ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠬᠠᠥᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠳᠡ᠂ ᠶᠡᠬᠡ ᠲᠤᠭ᠎ᠠ ᠪᠠᠷᠢᠮᠳᠠ᠂ ᠨᠡᠶᠢᠳᠡ ᠶᠢᠨ ᠠᠰᠢᠭᠳᠤ ᠵᠠᠷᠭᠤ ᠭᠡᠳᠡᠭ ᠦᠭᠡᠰ ᠨᠢ ᠪᠦᠬᠦ ᠤᠷᠤᠨ ‍ᠣ ᠪᠠᠶᠢᠴᠠᠭᠠᠬᠤ ᠲᠠᠷᠤᠭ᠎ᠠ ᠨᠠᠷ ᠤᠨ ᠬᠤᠷᠠᠯ ᠳᠤ ᠨᠡᠶᠢᠳᠡᠮ ᠶᠠᠷᠢᠭᠳᠠᠪᠠ

2017-08-16 16:44:16
ᠵᠣᠬᠢᠶᠠᠭᠴᠢ
ᠪᠤᠤ ᠡᠾᠦ᠋ᠢ ᠮᠧᠢ

W020170726368536178790.jpg

    7 ᠰᠠᠷ᠎ᠠ ᠶᠢᠨ 25 ‍ᠣ ᠡᠳᠦᠷ ᠦᠨ ᠦᠳᠡ ᠶᠢᠨ ᠬᠤᠶᠢᠨ᠎ᠠ ᠬᠤᠷᠠᠯᠳᠤᠭᠤᠯᠤᠭᠰᠠᠨ ᠪᠦᠬᠦ ᠤᠷᠤᠨ ‍ᠣ ᠪᠠᠶᠢᠴᠠᠭᠠᠬᠤ ᠲᠠᠷᠤᠭ᠎ᠠ ᠨᠠᠷ ᠤᠨ ᠬᠤᠷᠠᠯ ᠲᠡᠭᠡᠷ᠎ᠡ᠂ ᠬᠠᠥᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠳᠡ᠂ ᠶᠡᠬᠡ ᠲᠤᠭ᠎ᠠ ᠪᠠᠷᠢᠮᠳᠠ ᠬᠦᠮᠦᠨ ‍ᠣ ᠬᠦᠴᠦᠨ ‍ᠣ ᠤᠶᠥᠨᠴᠢ ᠴᠢᠳᠠᠪᠦᠷᠢ ᠪᠠ ᠨᠡᠶᠢᠳᠡ ᠶᠢᠨ ᠠᠰᠢᠭᠳᠤ ᠵᠠᠷᠭᠤ ᠵᠡᠷᠭᠡ ᠨᠢ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠮᠠ ᠶᠦᠩ ᠱᠧᠩ ᠤᠨ ᠶᠠᠷᠢᠶᠠᠨ ‍ᠣ ᠦᠨᠳᠦᠷ ᠲᠠᠪᠳᠠᠮᠵᠢᠳᠤ ᠦᠭᠡᠰ ᠪᠤᠯᠵᠠᠢ᠃ ᠦᠪᠡᠷᠳᠡᠭᠡᠨ ᠵᠠᠰᠠᠬᠤ ᠤᠷᠤᠨ ‍ᠣ ᠭᠤᠷᠪᠠᠨ ᠱᠠᠳᠤᠨ ‍ᠣ ᠬᠤᠷᠢᠶᠠᠨ ‍ᠣ ᠪᠠᠶᠢᠴᠠᠭᠠᠬᠤ ᠲᠠᠷᠤᠭ᠎ᠠ ᠪᠠ ᠪᠦᠬᠦ ᠪᠠᠶᠢᠴᠠᠭᠠᠬᠤ ᠠᠵᠢᠯᠳᠠᠨ ᠬᠠᠷᠠᠭᠠᠨ ᠲᠠᠪᠳᠠᠮᠵᠢᠳᠤ ᠬᠤᠷᠠᠯ ᠤᠨ ᠬᠡᠯᠪᠡᠷᠢ ᠪᠡᠷ ᠬᠤᠷᠠᠯ ᠰᠤᠨᠤᠰᠴᠠᠢ᠃

    ᠦᠨᠦ ᠵᠢᠯ ᠡᠴᠡ ᠡᠬᠢᠯᠡᠨ᠂ ᠪᠦᠬᠦ ᠤᠷᠤᠨ ‍ᠣ ᠡᠯ᠎ᠡ ᠲᠦᠷᠦᠯ ᠦᠨ ᠪᠠᠶᠢᠴᠠᠭᠠᠬᠤ ᠠᠵᠢᠯ ᠰᠠᠶᠢᠨ ᠬᠦᠭᠵᠢᠯᠳᠡ ᠶᠢᠨ ᠬᠠᠨᠳᠤᠰᠢ ᠶᠢ ᠪᠠᠷᠢᠮᠳᠠᠯᠠᠵᠠᠢ᠃ ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠲᠦᠪ᠂ ᠦᠪᠡᠷᠳᠡᠭᠡᠨ ᠵᠠᠰᠠᠬᠤ ᠤᠷᠤᠨ ‍ᠣ ᠨᠠᠮ ᠤᠨ ᠬᠤᠷᠢᠶ᠎ᠠ ᠪᠠ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ‍ᠣ ᠴᠢᠬᠤᠯᠠ ᠶᠡᠬᠡ ᠰᠢᠢᠳᠪᠦᠷᠢ ᠪᠠᠶᠢᠷᠢᠯᠠᠭᠤᠯᠤᠯᠳᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂᠌᠌ ︽ᠲᠦᠷᠪᠡᠨ ᠦᠵᠡᠯ ᠤᠬᠠᠮᠰᠠᠷ︾ ᠢ ᠨᠡᠩ ᠪᠠᠳᠤᠳᠬᠠᠵᠠᠢ᠃ ᠠᠵᠤ ᠠᠬᠤᠢ ᠨᠡᠶᠢᠭᠡᠮ ᠦᠨ ᠬᠦᠭᠵᠢᠯᠳᠡ ᠶᠢᠨ ᠪᠦᠬᠦ ᠲᠠᠯ᠎ᠠ ᠶᠢᠨ ᠲᠤᠭᠤᠷᠢᠨ ᠳᠤ᠂ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠳᠠ᠂ ᠦᠪᠡᠷᠳᠡᠭᠡᠨ ᠵᠠᠰᠠᠬᠤ ᠤᠷᠤᠨ ‍ᠣ ︽ᠲᠤᠯᠤᠭᠠᠨ ᠲᠤᠤᠷ︾ ︽ᠲᠤᠯᠤᠭᠠᠨ ᠦᠢᠯᠡᠰ︾ ᠤᠨ ᠪᠦᠳᠦᠭᠡᠨ ᠪᠠᠶᠢᠭᠤᠯᠤᠯᠳᠠ ᠵᠡᠷᠭᠡ ᠳᠤ ᠦᠢᠯᠡᠴᠢᠯᠡᠬᠦ ᠪᠠ ᠲᠡᠳᠡᠭᠡᠷ ᠢ ᠪᠠᠳᠤᠯᠠᠬᠤ ᠰᠠᠨᠠᠯ ᠠᠷᠭ᠎ᠠ ᠬᠡᠮᠵᠢᠶ᠎ᠡ ᠶᠢ ᠨᠡᠶᠢᠳᠡᠯᠡᠵᠦ᠂ᠬᠠᠥᠯᠢ ᠪᠠᠷᠢᠵᠤ ᠬᠡᠷᠡᠭ ᠰᠢᠳᠭᠡᠬᠦ ᠶᠢ ᠵᠢᠯᠤᠭᠤᠳᠴᠠᠢ᠃ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠪᠠ ᠵᠦᠷᠢᠴᠡᠯ ᠢ ᠨᠠᠮᠳᠠᠭᠤᠯᠬᠤ ᠶᠢ ᠬᠠᠮᠳᠤ ᠪᠠᠷ ᠴᠢᠬᠤᠯᠠᠴᠢᠯᠠᠬᠤ ᠶᠢ ᠪᠠᠷᠢᠮᠳᠠᠯᠠᠨ᠂ ᠡᠬᠡ ᠤᠷᠤᠨ ‍ᠣ ᠤᠮᠠᠷᠠᠳᠤ ᠬᠢᠯᠢ ᠶᠢᠨ ᠠᠮᠤᠷ ᠲᠤᠭᠳᠠᠭᠤᠨ ᠢ ᠬᠠᠮᠠᠭᠠᠯᠠᠵᠠᠢ᠃ ᠲᠡᠭᠡᠷ᠎ᠡ ᠬᠠᠭᠠᠰ ᠵᠢᠯ ᠳᠦ᠂ ᠡᠯ᠎ᠡ ᠲᠦᠷᠦᠯ ᠦᠨ ᠡᠷᠡᠭᠦᠦ ᠶᠢᠨ ᠬᠡᠷᠡᠭ ᠦᠨ ᠶᠠᠯ᠎ᠠ ᠬᠢᠭᠰᠡᠨ ᠰᠡᠵᠢᠭᠳᠡᠨ 6297 ᠬᠦᠮᠦᠨ ᠢ ᠪᠠᠷᠢᠪᠴᠢᠯᠠᠬᠤ ᠶᠢ ᠬᠠᠥᠯᠢ ᠶᠤᠰᠤᠭᠠᠷ ᠵᠦᠪᠰᠢᠶᠠᠷᠡᠵᠦ᠂ 13791 ᠬᠦᠮᠦᠨ ᠳᠦ ᠠᠯᠪᠠᠨ ᠵᠠᠭᠠᠯᠳᠤᠯᠭ᠎ᠠ ᠭᠠᠷᠭᠠᠵᠠᠢ᠃ ︽ᠲᠤᠰᠬᠤᠨ ‍ᠣ ᠡᠵᠡᠷᠬᠡᠭᠴᠢ︾ ᠪᠠ ᠤᠪᠤᠭ ᠲᠦᠷᠦᠯ ᠦᠨ ᠬᠠᠷᠬᠢᠰᠴᠤᠳ ᠢ ᠬᠠᠥᠯᠢ ᠶᠤᠰᠤᠭᠠᠷ ᠰᠢᠳᠭᠡᠬᠦ᠂ ᠴᠠᠬᠢᠯᠭᠠᠨ ᠬᠤᠯᠪᠤᠭᠠᠨ ‍ᠣ ᠮᠡᠬᠡᠯᠡᠭᠰᠡᠨ ᠶᠠᠯ᠎ᠠ ᠳᠤ ᠴᠤᠬᠢᠯᠳᠠ ᠦᠭᠬᠦ᠂ ᠰᠦᠯᠵᠢᠶᠡᠨ ᠲᠡᠭᠡᠷ᠎ᠡ ᠠᠷᠠᠳ ᠢᠷᠭᠡᠳ ᠦᠨ ᠬᠤᠪᠢ ᠬᠦᠮᠦᠨ ‍ᠣ ᠮᠡᠳᠡᠭᠡ ᠵᠠᠩᠬᠢ ᠳᠤ ᠬᠠᠯᠳᠠᠬᠤ ᠶᠠᠯᠠᠳᠤ ᠠᠵᠢᠯᠯᠠᠭ᠎ᠠ ᠳᠦ ᠴᠤᠬᠢᠯᠳᠠ ᠦᠭᠴᠦ ᠵᠠᠰᠠᠮᠵᠢᠯᠠᠬᠤ ᠵᠡᠷᠭᠡ ᠲᠤᠰᠬᠠᠢ ᠠᠵᠢᠯᠯᠠᠭ᠎ᠠ ᠶᠢ ᠢᠳᠡᠪᠬᠢᠳᠡᠢ ᠦᠷᠨᠢᠭᠦᠯᠵᠡᠢ᠃ ᠬᠠᠥᠯᠢ ᠵᠠᠷᠭᠤ ᠳᠦ ᠬᠤᠯᠪᠤᠭᠳᠠᠭᠰᠠᠨ ᠵᠠᠬᠢᠳᠠᠯ ᠰᠤᠷᠪᠤᠯᠵᠢᠯᠠᠯ ᠤᠨ ᠲᠦᠷᠢᠮ ᠦᠨ ᠦᠭᠡᠷᠡᠴᠢᠯᠡᠯᠳᠡ ᠶᠢ ᠭᠦᠨᠵᠡᠭᠡᠢ ᠠᠬᠢᠭᠤᠯᠵᠤ᠂ ᠨᠠᠰᠤᠨ ᠳᠤ ᠦᠯᠦ ᠬᠦᠷᠦᠭᠰᠡᠳ ᠦᠨ ᠬᠠᠥᠯᠢ ᠴᠠᠭᠠᠵᠠ ᠶᠢᠨ ᠬᠠᠮᠠᠭᠠᠯᠠᠯᠳᠠ ᠶᠢ ᠴᠢᠩᠭᠠᠳᠬᠠᠨ᠂ ᠪᠦᠬᠦ ᠤᠷᠤᠨ ‍ᠣ ︽ᠬᠠᠥᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠤᠬᠠᠭᠤᠯᠬᠤ︾ ᠲᠤᠭᠤᠷᠢᠨ ᠶᠠᠷᠢᠬᠤ ᠠᠵᠢᠯᠯᠠᠭ᠎ᠠ ᠪᠠ ᠪᠠᠶᠢᠴᠠᠭᠠᠬᠤ ᠨᠡᠬᠡᠭᠡᠯᠳᠡᠳᠦ ᠡᠳᠦᠷ ᠦᠨ ᠬᠦᠳᠡᠯᠭᠡᠭᠡᠨ ᠦᠷᠨᠢᠭᠦᠯᠵᠦ᠂10 ᠲᠦᠮᠡ ᠢᠯᠡᠭᠦᠦ ᠰᠤᠷᠤᠭᠴᠢ ᠬᠠᠥᠯᠢ ᠶᠢᠨ ᠬᠦᠮᠦᠵᠢᠯ ᠬᠦᠷᠳᠡᠭᠰᠡᠨ ᠪᠠᠶᠢᠨ᠎ᠠ᠃ ᠲᠤᠰᠢᠶᠠᠯ ᠤᠨ ᠶᠠᠯᠠᠳᠤ ᠠᠵᠢᠯᠯᠠᠭ᠎ᠠ ᠶᠢ ᠪᠠᠶᠢᠴᠠᠭᠠᠨ ᠰᠢᠳᠭᠡᠬᠦ ᠪᠠ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭ᠎ᠠ ᠠᠳᠬᠤᠨ᠂ ᠪᠠᠶᠢᠴᠠᠭᠠᠬᠤ ᠬᠢᠨᠠᠯᠳᠠ ᠲᠠᠯᠪᠢᠬᠤ ᠭᠤᠤᠯ ᠠᠵᠢᠯ ᠡᠭᠦᠷᠭᠡ ᠪᠡᠨ ᠴᠢᠩᠭᠠᠳᠬᠠᠨ᠂ ᠨᠢᠭᠡ ᠪᠦᠯᠦᠭ ᠬᠠᠥᠯᠢ ᠪᠠᠷᠢᠬᠤ ᠬᠠᠥᠯᠢ ᠬᠡᠷᠡᠭᠵᠢᠭᠦᠯᠬᠦ ᠲᠤᠪᠤᠶᠢᠮ᠎ᠠ ᠠᠰᠠᠭᠤᠳᠠᠯ  ᠳᠦ ᠬᠢᠨᠠᠯᠳᠠ ᠲᠠᠯᠪᠢᠨ ᠵᠠᠯᠠᠷᠠᠭᠤᠯᠤᠭᠰᠠᠨ ᠪᠠᠶᠢᠨ᠎ᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠬᠤ ᠲᠦᠷᠢᠮᠵᠢᠭᠦᠯᠬᠦ ᠂ ︽ᠦᠨᠡᠨᠴᠢ ᠰᠢᠳᠤᠷᠭᠤ᠂ ᠠᠷᠢᠭᠤᠨ ᠴᠢᠭᠡᠴᠢ᠂ ᠡᠭᠦᠷᠭᠡᠯᠡᠯ︾ ᠢᠶᠡᠷ ᠡᠩᠨᠡᠭᠡ ᠪᠡᠨ ᠴᠡᠭᠴᠡᠯᠡᠬᠦ ᠶᠢ ᠭᠦᠨᠵᠡᠭᠡᠢ ᠠᠬᠢᠭᠤᠯᠤᠨ᠂ 4 ᠠᠶᠢᠮᠠᠭ ᠬᠤᠲᠡ ᠶᠢᠨ ᠬᠤᠪᠢᠶᠠᠷᠢ ᠬᠤᠷᠢᠶ᠎ᠠ᠂ 2 ᠦᠨᠳᠦᠰᠦᠨ ᠱᠠᠳᠤᠨ ‍ᠣ ᠬᠤᠷᠢᠶᠠᠨ ᠳᠤ ᠲᠤᠭᠤᠷᠢᠨ ᠪᠠᠶᠢᠴᠠᠭᠠᠯᠳᠠ ᠬᠢᠵᠡᠢ᠃

W020170726368537187669.jpg

    ᠮᠠ ᠶᠦᠩ ᠱᠧᠩ ᠡᠴᠡ ᠬᠠᠥᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠳᠡ ᠶᠢ ᠶᠠᠷᠢᠬᠤ ᠦᠶ᠎ᠡ ᠳᠦ᠂ ᠦᠭᠡᠷᠡᠴᠢᠯᠡᠯᠳᠡ ᠶᠢᠨ ᠰᠢᠪᠳᠤᠯᠤᠯᠳᠠ ᠬᠢᠬᠦ ᠶᠢ ᠴᠢᠩᠭᠠᠳᠬᠠᠨ᠂ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠡᠴᠡ ᠡᠮᠦᠨ᠎ᠡ ᠦᠭᠡᠷᠡᠴᠢᠯᠡᠯᠳᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠳᠤᠯᠠᠬᠤ ᠬᠡᠷᠡᠭᠳᠡᠢ ᠭᠡᠵᠦ ᠴᠢᠬᠤᠯᠠᠴᠢᠯᠠᠵᠠᠢ᠃ ᠤᠳᠤᠬᠠᠨ ᠳᠤ᠂ ᠮᠠᠨ ‍ᠣ ᠤᠷᠤᠨ ‍ᠣ ᠪᠠᠶᠢᠴᠠᠭᠠᠬᠤ ᠲᠤᠰᠢᠶᠠᠯᠳᠠᠨ᠂ ᠪᠠᠶᠢᠴᠠᠭᠠᠬᠤ ᠲᠤᠰᠠᠯᠠᠬᠤ ᠠᠵᠢᠯᠳᠠᠨ᠂ ᠬᠠᠥᠯᠢ ᠪᠠᠷᠢᠬᠤ ᠵᠠᠰᠠᠭ ᠵᠠᠬᠢᠷᠭᠠᠨ ‍ᠣ ᠠᠵᠢᠯᠳᠠᠨ ᠢ ᠲᠦᠷᠦᠯ ᠬᠤᠪᠢᠶᠠᠨ ᠬᠠᠮᠢᠶᠠᠷᠬᠤ ᠠᠵᠢᠯ ᠢ ᠪᠦᠬᠦ ᠲᠠᠯ᠎ᠠ ᠪᠠᠷ ᠦᠷᠨᠢᠭᠦᠯᠦᠨ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠪᠠ10 ᠠᠶᠢᠮᠠᠭ ᠬᠤᠲᠡ ᠶᠢᠨ ᠬᠤᠪᠢᠶᠠᠷᠢ ᠬᠤᠷᠢᠶ᠎ᠠ᠂76 ᠦᠨᠳᠦᠰᠦᠨ ᠱᠠᠳᠤᠨ ‍ᠣ ᠬᠤᠷᠢᠶ᠎ᠠ ᠪᠠᠶᠢᠴᠠᠭᠠᠬᠤ ᠲᠤᠰᠢᠶᠠᠯᠳᠠᠨ ᠢ ᠬᠤᠭᠤᠴᠠᠭ᠎ᠠ ᠶᠤᠰᠤᠭᠠᠷ ᠲᠡᠪᠰᠢᠭᠦᠯᠦᠨ ᠲᠤᠮᠢᠯᠠᠬᠤ ᠠᠵᠢᠯ ᠢ ᠲᠠᠭᠤᠰᠬᠠᠭᠰᠠᠨ ᠪᠠᠶᠢᠨ᠎ᠠ᠃7 ᠠᠶᠢᠮᠠᠭ ᠬᠤᠲᠡ ᠶᠢᠨ ᠬᠤᠪᠢᠶᠠᠷᠢ ᠬᠤᠷᠢᠶ᠎ᠠ᠂61 ᠦᠨᠳᠦᠰᠦᠨ ᠱᠠᠳᠤᠨ ‍ᠣ ᠬᠤᠷᠢᠶ᠎ᠠ ᠲᠤᠳᠤᠭᠠᠳᠤ ᠪᠠᠶᠢᠭᠤᠯᠤᠮᠵᠢ ᠶᠢᠨ ᠨᠢᠭᠡᠳᠬᠡᠯ ᠢ ᠦᠷᠨᠢᠭᠦᠯᠵᠠᠢ᠃ ᠰᠢᠭᠦᠨ ᠲᠠᠰᠤᠯᠬᠤ ᠪᠠᠷ ᠭᠤᠤᠯ ᠪᠤᠯᠭᠠᠬᠤ ᠡᠷᠡᠭᠦᠦ ᠶᠢᠨ ᠵᠠᠷᠭᠤ ᠶᠢᠨ ᠲᠦᠷᠢᠮ ᠤᠨ ᠦᠭᠡᠷᠡᠴᠢᠯᠡᠯᠳᠡ ᠶᠢ ᠭᠦᠨᠵᠡᠭᠡᠢ ᠠᠬᠢᠭᠤᠯᠵᠤ᠂ ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠡᠴᠡ ᠲᠤᠷᠰᠢᠨ ᠪᠠᠶᠢᠴᠠᠭᠠᠵᠤ ᠭᠡᠷᠡᠴᠢ ᠠᠪᠬᠤ ᠶᠢ ᠵᠢᠯᠤᠭᠤᠳᠬᠤ᠂ ᠲᠢᠩᠬᠢᠮ ᠦᠨ ᠰᠢᠭᠦᠯᠳᠡ ᠶᠢᠨ ᠪᠤᠳᠠᠳᠠᠶᠢᠵᠢᠬᠤ ᠶᠢ ᠠᠬᠢᠭᠤᠯᠬᠤ᠂ ᠵᠠᠷᠭᠤ ᠳᠤ ᠬᠢᠨᠠᠯᠳᠠ ᠲᠠᠯᠪᠢᠬᠤ ᠪᠠᠨ ᠴᠢᠩᠭᠠᠳᠬᠠᠬᠤ ᠵᠡᠷᠭᠡ ᠲᠠᠯ᠎ᠠ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠠᠢ᠃ 

    ᠮᠠ ᠶᠦᠩ ᠱᠧᠩ ᠡᠴᠡ ᠤᠳᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠢᠳᠡᠪᠬᠢᠳᠡᠢ ᠬᠡᠷᠡᠭᠯᠡᠨ᠂ ᠰᠢᠭᠦᠨ ᠲᠠᠰᠤᠯᠬᠤ ᠪᠠᠷ ᠭᠤᠤᠯ ᠪᠤᠯᠭᠠᠬᠤ ᠡᠷᠡᠭᠦᠦ ᠶᠢᠨ ᠵᠠᠷᠭᠤ ᠶᠢᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠵᠤ᠂ ᠨᠡᠩ ᠦᠨᠳᠦᠷ ᠲᠠᠪᠬᠤᠷᠭ᠎ᠠ ᠲᠡᠭᠡᠷ᠎ᠡ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠪᠠ ᠬᠦᠮᠦᠨ ‍ᠣ ᠡᠷᠬᠡ ᠶᠢ ᠪᠠᠳᠤᠯᠠᠬᠤ ᠶᠢᠨ ᠨᠢᠭᠡᠳᠦᠯ ᠢ ᠪᠡᠶᠡᠯᠡᠭᠦᠯᠬᠦ ᠬᠡᠷᠡᠭᠳᠡᠢ ᠭᠡᠵᠡᠢ᠃

W020170726368537529416.jpg

    ᠪᠦᠬᠦ ᠤᠷᠤᠨ ‍ᠣ ᠨᠡᠶᠢᠳᠡ ᠶᠢᠨ ᠠᠰᠢᠭᠳᠤ ᠵᠠᠷᠭᠤ ᠶᠢᠨ ᠲᠤᠷᠰᠢᠯᠳᠡ ᠶᠢᠨ ᠴᠢᠭ᠋ ᠦᠨ ᠠᠵᠢᠯ ᠠᠮᠵᠢᠯᠳᠠ ᠲᠠᠢ ᠲᠠᠭᠤᠰᠴᠤ᠂ ᠲᠤᠷᠰᠢᠯᠳᠡ ᠶᠢᠨ ᠴᠢᠭ᠋ ᠦᠨ ᠠᠵᠢᠯ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ‍ᠣ ᠰᠠᠶᠢᠰᠢᠶᠠᠯ ᠢ ᠬᠦᠷᠳᠡᠭᠰᠡᠨ ᠪᠠᠶᠢᠨ᠎ᠠ᠃ ᠮᠠ ᠶᠦᠩ ᠱᠧᠩ ᠡᠴᠡ ᠵᠠᠰᠠᠪᠤᠷᠢ ᠤᠷᠤᠭᠤᠯᠤᠭᠰᠠᠨ ᠢᠷᠭᠡᠨ ‍ᠣ ᠵᠠᠷᠭᠤ ᠶᠢᠨ ᠬᠠᠥᠯᠢ᠂ ᠵᠠᠰᠠᠭ ᠵᠠᠬᠢᠷᠭᠠᠨ ‍ᠣ ᠵᠠᠷᠭᠤ ᠶᠢᠨ ᠬᠠᠥᠯᠢ ᠶᠢ ᠭᠦᠨᠵᠡᠭᠡᠢ ᠲᠤᠤᠱᠯᠠᠭᠤᠯᠤᠨ᠂ ᠪᠠᠶᠢᠴᠠᠭᠠᠬᠤ ᠪᠠᠶᠢᠭᠤᠯᠭ᠎ᠠ ᠶᠢᠨ ᠨᠡᠶᠢᠳᠡ ᠶᠢᠨ ᠠᠰᠢᠭᠳᠤ ᠵᠠᠷᠭᠤ ᠬᠢᠬᠦ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠳᠡᠢ ᠭᠡᠵᠡᠢ᠃ ᠲᠤᠷᠰᠢᠯᠳᠡ ᠶᠢᠨ ᠴᠢᠭ᠋ ᠦᠨ ᠠᠵᠢᠯ ᠤᠨ ᠦᠷ᠎ᠡ ᠪᠦᠳᠦᠮᠵᠢ ᠶᠢ ᠬᠢᠨᠠᠮᠠᠭᠠᠢ ᠳ᠋ᠦᠩᠨᠡᠵᠦ᠂ ᠰᠤᠷᠤᠯᠴᠠᠯᠭ᠎ᠠ ᠪᠤᠯᠪᠠᠰᠤᠷᠠᠯ ᠢ ᠴᠢᠩᠭᠠᠳᠬᠠᠬᠤ ᠬᠡᠷᠡᠭᠳᠡᠢ᠃ ᠬᠡᠷᠡᠭ ᠰᠢᠳᠭᠡᠬᠦ ᠪᠡᠷ ᠭᠤᠤᠯ ᠪᠤᠯᠭᠠᠵᠤ᠂ ᠨᠡᠶᠢᠳᠡ ᠶᠢᠨ ᠠᠰᠢᠭ ᠢ ᠬᠠᠮᠠᠭᠠᠯᠠᠬᠤ ᠡᠭᠦᠷᠭᠡ ᠴᠢᠳᠠᠪᠬᠢ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠳᠡᠢ᠃

    ᠲᠤᠤᠷ᠎ᠠ ᠬᠠᠭᠠᠰ ᠵᠢᠯ ᠳᠤ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠢ ᠬᠤᠷᠠᠯᠳᠤᠭᠤᠯᠬᠤ ᠪᠠ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ70 ᠵᠢᠯ ᠦᠨ ᠤᠢ ᠶᠢ ᠪᠡᠯᠭᠡᠯᠡᠬᠦ ᠬᠦᠳᠡᠯᠭᠡᠭᠡᠨ ᠦᠷᠨᠢᠭᠦᠯᠬᠦ ᠪᠤᠯᠤᠨ᠎ᠠ᠂ ᠮᠠ ᠶᠦᠩ ᠱᠧᠩ ᠡᠴᠡ ᠠᠮᠤᠷ ᠲᠤᠭᠳᠠᠭᠤᠨ ᠤᠯᠤᠰ ᠲᠦᠷᠦ᠂ ᠨᠡᠶᠢᠭᠡᠮ ᠦᠨ ᠤᠷᠴᠢᠨ ᠲᠤᠭᠤᠷᠢᠨ ᠢ ᠪᠤᠢ ᠪᠤᠯᠭᠠᠬᠤ ᠪᠤᠯ ᠮᠠᠨ ‍ᠣ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠦᠨ ᠭᠡᠵᠦ ᠴᠢᠬᠤᠯᠠᠴᠢᠯᠠᠵᠠᠢ᠃ ᠪᠦᠬᠦ ᠲᠠᠯ᠎ᠠ ᠶᠢᠨ ᠤᠯᠤᠰ ᠤᠨ ᠠᠮᠤᠷ ᠲᠦᠪᠰᠢᠨ ‍ᠣ ᠦᠵᠡᠯᠳᠡ ᠶᠢ ᠲᠤᠤᠱᠯᠠᠭᠤᠯᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠦᠨ ᠠᠮᠤᠷ ᠲᠤᠭᠳᠠᠭᠤᠨ ᠢ ᠦᠨᠡᠨᠬᠦ ᠬᠠᠮᠠᠭᠠᠯᠠᠬᠤ ᠬᠡᠷᠡᠭᠳᠡᠢ᠃ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠷᠠᠳ ᠲᠦᠮᠡᠨ ‍ᠣ ᠠᠮᠤᠷ ᠲᠠᠶᠢᠪᠤᠩ ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠳᠡᠢ᠃ ᠰᠢᠨ᠎ᠡ ᠬᠦᠭᠵᠢᠯᠳᠡ ᠶᠢᠨ ᠤᠨᠤᠯ ᠢ ᠪᠠᠳᠤ ᠪᠡᠬᠢ ᠪᠤᠢ ᠪᠤᠯᠭᠠᠵᠤ᠂ ᠠᠵᠤ ᠠᠬᠤᠢ ᠶᠢᠨ ᠠᠮᠤᠷ ᠲᠤᠭᠳᠠᠭᠤᠨ ᠡᠷᠡᠭᠦᠯ ᠢᠶᠡᠷ ᠬᠦᠭᠵᠢᠬᠦ ᠳᠦ ᠬᠦᠴᠦᠳᠡᠢ ᠬᠠᠥᠯᠢ ᠴᠠᠭᠠᠵᠠ ᠶᠢᠨ ᠪᠠᠳᠤᠯᠠᠭ᠎ᠠ ᠬᠠᠩᠭᠠᠬᠤ ᠬᠡᠷᠡᠭᠳᠡᠢ᠃

 


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro