ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

​ᠤᠷᠤᠨ ‍ᠣ ᠪᠠᠶᠢᠴᠠᠭᠠᠬᠤ ᠬᠤᠷᠢᠶ᠎ᠠ ᠲᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠭᠡᠬᠦ ᠠᠵᠢᠯ ᠤᠨ ᠠᠬᠢᠭᠤᠯᠬᠤ ᠬᠤᠷᠠᠯ ᠬᠤᠷᠠᠯᠳᠤᠭᠤᠯᠵᠤ᠂ ᠪᠦᠬᠦ ᠲᠠᠯ᠎ᠠ ᠶᠢ ᠪᠤᠳᠤᠯᠬᠢᠯᠠᠵᠤ᠂ ᠪᠤᠳᠠᠳᠠᠢ ᠦᠢᠯᠡ ᠠᠵᠢᠯᠯᠠᠭ᠎ᠠ ᠪᠠᠷ ᠢᠶᠠᠨ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯ ᠤᠨ ᠦᠭᠡᠷᠡᠴᠢᠯᠡᠯᠳᠡ ᠶᠢ ᠬᠦᠷᠢᠶᠡᠯᠡᠬᠦ ᠶᠢ ᠱᠠᠭᠠᠷᠳᠠᠵᠠᠢ

2017-05-04 09:47:20
ᠵᠣᠬᠢᠶᠠᠭᠴᠢ
ᠪᠤᠤ ᠡᠾᠦ᠋ᠢ ᠮᠧᠢ

W020170427630490287028.jpg

    4 ᠰᠠᠷ᠎ᠠ ᠶᠢᠨ 24 ‍ᠣ ᠡᠳᠦᠷ᠂ ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠶᠢᠨ ᠲᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠭᠡᠬᠦ ᠠᠵᠢᠯ ᠢ ᠠᠬᠢᠭᠤᠯᠬᠤ ᠬᠤᠷᠠᠯ ᠬᠦᠬᠡᠬᠤᠳᠡ ᠳᠤ ᠬᠤᠷᠠᠯᠳᠤᠵᠠᠢ᠃ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠮᠠ ᠶᠦᠩ ᠱᠧᠩ ᠪᠦᠬᠦ ᠤᠷᠤᠨ ‍ᠣ ᠡᠯ᠎ᠡ ᠱᠠᠳᠤᠨ ‍ᠣ ᠬᠤᠷᠢᠶᠠᠨ ‍ᠣ ᠲᠤᠷᠰᠢᠨ ᠪᠠᠶᠢᠴᠠᠭᠠᠬᠤ᠂ ᠤᠷᠢᠳᠴᠢᠯᠠᠨ ᠰᠡᠷᠭᠡᠶᠢᠯᠡᠬᠦ ᠰᠠᠯᠠᠭ᠎ᠠ ᠮᠦᠴᠢᠷ ᠤᠯᠤᠰ ᠲᠦᠷᠦ ᠶᠢ ᠡᠷᠬᠢᠮᠯᠡᠵᠦ᠂ ᠪᠦᠬᠦ ᠲᠠᠯ᠎ᠠ ᠶᠢ ᠪᠤᠳᠤᠯᠬᠢᠯᠠᠨ᠂ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠭᠦᠯᠵᠦ᠂ ᠪᠤᠳᠠᠳᠠᠢ ᠦᠢᠯᠡ ᠠᠵᠢᠯᠯᠠᠭ᠎ᠠ ᠪᠠᠷ ᠢᠶᠠᠨ ᠰᠢ ᠵᠢᠨ ᠫᠢᠩ ᠶᠡᠷᠦᠩᠬᠡᠢ ᠱᠦᠵᠢ ᠪᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠨᠢᠭᠡᠳᠦᠯᠳᠠᠢ ᠪᠠᠶᠢᠵᠦ᠂ ᠲᠦᠪ᠂ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ᠂ ᠦᠪᠡᠷᠳᠡᠭᠡᠨ ᠵᠠᠰᠠᠬᠤ ᠤᠷᠤᠨ ‍ᠣ ᠨᠠᠮ ᠤᠨ ᠬᠤᠷᠢᠶ᠎ᠠ ᠶᠢᠨ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯ ᠤᠨ ᠦᠭᠡᠷᠡᠴᠢᠯᠡᠯᠳᠡ ᠶᠢᠨ ᠲᠤᠬᠠᠢ ᠰᠢᠷᠢᠰ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠪᠤᠳᠠᠳᠠᠢ ᠦᠢᠯᠡ ᠠᠵᠢᠯᠯᠠᠭ᠎ᠠ ᠪᠠᠷ ᠢᠶᠠᠨ ᠦᠭᠡᠷᠡᠴᠢᠯᠡᠯᠳᠡ ᠶᠢ ᠬᠦᠷᠢᠶᠡᠯᠡᠵᠦ᠂ ᠦᠭᠡᠷᠡᠴᠢᠯᠡᠯᠳᠡ ᠶᠢ ᠲᠡᠮᠵᠢᠬᠦ ᠬᠡᠷᠡᠭᠳᠡᠢ ᠭᠡᠵᠦ ᠱᠠᠭᠠᠷᠳᠠᠵᠠᠢ᠃

W020170427630490828275.jpg

    ᠮᠠ ᠶᠦᠩ ᠱᠧᠩ ᠵᠢᠭᠠᠭᠰᠠᠨ ᠨᠢ᠂ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯ ᠤᠨ ᠦᠭᠡᠷᠡᠴᠢᠯᠡᠯᠳᠡ ᠶᠢᠨ ᠴᠢᠬᠤᠯᠠ ᠠᠴᠢ ᠬᠤᠯᠪᠤᠭᠳᠠᠯ ᠢ ᠭᠦᠨᠵᠡᠭᠡᠢ ᠤᠶᠢᠯᠠᠭᠠᠵᠤ᠂ ᠤᠯᠤᠰ ᠲᠦᠷᠦ ᠶᠢᠨ ᠰᠠᠬᠢᠯᠭ᠎ᠠ ᠪᠠᠳᠤ ᠪᠠ ᠶᠤᠰᠤ ᠲᠦᠷᠢᠮ ᠢᠶᠡᠨ ᠴᠢᠩᠭᠠᠯᠠᠵᠤ᠂ ᠦᠵᠡᠯ ᠰᠠᠨᠠᠭ᠎ᠠ ᠲᠠᠨᠢᠯᠳᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠦᠭᠡᠷᠡᠴᠢᠯᠡᠯᠳᠡ ᠬᠢᠬᠦ ᠶᠢ ᠪᠦᠬᠦ ᠬᠦᠴᠦᠨ ᠢᠶᠡᠷ ᠢᠶᠡᠨ ᠲᠡᠮᠵᠢᠵᠦ᠂ ᠦᠭᠡᠷᠡᠴᠢᠯᠡᠯᠳᠡ ᠶᠢᠨ ᠲᠤᠷᠰᠢᠯᠳᠠ ᠶᠢᠨ ᠴᠢᠭ᠋  ᠦᠨ ᠠᠮᠵᠢᠯᠳᠠ ᠶᠢ ᠪᠠᠳᠤᠯᠠᠬᠤ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠳᠡᠢ᠃ ᠡᠨᠡ ᠵᠢᠯ ᠦᠨ ᠬᠡᠷᠡᠭ ᠰᠢᠳᠭᠡᠬᠦ ᠠᠵᠢᠯ ᠢ ᠰᠠᠶᠢᠳᠤᠷ ᠠᠳᠬᠤᠬᠤ ᠶᠢᠨ ᠴᠢᠬᠤᠯᠠ ᠠᠴᠢ ᠬᠤᠯᠪᠤᠭᠳᠠᠯ ᠢ ᠭᠦᠢᠴᠡᠳ ᠲᠠᠨᠢᠵᠤ᠂ ᠤᠯᠤᠰ ᠲᠦᠷᠦ ᠶᠢ ᠡᠷᠬᠢᠮᠯᠡᠬᠦ ᠶᠢ ᠪᠤᠳᠠᠳᠠᠢ ᠦᠢᠯᠡ ᠠᠵᠢᠯᠯᠠᠭ᠎ᠠ ᠲᠡᠭᠡᠷ᠎ᠡ ᠪᠡᠨ ᠨᠠᠶᠢᠳᠠᠪᠦᠷᠢᠵᠢᠭᠤᠯᠵᠤ᠂ ᠠᠵᠢᠯ ᠲᠡᠭᠡᠷ᠎ᠡ ᠪᠡᠨ ᠢᠯᠡᠷᠡᠭᠦᠯᠦᠨ᠂ ᠨᠠᠮ ᠤᠨ ᠲᠦᠪ ᠬᠤᠷᠢᠶ᠎ᠠ ᠶᠢᠨ ᠰᠢᠢᠳᠪᠦᠷᠢ ᠪᠠᠶᠢᠷᠢᠯᠠᠭᠤᠯᠤᠯᠳᠠ ᠶᠢ ᠡᠷᠡᠰ ᠨᠠᠶᠢᠳᠠᠪᠦᠷᠢᠵᠢᠭᠤᠯᠵᠤ᠂ ᠪᠤᠳᠠᠳᠠᠢ ᠦᠢᠯᠡ ᠠᠵᠢᠯᠯᠠᠭ᠎ᠠ ᠪᠠᠷ ᠢᠶᠠᠨ ᠬᠢᠨᠠᠨ ᠪᠠᠶᠢᠴᠠᠭᠠᠬᠤ ᠪᠠᠶᠢᠭᠤᠯᠤᠯ ᠤᠨ ᠦᠭᠡᠷᠡᠴᠢᠯᠡᠯᠳᠡ ᠶᠢ ᠬᠦᠷᠢᠶᠡᠯᠡᠬᠦ ᠬᠡᠷᠡᠭᠳᠡᠢ᠃ 

    ᠮᠠ ᠶᠦᠩ ᠱᠧᠩ ᠴᠢᠬᠤᠯᠠᠴᠢᠯᠠᠭᠰᠠᠨ ᠨᠢ᠂ ᠬᠡᠷᠡᠭ ᠰᠢᠳᠭᠡᠬᠦ ᠬᠦᠴᠦᠯᠡᠴᠡ ᠪᠡᠨ ᠤᠯᠠᠮ ᠨᠢᠭᠡ ᠠᠯᠬᠤᠮ ᠴᠢᠩᠭᠠᠳᠬᠠᠵᠤ᠂ ᠬᠦᠴᠦᠯᠡᠴᠡ ᠪᠡᠨ ᠪᠠᠭᠤᠷᠠᠭᠤᠯᠬᠤ ᠦᠭᠡᠢ᠂ ᠬᠦᠭ ᠠᠶᠠᠰ ᠢᠶᠠᠨ ᠬᠤᠪᠢᠷᠠᠭᠤᠯᠬᠤ ᠦᠭᠡᠢ᠂ ᠦᠷ᠎ᠡ ᠪᠦᠳᠦᠮᠵᠢ ᠶᠢ ᠲᠤᠷᠤᠭᠰᠢᠯᠠᠭᠤᠯᠬᠤ ᠦᠭᠡᠢ ᠠᠵᠢᠯ ᠤᠨ ᠬᠠᠷᠠᠯᠳᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ︽ ᠢᠯᠵᠠᠷᠠᠯ ᠢ ᠡᠰᠡᠷᠭᠦᠴᠡᠬᠦ ᠬᠦᠴᠦᠯᠡᠴᠡ ᠪᠡᠨ ᠤᠭᠳᠤ ᠰᠤᠯᠠᠷᠠᠭᠤᠯᠬᠤ ᠦᠭᠡᠢ᠂ ᠦᠴᠦᠬᠡᠨ ᠴᠤ ᠢᠯᠳᠠᠷ ᠬᠠᠶᠠᠬᠤ ᠦᠭᠡᠢ ᠤᠪᠤᠷ ᠢᠶᠠᠨ ᠤᠭᠳᠤ ᠬᠤᠪᠢᠷᠠᠭᠤᠯᠬᠤ ᠦᠭᠡᠢ︾ ᠪᠠᠶᠢᠬᠤ ᠶᠢ ᠪᠠᠳᠤᠯᠠᠬᠤ ᠬᠡᠷᠡᠭᠳᠡᠢ᠃ ᠦᠨᠦ ᠵᠢᠯ ᠦᠨ ᠬᠡᠷᠡᠭ ᠰᠢᠳᠭᠡᠬᠦ ᠠᠵᠢᠯ ᠢ ᠦᠨᠡᠨᠬᠦ ᠴᠢᠩᠭ᠎ᠠ ᠠᠳᠬᠤᠵᠤ᠂ ᠲᠡᠭᠡᠷ᠎ᠡ ᠱᠠᠳᠤᠨ ‍ᠣ ᠬᠤᠷᠢᠶ᠎ᠠ ᠶᠢᠨ ᠲᠠᠭᠠᠭᠤᠯᠬᠤ ᠦᠢᠯᠡᠳᠦᠯ᠂ ᠤᠳᠤᠷᠢᠳᠤᠯᠭ᠎ᠠ ᠶᠢᠨ ᠲᠠᠭᠠᠭᠤᠯᠬᠤ ᠦᠢᠯᠡᠳᠦᠯ ᠢ ᠪᠠᠷᠢᠮᠳᠠᠯᠠᠵᠤ᠂ ᠲᠡᠭᠡᠷ᠎ᠡ ᠱᠠᠳᠤᠨ ‍ᠣ ᠬᠤᠷᠢᠶ᠎ᠠ ᠲᠤᠤᠷᠠᠳᠤ ᠱᠠᠳᠤᠨ ‍ᠣ ᠬᠤᠷᠢᠶ᠎ᠠ ᠶᠢ ᠲᠠᠭᠠᠭᠤᠯᠤᠨ ᠬᠢᠵᠦ᠂ ᠦᠨᠡᠨ ᠪᠤᠳᠠᠳᠠᠢ ᠦᠷ᠎ᠡ ᠪᠦᠳᠦᠮᠵᠢ ᠪᠡᠷ ᠤᠯᠤᠰ ᠲᠦᠷᠦ ᠶᠢᠨ ᠤᠬᠠᠮᠰᠠᠷ᠂ ᠪᠦᠬᠦ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠳᠠᠢ ᠪᠠᠶᠢᠬᠤ ᠤᠬᠠᠮᠰᠠᠷ ᠢ ᠰᠢᠯᠭᠠᠬᠤ ᠪᠠ ᠢᠯᠡᠷᠡᠭᠦᠯᠬᠦ ᠬᠡᠷᠡᠭᠳᠡᠢ᠃

    ᠮᠠ ᠶᠦᠩ ᠱᠧᠩ ᠱᠠᠭᠠᠷᠳᠠᠭᠰᠠᠨ ᠨᠢ᠂ ᠬᠠᠥᠯᠢ ᠪᠠᠷᠢᠬᠤ ᠶᠢ ᠲᠦᠷᠢᠮᠵᠢᠭᠦᠯᠬᠦ ᠬᠢᠷᠢ ᠲᠦᠪᠰᠢᠨ ᠢᠶᠡᠨ ᠲᠠᠰᠤᠷᠠᠯᠳᠠ ᠦᠭᠡᠢ ᠪᠠᠳᠤᠳᠬᠠᠨ ᠲᠡᠭᠡᠭᠰᠢᠯᠡᠭᠦᠯᠵᠦ᠂ ᠠᠶᠤᠯᠭᠦᠢ ᠶᠢᠨ ᠬᠤᠷᠢᠭ᠎ᠠ ᠱᠤᠭᠤᠮ ᠢ ᠪᠠᠳᠤᠳᠠᠢ ᠰᠠᠬᠢᠬᠤ ᠬᠡᠷᠡᠭᠳᠡᠢ᠃ ᠬᠠᠥᠯᠢ ᠪᠠᠷᠢᠬᠤ ᠠᠵᠢᠯᠯᠠᠭ᠎ᠠ ᠶᠢ ᠲᠦᠷᠢᠮᠵᠢᠭᠦᠯᠬᠦ ᠨᠢ ᠬᠡᠵᠢᠶᠡᠳᠡ ᠦᠷᠬᠦᠯᠵᠢᠯᠡᠬᠦ ᠶᠢ ᠭᠦᠨᠵᠡᠭᠡᠢ ᠲᠠᠨᠢᠵᠤ᠂ ᠡᠮᠦᠨ᠎ᠡ ᠨᠢᠭᠡ ᠬᠤᠭᠤᠴᠠᠭᠠᠨ ‍ᠣ ᠲᠤᠰᠬᠠᠢ ᠴᠡᠭᠴᠡᠯᠡᠨ ᠵᠠᠰᠠᠬᠤ ᠠᠵᠢᠯ ᠤᠨ ᠪᠤᠳᠠᠳᠠᠢ ᠲᠠᠢ ᠤᠶᠠᠯᠳᠤᠭᠤᠯᠵᠤ᠂ ᠬᠠᠥᠯᠢ ᠪᠠᠷᠢᠬᠤ ᠠᠵᠢᠯᠯᠠᠭ᠎ᠠ ᠶᠢᠨ ᠲᠦᠷᠢᠮᠵᠢᠭᠦᠨ ᠪᠤᠰᠤ ᠪᠠᠶᠢᠳᠠᠯ ᠢ ᠦᠷᠬᠦᠯᠵᠢᠯᠡᠨ ᠭᠦᠨᠵᠡᠭᠡᠢ ᠪᠠᠶᠢᠴᠠᠭᠠᠨ ᠵᠢᠭᠰᠠᠭᠠᠵᠤ᠂ ᠠᠰᠠᠭᠤᠳᠠᠯ ᠤᠨ ᠲᠤᠳᠤᠷᠬᠠᠢ ᠬᠠᠭᠤᠳᠠᠰᠤ᠂ ᠠᠰᠠᠭᠤᠳᠠᠯ ᠢ ᠰᠢᠢᠳᠪᠦᠷᠢᠯᠡᠬᠦ ᠡᠭᠦᠷᠭᠡ ᠶᠢᠨ ᠲᠤᠳᠤᠷᠬᠠᠢ ᠬᠠᠭᠤᠳᠠᠰᠤ᠂ ᠠᠷᠭ᠎ᠠ ᠬᠡᠮᠵᠢᠶ᠎ᠡ ᠶᠢᠨ ᠲᠤᠳᠤᠷᠬᠠᠢ ᠬᠠᠭᠤᠳᠠᠰᠤ᠂ ᠬᠠᠷᠢᠭᠤᠴᠠᠯᠭ᠎ᠠ ᠶᠢᠨ ᠲᠤᠳᠤᠷᠬᠠᠢ ᠬᠠᠭᠤᠳᠠᠰᠤ ᠶᠢ ᠵᠢᠭᠰᠠᠭᠠᠵᠤ᠂ ᠲᠦᠷᠢᠮᠵᠢᠭᠦᠨ ᠪᠤᠰᠤ ᠬᠠᠥᠯᠢ ᠪᠠᠷᠢᠬᠤ ᠠᠰᠠᠭᠤᠳᠠᠯ ᠢ ᠦᠨᠳᠦᠰᠦᠨ ᠡᠴᠡ ᠨᠢ ᠰᠢᠢᠳᠪᠦᠷᠢᠯᠡᠵᠦ᠂ ᠠᠰᠠᠭᠤᠳᠠᠯ ᠤᠨ ᠲᠠᠬᠢᠨ ᠢᠯᠡᠷᠡᠬᠦ ᠶᠢ ᠰᠡᠷᠭᠡᠶᠢᠯᠡᠬᠦ ᠬᠡᠷᠡᠭᠳᠡᠢ᠃

    ᠪᠦᠬᠦ ᠤᠷᠤᠨ ‍ᠣ 13 ᠠᠶᠢᠮᠠᠭ ᠬᠤᠳᠠ ᠭᠠᠵᠠᠷ ᠤᠷᠤᠨ ‍ᠣ ᠬᠤᠷᠢᠶᠠᠨ ‍ᠣ ᠪᠠᠶᠢᠴᠠᠭᠠᠬᠤ ᠲᠠᠷᠤᠭ᠎ᠠ᠂ ᠬᠤᠪᠢᠳᠠᠨ ᠬᠠᠮᠢᠶᠠᠷᠬᠤ ᠲᠡᠳ᠋ ᠪᠠᠶᠢᠴᠠᠭᠠᠬᠤ ᠲᠠᠷᠤᠭ᠎ᠠ ᠬᠤᠷᠠᠯ ᠳᠤ ᠤᠷᠤᠯᠴᠠᠵᠤ᠂ ᠤᠯᠠᠭᠠᠨᠬᠠᠳᠠ᠂ ᠤᠷᠳᠤᠰ᠂ ᠦᠬᠠᠢ ᠬᠤᠳᠠ ᠶᠢᠨ ᠬᠤᠷᠢᠶ᠎ᠠ ᠬᠤᠷᠠᠯ ᠲᠡᠭᠡᠷ᠎ᠡ ᠦᠨᠦ ᠵᠢᠯ ᠡᠴᠡ ᠨᠠᠰᠢᠬᠢ ᠬᠡᠷᠡᠭ ᠪᠠᠶᠢᠴᠠᠭᠠᠨ ᠰᠢᠳᠭᠡᠭᠰᠡᠨ ᠠᠷᠭ᠎ᠠ ᠲᠤᠷᠰᠢᠯᠭ᠎ᠠ  ᠪᠠᠨ ᠲᠠᠨᠢᠯᠴᠠᠭᠤᠯᠵᠤ᠂ ᠬᠦᠬᠡᠬᠤᠳᠡ ᠵᠡᠷᠭᠡ ᠠᠷᠪᠠᠨ ᠬᠤᠪᠢᠶᠠᠷᠢ ᠬᠤᠳᠠ ᠶᠢᠨ ᠬᠤᠷᠢᠶ᠎ᠠ ᠨᠢᠭᠡᠳᠦᠭᠡᠷ ᠤᠯᠠᠷᠢᠯ ᠤᠨ ᠬᠡᠷᠡᠭ ᠰᠢᠳᠭᠡᠭᠰᠡᠨ ᠠᠵᠢᠯ ᠤᠨ ᠬᠠᠷᠢᠭᠤ ᠮᠡᠳᠡᠭᠦᠯᠦᠯᠳᠡ ᠬᠢᠵᠦ᠂ ᠠᠰᠠᠭᠤᠳᠠᠯ ᠪᠠ ᠲᠤᠳᠠᠭᠳᠠᠯ ᠲᠠᠢ ᠲᠠᠯ᠎ᠠ ᠪᠠᠨ ᠵᠠᠳᠠᠯᠵᠤ᠂ ᠲᠠᠷᠠᠭ᠎ᠠ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠪᠡᠨ ᠲᠤᠷᠠᠳᠴᠠᠢ᠃

 

ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro