ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠨᠠᠷᠠᠯᠠᠭ ᠬᠠᠥᠯᠢ ᠪᠠᠷᠢᠯᠳᠠ ᠶᠢ ᠬᠡᠷᠡᠭᠵᠢᠭᠦᠯᠵᠦ᠂ ᠡᠷᠡᠭᠦᠦ ᠶᠢᠨ ᠭᠤᠮᠤᠳᠠᠯ ᠲᠤᠭᠠᠴᠢᠯᠳᠠ ᠶᠢᠨ ᠬᠡᠷᠡᠭ ᠦᠨ ᠢᠯᠡ ᠪᠡᠷ ᠭᠡᠷᠡᠴᠢᠯᠡᠭᠡ ᠰᠤᠨᠤᠰᠬᠤ ᠬᠤᠷᠠᠯ ᠢ ᠠᠩᠬᠠᠳᠤᠭᠠᠷ ᠤᠳᠠᠭ᠎ᠠ ᠡᠷᠬᠢᠯᠡᠪᠡ

2017-04-19 11:24:16
ᠵᠣᠬᠢᠶᠠᠭᠴᠢ
ᠪᠤᠤ ᠡᠾᠦ᠋ᠢ ᠮᠧᠢ

W020170414401531796305.jpg

    4 ᠰᠠᠷ᠎ᠠ ᠶᠢᠨ 13 ‍ᠣ ᠡᠳᠦᠷ ᠦᠨ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠠᠩᠬᠠᠳᠤᠭᠠᠷ ᠤᠳᠠᠭᠠᠨ ‍ᠣ ᠢᠯᠡ ᠪᠡᠷ ᠭᠡᠷᠡᠴᠢᠯᠡᠭᠡ ᠰᠤᠨᠤᠰᠬᠤ ᠬᠤᠷᠠᠯ ᠡᠷᠬᠢᠯᠡᠵᠦ᠂ ᠴᠢᠤᠢ ᠤᠪᠤᠭᠳᠤ ᠶᠢᠨ ᠦᠯᠦ ᠵᠠᠭᠠᠯᠳᠤᠬᠤ ᠶᠢ ᠬᠦᠯᠢᠶᠡᠬᠦ ᠦᠭᠡᠢ ᠡᠷᠡᠭᠦᠦ ᠶᠢᠨ ᠭᠤᠮᠤᠳᠠᠯ ᠲᠤᠭᠠᠴᠢᠯᠳᠠ ᠶᠢᠨ ᠬᠡᠷᠡᠭ ᠲᠦ ᠬᠢᠨᠠᠨ ᠪᠠᠶᠢᠴᠠᠭᠠᠯᠳᠠ ᠬᠢᠵᠠᠢ᠃  ᠡᠷᠬᠢᠯᠡᠭᠴᠢ᠂ ᠪᠢᠴᠢᠭᠡᠴᠢ᠂ ᠬᠡᠷᠡᠭ ᠲᠠᠭᠠᠭᠠᠨ ᠰᠢᠳᠭᠡᠭᠴᠢ᠂ ᠭᠡᠷᠡᠴᠢᠯᠡᠭᠡ ᠰᠤᠨᠤᠰᠤᠭᠴᠢ᠂ ᠭᠤᠮᠤᠳᠠᠯ ᠲᠤᠭᠠᠴᠢᠭᠴᠢ ᠵᠢᠴᠢ ᠲᠡᠭᠦᠨ ‍ᠣ ᠨᠠᠶᠢᠳᠠᠭᠰᠠᠨ ᠤᠷᠤᠯᠠᠭᠴᠢ ᠭᠡᠷᠡᠴᠢᠯᠡᠭᠡ ᠰᠤᠨᠤᠰᠬᠤ ᠳᠤ ᠤᠷᠤᠯᠴᠠᠵᠤ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠠᠷᠠᠳ ᠤᠨ ᠬᠢᠨᠠᠯᠳᠠ ᠲᠠᠯᠪᠢᠭᠴᠢ ᠵᠡᠷᠭᠡ ᠬᠦᠮᠦᠰ ᠦᠵᠡᠪᠡ᠃

    ᠲᠤᠰ ᠤᠳᠠᠭᠠᠨ ‍ᠣ ᠭᠡᠷᠡᠴᠢᠯᠡᠭᠡ ᠰᠤᠨᠤᠰᠬᠤ ᠬᠤᠷᠠᠯ ᠪᠤᠯ ᠭᠤᠮᠤᠳᠠᠯ ᠲᠤᠭᠠᠴᠢᠭᠴᠢ ᠴᠢᠤᠢ ᠤᠪᠤᠭᠳᠤ ᠭᠤᠮᠤᠳᠠᠯ ᠲᠤᠭᠠᠴᠢᠨ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠢᠯᠡ ᠪᠡᠷ ᠬᠢᠨᠠᠨ ᠪᠠᠶᠢᠴᠠᠭᠠᠬᠤ ᠪᠠᠷ ᠲᠤᠭᠳᠠᠵᠠᠢ᠃ 2014 ᠤᠨ ‍ᠣ 7 ᠰᠠᠷ᠎ᠠ᠂ ᠴᠢᠤᠢ ᠤᠪᠤᠭᠳᠤ ᠵᠡᠷᠭᠡ 3 ᠬᠦᠮᠦᠨ ᠲᠦᠩᠯᠢᠶᠤᠤ ᠬᠤᠳᠠ ᠶᠢᠨ ᠨᠢᠭᠡᠨ ᠤᠬᠢᠶᠠᠯᠳᠠ ᠶᠢᠨ ᠭᠠᠵᠠᠷ ᠬᠦᠮᠦᠨ ᠳᠦ ᠴᠤᠬᠢᠭᠳᠠᠨ ᠰᠢᠷᠬᠠᠳᠤᠪᠠ᠃ ᠤᠤᠯ ᠬᠡᠷᠡᠭ ᠦᠨ ᠵᠠᠭᠠᠯᠳᠤᠭᠳᠠᠭᠴᠢ ᠵᠠᠩ ᠤᠪᠤᠭᠳᠤ᠂ ᠶᠤᠤ ᠤᠪᠤᠭᠳᠤ᠂ ᠯᠢ ᠤᠪᠤᠭᠳᠤ ᠲᠤᠰ ᠲᠤᠰ ᠡᠷᠡᠭᠦᠦ ᠰᠢᠳᠭᠡᠯ ᠤᠯᠵᠠᠢ᠃ ᠵᠤᠷᠢᠭᠤᠳᠠ ᠭᠡᠮᠳᠦᠭᠡᠭᠰᠡᠨ ᠶᠠᠯ᠎ᠠ ᠶᠢᠨ ᠰᠡᠵᠢᠭᠳᠡᠨ ᠪᠤᠤ ᠤᠪᠤᠭᠳᠤ ᠶᠢᠨ ᠬᠡᠷᠡᠭ ᠦᠨ ᠪᠤᠳᠠᠳᠤ ᠶᠠᠪᠤᠳᠠᠯ ᠨᠢ ᠲᠤᠳᠤᠷᠬᠠᠢ ᠦᠭᠡᠢ᠂ ᠭᠡᠷᠡᠴᠢ ᠪᠠᠷᠢᠮᠳᠠ ᠨᠢ ᠭᠦᠢᠴᠡᠳ ᠪᠤᠰᠤ ᠡᠴᠡ ᠪᠤᠯᠵᠤ᠂ ᠬᠤᠷᠴᠢᠨ ᠵᠡᠭᠦᠨ ᠭᠠᠷᠤᠨ ᠲᠤᠮᠳᠠᠳᠤ ᠬᠤᠰᠢᠭᠤᠨ ‍ᠣ ᠪᠠᠶᠢᠴᠠᠭᠠᠬᠤ ᠬᠤᠷᠢᠶ᠎ᠠ ᠦᠯᠦ ᠵᠠᠭᠠᠯᠳᠤᠬᠤ ᠲᠤᠭᠳᠠᠭᠠᠯ ᠭᠠᠷᠭᠠᠵᠠᠢ᠃ ᠲᠦᠩᠯᠢᠶᠤᠤ ᠬᠤᠳᠠ ᠶᠢᠨ ᠪᠠᠶᠢᠴᠠᠭᠠᠬᠤ ᠬᠤᠷᠢᠶ᠎ᠠ ᠬᠡᠷᠡᠭ ᠪᠤᠯᠭᠠᠨ ᠲᠠᠬᠢᠨ ᠪᠠᠶᠢᠴᠠᠭᠠᠭᠠᠳ᠂ ᠬᠤᠷᠴᠢᠨ ᠵᠡᠭᠦᠨ ᠭᠠᠷᠤᠨ ᠲᠤᠮᠳᠠᠳᠤ ᠬᠤᠰᠢᠭᠤᠨ ‍ᠣ ᠪᠠᠶᠢᠴᠠᠭᠠᠬᠤ ᠬᠤᠷᠢᠶᠠᠨ ‍ᠣ ᠦᠯᠦ ᠵᠠᠭᠠᠯᠳᠤᠬᠤ ᠲᠤᠭᠳᠠᠭᠠᠯ ᠢ ᠪᠠᠷᠢᠮᠳᠠᠯᠠᠵᠠᠢ᠃ ᠲᠠᠷᠠᠭ᠎ᠠ ᠨᠢ ᠴᠢᠤᠢ ᠤᠪᠤᠭᠳᠤ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ᠳᠤ ᠭᠤᠮᠤᠳᠠᠯ ᠲᠤᠭᠠᠴᠢᠵᠠᠢ᠃

    ᠴᠢᠤᠢ ᠤᠪᠤᠭᠳᠤ ᠶᠢᠨ ᠴᠤᠬᠢᠭᠳᠠᠭᠰᠠᠨ ᠨᠢ ᠪᠤᠤ ᠤᠪᠤᠭᠳᠤ ᠶᠢᠨ ᠠᠵᠢᠯᠯᠠᠭ᠎ᠠ ᠮᠦᠨ ᠡᠰᠡᠬᠦ᠂ ︽ᠵᠢᠭᠠᠨ ᠲᠤᠬᠢᠭᠰᠠᠨ︾ ᠦᠢᠯᠡ ᠪᠠᠶᠢᠳᠠᠯ ᠢ ᠮᠠᠭᠠᠳᠯᠠᠬᠤ ᠭᠡᠷᠡᠴᠢ ᠪᠠᠷᠢᠮᠳᠠ ᠨᠢ ᠭᠦᠢᠴᠡᠳ ᠡᠰᠡᠬᠦ ᠶᠢᠨ ᠲᠤᠬᠠᠢ ᠭᠡᠷᠡᠴᠢᠯᠡᠭᠡ ᠰᠤᠨᠤᠰᠬᠤ ᠬᠤᠷᠠᠯ ᠲᠡᠭᠡᠷ᠎ᠡ᠂ ᠴᠢᠤᠢ ᠤᠪᠤᠭᠳᠤ ᠪᠠ ᠨᠠᠶᠢᠳᠠᠭᠰᠠᠨ ᠤᠷᠤᠯᠠᠭᠴᠢ ᠨᠢ ᠦᠯᠦ ᠵᠠᠭᠠᠯᠳᠤᠬᠤ ᠶᠢ ᠬᠦᠯᠢᠶᠡᠬᠦ ᠦᠭᠡᠢ ᠡᠷᠡᠭᠦᠦ ᠶᠢᠨ ᠬᠡᠷᠡᠭ ᠦᠨ ᠭᠤᠮᠤᠳᠠᠯ ᠲᠤᠭᠠᠴᠢᠭᠰᠠᠨ ᠰᠢᠯᠳᠠᠭᠠᠨ ᠢᠶᠠᠨ ᠨᠠᠷᠢᠯᠢᠭ ᠲᠤᠭᠠᠴᠢᠵᠠᠢ᠃ ᠤᠤᠯ ᠬᠡᠷᠡᠭ ᠤᠨ ᠲᠠᠭᠠᠭᠠᠨ ᠰᠢᠳᠭᠡᠭᠴᠢ᠂  ᠬᠡᠷᠡᠭ ᠢ ᠲᠠᠬᠢᠨ ᠪᠠᠶᠢᠴᠠᠭᠠᠭᠰᠠᠨ ᠲᠠᠭᠠᠭᠠᠨ ᠰᠢᠳᠭᠡᠭᠴᠢ᠂ ᠪᠤᠤ ᠤᠪᠤᠭᠳᠤ  ᠶᠢ ᠦᠯᠦ ᠵᠠᠭᠠᠯᠳᠤᠬᠤ ᠲᠤᠭᠳᠠᠭᠠᠯ ᠭᠠᠷᠭᠠᠬᠤ ᠳᠤ ᠲᠤᠳᠤᠯᠠᠭᠰᠠᠨ ᠪᠤᠳᠠᠳᠤ ᠶᠠᠪᠤᠳᠠᠯ᠂ ᠭᠡᠷᠡᠴᠢ ᠪᠠᠷᠢᠮᠳᠠ ᠪᠠ ᠬᠠᠥᠯᠢ ᠶᠢᠨ ᠦᠨᠳᠦᠰᠦᠯᠡᠯ ᠢᠶᠡᠨ ᠲᠤᠰ ᠲᠤᠰ ᠲᠤᠳᠤᠷᠬᠠᠶᠢᠯᠠᠵᠠᠢ᠃ ᠬᠤᠶᠠᠷ ᠡᠳᠡᠭᠡᠳ ᠢᠶᠡᠷ ᠢᠶᠠᠨ ᠪᠠᠰᠠ ᠬᠡᠷᠡᠭ ᠦᠨ ᠲᠤᠮᠳᠠ ᠤᠷᠤᠰᠢᠵᠤ ᠪᠠᠶᠢᠭ᠎ᠠ ᠠᠳᠠᠯᠢ ᠪᠤᠰᠤ ᠦᠵᠡᠯᠳᠡ ᠪᠡᠨ ᠲᠤᠳᠤᠷᠬᠠᠶᠢᠯᠠᠵᠠᠢ᠃

    ᠶᠤᠰᠤ ᠨᠢ ᠶᠠᠷᠢᠬᠤ ᠲᠤᠳᠤᠮ ᠲᠤᠳᠤᠷᠬᠠᠢ ᠪᠤᠯᠵᠤ᠂ ᠬᠤᠶᠠᠷ ᠡᠳᠡᠭᠡᠳ ᠦᠨ ᠲᠤᠭᠠᠴᠢᠯᠳᠠ ᠨᠢ ᠬᠡᠷᠡᠭ ᠲᠠᠢ ᠠᠰᠢᠭ ᠬᠤᠤᠷ ᠤᠨ ᠬᠠᠷᠢᠴᠠᠭ᠎ᠠ ᠦᠭᠡᠢ ᠲᠠᠪᠤᠨ ᠭᠡᠷᠡᠴᠢᠯᠡᠭᠡ ᠰᠤᠨᠤᠰᠤᠭᠴᠢ ᠶᠢᠨ ᠰᠡᠳᠭᠢᠮᠵᠢ ᠶᠢ ᠢᠳᠡᠭ ᠢᠳᠡᠭ ᠢᠶᠡᠷ ᠲᠤᠳᠤᠷᠬᠠᠢ ᠪᠤᠯᠭᠠᠵᠠᠢ᠃ ᠲᠤᠰ ᠲᠠᠪᠤᠨ ᠭᠡᠷᠡᠴᠢᠯᠡᠭᠡ ᠰᠤᠨᠤᠰᠤᠭᠴᠢ ᠨᠢ ᠪᠦᠷ ᠬᠠᠥᠯᠢ ᠶᠢᠨ ᠤᠬᠠᠭᠠᠨ ‍ᠣ ᠪᠠᠶᠠᠯᠢᠭ ᠲᠤᠷᠰᠢᠯᠭ᠎ᠠ ᠲᠠᠢ ᠦᠪᠡᠷᠳᠡᠭᠡᠨ ᠵᠠᠰᠠᠬᠤ ᠤᠷᠤᠨ ‍ᠣ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ‍ᠣ ᠭᠡᠰᠢᠭᠦᠨ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠠᠷᠠᠳ ᠤᠨ ᠬᠢᠨᠠᠯᠳᠠ ᠲᠠᠯᠪᠢᠭᠴᠢ ᠵᠡᠷᠭᠡ ᠲᠦᠯᠦᠭᠡᠯᠡᠭᠴᠢ ᠪᠤᠯᠤᠨ᠎ᠠ᠃ ᠭᠡᠷᠡᠴᠢᠯᠡᠭᠡ ᠰᠤᠨᠤᠰᠬᠤ ᠬᠤᠷᠠᠯ ᠡᠴᠡ ᠡᠮᠦᠨ᠎ᠡ᠂ ᠲᠡᠳᠡᠨᠡᠷ ᠨᠢᠭᠡᠨᠳᠡ ᠬᠡᠷᠡᠭ ᠦᠨ ᠪᠠᠶᠢᠳᠠᠯ ᠢ ᠤᠶᠢᠯᠠᠭᠠᠵᠠᠢ᠃ ᠭᠡᠷᠡᠴᠢᠯᠡᠭᠡ ᠰᠤᠨᠤᠰᠬᠤ ᠲᠤᠮᠳᠠ ᠤᠯᠠᠮ ᠨᠢᠭᠡ ᠠᠯᠬᠤᠮ ᠠᠰᠠᠭᠤᠨ ᠲᠤᠳᠤᠷᠬᠠᠶᠢᠯᠠᠭᠰᠠᠨ ‍ᠣ ᠳ᠋ᠦᠩ ᠳᠦ ᠲᠡᠳᠡᠨ ‍ᠣ ᠪᠤᠳᠤᠯ ᠢ ᠤᠯᠠᠮ ᠨᠢᠭᠡ ᠠᠯᠬᠤᠮ ᠪᠠᠳᠤᠳᠬᠠᠵᠠᠢ᠃ ᠲᠠᠷᠠᠭ᠎ᠠ ᠳ᠋ᠤᠨᠢ᠂ ᠲᠠᠪᠤᠨ ᠭᠡᠷᠡᠴᠢᠯᠡᠭᠡ ᠰᠤᠨᠤᠰᠤᠭᠴᠢ ᠬᠡᠷᠡᠭ ᠰᠢᠢᠳᠪᠦᠷᠢᠯᠡᠬᠦ ᠲᠤᠭᠳᠠᠭᠠᠯ ᠳᠤ ᠲᠤᠰᠠᠭᠠᠷ ᠢᠶᠠᠨ ᠪᠠᠳᠤᠯᠠᠬᠤ ᠰᠠᠨᠠᠯ ᠢᠶᠠᠨ ᠲᠤᠷᠠᠳᠪᠠ᠃

    ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠠᠷᠠᠳ ᠤᠨ ᠬᠢᠨᠠᠯᠳᠠ ᠲᠠᠯᠪᠢᠭᠴᠢ᠂ ᠦᠪᠦᠷ ᠮᠤᠩᠭᠤᠯ ᠤᠨ ᠡᠳ᠋ ᠦᠨ ᠵᠠᠰᠠᠭ ᠤᠨ ᠶᠡᠬᠡ ᠰᠤᠷᠭᠠᠭᠤᠯᠢ ᠶᠢᠨ ᠬᠠᠥᠯᠢ ᠰᠤᠳᠤᠯᠤᠯ ᠤᠨ ᠶᠡᠬᠡ ᠰᠤᠷᠭᠠᠭᠤᠯᠢ ᠶᠢᠨ ᠨᠡᠶᠢᠳᠡᠴᠢ ᠬᠠᠥᠯᠢ ᠶᠢᠨ ᠰᠠᠯᠪᠤᠷᠢ ᠶᠢᠨ ᠫᠷᠦᠹᠧᠰᠰᠦᠷ ᠱᠧᠨ ᠶᠤᠸᠠᠨ ᠵᠧᠦ ᠭᠡᠷᠡᠴᠢᠯᠡᠭᠡ ᠰᠤᠨᠤᠰᠤᠭᠴᠢ ᠶᠢᠨ ᠲᠦᠯᠦᠭᠡᠯᠡᠭᠴᠢ ᠶᠢᠨ ᠬᠤᠪᠢ ᠪᠠᠷ ᠭᠡᠷᠡᠴᠢᠯᠡᠭᠡ ᠰᠤᠨᠤᠰᠤᠭᠰᠠᠨ ᠵᠦᠪᠯᠡᠬᠦ ᠰᠠᠨᠠᠯ ᠢᠶᠠᠨ ᠢᠯᠡᠳᠭᠡᠵᠠᠢ᠃ ᠲᠡᠷᠡ ᠢᠯᠡᠷᠭᠡᠶᠢᠯᠡᠭᠰᠡᠨ ᠨᠢ᠄ ᠭᠡᠷᠡᠴᠢᠯᠡᠭᠡ ᠰᠤᠨᠤᠰᠤᠭᠴᠢ ᠡᠴᠡ ᠪᠠᠶᠢᠴᠠᠭᠠᠬᠤ ᠬᠤᠷᠢᠶᠠᠨ ‍ᠣ ᠦᠯᠦ ᠵᠠᠭᠠᠯᠳᠤᠬᠤ ᠲᠤᠭᠳᠠᠭᠠᠯ ᠢ ᠵᠦᠪᠰᠢᠶᠡᠷᠡᠨ᠎ᠡ᠃ ᠲᠤᠰ ᠤᠳᠠᠭᠠᠨ ‍ᠣ ᠭᠡᠷᠡᠴᠢᠯᠡᠭᠡ ᠰᠤᠨᠤᠰᠬᠤ ᠬᠤᠷᠠᠯ ᠨᠢ ᠬᠡᠷᠡᠭ ᠦᠨ ᠪᠦᠬᠦ ᠶᠠᠪᠤᠴᠠ ᠶᠢ ᠦᠵᠡᠭᠦᠯᠵᠦ᠂ ᠭᠤᠮᠤᠳᠠᠯ ᠲᠤᠭᠠᠴᠢᠭᠴᠢ ᠳᠤ ᠤᠤᠯ ᠤᠨ ᠰᠢᠢᠳᠪᠦᠷᠢᠯᠡᠭᠰᠡᠨ ᠲᠤᠭᠳᠠᠭᠠᠯ ᠳᠦ ᠰᠡᠵᠢᠭᠯᠡᠯᠳᠡᠢ ᠪᠠᠶᠢᠬᠤ ᠪᠤᠳᠠᠳᠤ ᠶᠠᠪᠤᠳᠠᠯ᠂ ᠰᠢᠯᠳᠠᠭᠠᠨ ᠪᠠ ᠦᠨᠳᠦᠰᠦᠯᠡᠯ ᠢᠶᠡᠨ ᠭᠦᠢᠴᠡᠳ ᠲᠤᠭᠠᠴᠢᠬᠤ ᠤᠷᠤᠨ ᠵᠠᠢ ᠦᠭᠴᠦ᠂ ᠤᠤᠯ ᠤᠨ ᠬᠡᠷᠡᠭ ᠲᠠᠭᠠᠭᠠᠨ ᠰᠢᠳᠭᠡᠭᠴᠢ᠂ ᠲᠠᠬᠢᠨ ᠪᠠᠶᠢᠴᠠᠭᠠᠭᠴᠢ ᠪᠠᠰᠠ ᠬᠠᠮᠢᠶ᠎ᠠ ᠪᠦᠬᠦᠢ ᠠᠰᠠᠭᠤᠳᠠᠯ ᠳᠤ ᠨᠠᠷᠢᠨ ᠨᠢᠭᠳᠠ ᠲᠠᠶᠢᠯᠪᠦᠷᠢᠯᠠᠯᠳᠠ ᠪᠠ ᠲᠤᠳᠤᠷᠬᠠᠶᠢᠯᠠᠯᠳᠠ ᠬᠢᠵᠠᠢ᠃ ᠪᠠᠶᠢᠴᠠᠭᠠᠬᠤ ᠪᠠᠶᠢᠭᠤᠯᠭ᠎ᠠ ᠳᠤ ᠦᠯᠦ ᠵᠠᠭᠠᠯᠳᠤᠬᠤ ᠲᠤᠭᠳᠠᠭᠠᠯ ᠭᠠᠷᠭᠠᠬᠤ ᠶᠢᠨ ᠬᠠᠮᠳᠤ᠂ ᠭᠤᠮᠤᠳᠠᠯ ᠲᠤᠭᠠᠴᠢᠭᠴᠢ ᠶᠢᠨ ᠲᠤᠷᠠᠳᠤᠭᠰᠠᠨ ᠪᠤᠳᠠᠳᠤ ᠶᠠᠪᠤᠳᠠᠯ ᠪᠠ ᠰᠦᠪᠡᠭᠴᠢ ᠶᠢ ᠦᠷᠬᠦᠯᠵᠢᠯᠡᠨ ᠪᠠᠶᠢᠴᠠᠭᠠᠨ ᠲᠤᠳᠤᠯᠠᠬᠤ ᠰᠠᠨᠠᠭᠤᠯᠭ᠎ᠠ ᠲᠤᠷᠠᠳᠴᠠᠢ᠃

    ᠬᠡᠳᠦᠶᠢᠪᠡᠷ ᠲᠤᠰ ᠤᠳᠠᠭᠠᠨ ‍ᠣ ᠭᠡᠷᠡᠴᠢᠯᠡᠭᠡ ᠰᠤᠨᠤᠰᠬᠤ ᠬᠤᠷᠠᠯ ᠳᠤ ᠴᠢᠤᠢ ᠤᠪᠤᠭᠳᠤ ᠪᠠ ᠨᠠᠶᠢᠳᠠᠭᠰᠠᠨ ᠤᠷᠤᠯᠠᠭᠴᠢ ᠬᠦᠰᠡᠯ ᠢᠶᠡᠨ ᠪᠡᠶᠡᠯᠡᠭᠦᠯᠵᠦ ᠲᠡᠶᠢᠯᠦᠭᠰᠡᠨ ᠦᠭᠡᠢ ᠪᠤᠯᠪᠠᠴᠤ᠂ ᠲᠤᠰ ᠤᠳᠠᠭᠠᠨ ‍ᠣ ᠭᠡᠷᠡᠴᠢᠯᠡᠭᠡ ᠰᠤᠨᠤᠰᠬᠤ ᠬᠤᠷᠠᠯ ᠨᠢ ᠢᠯᠡ ᠲᠤᠳᠤᠷᠬᠠᠢ᠂ ᠭᠤᠮᠤᠳᠠᠯ ᠲᠤᠭᠠᠴᠢᠭᠴᠢ ᠳᠤ ᠰᠠᠨᠠᠯ ᠢᠶᠠᠨ ᠢᠯᠡᠳᠭᠡᠬᠦ ᠵᠠᠪᠰᠢᠶᠠᠨ ᠤᠯᠭᠤᠵᠠᠢ᠂ ᠲᠡᠳᠡᠨᠡᠷ ᠭᠡᠷᠡᠴᠢᠯᠡᠭᠡ ᠰᠤᠨᠤᠰᠤᠭᠴᠢ ᠶᠢᠨ ᠰᠠᠨᠠᠯ ᠢ ᠭᠦᠢᠴᠡᠳ ᠬᠦᠨᠳᠦᠳᠭᠡᠨ᠎ᠡ ᠭᠡᠵᠡᠢ᠃ ᠲᠡᠳᠡ ᠢᠯᠡᠷᠬᠡᠶᠢᠯᠡᠭᠰᠡᠨ ᠨᠢ᠂ ᠲᠤᠰ ᠤᠳᠠᠭᠠᠨ ‍ᠣ ᠭᠡᠷᠡᠴᠢᠯᠡᠭᠡ ᠰᠤᠨᠤᠰᠬᠤ ᠬᠤᠷᠠᠯ ᠨᠢ ᠬᠠᠥᠯᠢ ᠶᠤᠰᠤᠭᠠᠷ ᠡᠷᠬᠡ ᠪᠡᠨ ᠬᠠᠮᠠᠭᠠᠯᠠᠬᠤ ᠪᠤᠯ ᠰᠠᠶ᠋ᠢ ᠵᠦᠪ ᠠᠷᠭ᠎ᠠ ᠵᠠᠮ ᠭᠡᠳᠡᠭ ᠦᠨ ᠢᠳᠡᠭᠡᠯ ᠢ ᠨᠡᠩ ᠪᠠᠳᠤ ᠪᠤᠯᠭᠠᠵᠤ᠂ ᠡᠭᠦᠨ ᠡᠴᠡ ᠬᠤᠶᠢᠰᠢ ᠵᠠᠪᠠᠯ ᠬᠠᠥᠯᠢ ᠴᠠᠭᠠᠵᠠ ᠶᠢᠨ ᠠᠷᠭ᠎ᠠ ᠵᠠᠮ ᠢᠶᠠᠷ ᠲᠠᠮᠵᠢᠨ ᠬᠡᠷᠡᠭ ᠤᠴᠢᠷ ᠢ ᠢᠯᠭᠠᠷᠠᠭᠤᠯᠤᠨ᠎ᠠ ᠭᠡᠵᠦ ᠶᠠᠷᠢᠵᠠᠢ᠃

W020170414401532094239.jpg        

    ᠲᠠᠷᠠᠭ᠎ᠠ ᠳ᠋ᠤᠨᠢ᠂ ᠭᠡᠷᠡᠴᠢᠯᠡᠭᠡ ᠰᠤᠨᠤᠰᠤᠭᠴᠢ ᠪᠠ ᠭᠤᠮᠤᠳᠠᠯ ᠲᠤᠭᠠᠴᠢᠭᠴᠢ ᠶᠢᠨ ᠤᠷᠤᠯᠠᠭᠴᠢ ᠬᠠᠥᠯᠢᠴᠢ᠂ ᠨᠠᠶᠢᠳᠠᠭᠰᠠᠨ ᠤᠷᠤᠯᠠᠭᠴᠢ ᠭᠡᠷᠡᠴᠢᠯᠡᠭᠡ ᠰᠤᠨᠤᠰᠤᠭᠰᠠᠨ ᠬᠤᠷᠠᠯ ᠤᠨ ᠲᠡᠮᠳᠡᠭᠯᠡᠯ ᠲᠡᠭᠡᠷ᠎ᠡ ᠲᠤᠰ ᠲᠤᠰ ᠭᠠᠷ ᠤᠨ ᠦᠰᠦᠭ ᠵᠢᠷᠤᠵᠠᠢ᠃ ᠲᠤᠰ ᠲᠡᠮᠳᠡᠭᠯᠡᠯ ᠢ ᠬᠡᠷᠡᠭ ᠦᠨ ᠡᠪᠬᠡᠮᠡᠯ ᠳᠦ ᠲᠠᠭᠠᠯᠳᠤᠭᠤᠯᠤᠨ᠎ᠠ᠃

    ᠭᠡᠷᠡᠴᠢᠯᠡᠭᠡ ᠰᠤᠨᠤᠰᠬᠤ ᠬᠤᠷᠠᠯ ᠤᠨ ᠡᠷᠬᠢᠯᠡᠭᠴᠢ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠭᠤᠮᠤᠳᠠᠯ ᠵᠠᠭᠠᠯᠳᠤᠯᠭ᠎ᠠ ᠪᠠᠶᠢᠴᠠᠭᠠᠬᠤ ᠭᠠᠵᠠᠷ ᠤᠨ ᠲᠡᠳ᠋ ᠭᠠᠵᠠᠷ ᠤᠨ ᠲᠠᠷᠤᠭ᠎ᠠ ᠵᠠᠩ ᠰᠢᠤᠸᠠᠢ ᠶᠠᠨ ᠢᠯᠡᠷᠬᠡᠶᠢᠯᠡᠭᠰᠡᠨ ᠨᠢ᠂ ᠲᠤᠰ ᠤᠳᠠᠭᠠᠨ ‍ᠣ ᠭᠡᠷᠡᠴᠢᠯᠡᠭᠡ ᠰᠤᠨᠤᠰᠬᠤ ᠬᠤᠷᠠᠯ ᠨᠢ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ‍ᠣ ᠨᠡᠶᠢᠳᠡᠯᠡᠭᠰᠡᠨ ᠡᠷᠡᠭᠦᠦ ᠶᠢᠨ ᠭᠤᠮᠤᠳᠠᠯ ᠲᠤᠭᠠᠴᠢᠯᠳᠠ ᠶᠢᠨ ᠬᠡᠷᠡᠭ ᠢ ᠢᠯᠡ ᠪᠡᠷ ᠬᠢᠨᠠᠨ ᠪᠠᠶᠢᠴᠠᠭᠠᠬᠤ ᠵᠢᠷᠦᠮ ᠶᠤᠰᠤᠭᠠᠷ ᠶᠠᠪᠤᠭᠳᠠᠵᠤ᠂ ᠪᠠᠶᠢᠴᠠᠭᠠᠬᠤ ᠪᠠᠶᠢᠭᠤᠯᠭ᠎ᠠ ᠡᠴᠡ ᠡᠯ᠎ᠡ ᠲᠠᠯ᠎ᠠ ᠶᠢᠨ ᠰᠠᠨᠠᠯ ᠢ ᠭᠦᠢᠴᠡᠳ ᠪᠤᠳᠤᠯᠬᠢᠯᠠᠵᠤ᠂ ᠬᠠᠥᠯᠢ ᠴᠠᠭᠠᠵᠠ ᠶᠢᠨ ᠲᠤᠭᠳᠠᠭᠠᠯ ᠢ ᠦᠨᠳᠦᠰᠦᠯᠡᠨ ᠰᠢᠢᠳᠪᠦᠷᠢᠯᠡᠬᠦ ᠰᠠᠨᠠᠯ ᠭᠠᠷᠭᠠᠨ᠎ᠠ ᠭᠡᠵᠡᠢ᠃ ᠦᠪᠡᠷᠳᠡᠭᠡᠨ ᠵᠠᠰᠠᠬᠤ ᠤᠷᠤᠨ ‍ᠣ ᠠᠩᠬᠠᠳᠤᠭᠠᠷ ᠤᠳᠠᠭᠠᠨ ‍ᠣ ᠢᠯᠡ ᠪᠡᠷ ᠭᠡᠷᠡᠴᠢᠯᠡᠭᠡ ᠰᠤᠨᠤᠰᠬᠤ ᠬᠤᠷᠠᠯ ᠨᠢ ᠪᠠᠶᠢᠴᠠᠭᠠᠬᠤ ᠶᠠᠪᠤᠳᠠᠯ ᠢ ᠢᠯᠡ ᠪᠤᠯᠭᠠᠬᠤ ᠶᠢ ᠭᠦᠨᠵᠡᠭᠡᠶᠢᠷᠡᠭᠦᠯᠦᠨ᠂ ᠬᠡᠷᠡᠭ ᠦᠨ ᠲᠤᠳᠤᠷᠬᠠᠶᠢᠴᠠ ᠶᠢ ᠲᠡᠭᠡᠭᠰᠢᠯᠡᠭᠦᠯᠵᠦ᠂ ᠤᠯᠠᠨ ᠲᠦᠮᠡᠨ ‍ᠣ ᠪᠠᠶᠢᠴᠠᠭᠠᠬᠤ ᠠᠵᠢᠯ ᠤᠨ ᠲᠤᠬᠠᠢ ᠪᠠᠶᠢᠳᠠᠯ ᠢ ᠮᠡᠳᠡᠬᠦ ᠡᠷᠬᠡ᠂ ᠤᠷᠤᠯᠴᠠᠬᠤ ᠡᠷᠬᠡ᠂ ᠢᠯᠡᠳᠭᠡᠬᠦ ᠡᠷᠬᠡ᠂ ᠬᠢᠨᠠᠯᠳᠠ ᠲᠠᠯᠪᠢᠬᠤ ᠡᠷᠬᠡ ᠶᠢ ᠭᠦᠢᠴᠡᠳ ᠪᠠᠳᠤᠯᠠᠵᠤ᠂ ᠠᠷᠠᠳ ᠤᠨ ᠬᠢᠨᠠᠯᠳᠠ ᠲᠠᠯᠪᠢᠭᠴᠢ ᠶᠢᠨ ᠬᠡᠷᠡᠭ ᠲᠦ ᠬᠢᠨᠠᠯᠳᠠ ᠲᠠᠯᠪᠢᠵᠤ ᠲᠤᠰᠢᠶᠠᠯ ᠢᠶᠠᠨ ᠭᠦᠢᠴᠡᠳᠭᠡᠬᠦ ᠴᠢᠳᠠᠪᠦᠷᠢ ᠶᠢ ᠲᠡᠭᠡᠭᠰᠢᠯᠡᠭᠦᠯᠵᠦ᠂ ᠬᠠᠥᠯᠢ  ᠪᠠᠷᠢᠯᠳᠠ ᠶᠢᠨ ᠢᠳᠡᠭᠡᠭᠦᠯᠬᠦ ᠬᠦᠴᠦᠨ ᠢ ᠴᠢᠩᠭᠠᠳᠬᠠᠵᠠᠢ᠃ ᠡᠨᠡᠬᠦ ᠠᠰᠢᠭᠳᠠᠢ ᠡᠷᠢᠯᠬᠢᠯᠡᠯ ᠨᠢ ᠬᠤᠵᠢᠮ ᠤᠨ ᠪᠠᠶᠢᠴᠠᠭᠠᠬᠤ ᠠᠵᠢᠯ ᠳᠤ ᠨᠠᠨᠳᠢᠨ ᠲᠤᠷᠰᠢᠯᠭ᠎ᠠ ᠬᠤᠷᠠᠮᠳᠤᠭᠤᠯᠤᠨ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠡᠷᠡᠭᠦᠦ ᠶᠢᠨ ᠭᠤᠮᠤᠳᠠᠯ ᠲᠤᠭᠠᠴᠢᠯᠳᠠ ᠶᠢᠨ ᠬᠡᠷᠡᠭ ᠢ ᠢᠯᠡ ᠪᠤᠯᠭᠠᠬᠤ ᠠᠵᠢᠯ ᠢ ᠲᠠᠰᠤᠷᠠᠯᠳᠠ ᠦᠭᠡᠢ ᠴᠢᠩᠭᠠᠳᠬᠠᠬᠤ ᠶᠢᠨ ᠬᠠᠮᠳᠤ ᠠᠵᠢᠯ ᠤᠨ ᠭᠤᠤᠯᠳᠠᠯᠭ᠎ᠠ ᠪᠤᠯᠭᠠᠨ ᠤᠷᠳᠤ ᠬᠤᠭᠤᠴᠠᠭ᠎ᠠ ᠪᠠᠷᠢᠮᠳᠠᠯᠠᠨ᠎ᠠ ᠭᠡᠵᠡᠢ᠃

    ᠡᠷᠡᠭᠦᠦ ᠶᠢᠨ ᠭᠤᠮᠤᠳᠠᠯ ᠲᠤᠭᠠᠴᠢᠯᠳᠠ ᠶᠢᠨ ᠬᠡᠷᠡᠭ ᠲᠦ ᠢᠯᠡ ᠪᠡᠷ ᠭᠡᠷᠡᠴᠢᠯᠡᠭᠡ ᠰᠤᠨᠤᠰᠬᠤ ᠨᠢ ᠪᠠᠶᠢᠴᠠᠭᠠᠬᠤ ᠶᠠᠪᠤᠳᠠᠯ ᠢ ᠢᠯᠡ ᠪᠤᠯᠭᠠᠬᠤ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠷᠡᠭᠦᠦ ᠶᠢᠨ ᠭᠤᠮᠤᠳᠠᠯ ᠲᠤᠭᠠᠴᠢᠯᠳᠠ ᠶᠢᠨ ᠬᠡᠷᠡᠭ ᠰᠢᠢᠳᠪᠦᠷᠢᠯᠡᠬᠦ ᠲᠤᠳᠤᠷᠬᠠᠶᠢᠴᠠ ᠶᠢ ᠴᠢᠩᠭᠠᠳᠬᠠᠬᠤ᠂ ᠨᠡᠶᠢᠭᠡᠮ ᠦᠨ ᠵᠦᠷᠢᠴᠡᠯ ᠢ ᠠᠷᠢᠯᠭᠠᠬᠤ ᠶᠢ ᠠᠬᠢᠭᠤᠯᠬᠤ᠂ ᠭᠤᠮᠤᠳᠠᠯ ᠲᠤᠭᠠᠴᠢᠭᠴᠢ ᠶᠢᠨ ᠬᠠᠥᠯᠢ ᠶᠤᠰᠤᠨ ‍ᠣ ᠡᠷᠬᠡ ᠠᠰᠢᠭ ᠢ ᠬᠠᠮᠠᠭᠠᠯᠠᠬᠤ ᠳᠤ ᠲᠤᠰᠠᠳᠠᠢ᠃ ᠡᠨᠡ ᠪᠤᠯ ᠬᠠᠥᠯᠢ ᠴᠠᠭᠠᠵᠠ ᠶᠢᠨ ᠡᠷᠬᠡ ᠰᠦᠷ ᠪᠠ ᠠᠷᠠᠳ ᠢᠷᠭᠡᠨ ‍ᠣ ᠡᠷᠬᠡ ᠠᠰᠢᠭ ᠲᠤ ᠲᠡᠭᠡᠳᠦ ᠬᠡᠮᠵᠢᠶ᠎ᠡ ᠪᠡᠷ ᠬᠠᠷᠢᠭᠤᠴᠠᠵᠤ᠂ ᠬᠠᠥᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠳᠡ ᠶᠢᠨ ᠴᠢᠷᠮᠠᠶᠢᠬᠤ ᠴᠢᠭᠯᠡᠯ ᠢ ᠢᠯᠡᠳᠭᠡᠵᠡᠢ᠂ ᠲᠡᠷᠡ ᠨᠢ ᠵᠦᠪᠬᠡᠨ ᠨᠢᠭᠡᠨ ᠬᠡᠷᠡᠭ ᠢ ᠨᠦᠯᠦᠭᠡᠯᠡᠬᠦ ᠲᠡᠳᠦᠢ ᠪᠢᠰᠢ᠂ ᠲᠡᠷᠡ ᠨᠢ ᠬᠦᠮᠦᠨ ᠪᠦᠬᠦᠨ ᠳᠦ ᠴᠢᠬᠤᠯᠠ ᠶᠡᠬᠡ ᠠᠴᠢ ᠬᠤᠯᠪᠤᠭᠳᠠᠯ ᠪᠠ ᠭᠦᠨ ᠭᠦᠨᠵᠡᠭᠡᠢ ᠨᠦᠯᠦᠭᠡ ᠦᠵᠡᠭᠦᠯᠬᠦ ᠶᠤᠮ᠃

 

ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro