ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠦᠪᠦᠷ ᠮᠤᠩᠭᠤᠯ ᠤᠨ ᠨᠡᠶᠢᠳᠡ ᠶᠢᠨ ᠠᠰᠢᠭᠳᠤ ᠵᠠᠷᠭᠤ ᠶᠢᠨ ᠲᠤᠷᠰᠢᠯᠳᠠ ᠶᠢᠨ ᠴᠢᠭ᠋ ᠦᠨ ᠠᠵᠢᠯ ᠳᠦ ᠪᠠᠶᠢᠴᠠᠭᠠᠨ ᠰᠤᠳᠤᠯᠤᠯᠳᠠ ᠬᠢᠵᠠᠢ

2017-06-12 10:03:40
ᠵᠣᠬᠢᠶᠠᠭᠴᠢ
ᠪᠤᠤ ᠡᠾᠦ᠋ᠢ ᠮᠧᠢ

W020170516385209968598.jpg

    5 ᠰᠠᠷ᠎ᠠ ᠶᠢᠨ15 ‍ᠣ ᠡᠳᠦᠷ᠂15 ᠨᠡᠷᠡᠰ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ‍ᠣ ᠤᠷᠢᠯᠭ᠎ᠠ ᠪᠠᠷ ᠦᠪᠦᠷ ᠮᠤᠩᠭᠤᠯ ᠳᠤ ᠢᠷᠡᠵᠦ᠂ ᠨᠡᠶᠢᠳᠡ ᠶᠢᠨ ᠠᠰᠢᠭᠳᠤ ᠵᠠᠷᠭᠤ ᠶᠢᠨ ᠲᠤᠷᠰᠢᠯᠳᠠ ᠶᠢᠨ ᠴᠢᠭ᠋ ᠦᠨ ᠠᠵᠢᠯ ᠳᠦ ᠪᠠᠶᠢᠴᠠᠭᠠᠨ ᠰᠤᠳᠤᠯᠤᠯᠳᠠ ᠬᠢᠵᠠᠢ᠃ ᠲᠣᠰ ᠤᠳᠠᠭᠠᠨ ‍ᠣ ᠪᠠᠶᠢᠴᠠᠭᠠᠨ ᠰᠤᠳᠤᠯᠤᠯᠳᠠ ᠳᠦ᠂ ᠪᠦᠬᠦ ᠤᠯᠤᠰ ᠤᠨ ᠬᠡᠪᠴᠢᠶᠡᠨ ᠳᠦ ᠵᠦᠪᠬᠡᠨ ᠦᠪᠦᠷ ᠮᠤᠩᠭᠤᠯ ᠪᠠ ᠠᠨᠾᠦ᠋ᠢ ᠮᠤᠵᠢ ᠶᠢ ᠲᠦᠯᠦᠭᠡᠯᠡᠭᠴᠢ ᠪᠡᠷ ᠰᠤᠩᠭᠤᠵᠠᠢ᠃

W020170516385210767153.jpg

    ᠦᠳᠡ ᠶᠢᠨ ᠡᠮᠦᠨᠡᠬᠢ ᠮᠡᠳᠡᠭᠦᠯᠦᠯᠳᠡ ᠶᠢᠨ ᠬᠤᠷᠠᠯ ᠢ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠮᠠ ᠶᠦᠩ ᠱᠧᠩ ᠡᠷᠬᠢᠯᠡᠵᠦ᠂ ᠲᠡᠳ᠋ ᠪᠠᠶᠢᠴᠠᠭᠠᠬᠤ ᠲᠠᠷᠤᠭ᠎ᠠ ᠵᠧᠩ ᠵᠢᠨ ᠴᠦᠨ ᠪᠦᠬᠦ ᠤᠷᠤᠨ ‍ᠣ ᠨᠡᠶᠢᠳᠡ ᠶᠢᠨ ᠠᠰᠢᠭᠳᠤ ᠵᠠᠷᠭᠤ ᠶᠢᠨ ᠠᠵᠢᠯ ᠤᠨ ᠮᠡᠳᠡᠭᠦᠯᠦᠯᠳᠡ ᠬᠢᠵᠦ᠂ ᠪᠠᠶᠢᠩᠭᠤ ᠶᠢᠨ ᠲᠡᠳ᠋ ᠪᠠᠶᠢᠴᠠᠭᠠᠬᠤ ᠲᠠᠷᠤᠭ᠎ᠠ ᠯᠢ ᠮᠤᠤ ᠯᠢᠨ᠂ ᠪᠠᠶᠢᠴᠠᠭᠠᠬᠤ ᠺᠤᠮᠢᠰ ᠤᠨ ᠲᠤᠰᠬᠠᠢ ᠲᠤᠰᠢᠶᠠᠯᠳᠤ ᠭᠡᠰᠢᠭᠦᠨ ᠶᠠᠩ ᠱᠦ ᠯᠢᠨ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ‍ᠣ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠤᠷᠢᠶᠠᠨ ‍ᠣ ᠠᠵᠢᠯᠳᠠᠨ ‍ᠣ ᠶᠠᠪᠤᠳᠠᠯ ᠤᠨ ᠲᠦᠯᠦᠭᠡᠯᠡᠭᠴᠢᠳ ᠢ ᠰᠤᠩᠭᠤᠬᠤ ᠠᠵᠢᠯ ᠤᠨ ᠺᠤᠮᠢᠰ ᠤᠨ ᠲᠡᠳ᠋ ᠲᠤᠭᠤᠷᠢᠨ ᠪᠠᠶᠢᠴᠠᠭᠠᠭᠴᠢ ᠬᠠᠨ ᠪᠤᠤ ᠷᠦᠩ ᠪᠠᠶᠢᠴᠠᠭᠠᠨ ᠰᠤᠳᠤᠯᠤᠯᠳᠠ ᠳᠤ ᠪᠠᠷ᠎ᠠ ᠪᠤᠯᠤᠯᠴᠠᠵᠠᠢ᠃

    2015 ᠤᠨ ᠳᠤ᠂ ᠠᠷᠪᠠᠨ ᠬᠤᠶᠠᠳᠤᠭᠠᠷ ᠬᠤᠭᠤᠴᠠᠭᠠᠨ ‍ᠣ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠤᠷᠢᠶᠠᠨ ‍ᠣ ᠠᠷᠪᠠᠨ ᠲᠠᠪᠤᠳᠤᠭᠠᠷ ᠤᠳᠠᠭᠠᠨ ‍ᠣ ᠬᠤᠷᠠᠯᠳᠤᠭᠠᠨ ᠡᠴᠡ ︽ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠳᠤ ᠡᠷᠬᠡ ᠤᠯᠭᠤᠵᠤ ᠬᠡᠰᠡᠭ ᠭᠠᠵᠠᠷ ᠤᠷᠤᠨ ᠳᠤ ᠨᠡᠶᠢᠳᠡ ᠶᠢᠨ ᠠᠰᠢᠭᠳᠤ ᠵᠠᠷᠭᠤ ᠶᠢᠨ ᠲᠤᠷᠰᠢᠯᠳᠠ ᠶᠢᠨ ᠴᠢᠭ᠋ ᠦᠨ ᠠᠵᠢᠯ ᠦᠷᠨᠢᠭᠦᠯᠬᠦ ᠲᠤᠬᠠᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠤᠷᠢᠶᠠᠨ ‍ᠣ ᠰᠢᠢᠳᠪᠦᠷᠢ︾ ᠶᠢ ᠪᠠᠳᠤᠯᠠᠪᠠ᠃ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ 2015 ᠤᠨ ‍ᠣ 7 ᠰᠠᠷ᠎ᠠ ᠳᠤ ︽ ᠪᠠᠶᠢᠴᠠᠭᠠᠬᠤ ᠪᠠᠶᠢᠭᠤᠯᠭ᠎ᠠ ᠨᠡᠶᠢᠳᠡ ᠶᠢᠨ ᠠᠰᠢᠭᠳᠤ ᠵᠠᠷᠭᠤ ᠶᠢᠨ ᠲᠤᠷᠰᠢᠯᠳᠠ ᠶᠢᠨ ᠴᠢᠭ᠋ ᠦᠨ ᠲᠦᠰᠦᠯ︾ ᠢ ᠲᠠᠷᠤᠮᠠᠯᠯᠠᠨ ᠲᠠᠷᠬᠠᠭᠠᠵᠤ᠂ ᠦᠪᠦᠷ ᠮᠤᠩᠭᠤᠯ ᠵᠡᠷᠭᠡ 13 ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠳᠤ ᠨᠡᠶᠢᠳᠡ ᠶᠢᠨ ᠠᠰᠢᠭᠳᠤ ᠵᠠᠷᠭᠤ ᠶᠢᠨ ᠲᠤᠷᠰᠢᠯᠳᠠ ᠶᠢᠨ ᠴᠢᠭ᠋ ᠦᠨ ᠠᠵᠢᠯ ᠦᠷᠨᠢᠭᠦᠯᠬᠦ ᠶᠢ ᠲᠤᠳᠤᠷᠬᠠᠶᠢᠯᠠᠵᠠᠢ᠃ ᠤᠶᠢᠷ᠎ᠠ ᠶᠢᠨ ᠬᠤᠶᠠᠷ ᠵᠢᠯ ᠡᠴᠡ ᠨᠠᠰᠢ᠂ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠨᠡᠶᠢᠳᠡ ᠶᠢᠨ ᠠᠰᠢᠭᠳᠤ ᠵᠠᠷᠭᠤ ᠶᠢᠨ ᠠᠵᠢᠯ ᠢᠯᠡᠷᠬᠡᠢ ᠦᠷ᠎ᠡ ᠪᠦᠳᠦᠮᠵᠢ ᠤᠯᠵᠠᠢ᠃

W020170516385211188743.jpg

    ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ‍ᠣ ᠢᠷᠭᠡᠨ ‍ᠣ ᠪᠠ ᠵᠠᠰᠠᠭ ᠵᠠᠬᠢᠷᠭᠠᠨ ‍ᠣ ᠬᠡᠷᠡᠭ ᠪᠠᠶᠢᠴᠠᠭᠠᠬᠤ ᠲᠢᠩᠬᠢᠮ ᠦᠨ ᠲᠡᠳ᠋ ᠲᠠᠷᠤᠭ᠎ᠠ ᠯᠢᠦᠢ ᠬᠤᠩ ᠲᠤᠤ ᠢᠯᠡᠷᠬᠡᠶᠢᠯᠡᠭᠰᠡᠨ ᠨᠢ᠄ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠡᠴᠡ ᠲᠤᠰ ᠤᠳᠠᠭᠠᠨ ‍ᠣ ᠪᠠᠶᠢᠴᠠᠭᠠᠨ ᠰᠤᠳᠤᠯᠤᠯᠳᠠ ᠶᠢ ᠵᠤᠬᠢᠶᠠᠨ ᠪᠠᠶᠢᠭᠤᠯᠤᠭᠰᠠᠨ ᠨᠢ ᠨᠢᠭᠡ ᠲᠠᠯ᠎ᠠ ᠪᠠᠷ ᠲᠦᠯᠦᠭᠡᠯᠡᠭᠴᠢᠳ ᠲᠤ ᠪᠠᠶᠢᠴᠠᠭᠠᠬᠤ ᠪᠠᠶᠢᠭᠤᠯᠭ᠎ᠠ ᠶᠢᠨ ᠨᠡᠶᠢᠳᠡ ᠶᠢᠨ ᠠᠰᠢᠭᠳᠤ ᠵᠠᠷᠭᠤ ᠶᠢᠨ ᠲᠤᠬᠠᠢ ᠰᠢᠨ᠎ᠡ ᠰᠤᠷᠭᠤᠭ ᠨᠢᠭᠡᠳᠦᠭᠡᠷ ᠮᠠᠲ᠋ᠧᠷᠢᠶᠠᠯ ᠢ ᠤᠶᠢᠯᠠᠭᠠᠨ ᠡᠵᠡᠮᠰᠢᠭᠦᠯᠵᠦ᠂ ᠪᠠᠶᠢᠴᠠᠭᠠᠬᠤ ᠪᠠᠶᠢᠭᠤᠯᠭ᠎ᠠ ᠶᠢᠨ ᠨᠡᠶᠢᠳᠡ ᠶᠢᠨ ᠠᠰᠢᠭᠳᠤ ᠵᠠᠷᠭᠤ ᠦᠷᠨᠢᠭᠦᠯᠵᠦ ᠪᠠᠶᠢᠭ᠎ᠠ ᠨᠡᠩ ᠤᠯᠠᠨ ᠨᠡᠩ ᠨᠠᠷᠢᠨ ᠪᠤᠳᠠᠳᠤ ᠪᠠᠶᠢᠳᠠᠯ ᠢ ᠬᠠᠩᠭᠠᠬᠤ ᠶᠢᠨ ᠲᠦᠯᠦᠭᠡ ᠶᠤᠮ᠃ ᠨᠦᠭᠦᠭᠡ ᠲᠠᠯ᠎ᠠ ᠪᠠᠷ᠂ ᠪᠠᠶᠢᠴᠠᠭᠠᠬᠤ ᠪᠠᠶᠢᠭᠤᠯᠭ᠎ᠠ ᠶᠢᠨ ᠨᠡᠶᠢᠳᠡ ᠶᠢᠨ ᠠᠰᠢᠭᠳᠤ ᠵᠠᠷᠭᠤ ᠶᠢᠨ ᠲᠠᠯ᠎ᠠ ᠪᠠᠷ ᠤᠷᠤᠰᠢᠵᠦ ᠪᠠᠶᠢᠭ᠎ᠠ ᠲᠤᠳᠠᠭᠳᠠᠯ ᠪᠠ ᠠᠰᠠᠭᠤᠳᠠᠯ ᠢ ᠪᠠᠰᠠ ᠲᠦᠯᠦᠭᠡᠯᠡᠭᠴᠢᠳ ᠲᠦ ᠤᠶᠢᠯᠠᠭᠠᠭᠤᠯᠵᠤ᠂ ᠲᠦᠯᠦᠭᠡᠯᠡᠭᠴᠢᠳ ᠦᠨ ᠰᠠᠨᠠᠯ ᠪᠠ ᠰᠠᠨᠠᠭᠤᠯᠭ᠎ᠠ ᠶᠢ ᠦᠨᠳᠦᠰᠦᠯᠡᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃

    ᠮᠠ ᠶᠦᠩ ᠱᠧᠩ ᠲᠦᠯᠦᠭᠡᠯᠡᠭᠴᠢᠳ ᠲᠦ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠪᠠᠶᠢᠳᠠᠯ ᠪᠠ ᠬᠦᠭᠵᠢᠯᠳᠡ ᠶᠢᠨ ᠪᠠᠶᠢᠳᠠᠯ ᠢ ᠲᠠᠨᠢᠯᠴᠠᠭᠤᠯᠵᠠᠢ᠃ ᠲᠡᠷᠡ ᠢᠯᠡᠷᠬᠡᠶᠢᠯᠡᠭᠰᠡᠨ ᠨᠢ᠂ ᠦᠪᠦᠷ ᠮᠤᠩᠭᠤᠯ ᠨᠢ ᠮᠠᠨ ‍ᠣ ᠤᠯᠤᠰ ᠤᠨ ᠬᠠᠮᠤᠭ ᠡᠷᠲᠡ ᠪᠠᠶᠢᠭᠤᠯᠤᠭᠳᠠᠭᠰᠠᠨ ᠴᠦᠬᠡᠨ ᠲᠤᠭᠠᠳᠤ ᠦᠨᠳᠦᠰᠦᠳᠡᠨ ‍ᠣ ᠦᠪᠡᠷᠳᠡᠭᠡᠨ ᠵᠠᠰᠠᠬᠤ ᠭᠠᠵᠠᠷ ᠤᠷᠤᠨ ᠪᠤᠯᠤᠭᠰᠠᠨ ‍ᠣ ᠬᠤᠪᠢ ᠳᠤ᠂ ᠤᠶᠢᠷ᠎ᠠ ᠶᠢᠨ ᠵᠢᠯ ᠡᠴᠡ ᠨᠠᠰᠢ᠂ ᠨᠠᠮ ᠤᠨ ᠲᠦᠪ ᠬᠤᠷᠢᠶ᠎ᠠ ᠶᠢᠨ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠦᠪᠦᠷ ᠮᠤᠩᠭᠤᠯ ᠤᠨ ᠡᠯ᠎ᠡ ᠲᠦᠷᠦᠯ ᠦᠨ ᠠᠵᠢᠯ ᠦᠢᠯᠡᠰ ᠢᠯᠡᠷᠬᠡᠢ ᠲᠠᠪᠰᠢᠯᠳᠠ ᠲᠠᠢ ᠪᠠᠶᠢᠵᠤ᠂ ᠠᠵᠤ ᠠᠬᠤᠢ ᠶᠢᠨ ᠨᠡᠯᠢᠶᠡᠳ  ᠲᠦᠷᠭᠡᠨ ᠬᠦᠭᠵᠢᠯᠳᠡ ᠶᠢ ᠪᠡᠶᠡᠯᠡᠭᠦᠯᠵᠦ᠂ ᠨᠡᠮᠡᠭᠳᠡᠯ ᠦᠨ ᠬᠤᠷᠳᠤᠴᠠ ᠨᠢ ᠪᠦᠬᠦ ᠤᠯᠤᠰ ᠤᠨ ᠲᠡᠭᠰᠢᠳᠭᠡᠭᠰᠡᠨ ᠬᠢᠷᠢ ᠲᠦᠪᠰᠢᠨ ᠡᠴᠡ ᠦᠨᠳᠦᠷ ᠪᠠᠶᠢᠨ᠎ᠠ᠃ ᠡᠨᠡ ᠵᠢᠯ ᠪᠤᠯ ᠦᠪᠦᠷ ᠮᠤᠩᠭᠤᠯ ᠪᠠᠶᠢᠭᠤᠯᠤᠭᠳᠠᠭᠰᠠᠨ70 ᠵᠢᠯ ᠦᠨ ᠤᠢ᠂ ᠪᠦᠬᠦ ᠤᠷᠤᠨ ‍ᠣ ᠡᠯ᠎ᠡ ᠦᠨᠳᠦᠰᠦᠳᠡᠨ ‍ᠣ ᠠᠷᠠᠳ ᠲᠦᠮᠡᠨ ᠦᠨᠳᠦᠰᠦᠳᠡᠨ ‍ᠣ ᠪᠦᠯᠬᠦᠮᠳᠡᠯ ᠴᠡᠴᠡᠭᠯᠡᠯᠳᠡ ᠲᠠᠪᠰᠢᠯᠲᠠ ᠶᠢᠨ ᠭᠤᠶᠢᠳᠠ ᠰᠠᠶᠢᠬᠠᠨ ᠢᠷᠠᠭᠤ ᠨᠠᠶᠢᠷᠠᠭ ᠢ ᠴᠢᠷᠮᠠᠶᠢᠨ ᠴᠤᠤᠷᠢᠶᠠᠳᠤᠭᠤᠯᠵᠤ ᠪᠠᠶᠢᠨ᠎ᠠ᠃ ᠮᠠ ᠶᠦᠩ ᠱᠧᠩ ᠪᠠᠰᠠ ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠵᠠᠢ᠃ ᠲᠡᠷᠡ ᠬᠡᠯᠡᠭᠰᠡᠨ ᠨᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠮᠠᠨ ‍ᠣ ᠬᠤᠷᠢᠶᠠᠨ ᠳᠤ ᠪᠠᠶᠢᠴᠠᠭᠠᠨ ᠰᠤᠳᠤᠯᠤᠯᠳᠠ ᠬᠢᠵᠦ ᠲᠤᠭᠤᠷᠢᠨ ᠪᠠᠶᠢᠴᠠᠭᠠᠵᠤ ᠪᠠᠶᠢᠬᠤ ᠨᠢ ᠮᠠᠨ ‍ᠣ ᠤᠷᠤᠨ ‍ᠣ ᠪᠠᠶᠢᠴᠠᠭᠠᠬᠤ ᠠᠵᠢᠯ ᠢ ᠰᠢᠯᠭᠠᠨ ᠪᠠᠶᠢᠴᠠᠭᠠᠵᠤ ᠱᠠᠭᠠᠷᠳᠠᠵᠤ ᠪᠠᠶᠢᠭ᠎ᠠ ᠨᠢ ᠨᠡᠩ ᠴᠦ ᠵᠤᠷᠢᠭᠵᠢᠭᠤᠯᠤᠯ ᠪᠤᠯᠤᠨ᠎ᠠ᠂ ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠡᠴᠡ ᠦᠷᠬᠦᠯᠵᠢᠯᠡᠨ ᠴᠢᠷᠮᠠᠶᠢᠵᠤ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠪᠠ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ‍ᠣ ᠢᠳᠡᠭᠡᠯ ᠨᠠᠶᠢᠲᠠᠪᠦᠷᠢ ᠶᠢ ᠬᠦᠰᠡᠷᠳᠡᠭᠦᠯᠬᠦ ᠦᠭᠡᠢ ᠭᠡᠵᠡᠢ᠃

W020170516385211577124.jpg

    ᠵᠧᠩ ᠵᠢᠨ ᠴᠦᠨ PPT ᠦᠵᠡᠭᠦᠯᠦᠯᠭᠡ ᠲᠠᠢ ᠤᠶᠠᠯᠳᠤᠭᠤᠯᠤᠨ ᠪᠡᠶᠡᠳᠦ ᠬᠡᠯᠪᠡᠷᠢ ᠪᠡᠷ ᠪᠦᠬᠦ ᠤᠷᠤᠨ ‍ᠣ ᠨᠡᠶᠢᠳᠡ ᠶᠢᠨ ᠠᠰᠢᠭᠳᠤ ᠵᠠᠷᠭᠤ ᠶᠢᠨ ᠠᠵᠢᠯ ᠤᠨ ᠮᠡᠳᠡᠭᠦᠯᠦᠯᠳᠡ ᠬᠢᠵᠠᠢ᠂ ᠲᠡᠷᠡ ᠢᠯᠡᠷᠬᠡᠶᠢᠯᠡᠭᠰᠡᠨ ᠨᠢ᠂ ᠮᠠᠨ ‍ᠣ ᠤᠷᠤᠨ ᠳᠤ7 ᠠᠶᠢᠮᠠᠭ ᠬᠤᠳᠠ67 ᠦᠨᠳᠦᠰᠦᠨ ᠱᠠᠳᠤᠨ ‍ᠣ ᠬᠤᠷᠢᠶ᠎ᠠ ᠨᠡᠶᠢᠳᠡ ᠶᠢᠨ ᠠᠰᠢᠭᠳᠤ ᠵᠠᠷᠭᠤ ᠶᠢᠨ ᠲᠤᠷᠰᠢᠯᠳᠠ ᠶᠢᠨ ᠴᠢᠭ᠋ ᠦᠨ ᠠᠵᠢᠯ ᠢ ᠦᠷᠨᠢᠭᠦᠯᠵᠠᠢ᠃2017 ᠤᠨ ‍ᠣ 5 ᠰᠠᠷ᠎ᠠ ᠶᠢᠨ ᠰᠢᠨᠡᠳ ᠬᠦᠷᠳᠡᠯ᠎ᠡ᠂ ᠪᠦᠬᠦ ᠤᠷᠤᠨ ‍ᠣ ᠲᠤᠷᠰᠢᠯᠳᠠ ᠶᠢᠨ ᠴᠢᠭ᠋ ᠦᠨ ᠪᠠᠶᠢᠴᠠᠭᠠᠬᠤ ᠬᠤᠷᠢᠶ᠎ᠠ ᠡᠭᠦᠷᠭᠡ  ᠪᠠᠨ ᠭᠦᠢᠴᠡᠳᠭᠡᠬᠦ ᠲᠤᠮᠳᠠ ᠨᠡᠶᠢᠳᠡ ᠶᠢᠨ ᠠᠰᠢᠭᠳᠤ ᠵᠠᠷᠭᠤ ᠶᠢᠨ ᠰᠦᠪᠡᠭᠴᠢ ᠨᠡᠶᠢᠳᠡ 302 ᠵᠦᠢᠯ ᠢ ᠢᠯᠡᠷᠡᠭᠦᠯᠵᠦ᠂ ᠬᠢᠨᠠᠨ ᠪᠠᠶᠢᠴᠠᠭᠠᠭᠰᠠᠨ ‍ᠣ ᠲᠠᠷᠠᠭ᠎ᠠ᠂ ᠵᠠᠷᠭᠤ ᠶᠢᠨ ᠡᠮᠦᠨᠡᠬᠢ ᠵᠢᠷᠦᠮ ᠢ ᠭᠦᠢᠴᠡᠳᠭᠡᠵᠦ ᠬᠠᠮᠢᠶ᠎ᠠ ᠪᠦᠬᠦᠢ ᠰᠠᠯᠠᠭ᠎ᠠ ᠮᠦᠴᠢᠷ ᠲᠦ ᠨᠡᠶᠢᠳᠡ 264 ᠬᠤᠪᠢ ᠪᠠᠶᠢᠴᠠᠭᠠᠬᠤ ᠰᠠᠨᠠᠯ ᠭᠠᠷᠭᠠᠵᠤ᠂ ᠵᠠᠰᠠᠭ ᠵᠠᠬᠢᠷᠭᠠᠨ ‍ᠣ ᠪᠠᠶᠢᠭᠤᠯᠭ᠎ᠠ 159 ᠬᠡᠷᠡᠭ ᠦᠨ ᠪᠠᠶᠢᠴᠠᠭᠠᠬᠤ ᠰᠠᠨᠠᠯ ᠢ ᠬᠤᠷᠢᠶᠠᠨ ᠬᠠᠤᠯᠢ ᠶᠤᠰᠤᠭᠠᠷ ᠵᠠᠯᠠᠷᠠᠭᠤᠯᠵᠤ᠂ ᠰᠢᠭᠦᠬᠦ ᠬᠤᠷᠢᠶᠠᠨ ᠳᠤ 62 ᠬᠡᠷᠡᠭ ᠤᠨ ᠲᠤᠬᠠᠢ ᠵᠠᠰᠠᠭ ᠵᠠᠬᠢᠷᠭᠠᠨ ‍ᠣ ᠨᠡᠶᠢᠳᠡ ᠶᠢᠨ ᠠᠰᠢᠭᠳᠤ ᠵᠠᠭᠠᠯᠳᠤᠯᠭ᠎ᠠ ᠭᠠᠷᠭᠠᠨ᠂ ᠰᠢᠭᠦᠬᠦ ᠬᠤᠷᠢᠶᠠᠨ ᠡᠴᠡ 31 ᠬᠡᠷᠡᠭ ᠢ ᠲᠢᠩᠬᠢᠮ ᠨᠡᠬᠡᠭᠡᠵᠦ ᠰᠢᠭᠦᠵᠦ᠂ ᠲᠢᠩᠬᠢᠮ ᠨᠡᠬᠡᠭᠡᠵᠦ ᠰᠢᠭᠦᠭᠰᠡᠨ ‍ᠣ ᠲᠠᠷᠠᠭ᠎ᠠ 29 ᠬᠡᠷᠡᠭ ᠲᠤ ᠰᠢᠭᠦᠨ ᠲᠠᠰᠤᠯᠤᠯᠳᠠ ᠭᠠᠷᠭᠠᠵᠤ᠂ ᠪᠠᠶᠢᠴᠠᠭᠠᠬᠤ ᠪᠠᠶᠢᠭᠤᠯᠭ᠎ᠠ ᠶᠢᠨ ᠵᠠᠷᠭᠤ ᠶᠢᠨ ᠱᠠᠭᠠᠷᠳᠠᠯᠭ᠎ᠠ ᠶᠢ ᠪᠦᠬᠦᠨ ᠢ ᠲᠡᠮᠵᠢᠵᠡᠢ᠃ ᠮᠠᠨ ‍ᠣ ᠤᠷᠤᠨ ‍ᠣ ᠤᠶᠢᠷ᠎ᠠ ᠶᠢᠨ ᠬᠤᠶᠠᠷ ᠵᠢᠯ ᠦᠨ ᠨᠡᠶᠢᠳᠡ ᠶᠢᠨ ᠠᠰᠢᠭᠳᠤ ᠵᠠᠷᠭᠤ ᠶᠢᠨ ᠲᠤᠷᠰᠢᠯᠳᠠ ᠶᠢᠨ ᠴᠢᠭ᠋ ᠦᠨ ᠬᠡᠷᠡᠭ ᠲᠤᠤᠷᠠᠬᠢ ᠬᠡᠳᠦᠨ ᠤᠨᠴᠠᠯᠢᠭ ᠲᠠᠢ᠄ ᠨᠢᠭᠡ ᠳᠦ ᠵᠠᠰᠠᠭ ᠵᠠᠬᠢᠷᠭᠠᠨ ‍ᠣ ᠨᠡᠶᠢᠳᠡ ᠶᠢᠨ ᠠᠰᠢᠭᠳᠤ ᠵᠠᠷᠭᠤ ᠪᠠᠷ ᠭᠤᠤᠯᠯᠠᠵᠤ ᠪᠠᠶᠢᠨ᠎ᠠ᠃ ᠬᠤᠶᠠᠷ ᠲᠤ᠂ ᠠᠮᠢ ᠠᠬᠤᠢ ᠶᠢᠨ ᠤᠷᠴᠢᠨ ᠲᠤᠭᠤᠷᠢᠨ ᠪᠠ ᠡᠬᠢ ᠪᠠᠶᠠᠯᠢᠭ ᠢ ᠬᠠᠮᠠᠭᠠᠯᠠᠬᠤ ᠶᠢ ᠲᠤᠪᠤᠶᠢᠯᠭᠠᠵᠤ ᠪᠠᠶᠢᠨ᠎ᠠ᠃ ᠭᠤᠷᠪᠠ ᠳᠤ᠂ ᠵᠠᠷᠭᠤ ᠶᠢᠨ ᠡᠮᠦᠨᠡᠬᠢ ᠵᠢᠷᠦᠮ ᠦᠨ ᠦᠷ᠎ᠡ ᠪᠦᠳᠦᠮᠵᠢ ᠢᠯᠡᠷᠬᠡᠢ ᠪᠠᠶᠢᠨ᠎ᠠ᠃ ᠲᠦᠷᠪᠡ ᠳᠦ᠂ ᠪᠠᠶᠢᠴᠠᠭᠠᠬᠤ ᠪᠠᠶᠢᠭᠤᠯᠭ᠎ᠠ ᠶᠢᠨ ᠬᠠᠥᠯᠢ ᠴᠠᠭᠠᠵᠠ ᠶᠢᠨ ᠬᠢᠨᠠᠯᠳᠠ ᠲᠠᠯᠪᠢᠬᠤ ᠰᠢᠨᠵᠢ ᠴᠢᠨᠠᠷ ᠤᠨ ᠦᠨᠳᠦᠰᠦᠨ ᠬᠠᠥᠯᠢ ᠶᠢᠨ ᠪᠠᠶᠢᠷᠢ ᠰᠠᠭᠤᠷᠢ ᠨᠢ ᠲᠤᠪᠤᠶᠢᠨ ᠢᠯᠡᠷᠡᠵᠡᠢ᠃

    ᠵᠧᠩ ᠵᠢᠨ ᠴᠦᠨ ᠴᠢᠬᠤᠯᠠᠴᠢᠯᠠᠭᠰᠠᠨ ᠨᠢ᠂ ᠮᠠᠨ ‍ᠣ ᠤᠷᠤᠨ ‍ᠣ ᠨᠡᠶᠢᠳᠡ ᠶᠢᠨ ᠠᠰᠢᠭᠳᠤ ᠵᠠᠷᠭᠤ ᠶᠢᠨ ᠲᠤᠷᠰᠢᠯᠳᠠ ᠶᠢᠨ ᠴᠢᠭ᠋ ᠦᠨ ᠠᠵᠢᠯ ᠲᠠᠪᠰᠢᠯᠳᠠ ᠲᠠᠢ ᠪᠤᠯᠪᠠᠴᠤ᠂ ᠪᠠᠰᠠ ᠬᠦᠴᠢᠷᠳᠡᠯ ᠲᠤᠯᠭᠠᠷᠠᠵᠤ ᠪᠠᠶᠢᠨ᠎ᠠ᠂ ᠡᠭᠦᠨ ‍ᠣ ᠲᠤᠯᠠᠳᠠ ᠰᠠᠨᠠᠯ ᠲᠤᠷᠠᠳᠬᠤ ᠨᠢ᠄ ᠨᠢᠭᠡ ᠳᠦ᠂ ᠬᠠᠥᠯᠢ ᠲᠤᠭᠳᠠᠭᠠᠬᠤ ᠪᠤᠶᠤ ᠬᠠᠥᠯᠢ ᠳᠤ ᠵᠠᠰᠠᠪᠤᠷᠢ ᠤᠷᠤᠭᠤᠯᠬᠤ ᠬᠡᠯᠪᠡᠷᠢ ᠪᠡᠷ ᠨᠡᠶᠢᠳᠡ ᠶᠢᠨ ᠠᠰᠢᠭᠳᠤ ᠵᠠᠷᠭᠤ ᠶᠢᠨ ᠲᠦᠷᠢᠮ ᠢ ᠪᠠᠳᠤᠯᠠᠵᠤ᠂ ᠨᠡᠶᠢᠳᠡ ᠶᠢᠨ ᠠᠰᠢᠭᠳᠤ ᠵᠠᠷᠭᠤ ᠶᠢᠨ ᠠᠵᠢᠯ ᠢ ᠪᠦᠬᠦ ᠲᠠᠯ᠎ᠠ ᠪᠠᠷ ᠦᠷᠨᠢᠭᠦᠯᠦᠨ᠎ᠡ︔ ᠬᠤᠶᠠᠷ ᠲᠤ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠤᠷᠢᠶ᠎ᠠ ᠬᠠᠥᠯᠢ ᠲᠤᠭᠳᠠᠭᠠᠬᠤ ᠪᠤᠶᠤ ᠬᠠᠥᠯᠢ ᠲᠤᠭᠳᠠᠭᠠᠯᠳᠠ ᠶᠢᠨ ᠲᠠᠶᠢᠯᠪᠦᠷᠢ ᠶᠢᠨ ᠬᠡᠯᠪᠡᠷᠢ ᠪᠡᠷ ᠲᠠᠮᠵᠢᠨ ᠨᠡᠶᠢᠳᠡ ᠶᠢᠨ ᠠᠰᠢᠭᠳᠤ ᠵᠠᠷᠭᠤ ᠶᠢᠨ ᠬᠠᠥᠯᠢ ᠴᠠᠭᠠᠵᠠ ᠶᠢᠨ ᠪᠠᠶᠢᠷᠢ ᠰᠠᠭᠤᠷᠢ ᠶᠢ ᠪᠠᠳᠤᠯᠠᠬᠤ ᠴᠢᠬᠤᠯᠠᠳᠠᠢ︔ ᠭᠤᠷᠪᠠ ᠳᠤ᠂ ᠠᠷᠠᠳ ᠤᠨ ᠲᠡᠭᠡᠳᠦ ᠰᠢᠭᠦᠬᠦ ᠬᠤᠷᠢᠶ᠎ᠠ ᠪᠠ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠬᠠᠮᠳᠤᠷᠠᠨ ᠨᠡᠶᠢᠳᠡ ᠶᠢᠨ ᠠᠰᠢᠭᠳᠤ ᠵᠠᠷᠭᠤ ᠶᠢᠨ ᠬᠠᠮᠢᠶ᠎ᠠ ᠪᠦᠬᠦᠢ ᠪᠤᠳᠠᠳᠠᠢ ᠲᠠᠶᠢᠯᠪᠦᠷᠢ ᠪᠤᠶᠤ ᠨᠠᠷᠢᠨ ᠲᠦᠷᠢᠮ ᠲᠤᠭᠳᠠᠭᠠᠯ ᠭᠠᠷᠭᠠᠬᠤ ᠬᠡᠷᠡᠭᠳᠡᠢ︔ ᠲᠦᠷᠪᠡ ᠳᠦ᠂ ᠪᠠᠶᠢᠴᠠᠭᠠᠬᠤ ᠪᠠᠶᠢᠭᠤᠯᠭ᠎ᠠ ᠳᠤ ᠲᠦᠷᠭᠡᠨ ᠰᠢᠭ ᠡᠷᠬᠡ ᠤᠯᠭᠤᠨ ᠵᠠᠰᠠᠭ ᠵᠠᠬᠢᠷᠭᠠᠨ ‍ᠣ ᠬᠠᠥᠯᠢ ᠡᠴᠡ ᠵᠦᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠳᠠ ᠲᠠᠯᠪᠢᠬᠤ ᠠᠵᠢᠯ ᠢ ᠦᠷᠨᠢᠭᠦᠯᠵᠦ᠂ ᠵᠠᠰᠠᠭ ᠵᠠᠬᠢᠷᠭᠠᠨ ‍ᠣ ᠬᠠᠥᠯᠢ ᠡᠴᠡ ᠵᠦᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠳᠠ ᠲᠠᠯᠪᠢᠬᠤ ᠪᠠ ᠨᠡᠶᠢᠳᠡ ᠶᠢᠨ ᠠᠰᠢᠭᠳᠤ ᠵᠠᠷᠭᠤ ᠶᠢᠨ ᠲᠦᠷᠢᠮ ᠦᠨ ᠵᠤᠯᠭᠠᠯᠳᠠ ᠶᠢ ᠪᠡᠶᠡᠯᠡᠭᠦᠯᠬᠦ ᠬᠡᠷᠡᠭᠳᠡᠢ ᠭᠡᠵᠡᠢ᠃

    ᠲᠠᠯ᠎ᠠ ᠨᠤᠳᠤᠭ ᠪᠤᠯ ᠦᠪᠦᠷ ᠮᠤᠩᠭᠤᠯ ᠤᠨ ᠰᠠᠭᠤᠷᠢ ᠦᠩᠭᠡ᠂ ᠮᠠᠨ ‍ᠣ ᠤᠷᠤᠨ ‍ᠣ ᠰᠢᠳᠭᠡᠭᠡᠰᠡᠨ ᠬᠡᠷᠡᠭ ᠦᠨ86.62% ᠨᠢ ᠠᠮᠢ ᠠᠬᠤᠢ ᠶᠢᠨ ᠤᠷᠴᠢᠨ ᠲᠤᠭᠤᠷᠢᠨ ᠪᠠ ᠡᠬᠢ ᠪᠠᠶᠠᠯᠢᠭ ᠢ ᠬᠠᠮᠠᠭᠠᠯᠠᠬᠤ ᠬᠡᠪᠴᠢᠶᠡᠨ ᠳᠦ ᠲᠦᠪᠯᠡᠷᠡᠵᠦ ᠪᠠᠶᠢᠨ᠎ᠠ᠃ ᠲᠠᠯ᠎ᠠ ᠨᠤᠳᠤᠭ ᠤᠨ ᠨᠡᠶᠢᠳᠡ ᠶᠢᠨ ᠠᠰᠢᠭᠳᠤ ᠬᠡᠷᠡᠭ ᠡᠴᠡ ᠪᠤᠯᠵᠤ ᠪᠠᠶᠢᠴᠠᠭᠠᠬᠤ ᠪᠠᠶᠢᠭᠤᠯᠭ᠎ᠠ ᠲᠠᠢ ᠤᠯᠠᠨ ᠤᠳᠠᠭ᠎ᠠ ᠬᠠᠷᠢᠯᠴᠠᠭᠰᠠᠨ ᠦᠪᠡᠷᠳᠡᠭᠡᠨ ᠵᠠᠰᠠᠬᠤ ᠤᠷᠤᠨ ‍ᠣ ᠲᠠᠯ᠎ᠠ ᠨᠤᠳᠤᠭ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠶᠢᠨ ᠲᠠᠷᠤᠭ᠎ᠠ ᠴᠧᠨ ᠶᠦᠩ ᠴᠢᠤᠸᠠᠨ ᠢᠯᠡᠷᠬᠡᠶᠢᠯᠡᠭᠰᠡᠨ ᠨᠢ᠄ ᠨᠡᠶᠢᠳᠡ ᠶᠢᠨ ᠠᠰᠢᠭᠳᠤ ᠵᠠᠷᠭᠤ ᠶᠢᠨ ᠡᠷᠢᠯᠬᠢᠯᠡᠯ ᠦᠷᠨᠢᠭᠦᠯᠬᠦ ᠨᠢ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠳᠤ ᠭᠦᠨ ᠭᠦᠨᠵᠡᠭᠡᠢ ᠤᠳᠬ᠎ᠠ ᠠᠭᠤᠯᠭ᠎ᠠ ᠲᠠᠢ᠂ ᠪᠢᠳᠡ ᠯᠠᠪᠳᠠᠢ ᠡᠷᠡᠰ ᠬᠠᠮᠠᠭᠠᠯᠠᠵᠤ᠂ ᠢᠳᠡᠪᠬᠢᠳᠡᠢ ᠲᠡᠮᠵᠢᠨ᠎ᠡ᠂ ᠦᠪᠡᠷᠳᠡᠭᠡᠨ ᠵᠠᠰᠠᠬᠤ ᠤᠷᠤᠨ ‍ᠣ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠵᠠᠰᠠᠭ ᠵᠠᠬᠢᠷᠭᠠᠨ ‍ᠣ ᠵᠠᠷᠭᠤ ᠬᠦᠯᠢᠶᠡᠬᠦ ᠶᠢ ᠵᠤᠬᠢᠶᠠᠨ ᠪᠠᠶᠢᠭᠤᠯᠤᠨ ᠰᠠᠶᠢᠳᠤᠷ ᠬᠢᠬᠦ᠂ ᠪᠠᠶᠢᠴᠠᠭᠠᠬᠤ ᠪᠠᠶᠢᠭᠤᠯᠭ᠎ᠠ ᠲᠠᠢ ᠬᠠᠮᠵᠢᠯᠴᠠᠵᠤ ᠨᠡᠶᠢᠳᠡ ᠶᠢᠨ ᠠᠰᠢᠭᠳᠤ ᠵᠠᠷᠭᠤ ᠶᠢᠨ ᠠᠵᠢᠯ ᠢ ᠰᠠᠶᠢᠳᠤᠷ ᠬᠢᠬᠦ ᠶᠢ 2017 ᠤᠨ ‍ᠣ ᠠᠵᠢᠯ ᠤᠨ ᠲᠦᠯᠦᠪᠯᠡᠭᠡ ᠳ᠋ᠡᠭᠡᠨ ᠤᠷᠤᠭᠤᠯᠵᠠᠢ᠃ ᠪᠢᠳᠡ ᠨᠡᠶᠢᠳᠡ ᠶᠢᠨ ᠠᠰᠢᠭᠳᠤ ᠵᠠᠷᠭᠤ ᠶᠢᠨ ᠲᠤᠷᠰᠢᠯᠳᠡ ᠶᠢᠨ ᠴᠢᠭ᠋ ᠦᠨ ᠠᠵᠢᠯ ᠢᠶᠠᠷ ᠵᠠᠪᠰᠢᠶᠠᠨ ᠪᠤᠯᠭᠠᠵᠤ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠲᠠᠢ ᠬᠠᠷᠢᠯᠴᠠᠬᠤ ᠪᠠᠨ ᠦᠷᠬᠦᠯᠵᠢᠯᠡᠨ ᠴᠢᠩᠭᠠᠳᠬᠠᠵᠤ᠂ ᠬᠠᠥᠯᠢ ᠶᠤᠰᠤᠭᠠᠷ ᠵᠠᠰᠠᠭ ᠪᠠᠷᠢᠬᠤ ᠴᠢᠳᠠᠪᠦᠷᠢ ᠪᠠ ᠬᠢᠷᠢ ᠲᠦᠪᠰᠢᠨ ᠢᠶᠡᠨ ᠦᠨᠡᠨᠬᠦ ᠲᠡᠭᠡᠭᠰᠢᠯᠡᠭᠦᠯᠵᠦ᠂ ᠲᠠᠯ᠎ᠠ ᠨᠤᠳᠤᠭ ᠢ ᠰᠠᠶᠢᠳᠤᠷ ᠬᠠᠮᠠᠭᠠᠯᠠᠨ᠂ ᠲᠠᠯ᠎ᠠ ᠨᠤᠳᠤᠭ ᠤᠨ ᠦᠵᠡᠰᠭᠦᠯᠡᠩᠳᠦ ᠦᠵᠡᠮᠵᠢ ᠶᠢᠨ ᠱᠤᠭᠤᠮ ᠢ ᠬᠠᠮᠳᠤᠪᠠᠷ ᠪᠦᠳᠦᠭᠡᠨ ᠪᠠᠶᠢᠭᠤᠯᠤᠨ᠎ᠠ ᠭᠡᠵᠡᠢ᠃

W020170516385212028258.jpg

 W020170516385212436928.jpg        

    ᠮᠡᠳᠡᠭᠦᠯᠦᠯᠳᠡ ᠶᠢᠨ ᠬᠤᠷᠠᠯ ᠤᠨ ᠲᠠᠷᠠᠭ᠎ᠠ᠂ ᠲᠦᠯᠦᠭᠡᠯᠡᠭᠴᠢᠳ ᠪᠠᠰᠠ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠭᠤᠮᠤᠳᠠᠯ ᠵᠠᠭᠠᠯᠳᠤᠯᠭ᠎ᠠ ᠬᠦᠯᠢᠶᠡᠨ ᠠᠪᠬᠤ ᠲᠢᠩᠬᠢᠮ ᠪᠠ ᠬᠡᠷᠡᠭ ᠬᠠᠮᠢᠶᠠᠷᠤᠯᠳᠠ ᠶᠢᠨ ᠲᠢᠩᠬᠢᠮ ᠢ ᠲᠤᠭᠤᠷᠢᠨ ᠦᠵᠡᠵᠡᠢ᠃ ᠲᠠᠷᠠᠭᠠᠴᠢ ᠶᠢᠨ ᠬᠤᠶᠠᠷ ᠡᠳᠦᠷ᠂ ᠲᠦᠯᠦᠭᠡᠯᠡᠭᠴᠢᠳ ᠬᠦᠬᠡᠬᠤᠳᠡ ᠶᠢᠨ ᠬᠤᠶᠠᠷ ᠱᠠᠳᠤᠨ ‍ᠣ ᠬᠤᠷᠢᠶᠠᠨ ‍ᠣ ᠨᠡᠶᠢᠳᠡ ᠶᠢᠨ ᠠᠰᠢᠭᠳᠤ ᠵᠠᠷᠭᠤ ᠶᠢᠨ ᠠᠵᠢᠯ ᠳᠤ ᠪᠤᠳᠠᠳᠠᠢ ᠭᠠᠵᠠᠷ ᠲᠤᠨᠢ ᠪᠠᠶᠢᠴᠠᠭᠠᠨ ᠰᠤᠳᠤᠯᠤᠯᠳᠠ ᠬᠢᠵᠠᠢ᠃

 


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro