠢᠨ ᠪᠠᠶᠢᠭᠤᠯᠤᠯᠲᠠ᠂ ᠡᠶᠡᠳᠡᠭᠦᠯᠭᠡ ᠶᠢᠨ ᠠᠵᠢᠯ ᠢ ᠬᠡᠷᠡᠭᠵᠢᠭᠦᠯᠬᠦ᠂ ᠬᠠᠤᠯᠢᠴᠢ ᠶᠢᠨ ᠠᠵᠢᠯ ᠮᠡᠷᠭᠡᠵᠢᠯ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠳᠡᠮᠵᠢᠵᠦ᠂ ᠨᠢᠭᠡ ᠴᠤᠭᠴᠠᠵᠢᠭᠤᠯᠤᠨ ᠠᠬᠢᠭᠤᠯᠵᠤ᠂ ᠬᠠᠮᠵᠢᠯᠴᠠᠨ ᠬᠦᠴᠦᠯᠡᠵᠦ᠂  ᠬᠠᠥᠯᠢ ᠪᠠᠷ ᠵᠠᠰᠠᠬᠤ ᠬᠦᠴᠦ ᠪᠠᠨ ᠬᠠᠮᠲᠤᠳᠬᠠᠨ ᠤᠮᠠᠷᠠᠲᠤ ᠶᠢᠨ ᠬᠢᠯᠢ ᠶᠢᠨ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠬᠠᠮᠲᠤ ᠪᠠᠷ ᠴᠣᠭᠴᠠᠯᠠᠬᠤ ᠬᠡᠷᠡᠭᠲᠡᠢ᠃ ᠬᠡᠪ ᠤᠨ ᠪᠠᠶᠢᠳᠠᠯ ᠢ ᠪᠠᠲᠤᠯᠠᠵᠤ᠂ ᠪᠠᠶᠢᠴᠠᠭᠠᠬᠤ  ᠵᠢᠨᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠠᠵᠢᠯ ᠤᠨ ᠰᠣᠯᠢᠯᠴᠠᠭ᠎ᠠ ᠵᠥᠪᠳᠡᠯᠴᠡᠭᠡ ᠶᠢ ᠥᠷᠨᠢᠭᠦᠯᠬᠦ ᠪᠣᠯ ᠴᠢᠬᠤᠯᠠ ᠬᠡᠷᠡᠭᠴᠡᠭᠡ ᠮᠥᠨ᠂ ᠨᠠᠶᠢᠳᠠᠪᠤᠷᠢᠵᠢᠭᠤᠯᠤᠯᠲᠠ ᠪᠣᠯ ᠵᠠᠩᠭᠢᠯᠠᠭ᠎ᠠ ᠮᠥᠨ᠂ ᠬᠡᠪ ᠤᠨ ᠪᠠᠶᠢᠳᠠᠯ ᠪᠣᠯ ᠪᠠᠲᠤᠯᠠᠭ᠎ᠠ ᠮᠥᠨ᠃ ᠨᠢᠭᠡᠨᠲᠡ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠳᠤ᠂ ᠨᠠᠶᠢᠳᠠᠪᠤᠷᠢᠵᠢᠭᠤᠯᠤᠯᠲᠠ ᠶᠢ ᠬᠠᠮᠲᠤ ᠪᠠᠷ ᠰᠠᠶᠢᠲᠤᠷ ᠠᠳᠬᠤᠵᠤ᠂  ᠬᠠᠥᠯᠢ ᠪᠠᠷ ᠵᠠᠰᠠᠬᠤ ᠪᠠᠶᠢᠭᠤᠯᠤᠯᠲᠠ ᠶᠢᠨ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠡᠳᠦᠷ ᠲᠤᠲᠤᠮ ᠤᠨ ᠨᠡᠪᠲᠡᠷᠡᠯᠴᠡᠨ ᠬᠠᠮᠵᠢᠯᠴᠠᠬᠤ ᠳᠦᠷᠢᠮ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠡᠷᠡᠭ ᠡᠷᠬᠢᠯᠡᠬᠦ ᠪᠠᠶᠢᠭᠤᠯᠤᠮᠵᠢ ᠶᠢ ᠲᠣᠳᠣᠷᠬᠠᠶᠢᠯᠠᠨ᠂ ᠵᠥᠪᠳᠡᠯᠴᠡᠭᠰᠡᠨ ᠦᠷ᠎ᠡ ᠪᠦᠲᠦᠭᠡᠯ ᠢᠶᠠᠨ ᠨᠠᠷᠢᠨ ᠨᠠᠶᠢᠳᠠᠪᠤᠷᠢᠵᠢᠭᠤᠯᠬᠤ ᠬᠡᠷᠡᠭᠲᠡᠶ᠃ ᠴᠢᠬᠤᠯᠠ ᠪᠦᠬᠦᠢ ᠲᠤᠰᠬᠠᠶ ᠰᠡᠳᠦᠪᠲᠦ ᠵᠥᠪᠳᠡᠯᠴᠡᠭᠡ ᠶᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠬᠤᠶᠠᠷ ᠲᠠᠯ᠎ᠠ ᠪᠠᠷ ᠢᠶᠠᠨ ᠠᠵᠢᠯ ᠤᠨ ᠳᠤᠮᠳᠠ ᠲᠤᠯᠭᠠᠷᠠᠭᠰᠠᠨ ᠪᠣᠳᠠᠲᠠᠶ ᠠᠰᠠᠭᠤᠳᠠᠯ᠂ ᠪᠣᠳᠠᠲᠠᠶ ᠬᠡᠷᠡᠭ ᠢ ᠴᠠᠭ ᠲᠤᠬᠠᠶ ᠳᠤᠨᠢ ᠠᠵᠢᠯ ᠤᠨ ᠳᠤᠮᠳᠠ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠨᠢᠭᠡ ᠬᠡᠷᠡᠭ ᠂ ᠲᠥᠷᠥᠯ ᠵᠦᠢᠯ ᠤᠨ ᠬᠡᠷᠡᠭ ᠢ ᠲᠤᠰᠬᠠᠶ ᠰᠡᠳᠦᠪ ᠢᠶᠠᠷ ᠵᠥᠪᠳᠡᠯᠴᠡᠵᠦ᠂ ᠣᠨ ᠤ ᠬᠢ ᠲᠠᠢ ᠬᠠᠷᠢᠯᠴᠠᠨ ᠵᠥᠪᠳᠡᠯᠴᠡᠬᠦ ᠶᠢ ᠬᠠᠷᠢᠯᠴᠠᠨ ᠠᠬᠢᠭᠤᠯᠵᠤ᠂ ᠬᠠᠷᠢᠯᠴᠠᠨ ᠨᠥᠬᠦᠪᠦᠷᠢᠯᠡᠵᠦ᠂ ᠵᠥᠪᠳᠡᠯᠴᠡᠬᠦ ᠬᠦᠴᠦᠨ ᠴᠢᠳᠠᠪᠤᠷᠢ ᠶᠢ ᠨᠡᠩ ᠰᠠᠶᠢᠲᠤᠷ ᠪᠠᠳᠠᠷᠠᠭᠤᠯᠤᠨ᠎ᠠ᠃

ᠪᠠᠢ ᠶᠦᠩ ᠫᠢᠩ᠂  ᠬᠠᠥᠯᠢ ᠪᠠᠷ ᠵᠠᠰᠠᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠡᠭᠡᠷ᠎ᠡ ᠬᠦᠴᠦ ᠲᠠᠯᠪᠢᠵᠤ᠂ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠪᠠᠶᠢᠴᠠᠭᠠᠬᠤ ᠪᠠᠶᠢᠭᠤᠯᠭ᠎ᠠ ᠪᠣᠯᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠦᠢᠯᠡᠴᠢᠯᠡᠭᠡᠨ ᠤ ᠪᠠᠲᠤᠯᠠᠭ᠎ᠠ ᠳᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠬᠤ᠂ ᠡᠷᠡᠭᠦᠦ ᠰᠢᠳᠬᠡᠯ ᠢ ᠬᠡᠷᠡᠭᠵᠢᠭᠦᠯᠬᠦ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠭᠦᠨᠵᠡᠭᠡᠶᠢᠷᠡᠭᠦᠯᠬᠦ᠂ ᠬᠠᠤᠯᠢ ᠴᠠᠭᠠᠵᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠦᠴᠦᠯᠡᠨ ᠳᠡᠭᠡᠭᠰᠢᠯᠡᠭᠦᠯᠬᠦ ᠵᠡᠷᠭᠡ ᠲᠠᠯ᠎ᠠ ᠪᠠᠷ᠂ ᠭᠠᠷᠳᠠᠬᠤ ᠴᠡᠭ᠂ ᠬᠦᠴᠦᠯᠡᠬᠦ ᠴᠡᠭ᠂ ᠵᠠᠩᠭᠢᠯᠠᠭ᠎ᠠ ᠶᠢᠨ ᠴᠡᠭ ᠢ ᠣᠨᠣᠪᠴᠢᠲᠠᠢ ᠡᠷᠢᠨ ᠣᠯᠵᠤ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠦᠢᠯᠡᠳᠦᠯ ᠴᠢᠳᠠᠪᠤᠷᠢ ᠳᠠᠪᠬᠤᠴᠠᠭᠰᠠᠨ ᠰᠢᠨ᠎ᠡ ᠴᠠᠭ ᠦᠶ᠎ᠡ ᠶᠢᠨ ᠬᠤᠷᠢᠶ᠎ᠠ ᠲᠢᠩᠬᠢᠮ ᠤᠨ ᠬᠠᠮᠵᠢᠯᠴᠠᠭᠠᠨ ᠤ ᠰᠢᠨ᠎ᠡ ᠪᠠᠶᠢᠳᠠᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠬᠦᠴᠦ ᠲᠠᠯᠪᠢᠵᠤ᠂ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠦᠴᠦ ᠪᠠᠨ ᠬᠠᠮᠲᠤᠳᠬᠠᠨ ᠠᠬᠢᠭᠤᠯᠵᠤ᠂ ᠬᠤᠳᠠᠯ ᠬᠠᠭᠤᠷᠮᠠᠭ ᠵᠠᠷᠭᠤ ᠶᠢᠨ ᠬᠡᠷᠡᠭ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠰᠦᠪᠡᠭᠴᠢ ᠶᠢ ᠰᠢᠯᠵᠢᠭᠦᠯᠦᠨ ᠲᠤᠰᠢᠶᠠᠬᠤ᠂ ᠬᠠᠮᠲᠤᠷᠠᠨ ᠪᠠᠶᠢᠴᠠᠭᠠᠨ ᠰᠢᠢᠳᠪᠦᠷᠢᠯᠡᠬᠦ᠂ ᠦᠷ᠎ᠡ ᠳ᠋ᠦᠩ ᠢ ᠬᠠᠷᠢᠭᠤ ᠲᠤᠰᠬᠠᠬᠤ ᠵᠡᠷᠭᠡ ᠬᠠᠮᠲᠤᠷᠠᠯᠴᠠᠭᠠᠨ ᠤ ᠲᠣᠭᠲᠠᠴᠠ ᠶᠢ ᠪᠦᠷᠢᠨᠰᠢᠭᠦᠯᠬᠦ ᠪᠠᠷ ᠳᠠᠮᠵᠢᠭᠤᠯᠤᠨ᠂ ᠤᠮᠠᠷᠠᠲᠤ ᠬᠢᠯᠢ ᠶᠢᠨ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠶᠢ ᠬᠠᠮᠲᠤ ᠪᠠᠷ ᠴᠣᠭᠴᠠᠯᠠᠨ᠎ᠠ᠃ ᠬᠠᠤᠯᠢ ᠴᠠᠭᠠᠵᠠ ᠶᠢᠨ ᠬᠠᠮᠵᠢᠯᠴᠠᠭ᠎ᠠ ᠶᠢ ᠬᠦᠴᠦ ᠪᠠᠨ ᠬᠠᠮᠲᠤᠳᠬᠠᠨ ᠭᠦᠨᠵᠡᠭᠡᠶᠢᠷᠡᠭᠦᠯᠵᠦ᠂ ᠬᠠᠤᠯᠢᠴᠢ ᠶᠢᠨ ᠬᠠᠤᠯᠢ ᠶᠣᠰᠣᠭᠠᠷ ᠠᠵᠢᠯ ᠡᠷᠬᠢᠯᠡᠬᠦ ᠳᠤ ᠰᠠᠶᠢᠨ ᠰᠠᠶᠢᠬᠠᠨ ᠨᠥᠬᠦᠴᠡᠯ ᠪᠠ ᠣᠷᠴᠢᠨ ᠨᠥᠬᠦᠴᠡᠯ ᠢ ᠪᠦᠷᠢᠯᠳᠦᠭᠦᠯᠵᠦ ᠥᠭᠭᠦᠨ᠎ᠡ᠃ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠢ ᠬᠦᠴᠦ ᠪᠠᠨ ᠬᠠᠮᠲᠤᠳᠬᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠢ ᠵᠢᠷᠤᠮᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠬᠦᠴᠦᠲᠡᠶ   ᠠᠭᠢᠭᠤᠯᠤᠨ᠎ᠠ᠃ ᠠᠷᠠᠳ ᠲᠦᠮᠡᠨ ᠤ ᠬᠢᠨᠠᠯᠲᠠ ᠲᠠᠯᠪᠢᠭᠴᠢ ᠶᠢᠨ ᠠᠵᠢᠯ ᠢ ᠬᠦᠴᠦ ᠪᠠᠨ ᠬᠠᠮᠲᠤᠳᠬᠠᠨ ᠴᠢᠩᠭᠠᠳᠬᠠᠵᠤ᠂ ᠲᠤᠰᠬᠠᠶ ᠬᠢᠨᠠᠯᠲᠠ ᠲᠠᠯᠪᠢᠵᠤ ᠪᠠᠶᠢᠭᠰᠠᠨ ᠠᠴᠠ ᠪᠥᠬᠦ ᠲᠠᠯ᠎ᠠ ᠪᠠᠷ ᠬᠢᠨᠠᠯᠲᠠ ᠲᠠᠯᠪᠢᠬᠤ ᠲᠡᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠭᠦᠨᠵᠡᠭᠡᠶᠢᠷᠡᠭᠦᠯᠬᠦ ᠳᠡᠭᠡᠷ᠎ᠡ ᠬᠦᠴᠦ ᠲᠠᠯᠪᠢᠵᠤ᠂ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠰᠤᠷᠤᠯᠴᠠᠵᠤ ᠰᠣᠯᠢᠯᠴᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠠᠩᠭᠢ ᠪᠠᠶᠢᠭᠤᠯᠬᠤ᠂ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠵᠡᠷᠭᠡ ᠲᠠᠯ᠎ᠠ ᠪᠠᠷ ᠶᠡᠭᠡ ᠬᠡᠪᠴᠢᠶ᠎ᠡ ᠪᠠᠷ ᠨᠢᠭᠡ ᠯᠡ ᠤᠳᠠᠭ᠎ᠠ ᠳᠤ ᠴᠡᠷᠢᠭ ᠪᠣᠯᠪᠠᠰᠤᠷᠠᠭᠤᠯᠵᠤ ᠂ ᠡᠩᠨᠡᠭᠡ ᠶᠢᠨ ᠪᠠᠶᠢᠭᠤᠯᠤᠯᠲᠠ ᠶᠢᠨ ᠴᠢᠳᠠᠪᠤᠷᠢ ᠪᠠ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠦᠨ᠎ᠡ᠃ ᠬᠠᠷᠢᠯᠴᠠᠵᠤ ᠬᠠᠮᠵᠢᠯᠴᠠᠬᠤ ᠲᠣᠭᠲᠠᠴᠠ ᠶᠢ ᠭᠦᠨᠵᠡᠭᠡᠶᠢᠷᠡᠭᠦᠯᠵᠦ᠂ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠲᠣᠭᠲᠠᠴᠠ ᠶᠢ ᠴᠢᠩᠭᠠᠳᠬᠠᠨ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠠᠤᠯᠢ ᠪᠠᠷ ᠵᠠᠰᠠᠬᠤ ᠬᠦᠴᠦᠲᠡᠶ ᠪᠠᠲᠤᠯᠠᠭ᠎ᠠ ᠬᠠᠩᠭᠠᠨ᠎ᠠ᠃

ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠢᠩᠬᠢᠮ ᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠠᠴᠠ ᠡᠮᠦᠨᠡᠬᠢ ᠪᠡᠯᠡᠳᠬᠡᠯ ᠪᠠᠶᠢᠳᠠᠯ ᠢ ᠮᠡᠳᠡᠭᠳᠡᠵᠦ᠂ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠡᠶᠢᠭᠡᠮ ᠲᠣᠭᠤᠷᠢᠭ ᠤᠨ ᠵᠠᠯᠠᠷᠠᠭᠤᠯᠭ᠎ᠠ  ᠳᠤ ᠬᠢᠨᠠᠯᠲᠠ ᠲᠠᠯᠪᠢᠬᠤ᠂ ᠬᠠᠤᠯᠢᠴᠢ ᠶᠢᠨ ᠡᠷᠬᠡ ᠠᠰᠢᠭ ᠢ ᠪᠠᠲᠤᠯᠠᠬᠤ᠂ ᠬᠤᠳᠠᠯ ᠬᠠᠭᠤᠷᠮᠠᠭ ᠵᠠᠷᠭᠤ ᠶᠢ ᠵᠠᠯᠬᠠᠭᠠᠨ ᠰᠢᠳᠬᠡᠬᠦ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠭᠦᠢᠴᠡᠳ ᠰᠣᠯᠢᠯᠴᠠᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠪᠠ᠃

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro