ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠨᠡᠶᠢᠳᠡ ᠶᠢᠨ ᠠᠰᠢᠭᠳᠤ ᠵᠠᠷᠭᠤ ᠶᠢᠨ ᠦᠩᠭᠡᠷᠡᠭᠰᠡᠨ᠂ ᠤᠳᠤ ᠪᠠ ᠢᠷᠡᠭᠡᠳᠦᠢ ᠶᠢᠨ ᠲᠤᠬᠠᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠬᠡᠷᠬᠢᠨ ᠬᠡᠯᠡᠬᠦ ᠶᠢ ᠰᠤᠨᠤᠰᠤᠶ᠎ᠠ

2017-06-12 10:12:15
ᠵᠣᠬᠢᠶᠠᠭᠴᠢ
ᠪᠤᠤ ᠡᠾᠦ᠋ᠢ ᠮᠧᠢ

W020170518414424078385.jpg

    5 ᠰᠠᠷ᠎ᠠ ᠶᠢᠨ 17 ‍ᠣ ᠡᠳᠦᠷ ᠤᠨ ᠦᠳᠡ ᠶᠢᠨ ᠡᠮᠦᠨ᠎ᠡ᠂ ᠬᠤᠶᠠᠷ ᠡᠳᠦᠷ ᠦᠨ ᠪᠤᠳᠠᠳᠠᠢ ᠭᠠᠵᠠᠷ ᠲᠤᠨᠢ ᠪᠠᠶᠢᠴᠠᠭᠠᠨ  ᠰᠤᠳᠤᠯᠬᠤ ᠪᠠᠷ ᠲᠠᠮᠵᠢᠨ᠂ ᠦᠪᠦᠷ ᠮᠤᠩᠭᠤᠯ ᠤᠨ ᠨᠡᠶᠢᠳᠡ ᠶᠢᠨ ᠠᠰᠢᠭᠳᠤ ᠵᠠᠷᠭᠤ ᠶᠢᠨ ᠲᠤᠷᠰᠢᠯᠳᠠ ᠶᠢᠨ ᠴᠢᠭ᠋ ᠦᠨ ᠠᠵᠢᠯ ᠳᠦ ᠠᠩᠬᠠᠨ ‍ᠣ ᠤᠶᠢᠯᠠᠭᠠᠯᠳᠠ ᠲᠠᠢ ᠪᠤᠯᠤᠭᠰᠠᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠦᠪᠦᠷ ᠮᠤᠩᠭᠤᠯ ᠤᠨ ᠪᠠᠶᠢᠴᠠᠭᠠᠬᠤ ᠬᠦᠮᠦᠰ ᠲᠠᠢ ᠨᠡᠶᠢᠳᠡ ᠶᠢᠨ ᠠᠰᠢᠭᠳᠤ ᠵᠠᠷᠭᠤ ᠶᠢᠨ ᠦᠩᠭᠡᠷᠡᠭᠰᠡᠨ᠂ ᠤᠳᠤ ᠪᠠ ᠢᠷᠡᠭᠡᠳᠦᠢ ᠶᠢᠨ ᠲᠤᠬᠠᠢ  ᠬᠠᠮᠳᠤ ᠶᠠᠷᠢᠯᠴᠠᠵᠠᠢ᠃

W020170518414424458760.jpg

    ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠮᠠ ᠶᠦᠩ ᠱᠧᠩ ᠶᠠᠷᠢᠶ᠎ᠠ ᠬᠢᠵᠦ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠩᠭᠤ ᠶᠢᠨ ᠲᠡᠳ᠋ ᠪᠠᠶᠢᠴᠠᠭᠠᠬᠤ ᠲᠠᠷᠤᠭ᠎ᠠ ᠯᠢ ᠮᠤᠤ ᠯᠢᠨ ᠬᠤᠷᠠᠯ ᠡᠷᠬᠢᠯᠡᠨ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ  ᠺᠤᠮᠢᠰ ᠤᠨ ᠲᠤᠰᠬᠠᠢ ᠲᠤᠰᠢᠶᠠᠯᠳᠤ ᠭᠡᠰᠢᠭᠦᠨ ᠶᠠᠩ ᠱᠦ ᠯᠢᠨ᠂ ᠬᠦᠬᠡᠬᠤᠳᠡ ᠶᠢᠨ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠸᠠᠩ ᠬᠠᠨ ᠦ᠋ ᠰᠠᠭᠤᠳᠠᠯ ᠤᠨ ᠬᠤᠷᠠᠯ ᠳᠤ ᠤᠷᠤᠯᠴᠠᠵᠠᠢ᠃

    ᠸᠠᠩ ᠬᠠᠨ ᠦ᠋ ᠬᠦᠬᠡᠬᠤᠳᠡ ᠤᠷᠤᠨ ‍ᠣ ᠨᠡᠶᠢᠳᠡ ᠶᠢᠨ ᠠᠰᠢᠭᠳᠤ ᠵᠠᠷᠭᠤ ᠶᠢᠨ ᠠᠵᠢᠯ ᠤᠨ ᠪᠠᠶᠢᠳᠠᠯ ᠤᠨ ᠮᠡᠳᠡᠭᠦᠯᠦᠯᠳᠡ ᠬᠢᠵᠠᠢ᠃ ᠲᠡᠷᠡ ᠢᠯᠡᠷᠬᠡᠶᠢᠯᠡᠭᠰᠡᠨ ᠨᠢ᠂ 5 ᠰᠠᠷ᠎ᠠ ᠶᠢᠨ ᠰᠢᠨᠡᠳ ᠬᠦᠷᠳᠡᠯ᠎ᠡ᠂ ᠬᠦᠬᠡᠬᠤᠳᠡ ᠶᠢᠨ ᠪᠠᠶᠢᠴᠠᠭᠠᠬᠤ ᠪᠠᠶᠢᠭᠤᠯᠭ᠎ᠠ ᠡᠭᠦᠷᠭᠡ  ᠪᠠᠨ ᠭᠦᠢᠴᠡᠳᠭᠡᠬᠦ ᠲᠤᠮᠳᠠ ᠨᠡᠶᠢᠳᠡ ᠶᠢᠨ ᠠᠰᠢᠭᠳᠤ ᠵᠠᠷᠭᠤ ᠶᠢᠨ ᠰᠦᠪᠡᠭᠴᠢ ᠶᠢ ᠨᠡᠶᠢᠳᠡ 20 ᠵᠦᠢᠯ ᠢᠯᠡᠷᠡᠭᠦᠯᠵᠦ᠂ 1 ᠢᠷᠭᠡᠨ ‍ᠣ ᠬᠡᠷᠡᠭ ᠦᠨ ᠨᠡᠶᠢᠳᠡ ᠶᠢᠨ ᠠᠰᠢᠭᠳᠤ ᠵᠠᠷᠭᠤ ᠶᠢᠨ ᠰᠦᠪᠡᠭᠴᠢ ᠡᠴᠡ ᠭᠠᠳᠠᠨ᠎ᠠ ᠪᠤᠰᠤᠳ 19 ᠵᠠᠰᠠᠭ ᠵᠠᠬᠢᠷᠭᠠᠨ ‍ᠣ ᠨᠡᠶᠢᠳᠡ ᠶᠢᠨ ᠠᠰᠢᠭᠳᠤ ᠵᠠᠷᠭᠤ ᠶᠢᠨ ᠰᠦᠪᠡᠭᠴᠢ ᠶᠢ ᠬᠡᠷᠡᠭ ᠪᠤᠯᠭᠠᠨ ᠵᠠᠷᠭᠤ ᠶᠢᠨ ᠡᠮᠦᠨᠡᠬᠢ ᠵᠢᠷᠦᠮ ᠢᠶᠡᠷ  ᠶᠠᠪᠤᠭᠤᠯᠤᠨ᠂ ᠪᠦᠬᠦᠨ ᠢᠶᠡᠷ ᠢᠶᠡᠨ ᠬᠠᠮᠢᠶ᠎ᠠ ᠪᠦᠬᠦᠢ ᠵᠠᠰᠠᠭ ᠵᠠᠬᠢᠷᠭᠠᠨ ‍ᠣ ᠪᠠᠶᠢᠭᠤᠯᠭ᠎ᠠ ᠳᠤ ᠵᠦᠪᠰᠢᠶᠡᠷᠡᠭᠳᠡᠵᠡᠢ᠃

    ᠦᠨᠦ ᠵᠢᠯ ᠦᠨ 6 ᠰᠠᠷ᠎ᠠ ᠶᠢᠨ ᠰᠡᠭᠦᠯᠴᠢ ᠳᠦ ᠨᠡᠶᠢᠳᠡ ᠶᠢᠨ ᠠᠰᠢᠭᠳᠤ ᠵᠠᠷᠭᠤ ᠶᠢᠨ ᠲᠤᠷᠰᠢᠯᠳᠠ ᠶᠢᠨ ᠴᠢᠭ᠋ ᠦᠨ ᠬᠤᠭᠤᠴᠠᠭ᠎ᠠ ᠲᠦᠭᠦᠷᠬᠦ ᠪᠤᠯᠤᠨ᠎ᠠ᠂ ᠡᠶᠢᠮᠦ ᠡᠴᠡ ᠲᠤᠰ ᠤᠳᠠᠭᠠᠨ ‍ᠣ ᠪᠠᠶᠢᠴᠠᠭᠠᠨ ᠰᠤᠳᠤᠯᠤᠯᠳᠠ ᠶᠢᠨ ᠴᠢᠬᠤᠯᠠ ᠴᠢᠨᠠᠷ ᠨᠢ ᠬᠡᠯᠡᠯᠭᠡᠨ ᠦᠭᠡᠢ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠦᠪᠦᠷ ᠮᠤᠩᠭᠤᠯ ᠤᠨ ᠭᠤᠷᠪᠠᠨ ᠱᠠᠳᠤᠨ ‍ᠣ ᠪᠠᠶᠢᠴᠠᠭᠠᠬᠤ ᠬᠤᠷᠢᠶᠠᠨ ᠳᠤ ᠢᠷᠡᠵᠦ᠂ ᠪᠤᠳᠠᠳᠠᠢ ᠭᠠᠵᠠᠷ ᠲᠤᠨᠢ ᠪᠠᠶᠢᠴᠠᠭᠠᠨ ᠰᠤᠳᠤᠯᠤᠯᠳᠠ ᠬᠢᠵᠦ᠂ ᠨᠢᠭᠤᠷᠳᠡᠨ ᠬᠠᠷᠢᠯᠴᠠᠵᠤ᠂ ᠦᠨᠳᠦᠰᠦᠨ ᠱᠠᠳᠤᠨ ᠳᠤ ᠭᠦᠨᠵᠡᠭᠡᠶᠢᠷᠡᠨ᠂ ᠬᠡᠷᠡᠭ ᠦᠨ ᠡᠪᠬᠡᠮᠡᠯ ᠢ ᠦᠵᠡᠵᠦ᠂ ᠲᠢᠩᠬᠢᠮ ᠦᠨ ᠰᠢᠭᠦᠯᠳᠡ ᠶᠢ ᠰᠤᠨᠤᠰᠤᠨ᠂ ᠵᠤᠪᠠᠭᠤᠷᠢ ᠵᠦᠳᠡᠭᠦᠷᠢ ᠶᠢ ᠠᠰᠠᠭᠤᠨ᠂ ᠨᠡᠶᠢᠳᠡ ᠶᠢᠨ ᠠᠰᠢᠭᠳᠤ ᠵᠠᠷᠭᠤ ᠶᠢᠨ ᠦᠩᠭᠡᠷᠡᠭᠰᠡᠨ ᠪᠠ ᠢᠷᠡᠭᠡᠳᠦᠢ ᠶᠢᠨ ᠲᠤᠬᠠᠢ ᠬᠦᠮᠦᠨ ᠪᠦᠬᠦᠨ ᠲᠤᠳᠤᠷ᠎ᠠ ᠪᠠᠨ ᠲᠤᠭ᠎ᠠ ᠲᠠᠢ ᠪᠤᠯᠵᠠᠢ᠃

W020170518414424645796.png

    ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠤᠷᠢᠶᠠᠨ ‍ᠣ ᠭᠡᠰᠢᠭᠦᠨ᠂ ᠡᠾᠧᠪᠧᠢ ᠮᠤᠵᠢ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠤᠷᠢᠶᠠᠨ ‍ᠣ ᠲᠡᠳ᠋ ᠡᠷᠬᠢᠯᠡᠭᠴᠢ᠂ ᠡᠾᠧᠪᠧᠢ ᠮᠤᠵᠢ ᠶᠢᠨ ᠨᠡᠶᠢᠭᠡᠮ ᠵᠢᠷᠦᠮ ᠦᠨ ᠲᠡᠭᠡᠳᠦ ᠰᠤᠷᠭᠠᠭᠤᠯᠢ ᠶᠢᠨ ᠲᠠᠷᠤᠭ᠎ᠠ ᠸᠠᠩ ᠭᠠᠩ ᠢᠯᠡᠷᠬᠡᠶᠢᠯᠡᠭᠰᠡᠨ ᠨᠢ᠂ ᠲᠤᠰ ᠤᠳᠠᠭᠠᠨ ‍ᠣ ᠪᠠᠶᠢᠴᠠᠭᠠᠨ ᠰᠤᠳᠤᠯᠤᠯᠳᠠ ᠨᠢ ᠲᠦᠯᠦᠭᠡᠯᠡᠭᠴᠢ ᠨᠠᠷ ᠤᠨ ᠨᠡᠶᠢᠳᠡ ᠶᠢᠨ ᠠᠰᠢᠭᠳᠤ ᠵᠠᠷᠭᠤ ᠶᠢᠨ ᠲᠦᠷᠢᠮ ᠢ  ᠲᠤᠭᠳᠠᠭᠠᠬᠤ ᠪᠠ ᠲᠡᠭᠦᠯᠳᠡᠷᠵᠢᠭᠦᠯᠬᠦ ᠳᠦ ᠤᠷᠤᠯᠴᠠᠨ ᠲᠦᠯᠬᠢᠨ ᠠᠬᠢᠭᠤᠯᠬᠤ ᠳᠤ ᠮᠠᠰᠢ ᠰᠠᠶᠢᠨ ᠦᠢᠯᠡᠳᠦᠯᠭᠡ ᠶᠢᠨ ᠦᠢᠯᠡᠳᠦᠯ ᠦᠵᠡᠭᠦᠯᠵᠡᠢ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠤᠷᠢᠶᠠᠨ ‍ᠣ ᠭᠡᠰᠢᠭᠦᠨ᠂ ᠪᠡᠭᠡᠵᠢᠩ ᠦᠨ ᠠᠭᠠᠷ ᠪᠠ ᠰᠠᠨᠰᠠᠷ ᠠᠶᠠᠯᠠᠯ ᠤᠨ ᠶᠡᠬᠡ ᠰᠤᠷᠭᠠᠭᠤᠯᠢ ᠶᠢᠨ ᠤᠯᠤᠰ ᠤᠨ ᠭᠤᠤᠯᠳᠠᠯᠭ᠎ᠠ ᠲᠠᠢ ᠲᠤᠷᠰᠢᠯᠳᠠ ᠶᠢᠨ ᠭᠡᠷ ᠦᠨ ᠠᠬᠠᠯᠠᠭᠴᠢ ᠰᠢᠨᠵᠢᠯᠡᠬᠦ ᠤᠬᠠᠭᠠᠨᠳᠠᠨ ᠵᠠᠩ ᠲᠤᠤ ᠢᠯᠡᠷᠬᠡᠶᠢᠯᠡᠭᠰᠡᠨ ᠨᠢ᠂ ᠦᠪᠦᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠨᠡᠶᠢᠳᠡ ᠶᠢᠨ ᠠᠰᠢᠭᠳᠤ ᠵᠠᠷᠭᠤ ᠶᠢᠨ ᠲᠤᠷᠰᠢᠯᠳᠠ ᠶᠢᠨ ᠴᠢᠭ᠋ ᠦᠨ ᠠᠵᠢᠯ ᠲᠤᠮᠳᠠ ᠲᠤᠩ ᠤᠯᠠᠨ ᠪᠦᠳᠦᠭᠡᠯᠴᠢ ᠴᠢᠨᠠᠷᠳᠠᠢ ᠠᠷᠭ᠎ᠠ ᠬᠡᠮᠵᠢᠶ᠎ᠡ ᠲᠠᠢ ᠪᠠᠶᠢᠵᠤ᠂ ᠨᠡᠶᠢᠳᠡ ᠶᠢᠨ ᠠᠰᠢᠭᠳᠤ ᠵᠠᠷᠭᠤ ᠶᠢᠨ ᠠᠵᠢᠯ ᠢ ᠲᠤᠷᠰᠢᠯᠳᠠ ᠶᠢᠨ ᠴᠢᠭ᠋ ᠤᠨ ᠰᠠᠭᠤᠷᠢᠨ ᠲᠡᠭᠡᠷ᠎ᠡ ᠦᠷᠬᠦᠯᠵᠢᠯᠡᠨ ᠲᠦᠯᠬᠢᠨ ᠠᠬᠢᠭᠤᠯᠬᠤ ᠳᠤ ᠲᠤᠩ ᠴᠢᠬᠤᠯᠠ ᠯᠠᠪᠯᠠᠬᠤ ᠦᠨ᠎ᠡ ᠦᠷᠳᠡᠭ ᠲᠠᠢ ᠭᠡᠵᠡᠢ᠃

    ᠱᠠᠨᠰᠢ ᠮᠤᠵᠢ ᠶᠢᠨ ᠰᠢ ᠰᠢᠶᠠᠨ ᠰᠢᠨ᠎ᠡ ᠲᠤᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠤᠤᠯ ᠤᠨ ᠱᠦᠵᠢ ᠸᠠᠩ ᠵᠢᠶᠦ᠋ᠨ ᠢᠯᠡᠷᠬᠡᠶᠢᠯᠡᠭᠰᠡᠨ ᠨᠢ᠂ ᠦᠪᠦᠷ ᠮᠤᠩᠭᠤᠯ ᠤᠨ ᠨᠡᠶᠢᠳᠡ ᠶᠢᠨ ᠠᠰᠢᠭᠳᠤ ᠵᠠᠷᠭᠤ ᠶᠢᠨ ᠲᠤᠷᠰᠢᠯᠳᠠ ᠶᠢᠨ ᠴᠢᠭ᠋ ᠦᠨ ᠠᠵᠢᠯ ᠢ ᠤᠳᠤᠷᠢᠳᠤᠯᠭ᠎ᠠ ᠡᠴᠡ ᠴᠢᠬᠤᠯᠠᠴᠢᠯᠠᠨ᠂ ᠠᠷᠭ᠎ᠠ ᠠᠪᠴᠠᠯ ᠨᠢ ᠡᠭᠦᠳᠦᠯᠳᠡ ᠲᠠᠢ᠂ ᠤᠨᠴᠠᠭᠠᠶᠢᠯᠠᠨ ᠠᠮᠢ ᠠᠬᠤᠢ ᠶᠢᠨ ᠤᠷᠴᠢᠨ ᠲᠤᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠳᠠ ᠶᠢ ᠲᠤᠪᠤᠶᠢᠯᠭᠠᠵᠤ᠂ ᠨᠡᠶᠢᠳᠡ ᠶᠢᠨ ᠠᠰᠢᠭᠳᠤ ᠵᠠᠷᠭᠤ ᠶᠢᠨ ᠵᠠᠩᠭᠢᠯᠠᠭ᠎ᠠ ᠶᠢ ᠠᠳᠬᠤᠵᠤ᠂ ᠢᠳᠡᠪᠬᠢᠳᠡᠢ ᠲᠡᠯᠭᠡᠷᠡᠭᠦᠯᠬᠦ ᠦᠨ᠎ᠡ ᠦᠷᠳᠡᠭ ᠲᠠᠢ ᠪᠠᠶᠢᠨ᠎ᠠ᠃ ᠱᠠᠨᠰᠢ ᠮᠤᠵᠢ  ᠶᠢᠨ ᠠᠵᠢᠯᠳᠠᠨ ‍ᠣ ᠶᠡᠷᠦᠩᠬᠡᠢ ᠡᠪᠯᠡᠯ ᠦᠨ ᠺᠠᠳ᠋ᠷ ᠯᠢᠦ ᠰᠢᠶᠣᠣ ᠫᠢᠩ ᠢᠯᠡᠷᠬᠡᠶᠢᠯᠡᠭᠰᠡᠨ ᠨᠢ᠂ ᠪᠠᠶᠢᠴᠠᠭᠠᠨ ᠰᠤᠳᠤᠯᠤᠯᠳᠠ ᠲᠤᠮᠳᠠ ᠦᠪᠦᠷ ᠮᠤᠩᠭᠤᠯ ᠤᠨ ᠪᠠᠶᠢᠴᠠᠭᠠᠬᠤ ᠠᠵᠢᠯ ᠤᠨ ᠦᠭᠡᠷᠡᠴᠢᠯᠡᠯᠳᠡ ᠬᠦᠭᠵᠢᠯᠳᠡ ᠶᠢᠨ ᠰᠢᠨ᠎ᠡ ᠪᠠᠶᠢᠳᠠᠯ ᠢ ᠤᠶᠢᠯᠠᠭᠠᠵᠤ᠂ ᠰᠠᠶᠢᠨ ᠰᠠᠶᠢᠬᠠᠨ ᠭᠦᠨᠵᠡᠭᠡᠢ ᠲᠦᠷᠦᠭᠳᠡᠯ ᠦᠯᠡᠳᠡᠭᠡᠵᠡᠢ᠃ ᠯᠢᠶᠣᠤᠨᠢᠩ ᠮᠤᠵᠢ ᠶᠢᠨ ᠳ᠋ᠠᠯᠢᠶᠠᠨ ᠬᠤᠳᠠ ᠶᠢᠨ ᠵᠢᠨᠵᠧᠤ ᠰᠢᠨ᠎ᠡ ᠲᠤᠭᠤᠷᠢᠭ ᠤᠨ ᠴᠢ ᠳ᠋ᠢᠩ ᠱᠠᠨ ᠭᠤᠳᠤᠮᠵᠢ ᠶᠢᠨ ᠵᠦ ᠵᠢᠶᠠ ᠲᠤᠰᠬᠤᠨ ‍ᠣ ᠵᠦᠪᠯᠡᠯ ᠦᠨ ᠡᠷᠬᠢᠯᠡᠭᠴᠢ ᠵᠦ ᠴᠤᠤ ᡁᠢ ᠢᠯᠡᠷᠬᠡᠶᠢᠯᠡᠭᠰᠡᠨ ᠨᠢ᠂ ᠪᠠᠶᠢᠴᠠᠭᠠᠬᠤ ᠪᠠᠶᠢᠭᠤᠯᠭ᠎ᠠ ᠡᠴᠡ ᠵᠠᠷᠭᠤ ᠶᠢᠨ ᠡᠮᠦᠨᠡᠬᠢ ᠵᠢᠷᠦᠮ ᠢ ᠴᠢᠩᠭᠠᠳᠬᠠᠭᠰᠠᠨ ᠨᠢ ᠨᠡᠶᠢᠳᠡ ᠶᠢᠨ ᠠᠰᠢᠭᠳᠤ ᠵᠠᠷᠭᠤ ᠶᠢᠨ ᠰᠦᠷᠳᠡᠭᠦᠯᠬᠦ ᠦᠢᠯᠡᠳᠦᠯ ᠢ ᠪᠠᠳᠠᠷᠠᠭᠤᠯᠵᠤ᠂ ᠵᠠᠰᠠᠭ ᠵᠠᠬᠢᠷᠭᠠᠨ ‍ᠣ ᠪᠠᠶᠢᠭᠤᠯᠭ᠎ᠠ ᠶᠢᠨ ᠬᠠᠥᠯᠢ ᠶᠤᠰᠤᠭᠠᠷ ᠵᠠᠰᠠᠭ ᠪᠠᠷᠢᠬᠤ ᠶᠢ ᠠᠬᠢᠭᠤᠯᠬᠤ ᠳᠤ ᠠᠴᠢ ᠬᠤᠯᠪᠤᠭᠳᠠᠯ ᠶᠡᠬᠡ ᠪᠠᠶᠢᠨ᠎ᠠ᠃

    ᠯᠢᠶᠣᠤᠨᠢᠩ ᠮᠤᠵᠢ  ᠶᠢᠨ ᠯᠢᠶᠤᠤᠶᠠᠩ ᠬᠤᠳᠠ ᠶᠢᠨ ᠨᠢᠭᠡᠳᠦᠭᠡᠷ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠪᠠᠭᠰᠢ ᠸᠠᠩ ᠵᠢᠶᠠ ᠵᠢᠤᠸᠠᠨ ‍ᠣ ᠶᠠᠷᠢᠬᠤ ᠪᠠᠷ᠂ ᠪᠤᠳᠠᠳᠤ ᠪᠠᠶᠢᠳᠠᠯ ᠭᠡᠷᠡᠴᠢᠯᠡᠭᠰᠡᠨ ᠨᠢ ᠦᠪᠦᠷ ᠮᠤᠩᠭᠤᠯ ᠢ ᠨᠡᠶᠢᠳᠡ ᠶᠢᠨ ᠠᠰᠢᠭᠳᠤ ᠵᠠᠷᠭᠤ ᠶᠢᠨ ᠲᠤᠷᠰᠢᠯᠳᠠ ᠶᠢᠨ ᠴᠢᠭ᠋ ᠦᠨ ᠮᠤᠵᠢ ᠤᠷᠤᠨ ᠢᠶᠠᠷ ᠰᠤᠩᠭᠤᠭᠰᠠᠨ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠪᠠ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠵᠦᠪ ᠰᠤᠩᠭᠤᠯᠳᠠ ᠬᠢᠵᠠᠢ᠃

    ᠬᠤᠶᠠᠷ ᠡᠳᠦᠷ ᠦᠨ ᠪᠤᠳᠠᠳᠠᠢ ᠭᠠᠵᠠᠷ ᠤᠨ ᠪᠠᠶᠢᠴᠠᠭᠠᠨ ᠰᠤᠳᠤᠯᠤᠯᠳᠠ ᠨᠢ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ‍ᠣ ᠢᠷᠭᠡᠨ ‍ᠣ ᠪᠠ ᠵᠠᠰᠠᠭ ᠵᠠᠬᠢᠷᠭᠠᠨ ‍ᠣ ᠬᠡᠷᠡᠭ ᠪᠠᠶᠢᠴᠠᠭᠠᠬᠤ ᠲᠢᠩᠬᠢᠮ ᠦᠨ ᠲᠡᠳ᠋ ᠲᠠᠷᠤᠭ᠎ᠠ ᠯᠢᠦᠢ ᠬᠤᠩ ᠲᠤᠤ ᠶᠢ ᠦᠪᠦᠷ ᠮᠤᠩᠭᠤᠯ ᠤᠨ ᠨᠡᠶᠢᠳᠡ ᠶᠢᠨ ᠠᠰᠢᠭᠳᠤ ᠵᠠᠷᠭᠤ ᠶᠢᠨ ᠠᠵᠢᠯ ᠳᠤ ᠨᠢᠭᠡᠨ ᠪᠦᠳᠦᠭᠦᠪᠴᠢ ᠤᠶᠢᠯᠠᠭᠠᠯᠳᠠ ᠲᠠᠢ ᠪᠤᠯᠭᠠᠵᠠᠢ᠂ ᠲᠡᠭᠦᠨ ᠡᠴᠡ ᠲᠤᠤᠷᠠᠬᠢ ᠮᠡᠳᠦ ᠬᠡᠳᠦᠨ ᠲᠤᠪᠤᠶᠢᠮ᠎ᠠ ᠤᠨᠴᠠᠯᠢᠭ ᠢ ᠬᠤᠷᠢᠶᠠᠩᠭᠤᠶᠢᠯᠠᠵᠠᠢ᠄ ᠨᠢᠭᠡ ᠳᠦ ᠲᠤᠷᠰᠢᠯᠳᠠ ᠶᠢᠨ ᠴᠢᠭ᠋ ᠦᠨ ᠭᠠᠵᠠᠷ ᠤᠷᠤᠨ ᠦᠨᠳᠦᠰᠦᠨ ᠳ᠋ᠡᠬᠡᠨ ᠪᠦᠬᠦ ᠲᠠᠯ᠎ᠠ ᠪᠠᠷ ᠦᠷᠨᠢᠭᠦᠯᠵᠡᠢ᠃ ᠰᠢᠭᠦᠬᠦ ᠬᠤᠷᠢᠶ᠎ᠠ ᠡᠴᠡ ᠰᠢᠭᠦᠨ ᠲᠠᠰᠤᠯᠤᠭᠰᠠᠨ ᠨᠡᠶᠢᠳᠡ ᠶᠢᠨ ᠠᠰᠢᠭᠳᠤ ᠵᠠᠷᠭᠤ ᠶᠢᠨ ᠲᠤᠭ᠎ᠠ 30 ᠪᠠᠶᠢᠵᠤ᠂ ᠲᠤᠭ᠎ᠠ ᠨᠢ 13 ᠮᠤᠵᠢ ᠬᠤᠳᠠ ᠶᠢᠨ ᠡᠮᠦᠨ᠎ᠡ ᠡᠩᠨᠡᠭᠡ ᠳᠦ ᠵᠢᠭᠰᠠᠵᠤ ᠪᠠᠶᠢᠨ᠎ᠠ᠃ ᠬᠤᠶᠠᠷ ᠲᠤ᠂ ᠪᠠᠶᠢᠴᠠᠭᠠᠬᠤ ᠪᠠᠶᠢᠭᠤᠯᠭ᠎ᠠ ᠨᠢ ᠵᠤᠷᠢᠭᠳᠠᠢ ᠪᠠᠷ ᠵᠠᠰᠠᠭ ᠵᠠᠬᠢᠷᠭᠠᠨ ‍ᠣ ᠠᠵᠢᠯᠯᠠᠭ᠎ᠠ ᠳᠤ ᠬᠢᠨᠠᠯᠳᠠ ᠲᠠᠯᠪᠢᠵᠦ ᠨᠡᠶᠢᠳᠡ ᠶᠢᠨ ᠠᠰᠢᠭᠳᠤ ᠵᠠᠷᠭᠤ ᠬᠢᠵᠦ ᠪᠠᠶᠢᠬᠤ ᠨᠢ ᠲᠤᠪᠤᠶᠢᠮ᠎ᠠ ᠪᠠᠶᠢᠨ᠎ᠠ᠃ ᠭᠤᠷᠪᠠ ᠳᠤ᠂ ᠰᠢᠯᠢᠳᠡᠭ ᠰᠠᠶᠢᠨ ᠬᠠᠥᠯᠢ ᠴᠠᠭᠠᠵᠠ᠂ ᠤᠯᠤᠰ ᠲᠦᠷᠦ᠂ ᠨᠡᠶᠢᠭᠡᠮ ᠦᠨ ᠦᠷ᠎ᠡ ᠪᠦᠳᠦᠮᠵᠢ ᠲᠠᠢ᠃ ᠲᠦᠷᠪᠡ ᠳᠦ᠂ ᠡᠯ᠎ᠡ ᠱᠠᠳᠤᠨ ‍ᠣ ᠬᠤᠷᠢᠶᠠᠨ ‍ᠣ ᠤᠳᠤᠷᠢᠳᠤᠯᠭ᠎ᠠ ᠡᠴᠡ ᠲᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠪᠠᠶᠢᠨ᠎ᠠ᠃ ᠲᠡᠷᠡ ᠢᠯᠡᠷᠬᠡᠶᠢᠯᠡᠭᠰᠡᠨ ᠨᠢ᠂ ᠬᠤᠵᠢᠮ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠨᠡᠶᠢᠳᠡ ᠶᠢᠨ ᠠᠰᠢᠭᠳᠤ ᠵᠠᠷᠭᠤ ᠶᠢ ᠬᠠᠥᠯᠢ ᠲᠤᠭᠳᠠᠭᠠᠬᠤ ᠲᠠᠪᠬᠤᠷᠭ᠎ᠠ ᠳᠤ ᠲᠡᠭᠡᠭᠰᠢᠯᠡᠭᠦᠯᠵᠦ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠤᠯᠠᠮ ᠨᠢᠭᠡ ᠠᠯᠬᠤᠮ ᠲᠠᠨᠢᠯᠳᠠ ᠪᠠᠨ ᠨᠢᠭᠡᠳᠬᠡᠵᠦ᠂ ᠡᠯ᠎ᠡ ᠱᠠᠳᠤᠨ ‍ᠣ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠠᠨᠢᠯᠳᠠ ᠪᠠ ᠲᠡᠮᠵᠢᠯᠭᠡ ᠲᠤᠤᠷ᠎ᠠ᠂ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠨᠡᠶᠢᠳᠡ ᠶᠢᠨ ᠠᠰᠢᠭᠳᠤ ᠵᠠᠷᠭᠤ ᠶᠢᠨ ᠠᠵᠢᠯ ᠢ ᠰᠠᠶᠢᠳᠤᠷ ᠬᠢᠬᠦ ᠳᠦ ᠢᠳᠡᠭᠡᠯ ᠲᠠᠢ ᠪᠠᠶᠢᠨ᠎ᠠ ᠭᠡᠵᠡᠢ᠃

    ᠮᠠ ᠶᠦᠩ ᠱᠧᠩ ᠢᠯᠡᠷᠬᠡᠶᠢᠯᠡᠭᠰᠡᠨ ᠨᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠨᠠᠷ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ‍ᠣ ᠤᠷᠢᠯᠭ᠎ᠠ ᠪᠠᠷ᠂ ᠶᠠᠭᠠᠷᠠᠯᠳᠠᠢ ᠠᠵᠢᠯ ᠢᠶᠠᠨ ᠵᠠᠶᠢᠴᠢᠯᠠᠵᠤ ᠮᠠᠨ ‍ᠣ ᠤᠷᠤᠨ ᠳᠤ ᠢᠷᠡᠵᠦ᠂ ᠨᠡᠶᠢᠳᠡ ᠶᠢᠨ ᠠᠰᠢᠭᠳᠤ ᠵᠠᠷᠭᠤ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠭᠰᠡᠨ ᠨᠢ ᠮᠠᠨ ‍ᠣ  ᠤᠷᠤᠨ ‍ᠣ ᠠᠵᠢᠯ ᠳ᠋ᠡᠬᠢ ᠬᠠᠮᠤᠭ ᠶᠡᠬᠡ ᠢᠳᠡᠭᠡᠯ ᠨᠠᠶᠢᠳᠠᠪᠦᠷᠢ ᠪᠠ ᠬᠠᠮᠤᠭ ᠶᠡᠬᠡ ᠲᠡᠮᠵᠢᠯᠭᠡ ᠪᠤᠯᠤᠨ᠎ᠠ᠃ ᠲᠦᠯᠦᠭᠡᠯᠡᠭᠴᠢ ᠨᠠᠷ ᠨᠢᠭᠡ ᠵᠠᠮ ᠶᠠᠳᠠᠷᠠᠵᠤ᠂ ᠦᠨᠳᠦᠷ ᠬᠢᠷᠢ ᠲᠦᠪᠰᠢᠨ ᠲᠠᠢ ᠪᠠᠶᠢᠴᠠᠭᠠᠨ ᠰᠤᠳᠤᠯᠤᠯᠳᠠ ᠬᠢᠵᠦ᠂ ᠦᠨᠳᠦᠷ ᠬᠢᠷᠢ ᠲᠦᠪᠰᠢᠨ ᠲᠠᠢ ᠶᠠᠷᠢᠶ᠎ᠠ ᠬᠢᠵᠦ᠂ ᠦᠨᠳᠦᠷ ᠬᠢᠷᠢ ᠲᠦᠪᠰᠢᠨ ᠲᠠᠢ ᠰᠠᠨᠠᠯ ᠲᠤᠷᠠᠳᠤᠭᠰᠠᠨ ᠨᠢ ᠦᠪᠦᠷ ᠮᠤᠩᠭᠤᠯ ᠤᠨ ᠨᠡᠶᠢᠳᠡ ᠶᠢᠨ ᠠᠰᠢᠭᠳᠤ ᠵᠠᠷᠭᠤ ᠶᠢᠨ ᠡᠷᠡᠭᠦᠯ ᠢᠶᠡᠷ ᠬᠦᠭᠵᠢᠬᠦ ᠳᠦ ᠮᠠᠰᠢ ᠴᠢᠬᠤᠯᠠ ᠠᠴᠢ ᠬᠤᠯᠪᠤᠭᠳᠠᠯ ᠲᠠᠢ᠃ ᠨᠡᠶᠢᠳᠡ ᠶᠢᠨ ᠠᠰᠢᠭᠳᠤ ᠵᠠᠷᠭᠤ ᠶᠢ ᠤᠳᠤ ᠪᠦᠬᠦ ᠤᠯᠤᠰ ᠲᠤ ᠪᠦᠬᠦ ᠲᠠᠯ᠎ᠠ ᠪᠠᠷ ᠦᠷᠨᠢᠭᠦᠯᠬᠦ ᠪᠤᠯᠤᠨ᠎ᠠ᠂ ᠲᠤᠰ ᠤᠳᠠᠭᠠᠨ ‍ᠣ ᠪᠠᠶᠢᠴᠠᠭᠠᠨ ᠰᠤᠳᠤᠯᠤᠯᠳᠠ ᠪᠤᠯ ᠨᠢᠭᠡᠨ ᠵᠠᠩᠭᠢᠯᠠᠭ᠎ᠠ ᠶᠢᠨ ᠴᠡᠭ᠂ ᠮᠦᠨ ᠪᠠᠶᠢᠴᠠᠭᠠᠬᠤ ᠪᠠᠶᠢᠭᠤᠯᠭ᠎ᠠ ᠶᠢᠨ ᠡᠴᠦᠰ ᠦᠨ ᠰᠢᠪᠳᠤᠯᠤᠯᠳᠠ ᠳᠤ ᠨᠢᠭᠡ ᠲᠠᠰᠢᠭᠤᠷ ᠨᠡᠮᠡᠭᠰᠡᠨ ᠤᠴᠢᠷ ᠪᠤᠯᠤᠨ᠎ᠠ᠃ ᠪᠢᠳᠡ ᠤᠯᠠᠮ ᠨᠢᠭᠡ ᠠᠯᠬᠤᠮ ᠬᠢᠨᠠᠮᠠᠭᠠᠢ ᠵᠤᠬᠢᠶᠠᠨ ᠪᠠᠶᠢᠭᠤᠯᠤᠨ ᠰᠤᠳᠤᠯᠵᠤ᠂ ᠠᠵᠢᠯ ᠢᠶᠠᠨ ᠪᠦᠳᠦᠮᠵᠢᠳᠠᠢ ᠰᠠᠶᠢᠵᠢᠷᠠᠭᠤᠯᠵᠤ᠂ ᠤᠯᠠᠨ ‍ᠣ ᠬᠦᠰᠡᠯ ᠢ ᠬᠦᠰᠡᠷᠳᠡᠭᠦᠯᠬᠦ ᠦᠭᠡᠢ ᠭᠡᠵᠡᠢ᠃

    ᠰᠠᠭᠤᠳᠠᠯ ᠤᠨ ᠬᠤᠷᠠᠯ ᠤᠨ ᠲᠠᠷᠠᠭ᠎ᠠ᠂ ᠲᠦᠯᠦᠭᠡᠯᠡᠭᠴᠢᠳ ᠪᠠᠶᠢᠴᠠᠭᠠᠨ ᠰᠤᠳᠤᠯᠤᠯᠳᠠ ᠶᠢᠨ ᠬᠤᠶᠠᠳᠤᠭᠠᠷ ᠦᠷᠳᠡᠭᠡ — ᠠᠨᠾᠦ᠋ᠢ ᠮᠤᠵᠢ ᠳᠤ ᠶᠠᠪᠤᠨ᠎ᠠ᠃ ᠠᠭᠤᠯᠵᠠᠭᠰᠠᠨ ᠴᠠᠭ ᠤᠬᠤᠷ ᠪᠤᠯᠪᠠᠴᠤ᠂ ᠲᠦᠯᠦᠭᠡᠯᠡᠭᠴᠢ ᠨᠠᠷ ᠡᠴᠡ ᠪᠢᠳᠡᠨ ᠳᠦ ᠪᠦᠳᠦᠭᠡᠯᠴᠢ ᠴᠢᠨᠠᠷ ᠲᠠᠢ ᠰᠠᠨᠠᠯ ᠪᠠ ᠰᠠᠨᠠᠭᠤᠯᠭ᠎ᠠ ᠦᠯᠡᠳᠡᠭᠡᠵᠡᠢ᠂ ᠡᠨᠡ ᠨᠢ ᠯᠠᠪ ᠦᠪᠦᠷ ᠮᠤᠩᠭᠤᠯ ᠤᠨ ᠪᠠᠶᠢᠴᠠᠭᠠᠬᠤ ᠬᠦᠮᠦᠰ ᠦᠨ ᠨᠠᠨᠳᠢᠨ ᠬᠦᠷᠦᠩᠭᠡ ᠪᠤᠯᠵᠤ᠂ ᠬᠤᠵᠢᠮ ᠤᠨ ᠪᠠᠶᠢᠴᠠᠭᠠᠬᠤ ᠠᠵᠢᠯ ᠳᠤ ᠲᠦᠯᠬᠢᠴᠡ ᠬᠦᠴᠦᠨ ᠪᠤᠯᠤᠨ᠎ᠠ᠃

 

ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro