ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠮᠠ ᠶᠦᠩ ᠱᠧᠩ ᠪᠠᠶᠢᠴᠠᠭᠠᠬᠤ ᠲᠠᠷᠤᠭ᠎ᠠ ᠮᠠᠨᠵᠤᠤᠷ ᠬᠤᠳᠠ ᠶᠢᠨ ᠪᠠᠶᠢᠴᠠᠭᠠᠬᠤ ᠬᠤᠷᠢᠶ᠎ᠠ ᠪᠠ ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠳᠤ ᠬᠦᠷᠴᠦ ᠪᠠᠶᠢᠴᠠᠭᠠᠨ ᠰᠤᠳᠤᠯᠤᠯᠳᠠ ᠬᠢᠵᠦ ᠠᠵᠢᠯ ᠵᠢᠯᠤᠭᠤᠳᠴᠠᠢ

2017-07-07 17:33:06
ᠵᠣᠬᠢᠶᠠᠭᠴᠢ
ᠪᠤᠤ ᠡᠾᠦ᠋ᠢ ᠮᠧᠢ

ᠮᠠᠨᠵᠤᠤᠷ ᠬᠤᠳᠠ ᠶᠢᠨ ᠪᠠᠶᠢᠴᠠᠭᠠᠬᠤ ᠬᠤᠷᠢᠶᠠᠨ ‍ᠣ ᠠᠯᠪᠠᠯᠠᠬᠤ ᠭᠠᠵᠠᠷ ᠪᠠ ᠬᠡᠷᠡᠭ ᠰᠢᠳᠭᠡᠬᠦ ᠲᠤᠭᠤᠷᠢᠭ ᠢ ᠲᠤᠭᠤᠷᠢᠨ ᠦᠵᠡᠵᠦ ᠪᠠᠶᠢᠭ᠎ᠠ ᠨᠢ

W020170630593015811550.jpg

    6 ᠰᠠᠷ᠎ᠠ ᠶᠢᠨ 24 ‍ᠣ ᠡᠳᠦᠷ ᠦᠨ ᠦᠳᠡ ᠶᠢᠨ ᠬᠤᠶᠢᠨ᠎ᠡ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠮᠠ ᠶᠦᠩ ᠱᠧᠩ ᠬᠦᠯᠦᠨ ᠪᠤᠶᠢᠷ ᠤᠨ ᠮᠠᠨᠵᠤᠤᠷ ᠬᠤᠳᠠ ᠶᠢᠨ ᠪᠠᠶᠢᠴᠠᠭᠠᠬᠤ ᠬᠤᠷᠢᠶᠠᠨ ᠳᠤ ᠪᠠᠶᠢᠴᠠᠭᠠᠨ ᠰᠤᠳᠤᠯᠤᠯᠳᠠ ᠬᠢᠬᠦ ᠳ᠋ᠡᠭᠡᠨ᠂ ᠮᠠᠨᠵᠤᠤᠷ ᠬᠤᠳᠠ ᠶᠢᠨ ᠪᠠᠶᠢᠴᠠᠭᠠᠬᠤ ᠬᠤᠷᠢᠶᠠᠨ ‍ᠣ ᠠᠯᠪᠠᠯᠠᠬᠤ ᠭᠠᠵᠠᠷ ᠪᠠ ᠬᠡᠷᠡᠭ ᠰᠢᠳᠭᠡᠬᠦ ᠠᠵᠢᠯ ᠤᠨ ᠲᠤᠭᠤᠷᠢᠭ ᠢ ᠪᠠᠶᠢᠴᠠᠭᠠᠨ ᠦᠵᠡᠵᠦ᠂ ᠬᠦᠯᠦᠨ ᠪᠤᠶᠢᠷ ᠬᠤᠳᠠ ᠶᠢᠨ ᠪᠠᠶᠢᠴᠠᠭᠠᠬᠤ ᠬᠤᠷᠢᠶ᠎ᠠ ᠪᠠ ᠮᠠᠨᠵᠤᠤᠷ ᠬᠤᠳᠠ ᠶᠢᠨ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠠᠵᠢᠯ ᠤᠨ ᠲᠤᠰᠬᠠᠢ ᠰᠡᠳᠦᠪᠳᠦ ᠹᠢᠯᠢᠮ ᠢ ᠦᠵᠡᠨ᠂ ᠮᠠᠨᠵᠤᠤᠷ ᠬᠤᠳᠠ ᠶᠢᠨ ᠪᠠᠶᠢᠴᠠᠭᠠᠬᠤ ᠬᠤᠷᠢᠶᠠᠨ ‍ᠣ ᠠᠵᠢᠯ ᠤᠨ ᠮᠡᠳᠡᠭᠦᠯᠦᠯᠳᠡ ᠶᠢ ᠰᠤᠨᠤᠰᠤᠭᠰᠠᠨ ‍ᠣ ᠲᠠᠷᠠᠭ᠎ᠠ ᠪᠠᠶᠢᠴᠠᠭᠠᠬᠤ ᠺᠠᠳ᠋ᠷ ᠴᠠᠭᠳᠠᠭ᠎ᠠ ᠨᠠᠷ ᠲᠠᠢ ᠰᠠᠭᠤᠳᠠᠯ ᠤᠨ ᠬᠤᠷᠠᠯ ᠬᠤᠷᠠᠯᠳᠤᠭᠤᠯᠵᠠᠢ᠃


ᠮᠠ ᠶᠦᠩ ᠱᠧᠩ ᠪᠠᠶᠢᠴᠠᠭᠠᠬᠤ ᠲᠠᠷᠤᠭ᠎ᠠ ᠰᠢᠨ᠎ᠡ ᠪᠠᠷᠭᠤ ᠪᠠᠷᠠᠭᠤᠨ ᠬᠤᠰᠢᠭᠤᠨ ‍ᠣ ᠪᠠᠶᠢᠴᠠᠭᠠᠬᠤ ᠬᠤᠷᠢᠶ᠎ᠠ ᠶᠢᠨ ᠲᠠᠯ᠎ᠠ ᠨᠤᠳᠤᠭ ᠤᠨ ᠪᠠᠶᠢᠴᠠᠭᠠᠬᠤ ᠬᠤᠷᠢᠶ᠎ᠠ ᠶᠢᠨ ᠰᠢᠭᠤᠳ ᠦᠢᠯᠡᠴᠢᠯᠡᠬᠦ ᠲᠡᠷᠭᠡ ᠶᠢ ᠪᠠᠶᠢᠴᠠᠭᠠᠨ ᠦᠵᠡᠵᠦ ᠪᠠᠶᠢᠭ᠎ᠠ ᠨᠢ

W020170630593016821524.jpg

    ᠮᠠ ᠶᠦᠩ ᠱᠧᠩ ᠪᠠᠶᠢᠴᠠᠭᠠᠬᠤ ᠲᠠᠷᠤᠭ᠎ᠠ ᠮᠠᠨᠵᠤᠤᠷ ᠬᠤᠳᠠ ᠶᠢᠨ ᠪᠠᠶᠢᠴᠠᠭᠠᠬᠤ ᠬᠤᠷᠢᠶᠠᠨ ‍ᠣ ᠬᠠᠳᠠᠭᠤ ᠲᠤᠨᠤᠭ ᠤᠨ ᠪᠦᠳᠦᠭᠡᠨ ᠪᠠᠶᠢᠭᠤᠯᠤᠯᠳᠠ ᠪᠠ ᠡᠩᠨᠡᠭᠡᠨ ‍ᠣ ᠬᠠᠮᠢᠶᠠᠷᠤᠯᠳᠠ ᠶᠢᠨ ᠤᠯᠤᠭᠰᠠᠨ ᠦᠷ᠎ᠡ ᠪᠦᠳᠦᠮᠵᠢ ᠶᠢ ᠭᠦᠢᠴᠡᠳ ᠨᠤᠳᠠᠯᠠᠨ᠂ ᠲᠦᠷᠪᠡᠨ ᠵᠦᠢᠯ ᠦᠨ ᠠᠵᠢᠯ ᠢ ᠪᠦᠳᠦᠮᠵᠢᠳᠠᠢ ᠬᠢᠵᠦ ᠪᠠᠶᠢᠬᠤ ᠶᠢ ᠵᠢᠭᠠᠨ ᠭᠠᠷᠭᠠᠵᠠᠢ᠄ ᠨᠢᠭᠡ ᠳᠦ ᠦᠢᠯᠡᠴᠢᠯᠡᠭᠡᠨ ‍ᠣ ᠲᠦᠪ ᠦᠨ ᠠᠵᠢᠯ ᠢ ᠰᠠᠶᠢᠳᠤᠷ ᠬᠢᠵᠦ᠂ ᠪᠤᠭᠤᠮᠳᠠ ᠶᠢᠨ ᠬᠦᠭᠵᠢᠯᠳᠡ ᠳᠦ ᠦᠢᠯᠡᠴᠢᠯᠡᠬᠦ ᠶᠡᠬᠡ ᠲᠠᠯᠠᠳᠤ ᠦᠵᠡᠯ ᠤᠬᠠᠮᠰᠠᠷ ᠴᠢᠩᠭ᠎ᠠ᠂ ᠮᠠᠨᠵᠤᠤᠷ ᠬᠤᠳᠠ ᠶᠢᠨ ᠠᠵᠤ ᠠᠬᠤᠢ ᠨᠡᠶᠢᠭᠡᠮ ᠦᠨ ᠬᠦᠭᠵᠢᠯᠳᠡ ᠶᠢᠨ ᠲᠤᠭᠤᠷᠢᠨ ᠳᠤ ᠪᠠᠶᠢᠴᠠᠭᠠᠬᠤ ᠡᠭᠦᠷᠭᠡ ᠴᠢᠳᠠᠪᠬᠢ ᠪᠠᠨ ᠬᠢᠨᠠᠮᠠᠭᠠᠢ ᠭᠦᠢᠴᠡᠳᠭᠡᠵᠦ᠂ ᠲᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠭᠡᠵᠦ᠂ ᠬᠤᠤᠷᠳᠤ ᠡᠳ᠋᠂ ᠬᠠᠷ᠎ᠠ ᠪᠦᠯᠦᠭᠳᠡᠨ᠂ ᠭᠠᠳᠠᠭᠠᠳᠤ ᠳᠤ ᠬᠤᠯᠪᠤᠭᠳᠠᠬᠤ ᠪᠠ ᠬᠠᠭᠤᠷᠮᠠᠭ ᠡᠳ᠋ ᠦᠢᠯᠡᠳᠬᠦ᠂ ᠬᠤᠳᠠᠯᠳᠤᠭᠠᠯᠠᠬᠤ ᠬᠡᠷᠡᠭ ᠲᠦ ᠬᠦᠴᠦᠳᠡᠢ ᠴᠤᠬᠢᠯᠳᠠ ᠦᠭᠴᠦ᠂ ᠪᠤᠭᠤᠮᠳᠠ ᠶᠢᠨ ᠬᠦᠭᠵᠢᠯᠳᠡ ᠳᠤ ᠰᠠᠶᠢᠨ ᠰᠠᠶᠢᠬᠠᠨ ᠬᠠᠥᠯᠢ ᠪᠠᠷ ᠵᠠᠰᠠᠬᠤ ᠤᠷᠴᠢᠨ ᠲᠤᠭᠤᠷᠢᠨ ᠢ ᠪᠤᠢ ᠪᠤᠯᠭᠠᠵᠠᠢ︔ ᠬᠤᠶᠠᠷ ᠲᠤ᠂ ︽ ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠪᠠ ᠨᠠᠮ ᠤᠨ ᠪᠠᠶᠢᠭᠤᠯᠤᠯᠳᠠ ᠶᠢᠨ ᠰᠢᠨ᠎ᠡ ᠱᠠᠭᠠᠷᠳᠠᠯᠭ᠎ᠠ ᠶᠢ ᠰᠠᠶᠢᠳᠤᠷ ᠨᠠᠶᠢᠳᠠᠪᠦᠷᠢᠵᠢᠭᠤᠯᠵᠠᠢ︔ ᠭᠤᠷᠪᠠ ᠳᠤ ᠡᠩᠨᠡᠭᠡᠨ ‍ᠣ ᠪᠠᠶᠢᠭᠤᠯᠤᠯᠳᠠ ᠬᠠᠳᠠᠭᠤ ᠴᠢᠩᠭ᠎ᠠ᠂ ᠺᠠᠳ᠋ᠷ ᠴᠠᠭᠳᠠᠭ᠎ᠠ ᠶᠢᠨ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠴᠢᠳᠠᠪᠦᠷᠢ ᠵᠢᠴᠢ  ᠡᠩᠨᠡᠭᠡᠨ ‍ᠣ ᠲᠦᠷᠢ ᠲᠦᠷᠬᠦ ᠰᠢᠯᠢᠳᠡᠭ ᠰᠠᠶᠢᠨ︔ ᠲᠦᠷᠪᠡ ᠳᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠡᠷ ᠪᠠᠶᠢᠴᠠᠭᠠᠬᠤ ᠪᠠᠨ ᠬᠦᠴᠦᠷᠭᠡᠭᠵᠢᠭᠦᠯᠬᠦ ᠠᠵᠢᠯ ᠲᠤᠪᠤᠶᠢᠮ᠎ᠡ ᠠᠮᠵᠢᠯᠳᠠ ᠲᠠᠢ ᠪᠠᠶᠢᠵᠦ᠂ ᠪᠦᠬᠦ ᠤᠷᠤᠨ ‍ᠣ ᠪᠠᠶᠢᠴᠭᠠᠠᠬᠤ ᠪᠠᠶᠢᠭᠤᠯᠭ᠎ᠠ ᠶᠢᠨ ᠡᠮᠦᠨ᠎ᠡ ᠵᠢᠭᠰᠠᠭᠠᠭᠳᠠᠵᠤ ᠪᠠᠶᠢᠨ᠎ᠠ᠃ ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ᠂ ᠮᠠ ᠶᠦᠩ ᠱᠧᠩ ᠪᠠᠶᠢᠴᠠᠭᠠᠬᠤ ᠲᠠᠷᠤᠭ᠎ᠠ ᠪᠠᠰᠠ ᠰᠢᠨ᠎ᠡ ᠪᠠᠷᠭᠤ ᠪᠠᠷᠠᠭᠤᠨ ᠬᠤᠰᠢᠭᠤᠨ ‍ᠣ ᠪᠠᠶᠢᠴᠠᠭᠠᠬᠤ ᠬᠤᠷᠢᠶ᠎ᠠ ᠶᠢᠨ ᠲᠠᠯ᠎ᠠ ᠨᠤᠳᠤᠭ ᠤᠨ ᠪᠠᠶᠢᠴᠠᠭᠠᠬᠤ ᠬᠤᠷᠢᠶ᠎ᠠ ᠶᠢᠨ ᠰᠢᠭᠤᠳ ᠦᠢᠯᠡᠴᠢᠯᠡᠬᠦ ᠲᠡᠷᠭᠡ ᠶᠢ ᠪᠠᠶᠢᠴᠠᠭᠠᠨ ᠦᠵᠡᠵᠦ᠂ ᠰᠢᠨ᠎ᠡ ᠪᠠᠷᠭᠤ ᠪᠠᠷᠠᠭᠤᠨ ᠬᠤᠰᠢᠭᠤᠨ ‍ᠣ ᠪᠠᠶᠢᠴᠠᠭᠠᠬᠤ ᠬᠤᠷᠢᠶ᠎ᠠ ᠶᠢᠨ ᠠᠷᠠᠳ ᠲᠦᠮᠡᠨ ‍ᠣ ᠲᠡᠷᠭᠡᠳᠡ ᠦᠢᠯᠡᠴᠢᠯᠡᠵᠦ ᠪᠠᠶᠢᠭ᠎ᠠ ᠠᠵᠢᠯ ᠤᠨ ᠠᠷᠭ᠎ᠠ ᠮᠠᠶ᠋ᠢᠭ ᠢ ᠲᠡᠭᠡᠳᠦ ᠬᠡᠮᠵᠢᠶ᠎ᠡ ᠪᠡᠷ ᠦᠨᠡᠯᠡᠵᠡᠢ᠃


ᠮᠠᠨᠵᠤᠤᠷ ᠬᠤᠳᠠ ᠶᠢᠨ ᠪᠠᠶᠢᠴᠠᠭᠠᠬᠤ ᠬᠤᠷᠢᠶᠠᠨ ‍ᠣ ᠺᠠᠳ᠋ᠷ ᠴᠠᠭᠳᠠᠭ᠎ᠠ ᠲᠠᠢ ᠰᠠᠭᠤᠳᠠᠯ ᠤᠨ ᠬᠤᠷᠠᠯ ᠬᠤᠷᠠᠯᠳᠤᠭᠤᠯᠵᠤ ᠪᠠᠶᠢᠭ᠎ᠠ ᠨᠢ

W020170630593017283097.jpg

    ᠲᠠᠷᠠᠭᠠᠴᠢ ᠶᠢᠨ ᠠᠯᠬᠤᠮ ᠤᠨ ᠪᠠᠶᠢᠴᠠᠭᠠᠬᠤ ᠠᠵᠢᠯ ᠢ ᠰᠠᠶᠢᠳᠤᠷ ᠬᠢᠬᠦ ᠲᠤᠬᠠᠢ᠂ ᠮᠠ ᠶᠦᠩ ᠱᠧᠩ ᠄ ᠲᠦᠪ ᠦᠨ ︽ᠡᠷᠭᠢᠨ ᠬᠠᠷᠠᠬᠤ︾ ᠲᠤᠭᠤᠷᠢᠨ ᠪᠠᠶᠢᠴᠠᠭᠠᠯᠳᠠ ᠶᠢᠨ ᠴᠡᠭᠴᠡᠯᠡᠬᠦ ᠠᠵᠢᠯ ᠢ ᠲᠡᠭᠡᠳᠦ ᠬᠡᠮᠵᠢᠶ᠎ᠡ ᠪᠡᠷ ᠴᠢᠬᠤᠯᠠᠴᠢᠯᠠᠬᠤ ᠬᠡᠷᠡᠭᠳᠡᠢ︔ ᠬᠠᠥᠯᠢ ᠪᠠᠷᠢᠬᠤ ᠦᠭᠡᠷᠡᠴᠢᠯᠡᠯᠳᠡ ᠶᠢᠨ ᠠᠵᠢᠯ ᠢ ᠰᠠᠶᠢᠳᠤᠷ ᠠᠳᠬᠤᠬᠤ ᠬᠡᠷᠡᠭᠳᠡᠢ︔ ᠭᠠᠵᠠᠷ ᠤᠷᠤᠨ ‍ᠣ ᠨᠠᠮ ᠤᠨ ᠬᠤᠷᠢᠶᠠᠨ ‍ᠣ ᠤᠳᠤᠷᠢᠳᠤᠯᠭ᠎ᠠ ᠶᠢ ᠪᠠᠷᠢᠮᠳᠠᠯᠠᠬᠤ ᠬᠡᠷᠡᠭᠳᠡᠢ︔ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯ ᠤᠨ ᠦᠭᠡᠷᠡᠴᠢᠯᠡᠯᠳᠡ ᠶᠢ ᠡᠷᠡᠰ ᠬᠠᠮᠠᠭᠠᠯᠠᠬᠤ ᠬᠡᠷᠡᠭᠳᠡᠢ︔ ᠨᠡᠶᠢᠳᠡ ᠶᠢᠨ ᠠᠰᠢᠭᠳᠤ ᠵᠠᠷᠭᠤ ᠶᠢᠨ ᠠᠵᠢᠯ ᠤᠨ ᠬᠦᠴᠦᠯᠡᠴᠡ ᠶᠢ ᠴᠢᠩᠭᠠᠳᠬᠠᠬᠤ ᠬᠡᠷᠡᠭᠳᠡᠢ︔ ᠪᠠᠶᠢᠴᠠᠭᠠᠬᠤ ᠪᠠᠶᠢᠭᠤᠯᠭ᠎ᠠ ᠶᠢᠨ ᠶᠡᠬᠡ ᠲᠤᠭ᠎ᠠ ᠪᠠᠷᠢᠮᠳᠠ ᠶᠢᠨ ᠬᠡᠷᠡᠭᠯᠡᠭᠡ ᠶᠢ ᠴᠢᠩᠭᠠᠳᠬᠠᠬᠤ ᠬᠡᠷᠡᠭᠳᠡᠢ ᠭᠡᠬᠦ ᠬᠡᠳᠦᠨ ᠲᠠᠯ᠎ᠠ ᠪᠡᠷ ᠴᠢᠬᠤᠯᠠᠴᠢᠯᠠᠵᠠᠢ᠃


ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ‍ᠣ ᠰᠢᠨ᠎ᠡ ᠪᠡᠷ ᠪᠠᠶᠢᠭᠤᠯᠤᠭᠰᠠᠨ ᠬᠡᠷᠡᠭ ᠰᠢᠳᠭᠡᠬᠦ ᠭᠡᠷ ᠪᠠ ᠲᠤᠰᠬᠠᠢ ᠮᠡᠷᠭᠡᠵᠢᠯ ᠦᠨ ᠬᠡᠷᠡᠭᠯᠡᠭᠡᠨ ‍ᠣ ᠭᠡᠷ ᠢ ᠲᠤᠭᠤᠷᠢᠨ ᠦᠵᠡᠵᠦ ᠪᠠᠶᠢᠭ᠎ᠠ ᠨᠢ

W020170630593017704263.jpg

    6 ᠰᠠᠷ᠎ᠠ ᠶᠢᠨ 28 ᠡᠴᠡ 29 ‍ᠣ ᠡᠳᠦᠷ ᠪᠤᠯᠳᠠᠯ᠎ᠠ᠂ ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠳᠤ ᠪᠠᠶᠢᠴᠠᠭᠠᠨ ᠰᠤᠳᠤᠯᠤᠯᠳᠠ ᠬᠢᠬᠦ ᠳ᠋ᠡᠭᠡᠨ᠂ ᠮᠠ ᠶᠦᠩ ᠱᠧᠩ ᠪᠠᠶᠢᠴᠠᠭᠠᠬᠤ ᠲᠠᠷᠤᠭ᠎ᠠ ᠶᠢᠨ ᠪᠦᠯᠬᠦᠮ ᠰᠢᠨ᠎ᠡ ᠪᠡᠷ ᠪᠠᠶᠢᠭᠤᠯᠤᠭᠰᠠᠨ ᠬᠡᠷᠡᠭ ᠰᠢᠳᠭᠡᠬᠦ ᠭᠡᠷ ᠪᠠ ᠲᠤᠰᠬᠠᠢ ᠮᠡᠷᠭᠡᠵᠢᠯ ᠦᠨ ᠬᠡᠷᠡᠭᠯᠡᠭᠡᠨ ‍ᠣ ᠭᠡᠷ ᠢ ᠪᠤᠳᠠᠳᠠᠢ ᠭᠠᠵᠠᠷ ᠲᠤᠨᠢ  ᠪᠠᠶᠢᠴᠠᠭᠠᠨ ᠦᠵᠡᠵᠦ᠂ ᠪᠠᠶᠢᠴᠠᠭᠠᠬᠤ ᠦᠢᠯᠡᠴᠢᠯᠡᠭᠡᠨ ‍ᠣ ᠲᠢᠩᠬᠢᠮ᠂ ᠰᠡᠷᠡᠮᠵᠢ ᠬᠦᠮᠦᠵᠢᠯ ᠦᠨ ᠰᠠᠭᠤᠷᠢᠨ ᠭᠠᠵᠠᠷ᠂ ᠬᠠᠥᠯᠢ ᠶᠢᠨ ᠴᠠᠭᠳᠠᠭᠠᠨ ‍ᠣ ᠪᠤᠯᠪᠠᠰᠤᠷᠠᠬᠤ ᠰᠠᠭᠤᠷᠢᠨ ᠭᠠᠵᠠᠷ᠂ ᠤᠯᠠᠨ ᠴᠢᠳᠠᠮᠵᠢᠳᠤ ᠬᠤᠷᠠᠯ ᠤᠨ ᠲᠢᠩᠬᠢᠮ᠂ ᠪᠠᠶᠢᠴᠠᠭᠠᠬᠤ ᠺᠤᠮᠢᠰ ᠤᠨ ᠬᠤᠷᠠᠯ ᠤᠨ ᠭᠡᠷ᠂ ᠦᠨᠳᠦᠰᠦᠳᠡᠨ ‍ᠣ ᠪᠤᠯᠪᠠᠰᠤᠷᠠᠯ ᠤᠨ ᠲᠦᠪ᠂ ᠪᠠᠶᠢᠴᠠᠭᠠᠬᠤ ᠲᠤᠰᠢᠶᠠᠯᠳᠠᠨ ‍ᠣ ᠰᠤᠶᠤᠯ ᠲᠠᠮᠢᠷ ᠤᠨ ᠬᠦᠳᠡᠯᠭᠡᠭᠡᠨ ‍ᠣ ᠭᠡᠷ ᠵᠠᠷᠬᠡ ᠬᠠᠥᠯᠢ ᠪᠠᠷᠢᠵᠤ ᠬᠡᠷᠡᠭ ᠰᠢᠳᠭᠡᠬᠦ ᠠᠵᠢᠯ ᠤᠨ ᠲᠤᠭᠤᠷᠢᠭ ᠢ ᠲᠤᠭᠤᠷᠢᠨ ᠦᠵᠡᠵᠡᠢ᠃


ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ‍ᠣ ᠺᠠᠳ᠋ᠷ ᠴᠠᠭᠳᠠᠭ᠎ᠠ ᠲᠠᠢ ᠰᠠᠭᠤᠳᠠᠯ ᠤᠨ ᠬᠤᠷᠠᠯ ᠬᠤᠷᠠᠯᠳᠤᠭᠤᠯᠵᠤ ᠪᠠᠶᠢᠭ᠎ᠠ ᠨᠢ

W020170630593018133123.jpg

    ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠶᠢᠨ ᠠᠵᠢᠯ ᠦᠷᠨᠢᠭᠦᠯᠦᠭᠰᠡᠨ ᠪᠠᠶᠢᠳᠠᠯ ᠪᠠ ᠪᠠᠶᠢᠴᠠᠭᠠᠬᠤ ᠶᠠᠪᠤᠳᠠᠯ ᠤᠨ ᠪᠠᠳᠤᠯᠠᠭᠠᠨ ‍ᠣ ᠪᠠᠶᠢᠳᠠᠯ ᠤᠨ ᠮᠡᠳᠡᠭᠦᠯᠦᠯᠳᠡ ᠶᠢ ᠰᠤᠨᠤᠰᠤᠭᠰᠠᠨ ‍ᠣ ᠲᠠᠷᠠᠭ᠎ᠠ᠂ ᠮᠠ ᠶᠦᠩ ᠱᠧᠩ ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ‍ᠣ ᠺᠠᠳ᠋ᠷ ᠴᠠᠭᠳᠠᠭ᠎ᠠ ᠴᠤᠭ ᠵᠢᠪᠬᠤᠭ᠎ᠠ ᠲᠠᠢ᠂᠌ ︽ᠬᠤᠶᠠᠷ ᠭᠡᠷ︾ ᠦᠨ ᠪᠠᠶᠢᠭᠤᠯᠤᠯᠳᠠ ᠶᠢᠨ ᠤᠠᠴᠠᠯᠢᠭ ᠢᠯᠡ ᠲᠤᠳᠤ᠂ ᠡᠯ᠎ᠡ ᠵᠦᠢᠯ ᠦᠨ ᠲᠦᠭᠦᠭᠡᠷᠦᠮᠵᠢ ᠪᠦᠷᠢᠨ᠂ ᠬᠠᠷᠢᠶᠠᠯᠠᠯ ᠰᠢᠯᠵᠢᠭᠰᠡᠨ ‍ᠣ ᠲᠠᠷᠠᠭᠠᠬᠢ ᠰᠢᠨ᠎ᠡ᠌ ︽ᠬᠤᠶᠠᠷ ᠭᠡᠷ︾ ᠦᠨ ᠪᠠᠶᠢᠷᠢ ᠲᠤᠭᠳᠠᠭᠠᠯᠳᠠ ᠳᠤ ᠪᠠᠳᠤᠳᠠᠢ ᠰᠠᠭᠤᠷᠢ ᠲᠠᠯᠪᠢᠨ᠂  ᠮᠠᠰᠢ ᠶᠡᠬᠡ ᠯᠠᠪᠯᠠᠭᠠᠨ ‍ᠣ ᠦᠨ᠎ᠡ ᠦᠷᠳᠡᠭ ᠲᠠᠢ ᠭᠡᠵᠦ ᠵᠢᠭᠠᠨ ᠭᠠᠷᠭᠠᠵᠠᠢ᠃ ᠨᠢᠭᠡ ᠳᠦ ᠪᠠᠶᠢᠴᠠᠭᠠᠬᠤ ᠶᠠᠪᠤᠳᠠᠯ ᠤᠨ ᠰᠢᠨᠵᠢᠯᠡᠭᠡ ᠮᠡᠷᠭᠡᠵᠢᠯ ᠨᠢ ᠲᠠᠪᠰᠢᠩᠭᠤᠢ︔ ᠬᠤᠶᠠᠷ ᠲᠤ ᠪᠠᠶᠢᠴᠠᠭᠠᠬᠤ ᠶᠠᠪᠤᠳᠠᠯ ᠤᠨ ᠪᠠᠳᠤᠯᠠᠭ᠎ᠠ ᠪᠦᠷᠢᠨ ᠭᠦᠢᠴᠡᠳ︔ ᠭᠤᠷᠪᠠ ᠳᠤ ᠲᠤᠬᠠᠶᠢᠯᠠᠭᠰᠠᠨ ᠠᠵᠢᠯ ᠤᠨ ᠠᠵᠢᠯᠯᠠᠭᠠᠨ ‍ᠣ ᠬᠦᠴᠦᠯᠡᠴᠡ ᠪᠡᠨ ᠦᠷᠬᠦᠯᠵᠢᠯᠡᠨ ᠴᠢᠩᠭᠠᠳᠬᠠᠵᠤ ᠪᠤᠢ᠃


ᠰᠡᠷᠡᠮᠵᠢ ᠬᠦᠮᠦᠵᠢᠯ ᠦᠨ ᠹᠢᠯᠢᠮ ᠢ ᠦᠵᠡᠵᠦ ᠪᠠᠶᠢᠭ᠎ᠠ ᠨᠢ

W020170630593018498575.jpg

    ᠮᠠ ᠶᠦᠩ ᠱᠧᠩ ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠶᠢᠨ ᠠᠵᠢᠯ ᠳᠤ ᠲᠦᠷᠪᠡᠨ ᠲᠠᠯ᠎ᠠ ᠶᠢᠨ ᠱᠠᠭᠠᠷᠳᠠᠯᠭ᠎ᠠ ᠲᠤᠷᠠᠳᠴᠦ᠂ ᠤᠳᠤ ᠶᠢᠨ ᠦᠷ᠎ᠡ ᠪᠦᠳᠦᠮᠵᠢ ᠪᠡᠨ ᠨᠠᠨᠳᠢᠩᠨᠠᠵᠤ᠂ ᠬᠠᠳᠠᠭᠤ ᠲᠤᠨᠤᠭ ᠢ ᠲᠡᠭᠦᠯᠳᠡᠷᠵᠢᠭᠦᠯᠬᠦ ᠪᠡᠷ ᠪᠦᠬᠦᠶᠢᠯᠡ ᠴᠤᠭᠴᠠ ᠶᠢᠨ ᠬᠡᠪ ᠴᠢᠨᠠᠷ ᠢ ᠲᠠᠭᠠᠭᠤᠯᠤᠨ ᠲᠡᠭᠡᠭᠰᠢᠯᠡᠭᠦᠯᠬᠦ ᠬᠡᠷᠡᠭᠳᠡᠢ᠃ ᠨᠢᠭᠡ ᠳᠦ ︽ᠡᠷᠭᠢᠨ ᠬᠠᠷᠠᠬᠤ︾ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠴᠡᠭᠴᠡᠯᠡᠨ ᠨᠠᠶᠢᠳᠠᠪᠦᠷᠢᠵᠢᠭᠤᠯᠬᠤ ᠠᠵᠢᠯ ᠢ ᠰᠠᠶᠢᠳᠤᠷ ᠠᠳᠬᠤᠬᠤ ᠬᠡᠷᠡᠭᠳᠡᠢ᠃ ᠬᠤᠶᠠᠷ ᠲᠤ᠂ ᠨᠠᠮ ᠤᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ ᠭᠤᠷᠪᠠ ᠳᠤ  ᠡᠩᠨᠡᠭᠡᠨ ‍ᠣ ᠪᠠᠶᠢᠭᠤᠯᠤᠯᠳᠠ ᠶᠢ ᠦᠷᠬᠦᠯᠵᠢᠯᠡᠨ ᠰᠠᠶᠢᠳᠤᠷ ᠠᠳᠬᠤᠬᠤ ᠬᠡᠷᠡᠭᠳᠡᠢ᠃ ᠲᠦᠷᠪᠡ ᠳᠦ᠂ ᠦᠭᠡᠷᠡᠴᠢᠯᠡᠯᠳᠡ ᠶᠢ ᠰᠠᠶᠢᠳᠤᠷ ᠠᠳᠬᠤᠬᠤ ᠬᠡᠷᠡᠭᠳᠡᠢ ᠭᠡᠵᠡᠢ᠃

 

ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro