ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ 2017 ᠤᠨ ‍ᠣ ᠲᠤᠭᠤᠷᠢᠨ ᠪᠠᠶᠢᠴᠠᠭᠠᠬᠤ ᠠᠵᠢᠯ ᠢ ᠲᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠭᠤᠯᠵᠠᠢ

2017-06-12 09:55:27
ᠵᠣᠬᠢᠶᠠᠭᠴᠢ
ᠪᠤᠤ ᠡᠾᠦ᠋ᠢ ᠮᠧᠢ

W020170516380787862690.jpg

W020170516380788485044.jpg

    ᠡᠨᠡ ᠡᠳᠦᠷ ᠡᠴᠡ ᠡᠬᠢᠯᠡᠨ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠡᠴᠡ ᠬᠤᠶᠠᠷ ᠲᠤᠭᠤᠷᠢᠨ ᠪᠠᠶᠢᠴᠠᠭᠠᠬᠤ ᠲᠤᠭᠤᠶᠢᠯᠠᠩ ᠲᠤᠮᠢᠯᠠᠨ ᠪᠦᠬᠦ ᠤᠷᠤᠨ ‍ᠣ 4 ᠠᠶᠢᠮᠠᠭ ᠬᠤᠳᠠ ᠶᠢᠨ ᠬᠤᠪᠢᠶᠠᠷᠢ ᠬᠤᠷᠢᠶ᠎ᠠ ᠶᠢ ᠲᠤᠭᠤᠷᠢᠨ ᠪᠠᠶᠢᠴᠠᠭᠠᠨ᠎ᠠ᠃ 5 ᠰᠠᠷ᠎ᠠ ᠶᠢᠨ12 ‍ᠣ ᠡᠳᠦᠷ ᠦᠨ ᠦᠳᠡ ᠶᠢᠨ ᠡᠮᠦᠨ᠎ᠡ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠶᠢᠨ ᠬᠤᠷᠠᠯᠳᠤᠭᠤᠯᠤᠭᠰᠠᠨ 2017 ᠤᠨ ‍ᠣ ᠲᠤᠭᠤᠷᠢᠨ ᠪᠠᠶᠢᠴᠠᠭᠠᠬᠤ ᠠᠵᠢᠯ ᠢ ᠲᠠᠶᠢᠴᠢᠯᠠᠨ ᠪᠠᠶᠢᠷᠢᠯᠠᠭᠤᠯᠬᠤ ᠬᠤᠷᠠᠯ ᠲᠡᠭᠡᠷ᠎ᠡ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠮᠠ ᠶᠦᠩ ᠱᠧᠩ ᠢᠯᠡᠷᠬᠡᠶᠢᠯᠡᠭᠰᠡᠨ ᠨᠢ᠂ ᠡᠯ᠎ᠡ ᠲᠤᠭᠤᠷᠢᠨ ᠪᠠᠶᠢᠴᠠᠭᠠᠬᠤ ᠲᠤᠭᠤᠶᠢᠯᠠᠩ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠢ ᠲᠦᠯᠦᠭᠡᠯᠡᠨ ᠲᠤᠭᠤᠷᠢᠨ ᠪᠠᠶᠢᠴᠠᠭᠠᠵᠤ᠂ ᠬᠠᠷᠢᠭᠤᠴᠠᠯᠭᠠᠳᠤ ᠤᠬᠠᠮᠰᠠᠷ ᠢᠶᠠᠨ ᠴᠢᠩᠭᠠᠳᠬᠠᠨ᠂ ︽ᠠᠰᠠᠭᠤᠳᠠᠯ ᠢ ᠢᠯᠡᠷᠡᠭᠦᠯᠦᠭᠡᠰᠡᠨ ᠦᠭᠡᠢ ᠪᠤᠯ ᠬᠠᠷᠢᠭᠤᠴᠠᠯᠭ᠎ᠠ ᠠᠯᠳᠠᠭᠰᠠᠨ ᠤᠴᠢᠷ᠂ ᠠᠰᠠᠭᠤᠳᠠᠯ ᠢ ᠢᠯᠡᠷᠡᠭᠦᠯᠦᠭᠡᠳ ᠮᠡᠳᠡᠭᠦᠯᠬᠦ ᠦᠭᠡᠢ ᠪᠤᠯ ᠲᠤᠰᠢᠶᠠᠯ ᠢᠶᠠᠨ ᠭᠤᠳᠤᠭᠠᠭᠰᠠᠨ ᠤᠴᠢᠷ︾ ᠭᠡᠳᠡᠭ ᠤᠬᠠᠮᠰᠠᠷ ᠢ ᠪᠠᠳᠤ ᠪᠡᠬᠢ ᠪᠤᠢ ᠪᠤᠯᠭᠠᠵᠤ᠂ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠠᠵᠢᠯ ᠢ ᠴᠢᠩᠭ᠎ᠠ ᠠᠳᠬᠤᠨ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ︽ᠲᠤᠷᠠᠨ︾ ᠪᠤᠯᠵᠤ᠂ ᠠᠰᠠᠭᠤᠳᠠᠯ ᠢ ᠢᠯᠡᠷᠡᠭᠦᠯᠬᠦ ᠬᠤᠰᠢᠭᠤᠴᠢ ᠴᠡᠷᠢᠭ ᠪᠤᠯᠬᠤ ᠬᠡᠷᠡᠭᠳᠡᠢ ᠭᠡᠵᠡᠢ᠃ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠰᠠᠬᠢᠯᠭ᠎ᠠ ᠪᠠᠳᠤ ᠪᠠᠶᠢᠴᠠᠭᠠᠬᠤ ᠲᠤᠭᠤᠶᠢᠯᠠᠩ ᠤᠨ ᠲᠠᠷᠤᠭ᠎ᠠ ᠶᠤᠸᠠᠢ ᠱᠢ ᠭᠤᠸᠠᠩ ᠬᠤᠷᠠᠯ ᠢ ᠡᠷᠬᠢᠯᠡᠨ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ‍ᠣ 2017 ᠤᠨ ‍ᠣ ᠲᠤᠭᠤᠷᠢᠨ ᠪᠠᠶᠢᠴᠠᠭᠠᠬᠤ ᠠᠵᠢᠯ ᠤᠨ  ᠲᠠᠶᠢᠴᠢᠯᠠᠨ ᠪᠠᠶᠢᠷᠢᠯᠠᠭᠤᠯᠤᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠲᠠᠮᠵᠢᠭᠤᠯᠵᠠᠢ᠃

    ᠮᠠ ᠶᠦᠩ ᠱᠧᠩ ᠵᠢᠭᠠᠭᠰᠠᠨ ᠨᠢ᠂ ᠪᠦᠬᠦ ᠤᠷᠤᠨ ‍ᠣ ᠪᠠᠶᠢᠴᠠᠭᠠᠬᠤ ᠰᠢᠰᠲ᠋ᠧᠮ ᠲᠤᠳᠤᠷ᠎ᠠ ᠲᠤᠭᠤᠷᠢᠨ ᠪᠠᠶᠢᠴᠠᠭᠠᠬᠤ ᠠᠵᠢᠯ ᠨᠢ ᠠᠰᠠᠭᠤᠳᠠᠯ ᠢ ᠡᠷᠢᠬᠦ᠂ ᠴᠡᠭᠴᠡᠯᠡᠬᠦ ᠶᠢ ᠠᠬᠢᠭᠤᠯᠬᠤ ᠲᠠᠯ᠎ᠠ ᠪᠠᠷ ᠰᠠᠶᠢᠨ ᠦᠷ᠎ᠡ ᠪᠦᠳᠦᠮᠵᠢ ᠤᠯᠵᠠᠢ᠂ ᠡᠭᠦᠨ ‍ᠣ ᠬᠠᠮᠳᠤ ᠪᠢᠳᠡ ᠵᠠᠪᠠᠯ ᠲᠤᠭᠤᠷᠢᠨ ᠪᠠᠶᠢᠴᠠᠭᠠᠬᠤ ᠠᠵᠢᠯ ᠨᠢ ᠪᠠᠰᠠ ᠨᠡᠯᠢᠶᠡᠳ ᠶᠡᠬᠡ ᠵᠦᠷᠢᠶ᠎ᠡ ᠤᠷᠤᠰᠢᠵᠤ ᠪᠠᠶᠢᠬᠤ ᠶᠢ ᠰᠡᠷᠭᠡᠭ ᠢᠶᠡᠷ ᠲᠠᠨᠢᠵᠤ ᠤᠯᠬᠤ ᠬᠡᠷᠡᠭᠳᠡᠢ᠃ ᠤᠳᠤᠬᠢ ᠪᠠᠴᠢᠮ ᠴᠠᠭ ᠦᠶ᠎ᠡ ᠶᠢᠨ ᠵᠠᠩᠭᠢᠯᠠᠭ᠎ᠠ ᠶᠢᠨ ᠴᠡᠭ ᠪᠠ ᠬᠦᠨᠳᠦ ᠨᠦᠰᠡᠷ ᠪᠠᠶᠢᠳᠠᠯ ᠤᠨ ᠲᠤᠤᠷ᠎ᠠ᠂ ᠪᠢᠳᠡ 4 ᠠᠶᠢᠮᠠᠭ ᠬᠤᠳᠠ ᠶᠢᠨ ᠬᠤᠷᠢᠶ᠎ᠠ ᠳᠤ ᠲᠤᠭᠤᠷᠢᠨ ᠪᠠᠶᠢᠴᠠᠭᠠᠬᠤ ᠠᠵᠢᠯ ᠢ ᠦᠷᠨᠢᠭᠦᠯᠬᠦ ᠨᠢ ᠠᠶᠢᠮᠠᠭ ᠬᠤᠳᠠ ᠶᠢᠨ ᠬᠤᠷᠢᠶᠠᠨ ᠳᠤ ᠲᠤᠭᠤᠷᠢᠨ ᠪᠠᠶᠢᠴᠠᠭᠠᠬᠤ ᠶᠢ ᠪᠦᠷᠬᠦᠭᠦᠯᠬᠦ ᠶᠢ ᠪᠡᠶᠡᠯᠡᠭᠦᠯᠬᠦ᠂ ᠪᠠᠶᠢᠴᠠᠭᠠᠬᠤ ᠠᠵᠢᠯ ᠢ ᠲᠦᠯᠬᠢᠨ ᠠᠬᠢᠭᠤᠯᠬᠤ᠂ ᠦᠪᠡᠷᠳᠡᠭᠡᠨ ᠵᠠᠰᠠᠬᠤ ᠤᠷᠤᠨ ‍ᠣ ᠡᠯ᠎ᠡ ᠲᠦᠷᠦᠯ ᠦᠨ ᠠᠵᠢᠯ ᠦᠢᠯᠡᠰ ᠦᠨ ᠬᠦᠭᠵᠢᠬᠦ ᠳᠦ ᠰᠢᠯᠢᠳᠡᠭ ᠰᠠᠶᠢᠨ ᠬᠠᠥᠯᠢ ᠴᠠᠭᠠᠵᠠ ᠶᠢᠨ ᠪᠠᠳᠤᠯᠠᠭ᠎ᠠ ᠬᠠᠩᠭᠠᠬᠤ ᠳᠤ ᠤᠨᠴᠠ ᠴᠢᠬᠤᠯᠠ ᠠᠴᠢ ᠬᠤᠯᠪᠤᠭᠳᠠᠯ ᠲᠠᠢ᠃ ᠪᠢᠳᠡ ᠵᠠᠪᠠᠯ ᠰᠢ ᠵᠢᠨ ᠫᠢᠩ ᠶᠡᠷᠦᠩᠬᠡᠢ ᠱᠦᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠬᠠᠮᠢᠶ᠎ᠠ ᠪᠦᠬᠦᠢ ᠴᠢᠬᠤᠯᠠ ᠶᠠᠷᠢᠶᠠᠨ ‍ᠣ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠭᠦᠯᠵᠦ᠂ ᠰᠢᠰᠲ᠋ᠧᠮ ᠲᠤᠳᠤᠷᠠᠬᠢ ᠲᠤᠭᠤᠷᠢᠨ ᠪᠠᠶᠢᠴᠠᠭᠠᠬᠤ ᠠᠵᠢᠯ ᠢ ᠪᠦᠬᠦ ᠤᠷᠤᠨ ‍ᠣ ᠦᠭᠡᠷᠡᠴᠢᠯᠡᠯᠳᠡ ᠬᠦᠭᠵᠢᠯᠳᠡ ᠶᠢᠨ ᠪᠦᠬᠦ ᠲᠠᠯ᠎ᠠ ᠳᠤ ᠲᠠᠯᠪᠢᠨ ᠪᠤᠳᠤᠯᠬᠢᠯᠠᠵᠤ᠂ ᠰᠢᠰᠲ᠋ᠧᠮ ᠲᠤᠳᠤᠷᠠᠬᠢ ᠲᠤᠭᠤᠷᠢᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ᠂ ᠪᠦᠬᠦ ᠲᠠᠯ᠎ᠠ ᠪᠠᠷ ᠪᠠᠶᠢᠴᠠᠭᠠᠬᠤ ᠶᠢ ᠴᠢᠩᠭ᠎ᠠ ᠵᠠᠰᠠᠬᠤ ᠳᠤ ᠬᠦᠴᠦᠳᠠᠢ ᠲᠤᠯᠭᠠᠭᠤᠷᠢ ᠬᠠᠩᠭᠠᠬᠤ ᠬᠡᠷᠡᠭᠳᠡᠢ᠃

    ᠮᠠ ᠶᠦᠩ ᠱᠧᠩ ᠡᠴᠡ ᠴᠢᠬᠤᠯᠠᠴᠢᠯᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠰᠢᠰᠲ᠋ᠧᠮ ᠲᠤᠳᠤᠷᠠᠬᠢ ᠲᠤᠭᠤᠷᠢᠨ ᠪᠠᠶᠢᠴᠠᠭᠠᠬᠤ ᠠᠵᠢᠯ ᠢ ᠠᠬᠢᠭᠤᠯᠤᠨ ᠪᠤᠳᠠᠳᠠᠢ ᠦᠷ᠎ᠡ ᠪᠦᠳᠦᠮᠵᠢ ᠤᠯᠬᠤ ᠬᠡᠷᠡᠭᠳᠡᠢ᠃ ᠨᠢᠭᠡ ᠳᠦ᠂ ᠠᠷᠭ᠎ᠠ ᠠᠪᠴᠠᠯ ᠢᠶᠠᠨ ᠰᠠᠶᠢᠵᠢᠷᠠᠭᠤᠯᠵᠤ᠂ ᠠᠰᠠᠭᠤᠳᠠᠯ ᠢ ᠭᠦᠨᠵᠡᠭᠡᠢ ᠡᠷᠢᠨ ᠢᠯᠡᠷᠡᠭᠦᠯᠬᠦ ᠬᠡᠷᠡᠭᠳᠡᠢ᠃ ᠲᠤᠭᠤᠷᠢᠨ ᠪᠠᠶᠢᠴᠠᠭᠠᠬᠤ ᠠᠵᠢᠯ ᠤᠨ ᠲᠦᠷᠢᠮ ᠳᠦ ᠲᠤᠭᠤᠷᠢᠨ ᠪᠠᠶᠢᠴᠠᠭᠠᠬᠤ ᠠᠵᠢᠯ ᠤᠨ ᠠᠷᠭ᠎ᠠ ᠮᠠᠶ᠋ᠢᠭ ᠢ ᠲᠤᠳᠤᠷᠬᠠᠶᠢᠯᠠᠵᠠᠢ᠂ ᠡᠭᠦᠨ ᠢ ᠠᠵᠢᠯ ᠦᠷᠨᠢᠭᠦᠯᠬᠦ ᠦᠨᠳᠦᠰᠦᠨ ᠵᠢᠷᠦᠮ ᠪᠤᠯᠭᠠᠵᠤ᠂ ᠡᠭᠦᠨ ‍ᠣ ᠬᠠᠮᠳᠤ ᠪᠤᠳᠠᠳᠤ ᠪᠠᠶᠢᠳᠠᠯ ᠢ ᠦᠨᠳᠦᠰᠦᠯᠡᠨ ᠰᠢᠨ᠎ᠡ ᠶᠢ ᠡᠭᠦᠳᠬᠦ ᠪᠡᠷ ᠬᠠᠶᠢᠨ ᠰᠦᠪᠡᠭᠴᠢᠯᠡᠬᠦ ᠬᠡᠷᠡᠭᠳᠡᠢ᠃ ᠬᠤᠶᠠᠷ ᠲᠤ᠂ ᠲᠤᠭᠤᠷᠢᠨ ᠪᠠᠶᠢᠴᠠᠭᠠᠭᠰᠠᠨ ᠮᠡᠳᠡᠭᠦᠯᠦᠯᠳᠡ ᠶᠢ ᠬᠢᠨᠠᠮᠠᠭᠠᠢ ᠲᠤᠭᠤᠷᠪᠢᠨ᠂ ᠠᠰᠠᠭᠤᠳᠠᠯ ᠢ ᠪᠤᠰᠤᠳᠴᠢ ᠪᠠᠷ ᠲᠤᠰᠬᠠᠬᠤ ᠬᠡᠷᠡᠭᠳᠡᠢ᠃ ᠤᠯᠤᠰ ᠲᠦᠷᠦ ᠶᠢᠨ ᠦᠨᠳᠦᠷᠴᠡ ᠡᠴᠡ ᠠᠰᠠᠭᠤᠳᠠᠯ ᠢ ᠢᠯᠭᠠᠨ ᠲᠠᠨᠢᠬᠤ ᠳᠤ ᠴᠢᠳᠠᠮᠠᠭᠠᠢ ᠪᠠᠶᠢᠵᠤ᠂ ᠦᠵᠡᠭᠳᠡᠯ ᠢ ᠨᠡᠪᠳᠡᠯᠦᠨ ᠮᠦᠨ ᠴᠢᠨᠠᠷ ᠢ ᠬᠠᠷᠠᠵᠤ᠂ ᠦᠵᠡᠯᠳᠡ ᠲᠠᠢ᠂ ᠵᠢᠱᠢᠶ᠎ᠡ ᠲᠠᠢ᠂ ᠲᠤᠭ᠎ᠠ ᠪᠠᠷᠢᠮᠳᠠ ᠲᠠᠢ᠂ ᠵᠠᠳᠠᠯᠤᠯᠳᠠ ᠲᠠᠢ ᠪᠠᠶᠢᠬᠤ ᠬᠡᠷᠡᠭᠳᠡᠢ᠃ ᠭᠤᠷᠪᠠ ᠳᠤ᠂ ᠦᠷ᠎ᠡ ᠪᠦᠳᠦᠮᠵᠢ ᠶᠢ ᠬᠡᠷᠡᠭᠯᠡᠬᠦ ᠶᠢ ᠠᠩᠬᠠᠷᠤᠨ᠂ ᠴᠡᠭᠴᠡᠯᠡᠨ ᠵᠠᠰᠠᠵᠤ ᠨᠠᠶᠢᠳᠠᠪᠦᠷᠢᠵᠢᠭᠤᠯᠬᠤ ᠶᠢ ᠰᠠᠶᠢᠨ ᠠᠳᠬᠤᠬᠤ ᠬᠡᠷᠡᠭᠳᠡᠢ᠃ ᠲᠤᠭᠤᠷᠢᠨ ᠪᠠᠶᠢᠴᠠᠭᠠᠬᠤ ᠠᠵᠢᠯ ᠤᠨ ᠦᠷ᠎ᠡ ᠪᠦᠳᠦᠮᠵᠢ ᠶᠢ ᠬᠡᠷᠡᠭᠯᠡᠬᠦ ᠶᠢ ᠵᠠᠩᠭᠢᠯᠠᠭ᠎ᠠ ᠶᠢᠨ ᠭᠤᠭᠴᠤᠭ᠎ᠠ ᠪᠤᠯᠭᠠᠵᠤ᠂ ᠲᠤᠭᠤᠷᠢᠨ ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠦᠯᠳᠡ ᠶᠢ ᠰᠠᠶᠢᠳᠤᠷ ᠬᠢᠬᠦ ᠬᠡᠷᠡᠭᠳᠡᠢ᠃

    ᠮᠠ ᠶᠦᠩ ᠱᠧᠩ ᠲᠤᠷᠠᠳᠤᠭᠰᠠᠨ ᠨᠢ᠂ ᠵᠤᠬᠢᠶᠠᠨ ᠪᠠᠶᠢᠭᠤᠯᠤᠯᠳᠠ ᠤᠳᠤᠷᠢᠳᠤᠯᠭ᠎ᠠ ᠶᠢ ᠴᠢᠩᠭᠠᠳᠬᠠᠨ᠂ ᠰᠢᠰᠲ᠋ᠧᠮ ᠲᠤᠳᠤᠷᠠᠬᠢ ᠲᠤᠭᠤᠷᠢᠨ ᠪᠠᠶᠢᠴᠠᠭᠠᠬᠤ ᠠᠵᠢᠯ ᠤᠨ ᠲᠤᠭᠳᠠᠴᠠ ᠶᠢ ᠲᠡᠭᠦᠯᠳᠡᠷᠵᠢᠭᠦᠯᠬᠦ ᠬᠡᠷᠡᠭᠳᠡᠢ᠃ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠡᠴᠡ ᠰᠢᠰᠲ᠋ᠧᠮ  ᠲᠤᠳᠤᠷᠠᠬᠢ ᠪᠦᠷᠬᠦᠴᠡ ᠲᠡᠭᠡᠷ᠎ᠡ ᠬᠠᠷᠠᠴᠠ ᠪᠠᠨ ᠲᠠᠯᠪᠢᠵᠤ᠂ ᠢᠳᠡᠪᠬᠢᠳᠡᠢ ᠲᠤᠬᠢᠷᠠᠭᠤᠯᠤᠨ ᠬᠠᠮᠵᠢᠯᠴᠠᠵᠤ᠂ ᠬᠠᠮᠳᠤᠪᠠᠷ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠵᠠᠷ ᠤᠷᠤᠨ ‍ᠣ ᠨᠠᠮ ᠤᠨ ᠬᠤᠷᠢᠶ᠎ᠠ ᠲᠠᠢ ᠬᠠᠮᠳᠤ ᠰᠢᠰᠲ᠋ᠧᠮ ᠲᠤᠳᠤᠷᠠᠬᠢ ᠲᠤᠭᠤᠷᠢᠨ ᠪᠠᠶᠢᠴᠠᠭᠠᠬᠤ ᠠᠵᠢᠯ ᠤᠨ ᠲᠤᠭᠳᠠᠴᠠ ᠶᠢ ᠪᠠᠶᠢᠭᠤᠯᠤᠨ ᠲᠠᠭᠦᠯᠳᠡᠷᠵᠢᠭᠦᠯᠬᠦ ᠬᠡᠷᠡᠭᠳᠡᠢ᠃ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠲᠤᠭᠤᠷᠢᠨ ᠪᠠᠶᠢᠴᠠᠭᠠᠬᠤ ᠠᠵᠢᠯ ᠤᠨ ᠠᠯᠪᠠᠨ ᠭᠡᠷ ᠡᠴᠡ ᠰᠠᠨᠠᠭᠠᠴᠢᠯᠠᠭ᠎ᠠ ᠡᠴᠡ ᠪᠠᠨ ᠦᠪᠡᠷᠳᠡᠭᠡᠨ ᠵᠠᠰᠠᠬᠤ ᠤᠷᠤᠨ ‍ᠣ ᠨᠠᠮ ᠤᠨ ᠬᠤᠷᠢᠶᠠᠨ ‍ᠣ ᠲᠤᠭᠤᠷᠢᠨ ᠪᠠᠶᠢᠴᠠᠭᠠᠬᠤ ᠠᠵᠢᠯ ᠤᠨ ᠠᠯᠪᠠᠨ ᠭᠡᠷ ᠲᠦ ᠮᠡᠳᠡᠭᠦᠯᠦᠯᠳᠡ ᠬᠢᠵᠦ᠂ ᠵᠤᠬᠢᠶᠠᠨ ᠪᠠᠶᠢᠭᠤᠯᠤᠨ ᠲᠤᠬᠢᠷᠠᠭᠤᠯᠬᠤ ᠶᠢ ᠴᠢᠩᠭᠠᠳᠬᠠᠨ᠂ ᠲᠤᠭᠤᠷᠢᠨ ᠪᠠᠶᠢᠴᠠᠭᠠᠬᠤ ᠲᠤᠮᠳᠠ ᠲᠠᠭᠠᠷᠠᠭᠰᠠᠨ ᠠᠰᠠᠭᠤᠳᠠᠯ ᠢ ᠬᠢᠨᠠᠮᠠᠭᠠᠢ ᠰᠢᠢᠳᠪᠦᠷᠢᠯᠡᠵᠦ᠂ ᠲᠤᠭᠤᠷᠢᠨ ᠪᠠᠶᠢᠴᠠᠭᠠᠬᠤ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠬᠡᠷᠡᠭᠳᠡᠢ᠃

    ᠲᠤᠰ ᠤᠳᠠᠭᠠᠨ ‍ᠣ ᠬᠤᠷᠠᠯ ᠨᠢ ᠪᠠᠰᠠ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠠᠷᠤᠭ᠎ᠠ᠂ ᠲᠡᠳ᠋ ᠲᠠᠷᠤᠭ᠎ᠠ ᠶᠢ ᠲᠤᠰᠢᠶᠠᠯ ᠳᠤ ᠲᠤᠮᠢᠯᠠᠬᠤ ᠲᠤᠭᠳᠠᠭᠠᠯ ᠢ ᠲᠤᠩᠬᠠᠯᠠᠵᠠᠢ᠃ ᠲᠤᠭᠤᠷᠢᠨ ᠪᠠᠶᠢᠴᠠᠭᠠᠬᠤ ᠠᠵᠢᠯ ᠤᠨ ᠦᠷ᠎ᠡ ᠪᠦᠳᠦᠮᠵᠢ ᠶᠢ ᠴᠢᠩᠭᠠᠷᠠᠭᠤᠯᠬᠤ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ‍ᠣ ᠨᠠᠮ ᠤᠨ ᠬᠤᠷᠢᠶᠠᠨ ‍ᠣ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠡᠴᠡ 3 ᠨᠡᠷ᠎ᠡ ᠠᠶᠢᠮᠠᠭ ᠬᠤᠳᠠ ᠶᠢᠨ ᠨᠠᠮ ᠤᠨ ᠬᠤᠷᠢᠶᠠᠨ ‍ᠣ ᠬᠠᠮᠢᠶ᠎ᠠ ᠪᠦᠬᠦᠢ ᠬᠠᠷᠢᠭᠤᠴᠠᠬᠤ ᠨᠦᠬᠦᠷ ᠢ ᠲᠤᠰᠬᠠᠢ ᠲᠤᠮᠢᠯᠠᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠡᠳ᠋ ᠲᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠡᠢ᠃

    ᠤᠶᠢᠯᠠᠭᠠᠯᠳᠠ ᠪᠠᠷ᠂ ᠲᠤᠭᠤᠷᠢᠨ ᠪᠠᠶᠢᠴᠠᠭᠠᠬᠤ ᠠᠵᠢᠯ ᠡᠬᠢᠯᠡᠬᠦ ᠡᠴᠡ ᠡᠮᠦᠨ᠎ᠡ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠲᠤᠭᠤᠷᠢᠨ ᠪᠠᠶᠢᠴᠠᠭᠠᠬᠤ ᠠᠵᠢᠯ ᠤᠨ ᠴᠢᠳᠠᠪᠦᠷᠢᠳᠠᠨ ᠤ ᠬᠦᠮᠦᠷᠭᠡ ᠳ᠋ᠡᠬᠢ 60 ᠭᠠᠷᠤᠢ ᠠᠵᠢᠯᠳᠠᠨ ᠳᠤ ᠭᠤᠷᠪᠠᠨ ᠡᠳᠦᠷ ᠦᠨ ᠬᠤᠭᠤᠴᠠᠭᠠᠨ ‍ᠣ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠬᠢᠵᠦ᠂ ᠲᠤᠭᠤᠷᠢᠨ ᠪᠠᠶᠢᠴᠠᠭᠠᠬᠤ ᠠᠵᠢᠯᠳᠠᠨ ᠳᠤ ᠲᠤᠭᠤᠷᠢᠨ ᠪᠠᠶᠢᠴᠠᠭᠠᠬᠤ ᠠᠵᠢᠯ ᠤᠨ ᠡᠭᠦᠷᠭᠡ ᠴᠢᠳᠠᠪᠬᠢ᠂ ᠠᠷᠭ᠎ᠠ ᠠᠪᠴᠠᠯ᠂ ᠲᠤᠭᠤᠷᠢᠨ ᠪᠠᠶᠢᠴᠠᠭᠠᠭᠰᠠᠨ ᠮᠡᠳᠡᠭᠦᠯᠦᠯᠳᠡ ᠶᠢ ᠲᠤᠭᠤᠷᠪᠢᠬᠤ ᠵᠢᠴᠢ ᠲᠤᠭᠤᠷᠢᠨ ᠪᠠᠶᠢᠴᠠᠭᠠᠬᠤ ᠠᠵᠢᠯ ᠤᠨ ᠴᠤᠪᠤᠷᠠᠯ ᠵᠡᠷᠭᠡ ᠶᠢ ᠨᠡᠶᠢᠳᠡᠮ ᠳ᠋ᠤᠨᠢ ᠤᠶᠢᠯᠠᠭᠠᠭᠤᠯᠵᠤ᠂ ᠲᠤᠭᠤᠷᠢᠨ ᠪᠠᠶᠢᠴᠠᠭᠠᠬᠤ ᠠᠵᠢᠯ ᠤᠨ ᠴᠢᠳᠠᠪᠦᠷᠢ ᠪᠠ ᠬᠢᠷᠢ ᠲᠦᠪᠰᠢᠨ ᠢ ᠲᠡᠭᠡᠭᠰᠢᠯᠡᠭᠦᠯᠵᠡᠢ᠃ ᠲᠤᠭᠤᠷᠢᠨ ᠪᠠᠶᠢᠴᠠᠭᠠᠬᠤ ᠠᠵᠢᠯ ᠤᠨ ᠠᠯᠪᠠᠨ ᠭᠡᠷ ᠡᠴᠡ ᠪᠠᠰᠠ ᠤᠷᠢᠳᠴᠢᠯᠠᠨ ᠲᠤᠭᠤᠷᠢᠨ ᠪᠠᠶᠢᠴᠠᠭᠠᠬᠤ ᠠᠵᠢᠯ ᠤᠨ ᠭᠠᠷ ᠲᠡᠪᠳᠡᠷ ᠵᠤᠬᠢᠶᠠᠨ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠡᠯ᠎ᠡ ᠰᠠᠯᠠᠭ᠎ᠠ ᠮᠦᠴᠢᠷ ᠦᠨ ᠲᠤᠭᠤᠷᠢᠨ ᠪᠠᠶᠢᠴᠠᠭᠠᠭᠳᠠᠬᠤ ᠬᠤᠷᠢᠶᠠᠨ ᠳ᠋ᠡᠬᠢ ᠰᠠᠨᠠᠯ ᠢ ᠴᠤᠭᠯᠠᠭᠤᠯᠵᠤ᠂ ᠭᠠᠵᠠᠷ ᠤᠷᠤᠨ ‍ᠣ ᠨᠠᠮ ᠤᠨ ᠬᠤᠷᠢᠶ᠎ᠠ ᠵᠠᠰᠠᠭ ᠤᠨ ᠤᠷᠳᠤᠨ ᠤᠨᠴᠠᠭᠠᠶᠢᠯᠠᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠵᠤᠬᠢᠶᠠᠨ ᠪᠠᠶᠢᠭᠤᠯᠬᠤ ᠬᠡᠯᠳᠡᠰ᠂ ᠤᠯᠤᠰ ᠲᠦᠷᠦ ᠬᠠᠥᠯᠢ ᠴᠠᠭᠠᠵᠠ ᠶᠢᠨ ᠬᠤᠷᠢᠶ᠎ᠠ᠂ ᠠᠵᠢᠯᠳᠠᠨ ‍ᠣ ᠶᠠᠪᠤᠳᠠᠯ ᠤᠨ ᠰᠠᠯᠠᠭ᠎ᠠ ᠮᠦᠴᠢᠷ᠂ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠦᠴᠢᠷ᠂ ᠬᠢᠨᠠᠨ ᠪᠤᠳᠤᠬᠤ ᠰᠠᠯᠠᠭ᠎ᠠ ᠮᠦᠴᠢᠷ ᠵᠡᠷᠭᠡ ᠶᠢᠨ ᠰᠠᠨᠠᠯ ᠢ ᠠᠪᠴᠤ᠂ ᠲᠤᠭᠤᠷᠢᠨ ᠪᠠᠶᠢᠴᠠᠭᠠᠬᠤ ᠠᠵᠢᠯ ᠳᠤ ᠭᠦᠢᠴᠡᠳ ᠪᠡᠯᠡᠳᠭᠡᠯ ᠬᠢᠵᠠᠢ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro