ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠬᠠᠭᠤᠴᠢᠨ ᠠᠰᠠᠭᠤᠳᠠᠯ ᠢ ᠴᠢᠩᠭ᠎ᠠ ᠠᠳᠬᠤᠵᠤ᠂ ᠰᠢᠨ᠎ᠡ ᠠᠰᠠᠭᠤᠳᠠᠯ ᠳᠤ ᠲᠦᠪᠯᠡᠷᠡᠭᠦᠯᠦᠨ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠶᠢᠨ ︽ᠲᠤᠭᠤᠷᠢᠨ ᠪᠠᠶᠢᠴᠠᠭᠠᠯᠳᠠ︾ ᠶᠢᠨ ᠡᠷᠭᠢᠨ ᠬᠠᠷᠠᠬᠤ ᠠᠵᠢᠯᠯᠠᠭ᠎ᠠ ᠨᠢ ᠶᠡᠬᠡ ᠬᠦᠳᠡᠯᠦᠯ ᠲᠠᠢ ᠪᠤᠯᠬᠤ ᠪᠠᠷ ᠪᠠᠶᠢᠨ᠎ᠠ

2017-08-16 16:50:52
ᠵᠣᠬᠢᠶᠠᠭᠴᠢ
ᠪᠤᠤ ᠡᠾᠦ᠋ᠢ ᠮᠧᠢ

W020170802606953288035.png

    8 ᠰᠠᠷ᠎ᠠ ᠶᠢᠨ 1 ‍ᠣ ᠡᠳᠦᠷ ᠡᠴᠡ ᠡᠬᠢᠯᠡᠨ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠡᠴᠡ2016 ᠤᠨ ᠳᠤ ᠲᠤᠭᠤᠷᠢᠨ ᠪᠠᠶᠢᠴᠠᠭᠠᠯᠳᠠ ᠬᠢᠭᠰᠡᠨ ᠬᠦᠬᠡᠬᠤᠳᠡ ᠶᠢᠨ ᠪᠠᠶᠢᠴᠠᠭᠠᠬᠤ ᠬᠤᠷᠢᠶ᠎ᠠ᠂ ᠪᠤᠭᠤᠳᠤ ᠬᠤᠲᠡ ᠶᠢᠨ ᠪᠠᠶᠢᠴᠠᠭᠠᠬᠤ ᠬᠤᠷᠢᠶ᠎ᠠ᠂ ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ᠂ ᠤᠯᠠᠭᠠᠨᠴᠠᠪ ᠬᠤᠲᠡ ᠶᠢᠨ ᠪᠠᠶᠢᠴᠠᠭᠠᠬᠤ ᠬᠤᠷᠢᠶ᠎ᠠ᠂ ᠪᠠᠶᠠᠨᠨᠠᠭᠤᠷ ᠬᠤᠲᠡ ᠶᠢᠨ ᠪᠠᠶᠢᠴᠠᠭᠠᠬᠤ ᠬᠤᠷᠢᠶ᠎ᠠ᠂ ᠠᠯᠠᠱᠠ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠵᠢᠴᠢ ᠡᠳᠡᠭᠡᠷ ᠬᠤᠷᠢᠶᠠᠨ ‍ᠣ ᠬᠠᠷᠢᠶᠠᠯᠠᠯ ᠳ᠋ᠡᠬᠢ ᠦᠴᠦᠸᠠᠨ ᠰᠢᠶᠠᠨ ‍ᠣ ᠪᠠᠶᠢᠴᠠᠭᠠᠬᠤ ᠬᠤᠷᠢᠶ᠎ᠠ᠂ ᠭᠦᠶᠠᠩ ᠰᠢᠶᠠᠨ ‍ᠣ ᠪᠠᠶᠢᠴᠠᠭᠠᠬᠤ ᠬᠤᠷᠢᠶ᠎ᠠ᠂ ᠰᠢᠯᠢ ᠶᠢᠨ ᠬᠤᠲᠡ ᠶᠢᠨ ᠪᠠᠶᠢᠴᠠᠭᠠᠬᠤ ᠬᠤᠷᠢᠶ᠎ᠠ᠂ ᠹᠧᠩᠵᠧᠨ ᠬᠤᠲᠡ ᠶᠢᠨ ᠪᠠᠶᠢᠴᠠᠭᠠᠬᠤ ᠬᠤᠷᠢᠶ᠎ᠠ᠂ ᠬᠠᠩᠭᠢᠨ ᠬᠤᠶᠢᠳᠤ ᠬᠤᠰᠢᠭᠤᠨ ‍ᠣ ᠪᠠᠶᠢᠴᠠᠭᠠᠬᠤ ᠬᠤᠷᠢᠶ᠎ᠠ᠂ ᠠᠯᠠᠱᠠ ᠵᠡᠭᠦᠨ ᠬᠤᠰᠢᠭᠤᠨ ‍ᠣ ᠪᠠᠶᠢᠴᠠᠭᠠᠬᠤ ᠬᠤᠷᠢᠶ᠎ᠠ ᠳᠤ ᠲᠤᠭᠤᠷᠢᠨ ᠪᠠᠶᠢᠴᠠᠭᠠᠯᠳᠠ ᠶᠢᠨ︽ ᠡᠷᠭᠢᠨ  ᠬᠠᠷᠠᠬᠤ︾ ᠠᠵᠢᠯᠯᠠᠭ᠎ᠠ ᠦᠷᠨᠢᠭᠦᠯᠬᠦ ᠪᠡᠷ ᠪᠤᠢ᠃ ᠡᠨᠡ ᠪᠤᠯ 7 ᠰᠠᠷ᠎ᠠ ᠶᠢᠨ 31 ‍ᠣ ᠡᠳᠦᠷ ᠦᠨ ᠦᠳᠡ ᠶᠢᠨ ᠬᠤᠶᠢᠨᠠᠬᠢ ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠶᠢᠨ ᠲᠤᠭᠤᠷᠢᠨ ᠪᠠᠶᠢᠴᠠᠭᠠᠯᠳᠠ ᠶᠢᠨ︽ ᠡᠷᠭᠢᠨ ᠬᠠᠷᠠᠬᠤ︾ ᠠᠵᠢᠯᠯᠠᠭ᠎ᠠ ᠵᠢᠴᠢ ᠰᠢᠪᠠᠳᠠᠨ ᠪᠠᠶᠢᠴᠠᠭᠠᠬᠤ ᠠᠵᠢᠯ ᠢ ᠲᠠᠶᠢᠴᠢᠯᠠᠨ ᠪᠠᠶᠢᠷᠢᠯᠠᠭᠤᠯᠬᠤ ᠲᠧᠯᠧᠢᠰ ᠳ᠋ᠢᠶᠠᠩᠬᠤᠸᠠ ᠬᠤᠷᠠᠯ ᠲᠡᠭᠡᠷ᠎ᠡ ᠢᠯᠡᠷᠬᠡᠶᠢᠯᠡᠭᠰᠡᠨ ᠵᠦᠢᠯᠡᠰ ᠪᠤᠯᠤᠨ᠎ᠠ᠃

W020170802606955549491.png

    ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠮᠠ ᠶᠦᠩ ᠱᠧᠩ ᠬᠤᠷᠠᠯ ᠳᠤ ᠤᠷᠤᠯᠴᠠᠨ ᠴᠢᠬᠤᠯᠠ ᠶᠠᠷᠢᠶ᠎ᠠ ᠬᠢᠵᠦ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠶᠢᠨ  ᠲᠡᠳ᠋ ᠪᠠᠶᠢᠴᠠᠭᠠᠬᠤ ᠲᠠᠷᠤᠭ᠎ᠠ ᠶᠠᠩ ᠸᠧᠢ ᠫᠢᠩ ᠬᠤᠷᠠᠯ ᠡᠷᠬᠢᠯᠡᠨ᠂ ᠲᠡᠳ᠋ ᠪᠠᠶᠢᠴᠠᠭᠠᠬᠤ ᠲᠠᠷᠤᠭ᠎ᠠ ᠶᠦᠨ ᠰᠢᠶᠣᠣ ᠡᠴᠡ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠲᠤᠭᠤᠷᠢᠨ ᠪᠠᠶᠢᠴᠠᠭᠠᠯᠳᠠ ᠶᠢᠨ ︽ᠡᠷᠭᠢᠨ ᠬᠠᠷᠠᠬᠤ︾ ᠠᠵᠢᠯᠯᠠᠭ᠎ᠠ  ᠶᠢᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠠᠷᠤᠭ᠎ᠠ᠂ ᠲᠡᠳ᠋ ᠲᠤᠭᠤᠶᠢᠯᠠᠩ ᠤᠨ ᠲᠠᠷᠤᠭ᠎ᠠ ᠵᠢᠴᠢ ᠭᠡᠰᠢᠭᠦᠨ ‍ᠣ ᠨᠡᠷᠡᠰ ᠢ ᠨᠡᠶᠢᠳᠡᠯᠡᠵᠦ᠂ ᠰᠠᠬᠢᠯᠭ᠎ᠠ ᠪᠠᠳᠤ ᠪᠠᠶᠢᠴᠠᠭᠠᠬᠤ ᠲᠤᠭᠤᠶᠢᠯᠠᠩ ᠤᠨ ᠲᠠᠷᠤᠭ᠎ᠠ ᠶᠤᠸᠠᠢ ᠱᠢ ᠭᠤᠸᠠᠩ ᠡᠴᠡ ᠲᠤᠭᠤᠷᠢᠨ ᠪᠠᠶᠢᠴᠠᠭᠠᠯᠳᠠ ᠶᠢᠨ ︽ᠡᠷᠭᠢᠨ ᠬᠠᠷᠠᠬᠤ︾ ᠠᠵᠢᠯᠯᠠᠭ᠎ᠠ ᠳᠦ ᠲᠦᠪᠯᠡᠷᠡᠵᠦ ᠪᠠᠶᠢᠭ᠎ᠠ ᠭᠤᠤᠯ ᠠᠰᠠᠭᠤᠳᠠᠯ᠂ ᠰᠢᠪᠠᠳᠠᠨ ᠪᠠᠶᠢᠴᠠᠭᠠᠬᠤ ᠠᠵᠢᠯ ᠤᠨ ᠵᠠᠩᠭᠢᠯᠠᠭ᠎ᠠ ᠶᠢᠨ ᠭᠤᠭᠴᠤᠭ᠎ᠠ ᠭᠡᠬᠦ ᠬᠤᠶᠠᠷ ᠲᠠᠯ᠎ᠠ ᠪᠡᠷ ᠲᠤᠭᠤᠷᠢᠨ ᠪᠠᠶᠢᠴᠠᠭᠠᠯᠳᠠ ᠶᠢᠨ︽ᠡᠷᠭᠢᠨ ᠬᠠᠷᠠᠬᠤ︾ ᠠᠵᠢᠯᠯᠠᠭ᠎ᠠ ᠪᠠ ᠰᠢᠪᠠᠳᠠᠨ ᠪᠠᠶᠢᠴᠠᠭᠠᠬᠤ ᠠᠵᠢᠯ ᠳᠤ ᠪᠤᠳᠠᠳᠠᠢ ᠪᠠᠶᠢᠷᠢᠯᠠᠭᠤᠯᠤᠯᠳᠠ ᠬᠢᠪᠡ᠃

    ᠮᠠ ᠶᠦᠩ ᠱᠧᠩ ᠡᠴᠡ ᠵᠢᠭᠠᠭᠰᠠᠨ ᠨᠢ᠂ ᠲᠤᠭᠤᠷᠢᠨ ᠪᠠᠶᠢᠴᠠᠭᠠᠬᠤ ᠪᠤᠯ ᠨᠠᠮ ᠤᠨ ᠲᠤᠳᠤᠭᠠᠳᠤᠬᠢ ᠬᠢᠨᠠᠯᠳᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠦᠷᠢᠮ ᠦᠨ ᠲᠤᠬᠢᠷᠠᠭᠤᠯᠤᠯᠳᠠ ᠪᠤᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠡᠴᠡ ᠨᠠᠰᠢ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠤᠭᠤᠷᠢᠨ ᠪᠠᠶᠢᠴᠠᠭᠠᠬᠤ ᠠᠵᠢᠯ ᠢ ᠲᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠰᠢ ᠵᠢᠨ ᠫᠢᠩ ᠶᠡᠷᠦᠩᠬᠡᠢ ᠱᠦᠵᠢ ᠡᠴᠡ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠰᠢᠷᠢᠰ ᠴᠢᠬᠤᠯᠠ ᠶᠠᠷᠢᠶ᠎ᠠ ᠢᠯᠡᠳᠭᠡᠵᠦ᠂ ᠲᠤᠭᠤᠷᠢᠨ ᠪᠠᠶᠢᠴᠠᠭᠠᠬᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠰᠢᠷᠢᠰ ᠰᠢᠢᠳᠪᠦᠷᠢ ᠪᠠᠶᠢᠷᠢᠯᠠᠭᠤᠯᠤᠯᠳᠠ ᠬᠢᠵᠡᠢ᠃ ᠰᠢᠨ᠎ᠡ ᠪᠠᠷ ᠵᠠᠰᠠᠪᠤᠷᠢ ᠤᠷᠤᠭᠤᠯᠤᠭᠰᠠᠨ︽ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠤᠷᠢᠨ ᠪᠠᠶᠢᠴᠠᠭᠠᠬᠤ ᠠᠵᠢᠯ ᠤᠨ ᠲᠦᠷᠢᠮ︾ ᠨᠢ ᠲᠤᠭᠤᠷᠢᠨ ᠪᠠᠶᠢᠴᠠᠭᠠᠬᠤ ᠠᠵᠢᠯ ᠤᠨ ᠦᠢᠯᠡᠳᠦᠯᠭᠡ ᠪᠠ ᠰᠢᠨ᠎ᠡ ᠶᠢ ᠡᠭᠦᠳᠦᠭᠰᠡᠨ ᠪᠦᠳᠦᠭᠡᠯ ᠢ ᠬᠤᠷᠢᠶᠠᠩᠭᠤᠶᠢᠯᠠᠨ ᠰᠢᠩᠭᠡᠭᠡᠵᠦ᠂ ᠲᠦᠪ ᠪᠠ ᠤᠯᠤᠰ ᠤᠨ ᠪᠠᠶᠢᠭᠤᠯᠭ᠎ᠠ ᠶᠢᠨ ᠲᠤᠭᠤᠷᠢᠨ ᠪᠠᠶᠢᠴᠠᠭᠠᠬᠤ ᠠᠵᠢᠯ᠂ ᠬᠤᠲᠡ ᠰᠢᠶᠠᠨ ‍ᠣ ᠰᠢᠪᠠᠳᠠᠨ ᠪᠠᠶᠢᠴᠠᠭᠠᠬᠤ ᠠᠵᠢᠯ᠂ ᠨᠢᠭᠡ ᠬᠤᠭᠤᠴᠠᠭᠠᠨ ‍ᠣ ᠲᠤᠰᠢᠶᠠᠯ ᠤᠨ ᠬᠤᠭᠤᠴᠠᠭᠠᠨ ᠲᠤᠳᠤᠷ᠎ᠠ ᠲᠤᠭᠤᠷᠢᠨ ᠪᠠᠶᠢᠴᠠᠭᠠᠯᠳᠠ ᠶᠢ ᠪᠦᠷᠬᠦᠭᠦᠯᠬᠦ ᠵᠡᠷᠭᠡ ᠲᠠᠯ᠎ᠠ ᠪᠠᠷ ᠲᠤᠳᠤᠷᠬᠠᠢ ᠲᠤᠭᠳᠠᠭᠠᠵᠤ᠂ ᠪᠢᠳᠡᠨ ᠳᠦ ᠰᠠᠬᠢᠯᠭ᠎ᠠ ᠪᠠᠳᠤ ᠲᠦᠷᠢᠮ ᠲᠤᠭᠳᠠᠭᠠᠯ ᠶᠤᠰᠤᠭᠠᠷ ᠲᠤᠭᠤᠷᠢᠨ ᠪᠠᠶᠢᠴᠠᠭᠠᠯᠳᠠ ᠶᠢᠨ︽ ᠡᠷᠭᠢᠨ ᠬᠠᠷᠠᠬᠤ︾ ᠠᠵᠢᠯᠯᠠᠭ᠎ᠠ ᠦᠷᠨᠢᠭᠦᠯᠬᠦ᠂ ᠦᠨᠳᠦᠰᠦᠨ ᠱᠠᠳᠤᠨ ‍ᠣ ᠪᠠᠶᠢᠴᠠᠭᠠᠬᠤ ᠬᠤᠷᠢᠶ᠎ᠠ ᠶᠢ ᠰᠢᠪᠠᠳᠠᠨ ᠪᠠᠶᠢᠴᠠᠭᠠᠬᠤ ᠶᠢ ᠪᠦᠬᠦ ᠲᠠᠯ᠎ᠠ ᠪᠠᠷ ᠦᠷᠨᠢᠭᠦᠯᠬᠦ᠂ ᠲᠤᠭᠤᠷᠢᠨ ᠪᠠᠶᠢᠴᠠᠭᠠᠬᠤ ᠠᠵᠢᠯ ᠤᠨ ᠭᠦᠨᠵᠡᠭᠡᠢ ᠬᠦᠭᠵᠢᠭᠦᠯᠬᠦ ᠶᠢ ᠠᠬᠢᠭᠤᠯᠬᠤ ᠳᠤ ᠲᠦᠷᠢᠮ ᠦᠨ ᠪᠠᠳᠤᠯᠠᠭ᠎ᠠ ᠪᠠ ᠦᠨᠳᠦᠰᠦᠨ ᠵᠢᠷᠦᠮ ᠬᠠᠩᠭᠠᠭᠰᠠᠨ ᠪᠠᠶᠢᠨ᠎ᠠ᠃

    ᠮᠠ ᠶᠦᠩ ᠱᠧᠩ ᠡᠴᠡ ᠴᠢᠬᠤᠯᠠᠴᠢᠯᠠᠭᠰᠠᠨ ᠨᠢ᠂ ᠲᠦᠪ ᠦᠨ ᠲᠤᠭᠤᠷᠢᠨ ᠪᠠᠶᠢᠴᠠᠠᠭᠠᠯᠳᠠ ᠶᠢᠨ︽ᠡᠷᠭᠢᠨ ᠬᠠᠷᠠᠬᠤ︾ ᠠᠵᠢᠯᠯᠠᠭ᠎ᠠ ᠶᠢᠨ ᠱᠠᠭᠠᠷᠳᠠᠯᠭ᠎ᠠ ᠶᠤᠰᠤᠭᠠᠷ᠂ ᠤᠯᠤᠰ ᠲᠦᠷᠦᠴᠢ ᠴᠢᠨᠠᠷ ᠪᠠ ᠤᠯᠤᠰ ᠲᠦᠷᠦ ᠶᠢᠨ ᠰᠠᠬᠢᠯᠭ᠎ᠠ ᠪᠠᠳᠤ ᠶᠢ ᠤᠯᠠᠮ ᠨᠢᠭᠡ ᠠᠯᠬᠤᠮ ᠲᠤᠪᠤᠶᠢᠯᠭᠠᠵᠤ᠂ ᠲᠦᠪ ᠦᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠳ᠋ᠡᠬᠢ ᠲᠤᠰᠬᠠᠢ ᠲᠤᠭᠤᠷᠢᠨ ᠪᠠᠶᠢᠴᠠᠭᠠᠯᠳᠠ ᠪᠠ ᠦᠪᠡᠷᠳᠡᠭᠡᠨ ᠵᠠᠰᠠᠬᠤ ᠤᠷᠤᠨ ‍ᠣ ᠨᠠᠮ ᠤᠨ ᠬᠤᠷᠢᠶᠠᠨ ᠳ᠋ᠡᠬᠢ ᠲᠤᠭᠤᠷᠢᠨ ᠪᠠᠶᠢᠴᠠᠭᠠᠯᠳᠠ ᠶᠢᠨ︽ᠡᠷᠭᠢᠨ ᠬᠠᠷᠠᠬᠤ︾ ᠠᠵᠢᠯᠯᠠᠭ᠎ᠠ ᠶᠢᠨ ᠬᠠᠷᠢᠭᠤ ᠲᠤᠰᠬᠠᠭᠰᠠᠨ ᠰᠠᠨᠠᠯ ᠲᠠᠢ ᠴᠢᠩᠭ᠎ᠠ ᠬᠠᠷᠠᠭᠠᠯᠵᠠᠭᠤᠯᠵᠤ᠂ ᠰᠢᠢᠳᠪᠦᠷᠢᠯᠡᠭᠡ ᠦᠭᠡᠢ ᠠᠰᠠᠭᠤᠳᠠᠯ ᠢ ᠲᠠᠬᠢᠨ ᠤᠶᠢᠯᠠᠭᠠᠵᠤ᠂ ᠢᠯᠡᠷᠡᠭᠦᠯᠦᠭᠡ ᠦᠭᠡᠢ ᠠᠰᠠᠭᠤᠳᠠᠯ ᠢ ᠲᠠᠬᠢᠨ ᠢᠯᠡᠷᠡᠭᠦᠯᠵᠦ᠂ ᠲᠤᠶᠢᠯᠪᠤᠷᠢᠳᠠᠢ ᠴᠡᠭᠴᠡᠯᠡᠭᠡ ᠦᠭᠡᠢ ᠠᠰᠠᠭᠤᠳᠠᠯ ᠢ ᠲᠠᠬᠢᠨ ᠴᠡᠭᠴᠡᠯᠡᠵᠦ᠂ ᠴᠢᠩᠭ᠎ᠠ ᠬᠦᠴᠦᠳᠡᠢ ᠨᠦᠯᠦᠭᠡᠯᠡᠬᠦ ᠬᠦᠴᠦᠨ ᠢ ᠪᠤᠢ ᠪᠤᠯᠭᠠᠬᠤ ᠬᠡᠷᠡᠭᠳᠡᠢ᠃

    ᠮᠠ ᠶᠦᠩ ᠱᠧᠩ ᠡᠴᠡ ᠵᠢᠭᠠᠭᠰᠠᠨ ᠨᠢ᠂ ᠰᠢᠪᠠᠳᠠᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠵᠤ᠂ ᠲᠤᠭᠤᠷᠢᠨ ᠪᠠᠶᠢᠴᠠᠭᠠᠯᠳᠠ ᠶᠢ ᠦᠨᠳᠦᠰᠦᠨ ᠱᠠᠳᠤᠨ ‍ᠣ ᠨᠠᠮ ᠤᠨ ᠵᠤᠬᠢᠶᠠᠨ ᠪᠠᠶᠢᠭᠤᠯᠤᠯᠳᠠ ᠲᠡᠰᠢ ᠦᠷᠭᠡᠳᠭᠡᠬᠦ ᠶᠢ ᠠᠬᠢᠭᠤᠯᠵᠤ᠂ ᠪᠠᠶᠢᠴᠠᠭᠠᠬᠤ ᠶᠢ ᠴᠢᠩᠭ᠎ᠠ ᠵᠠᠰᠠᠬᠤ ︽ᠬᠠᠮᠤᠭ ᠡᠴᠦᠰ ᠦᠨ ᠨᠢᠭᠡ ᠺᠢᠯᠤᠮᠧᠲᠷ︾ ᠢ ᠨᠡᠪᠳᠡᠷᠡᠭᠦᠯᠵᠦ᠂ ᠪᠦᠷᠬᠦᠴᠡ ᠪᠠ ᠭᠦᠨᠴᠡ ᠶᠢᠨ ᠲᠠᠯ᠎ᠠ ᠪᠠᠷ ᠪᠦᠬᠦᠨ ᠢ ᠬᠠᠮᠤᠷᠤᠭᠰᠠᠨ ᠲᠤᠭᠤᠷᠢᠨ ᠪᠠᠶᠢᠴᠠᠭᠠᠯᠳᠠ ᠶᠢᠨ ᠰᠢᠪᠠᠳᠠᠨ ᠪᠠᠶᠢᠴᠠᠭᠠᠬᠤ ᠰᠢᠨ᠎ᠡ ᠪᠠᠶᠢᠷᠢᠰᠢᠯ ᠤᠨ ᠪᠦᠷᠢᠯᠳᠦᠬᠦ ᠶᠢ ᠠᠬᠢᠭᠤᠯᠬᠤ ᠬᠡᠷᠡᠭᠳᠡᠢ᠃ ᠨᠢᠭᠡ ᠳᠦ ︽ᠪᠠᠶᠢᠴᠠᠭᠠᠬᠤ︾ ᠰᠠᠭᠤᠷᠢ ᠶᠢ ᠪᠠᠳᠤᠳᠬᠠᠵᠤ᠂ ᠰᠢᠪᠠᠳᠠᠨ ᠪᠠᠶᠢᠴᠠᠭᠠᠬᠤ ᠶᠢᠨ ᠭᠤᠤᠯᠳᠠᠯᠭ᠎ᠠ ᠶᠢ ᠠᠳᠬᠤᠬᠤ ᠬᠡᠷᠡᠭᠳᠡᠢ᠃ ᠬᠤᠶᠠᠷ ᠲᠤ ︽ᠴᠢᠩᠭ᠎ᠠ︾ ᠶᠢᠨ ᠱᠠᠭᠠᠷᠳᠠᠯᠭ᠎ᠠ ᠶᠢ ᠲᠤᠪᠤᠶᠢᠯᠭᠠᠵᠤ᠂ ᠰᠢᠪᠠᠳᠠᠨ ᠪᠠᠶᠢᠴᠠᠭᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠬᠡᠷᠡᠭᠳᠡᠢ᠃ ᠭᠤᠷᠪᠠ ᠳᠤ ︽ᠵᠠᠰᠠᠬᠤ︾ ᠶᠢᠨ ᠵᠤᠷᠢᠯᠭ᠎ᠠ ᠶᠢ ᠢᠯᠡᠷᠡᠭᠦᠯᠦᠨ᠂ ᠦᠩᠭᠡ ᠦᠨᠳᠦᠰᠦ ᠶᠢ ᠵᠡᠷᠭᠡᠪᠡᠷ ᠵᠠᠰᠠᠬᠤ ᠶᠢ ᠠᠬᠢᠭᠤᠯᠬᠤ ᠬᠡᠷᠡᠭᠳᠡᠢ᠃

    ᠮᠠ ᠶᠦᠩ ᠱᠧᠩ ᠡᠴᠡ ᠴᠢᠬᠤᠯᠠᠴᠢᠯᠠᠭᠰᠠᠨ ᠨᠢ᠂ ᠲᠤᠰ ᠤᠳᠠᠭᠠᠨ ‍ᠣ ᠲᠤᠭᠤᠷᠢᠨ ᠪᠠᠶᠢᠴᠠᠭᠠᠯᠳᠠ ᠶᠢᠨ ᠰᠢᠪᠠᠳᠠᠨ ᠪᠠᠶᠢᠴᠠᠭᠠᠬᠤ ᠠᠵᠢᠯ ᠤᠨ ᠴᠠᠭ ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠦᠨᠳᠦᠷ᠂ ᠲᠤᠭᠤᠷᠢᠨ ᠪᠠᠶᠢᠴᠠᠭᠠᠯᠳᠠ ᠶᠢᠨ ᠰᠢᠪᠠᠳᠠᠨ ᠪᠠᠶᠢᠴᠠᠭᠠᠭᠳᠠᠬᠤ ᠪᠠᠶᠢᠴᠠᠭᠠᠬᠤ ᠬᠤᠷᠢᠶᠠᠨ ‍ᠣ ᠨᠠᠮ ᠤᠨ ᠤᠳᠤᠷᠢᠳᠬᠤ ᠲᠤᠭᠤᠶᠢᠯᠠᠩ ᠪᠠ ᠪᠦᠬᠦ ᠪᠠᠶᠢᠴᠠᠭᠠᠬᠤ ᠠᠵᠢᠯᠳᠠᠨ ᠡᠴᠡ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠶᠢᠨ ᠨᠢᠭᠡᠳᠦᠯᠳᠡᠢ ᠪᠠᠶᠢᠷᠢᠯᠠᠭᠤᠯᠤᠯᠳᠠ ᠶᠢᠨ ᠶᠤᠰᠤᠭᠠᠷ᠂ ᠡᠷᠡᠰ ᠴᠢᠩᠭ᠎ᠠ ᠤᠪᠤᠷ᠂ ᠨᠢᠭᠳᠠ ᠵᠤᠬᠢᠶᠠᠨ ᠪᠠᠶᠢᠭᠤᠯᠤᠯᠳᠠ᠂ ᠬᠦᠴᠦᠳᠡᠢ ᠠᠷᠭ᠎ᠠ ᠬᠡᠮᠵᠢᠶ᠎ᠡ ᠪᠡᠷ ᠲᠤᠭᠤᠷᠢᠨ ᠪᠠᠶᠢᠴᠠᠠᠭᠠᠯᠳᠠ ᠶᠢᠨ︽ᠡᠷᠭᠢᠨ ᠬᠠᠷᠠᠬᠤ︾ ᠠᠵᠢᠯᠯᠠᠭ᠎ᠠ ᠪᠠ ᠰᠢᠪᠠᠳᠠᠨ ᠪᠠᠶᠢᠴᠠᠭᠠᠬᠤ ᠠᠵᠢᠯᠯᠠᠭ᠎ᠠ ᠶᠢᠨ ᠪᠤᠳᠠᠳᠠᠢ ᠦᠷ᠎ᠡ ᠪᠦᠳᠦᠮᠵᠢ ᠤᠯᠬᠤ ᠶᠢ ᠠᠬᠢᠭᠤᠯᠬᠤ ᠬᠡᠷᠡᠭᠳᠡᠢ᠃ ᠲᠤᠭᠤᠷᠢᠨ ᠪᠠᠶᠢᠴᠠᠭᠠᠯᠳᠠ ᠶᠢᠨ ᠰᠢᠪᠠᠳᠠᠨ ᠪᠠᠶᠢᠴᠠᠭᠠᠭᠳᠠᠬᠤ ᠪᠠᠶᠢᠴᠠᠭᠠᠬᠤ ᠬᠤᠷᠢᠶᠠᠨ ‍ᠣ ᠨᠠᠮ ᠤᠨ ᠤᠳᠤᠷᠢᠳᠬᠤ ᠲᠤᠭᠤᠶᠢᠯᠠᠩ ᠡᠴᠡ ᠰᠠᠶᠢᠨ ᠲᠤᠷ᠎ᠠ ᠡᠴᠡ ᠪᠠᠨ ᠲᠤᠭᠤᠷᠢᠨ ᠪᠠᠶᠢᠴᠠᠭᠠᠯᠳᠠ ᠶᠢᠨ ᠰᠢᠪᠠᠳᠠᠨ ᠪᠠᠶᠢᠴᠠᠭᠠᠯᠳᠠ ᠶᠢ ᠬᠦᠯᠢᠶᠡᠬᠦ ᠬᠡᠷᠡᠭᠳᠡᠢ᠃ ᠲᠤᠭᠤᠷᠢᠨ ᠪᠠᠶᠢᠴᠠᠭᠠᠯᠳᠠ ᠶᠢᠨ ᠰᠢᠪᠠᠳᠠᠨ ᠪᠠᠶᠢᠴᠠᠭᠠᠬᠤ ᠠᠵᠢᠯ ᠤᠨ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠶᠢ ᠴᠢᠩᠭᠠᠳᠬᠠᠬᠤ ᠬᠡᠷᠡᠭᠳᠡᠢ᠃ ᠨᠠᠮᠴᠢ ᠴᠢᠨᠠᠷ ᠰᠠᠶᠢᠨ᠂ ᠠᠵᠢᠯ ᠤᠨ ᠴᠢᠳᠠᠪᠦᠷᠢ ᠪᠠᠷ ᠴᠢᠩᠭ᠎ᠠ᠂ ᠰᠤᠷᠳᠠᠯ ᠲᠦᠪ᠂ ᠡᠷᠬᠡ ᠬᠦᠨᠳᠦᠳᠡᠢ ᠨᠦᠬᠦᠷ ᠢ ᠰᠢᠯᠢᠵᠦ ᠲᠤᠭᠤᠷᠢᠨ ᠪᠠᠶᠢᠴᠠᠭᠠᠯᠳᠠ ᠶᠢᠨ ᠰᠢᠪᠠᠳᠠᠨ ᠪᠠᠶᠢᠴᠠᠭᠠᠬᠤ ᠲᠤᠭᠤᠶᠢᠯᠠᠩ ᠤᠨ ᠲᠠᠷᠤᠭ᠎ᠠ ᠪᠤᠯᠭᠠᠵᠤ᠂ ᠮᠤᠷᠠᠯ ᠡᠷᠳᠡᠮ ᠬᠤᠤᠰᠯᠠᠭᠰᠠᠨ ᠰᠢᠯᠢᠳᠡᠭ ᠴᠢᠳᠠᠪᠦᠷᠢᠳᠡᠨ ᠢ ᠰᠢᠯᠢᠨ ᠲᠤᠭᠤᠷᠢᠨ ᠪᠠᠶᠢᠴᠠᠭᠠᠯᠳᠠ ᠶᠢᠨ ᠰᠢᠪᠠᠳᠠᠨ ᠪᠠᠶᠢᠴᠠᠭᠠᠬᠤ ᠲᠤᠭᠤᠶᠢᠯᠠᠩ ᠳᠦ ᠤᠷᠤᠭᠤᠯᠵᠤ᠂ ᠲᠤᠰᠬᠠᠢ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠳᠡᠢ᠃ ᠲᠤᠭᠤᠷᠢᠨ ᠪᠠᠶᠢᠴᠠᠭᠠᠯᠳᠠ ᠶᠢᠨ ᠰᠢᠪᠠᠳᠠᠨ ᠪᠠᠶᠢᠴᠠᠭᠠᠬᠤ ᠲᠤᠭᠤᠶᠢᠯᠠᠩ ᠲᠤᠳᠤᠷ᠎ᠠ ᠲᠦᠷ ᠴᠠᠭ ᠤᠨ ᠨᠠᠮ ᠤᠨ ᠡᠭᠦᠷ ᠪᠠᠶᠢᠭᠤᠯᠬᠤ ᠶᠢ ᠪᠠᠷᠢᠮᠳᠠᠯᠠᠵᠤ᠂ ᠨᠠᠮ ᠤᠨ ᠡᠭᠦᠷ ᠦᠨ ᠪᠠᠶᠢᠯᠳᠤᠭᠠᠨ ‍ᠣ ᠪᠡᠬᠢᠯᠡᠯᠳᠡ ᠶᠢᠨ ᠦᠢᠯᠡᠳᠦᠯ ᠢ ᠪᠠᠳᠠᠷᠠᠭᠤᠯᠵᠤ᠂ ᠲᠤᠭᠤᠷᠢᠨ ᠪᠠᠶᠢᠴᠠᠭᠠᠯᠳᠠ ᠶᠢᠨ ᠰᠢᠪᠠᠳᠠᠨ ᠪᠠᠶᠢᠴᠠᠭᠠᠬᠤ ᠡᠭᠦᠷᠭᠡ ᠶᠢ ᠪᠦᠳᠦᠮᠵᠢᠳᠠᠢ ᠪᠡᠶᠡᠯᠡᠭᠦᠯᠬᠦ ᠶᠢ ᠪᠠᠳᠤᠯᠠᠬᠤ ᠬᠡᠷᠡᠭᠳᠡᠢ᠃

 

 


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro