ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠶᠡᠬᠡ ᠪᠠᠶᠢᠴᠠᠭᠠᠬᠤ ᠲᠤᠰᠢᠶᠠᠯᠳᠠᠨ ᠡᠴᠡ︽ < ᠦᠨᠡᠨᠴᠢ ᠰᠢᠳᠤᠷᠭᠤ᠂ ᠠᠷᠢᠭᠤᠨ ᠴᠢᠭᠡᠴᠢ᠂ ᠡᠭᠦᠷᠭᠡᠯᠡᠯ > ᠪᠦᠬᠦᠢ ᠡᠪ ᠬᠠᠮᠳᠤ ᠨᠠᠮ ᠤᠨ ᠭᠡᠰᠢᠭᠦᠨ ᠪᠤᠯᠤᠶ᠎ᠠ︾ ᠭᠡᠬᠦ ᠲᠤᠰᠬᠠᠢ ᠰᠡᠳᠦᠪᠳᠦ ᠨᠠᠮ  ᠤᠨ ᠬᠢᠴᠢᠶᠡᠯ  ᠤᠨ ᠮᠡᠳᠡᠭᠦᠯᠦᠯᠳᠡ ᠬᠢᠪᠡ

2017-09-14 10:32:48
ᠵᠣᠬᠢᠶᠠᠭᠴᠢ
ᠪᠤᠤ ᠡᠾᠦ᠋ᠢ ᠮᠧᠢ

W020170816546827404365.jpg    

    8 ᠰᠠᠷ᠎ᠠ ᠶᠢᠨ 15 ‍ᠣ ᠡᠳᠦᠷ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠪᠠᠶᠢᠴᠠᠭᠠᠬᠤ ᠲᠠᠷᠤᠭ᠎ᠠ ᠮᠠ ᠶᠦᠩ ᠱᠧᠩ ︽ ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠬᠤ ᠲᠦᠷᠢᠮᠵᠢᠭᠦᠯᠬᠦ ᠶᠢ ᠭᠦᠨᠵᠡᠭᠡᠢ ᠲᠦᠯᠬᠢᠨ ᠠᠬᠢᠭᠤᠯᠵᠤ᠂ ᠦᠨᠡᠨᠴᠢ ᠰᠢᠳᠤᠷᠭᠤ᠂ ᠠᠷᠢᠭᠤᠨ ᠴᠢᠭᠡᠴᠢ᠂ ᠡᠭᠦᠷᠭᠡᠯᠡᠯ ᠪᠦᠬᠦᠢ ᠡᠪ ᠬᠠᠮᠳᠤ ᠨᠠᠮ ᠤᠨ ᠭᠡᠰᠢᠭᠦᠨ ᠪᠤᠯᠤᠶ᠎ᠠ︾  ᠭᠡᠬᠦ ᠰᠡᠳᠦᠪ ᠢᠶᠡᠷ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠦᠬᠦ ᠺᠠᠳ᠋ᠷ ᠠᠵᠢᠯᠳᠠᠨ ᠳᠤ ᠭᠦᠨᠵᠡᠭᠡᠢ ᠮᠦᠷᠳᠡᠭᠡᠨ ᠠᠮᠢᠳᠤᠯᠢᠭ ᠨᠠᠮ ᠤᠨ ᠬᠢᠴᠢᠶᠡᠯ ᠦᠨ ᠲᠤᠰᠬᠠᠢ ᠰᠡᠳᠦᠪᠳᠦ ᠮᠡᠳᠡᠭᠦᠯᠦᠯᠳᠡ ᠬᠢᠭᠰᠡᠨ ᠪᠠᠶᠢᠨ᠎ᠠ᠃

W020170816546828349637.jpg

    ᠮᠠ ᠶᠦᠩ ᠱᠧᠩ ᠵᠢᠭᠠᠭᠰᠠᠨ ᠨᠢ᠂ ᠨᠠᠮ ᠳᠤ ᠡᠷᠡᠰ ᠰᠢᠳᠤᠷᠭᠤ ᠪᠠᠶᠢᠵᠤ᠂ ᠴᠠᠭ ᠢᠮᠠᠭᠳᠠ ᠦᠵᠡᠯ ᠰᠠᠨᠠᠭ᠎ᠠ᠂ ᠤᠯᠤᠰ ᠲᠦᠷᠦ᠂ ᠦᠢᠯᠡᠳᠦᠯᠭᠡ ᠲᠡᠭᠡᠷ᠎ᠡ ᠪᠡᠨ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠡ ᠪᠡᠷ ᠨᠢᠭᠡᠳᠦᠯᠳᠡᠢ ᠪᠠᠶᠢᠬᠤ ᠶᠢ ᠪᠠᠷᠢᠮᠳᠠᠯᠠᠬᠤ ᠬᠡᠷᠡᠭᠳᠡᠢ᠃ ᠡᠪ ᠬᠠᠮᠳᠤ ᠶᠤᠰᠤᠨ ‍ᠣ ᠢᠳᠡᠭᠡᠯ ᠬᠦᠰᠡᠯᠡᠩ ᠢ ᠪᠠᠳᠤᠳᠬᠠᠵᠤ᠂ ᠮᠠᠷᠺᠰ ᠤᠨ ᠦᠵᠡᠯ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳ᠋ᠡᠬᠢ ᠤᠳᠤᠷᠢᠳᠬᠤ ᠪᠠᠶᠢᠷᠢ ᠰᠠᠭᠤᠷᠢ ᠶᠢ ᠢᠮᠠᠭᠳᠠ ᠪᠠᠷᠢᠮᠳᠠᠯᠠᠬᠤ ᠬᠡᠷᠡᠭᠳᠡᠢ᠃ ᠲᠤᠭ ᠲᠡᠮᠳᠡᠭ ᠲᠤᠳᠤᠷᠬᠠᠢ ᠪᠠᠷ ᠤᠯᠤᠰ ᠲᠦᠷᠦ ᠶᠠᠷᠢᠵᠤ᠂ ᠤᠯᠤᠰ ᠲᠦᠷᠦ ᠶᠢᠨ ᠦᠵᠡᠯᠳᠡ ᠪᠠᠳᠤ ᠮᠠᠷᠺᠰ ᠤᠨ ᠦᠵᠡᠯᠳᠡᠨ ᠪᠤᠯᠬᠤ ᠬᠡᠷᠡᠭᠳᠡᠢ᠃ ᠤᠭ ᠰᠠᠨᠠᠭ᠎ᠠ ᠪᠠᠨ ᠮᠠᠷᠳᠠᠯ ᠦᠭᠡᠢ᠂ ᠢᠳᠡᠭᠡᠯ ᠢᠶᠡᠨ ᠡᠷᠡᠰ ᠪᠠᠷᠢᠮᠳᠠᠯᠠᠵᠤ᠂ ᠬᠠᠥᠯᠢ ᠴᠠᠭᠠᠵᠠ ᠶᠢᠨ ᠬᠢᠨᠠᠯᠳᠠ ᠲᠠᠯᠪᠢᠬᠤ ᠡᠭᠦᠷᠭᠡ ᠲᠤᠰᠢᠶᠠᠯ ᠢᠶᠠᠨ ᠦᠨᠡᠨᠴᠢ ᠰᠢᠳᠤᠷᠭᠤ ᠭᠦᠢᠴᠡᠳᠭᠡᠬᠦ ᠬᠡᠷᠡᠭᠳᠡᠢ᠃ ᠪᠠᠶᠢᠴᠠᠭᠠᠬᠤ ᠠᠵᠢᠯᠳᠠᠨ ᠪᠤᠯᠤᠭᠰᠠᠨ ‍ᠣ ᠬᠤᠪᠢ ᠳᠤ᠂ ᠠᠩᠬᠠᠨ ‍ᠣ ᠲᠠᠩᠭᠠᠷᠢᠭ ᠢᠶᠠᠨ ᠢᠮᠠᠭᠳᠠ ᠪᠠᠷᠢᠮᠳᠠᠯᠠᠵᠤ᠂ ᠤᠯᠤᠰ ᠤᠷᠤᠨ ᠳ᠋ᠠᠭᠠᠨ ᠦᠨᠡᠨᠴᠢ᠂ ᠠᠷᠠᠳ ᠲᠦᠮᠡᠨ ᠳ᠋ᠡᠭᠡᠨ ᠦᠨᠡᠨᠴᠢ᠂ ᠦᠨᠳᠦᠰᠦᠨ ᠬᠠᠥᠯᠢ ᠪᠠ ᠬᠠᠥᠯᠢ ᠴᠠᠭᠠᠵᠠ ᠳᠤ ᠦᠨᠡᠨᠴᠢ᠂ ᠬᠠᠥᠯᠢ ᠴᠠᠭᠠᠵᠠ ᠶᠢᠨ ᠬᠢᠨᠠᠯᠳᠠ ᠲᠠᠯᠪᠢᠬᠤ ᠡᠭᠦᠷᠭᠡ ᠲᠤᠰᠢᠶᠠᠯ ᠢᠶᠠᠨ ᠦᠨᠡᠨᠴᠢ ᠰᠢᠳᠤᠷᠭᠤ ᠭᠦᠢᠴᠡᠳᠭᠡᠵᠦ᠂ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠶᠤᠰᠤ ᠰᠤᠷᠳᠠᠬᠤᠨ ᠢ ᠪᠠᠷᠢᠮᠳᠠᠯᠠᠵᠤ᠂ ᠲᠦᠪ ᠭᠤᠤᠯᠴᠢ ᠶᠢ ᠬᠠᠮᠠᠭᠠᠯᠠᠨ᠂ ᠬᠠᠥᠯᠢ ᠲᠦᠷᠢᠮ ᠦᠨ ᠨᠢᠭᠡᠳᠦᠯᠳᠡᠢ ᠪᠠᠶᠢᠬᠤ ᠶᠢ ᠬᠠᠮᠠᠭᠠᠯᠠᠨ᠂ ᠰᠡᠳᠭᠢᠯ ᠵᠢᠷᠦᠬᠡᠨ ᠳ᠋ᠡᠭᠡᠨ ᠦᠨᠢᠳᠡ ᠠᠷᠠᠳ ᠲᠦᠮᠡᠨ ‍ᠣ ᠡᠮᠦᠨ᠎ᠡ ᠡᠴᠡ ᠰᠡᠳᠭᠢᠨ᠂ ᠵᠦᠪᠬᠡᠨ ᠬᠠᠥᠯᠢ ᠴᠠᠭᠠᠵᠠ ᠪᠠᠷ ᠬᠡᠮᠵᠢᠭᠦᠷ ᠪᠤᠯᠭᠠᠬᠤ ᠬᠡᠷᠡᠭᠳᠡᠢ᠃

    ᠮᠠ ᠶᠦᠩ ᠱᠧᠩ ᠴᠢᠬᠤᠯᠠᠴᠢᠯᠠᠭᠰᠠᠨ ᠨᠢ᠂ ᠢᠮᠠᠭᠳᠠ ᠠᠷᠠᠳ ᠲᠦᠮᠡᠨ ᠢ ᠪᠤᠳᠤᠵᠤ᠂ ᠡᠷᠬᠡ ᠪᠡᠨ ᠬᠢᠨᠠᠮᠠᠭᠠᠢ ᠬᠡᠷᠡᠭᠵᠢᠭᠦᠯᠬᠦ ᠶᠢᠨ ᠵᠢᠱᠢᠶᠡᠴᠢ ᠪᠤᠯᠬᠤ ᠬᠡᠷᠡᠭᠳᠡᠢ᠃ ᠠᠷᠠᠳ ᠤᠨ ᠰᠡᠳᠭᠢᠯ ᠢᠶᠡᠷ ᠰᠡᠳᠭᠢᠯ ᠪᠤᠯᠭᠠᠵᠤ᠂ ᠵᠤᠷᠢᠯᠳᠠ ᠶᠢᠨ ᠦᠵᠡᠯ ᠤᠬᠠᠮᠰᠠᠷ ᠢ ᠪᠠᠳᠤ ᠪᠡᠬᠢ ᠪᠤᠢ ᠪᠤᠯᠭᠠᠬᠤ ᠬᠡᠷᠡᠭᠳᠡᠢ᠃ ᠤᠯᠠᠨ ᠲᠦᠮᠡᠨᠴᠢ ᠱᠤᠭᠤᠮ ᠢ ᠪᠠᠷᠢᠮᠳᠠᠯᠠᠵᠤ᠂ ᠠᠷᠠᠳ ᠲᠦᠮᠡᠨ ‍ᠣ ᠬᠠᠨᠤᠮᠵᠢ  ᠪᠠᠷ ᠪᠠᠶᠢᠴᠠᠭᠠᠬᠤ ᠠᠵᠢᠯ ᠢ ᠰᠢᠯᠭᠠᠬᠤ ᠦᠨᠳᠦᠰᠦᠨ ᠪᠠᠷᠢᠮᠵᠢᠶ᠎ᠠ ᠪᠤᠯᠭᠠᠬᠤ ᠬᠡᠷᠡᠭᠳᠡᠢ᠃ ᠵᠦᠪ ᠤᠨᠤᠪᠴᠢᠳᠠᠢ ᠡᠷᠬᠡ ᠶᠢᠨ ᠦᠵᠡᠯ ᠢ ᠪᠤᠢ ᠪᠤᠯᠭᠠᠵᠤ᠂ ᠴᠠᠭ ᠢᠮᠠᠭᠳᠠ ᠬᠠᠥᠯᠢ ᠶᠤᠰᠤᠭᠠᠷ ᠡᠷᠬᠡ ᠪᠡᠨ ᠬᠡᠷᠡᠭᠵᠢᠭᠦᠯᠵᠦ᠂ ᠲᠦᠪ ᠭᠤᠤᠯᠴᠢ ᠪᠠᠷ ᠡᠷᠬᠡ ᠪᠡᠨ ᠬᠡᠷᠡᠭᠵᠢᠭᠦᠯᠬᠦ ᠬᠡᠷᠡᠭᠳᠡᠢ᠃

    ᠮᠠ ᠶᠦᠩ ᠱᠧᠩ ᠵᠢᠭᠠᠭᠰᠠᠨ ᠨᠢ᠂ ᠲᠤᠰᠢᠶᠠᠯ ᠡᠭᠦᠷᠭᠡᠯᠡᠯ ᠦᠨ ᠤᠬᠠᠮᠰᠠᠷ ᠪᠠᠨ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠭᠡᠬᠦ ᠶᠠᠪᠤᠴᠠ ᠳᠤ ᠦᠨᠡᠨᠴᠢ ᠰᠢᠳᠤᠷᠭᠤ ᠪᠠᠶᠢᠬᠤ ᠶᠢ ᠢᠯᠡᠷᠡᠭᠦᠯᠬᠦ ᠬᠡᠷᠡᠭᠳᠡᠢ᠃ ᠵᠤᠷᠢᠭᠳᠠᠢ ᠡᠭᠦᠷᠭᠡᠯᠡᠵᠦ᠂ ᠤᠴᠢᠷ ᠲᠤᠬᠢᠶᠠᠯᠳᠤᠪᠠᠯ ᠬᠠᠷᠢᠭᠤᠴᠠᠯᠭ᠎ᠠ ᠪᠠᠨ ᠲᠦᠯᠬᠢᠬᠦ ᠦᠭᠡᠢ᠂ ᠬᠦᠴᠢᠷ ᠡᠴᠡ ᠬᠠᠯᠠᠰᠢᠷᠠᠬᠤ ᠦᠭᠡᠢ ᠪᠠᠶᠢᠬᠤ ᠬᠡᠷᠡᠭᠳᠡᠢ᠃ ᠵᠤᠭᠰᠤᠴᠠ ᠪᠠᠨ ᠪᠠᠷᠢᠮᠳᠠᠯᠠᠵᠤ᠂ ᠴᠢᠷᠮᠠᠶᠢᠨ ᠠᠵᠢᠯᠯᠠᠵᠤ᠂ ᠬᠤᠪᠢ ᠨᠡᠮᠡᠷᠢ ᠦᠵᠡᠭᠦᠯᠬᠦ ᠦᠢᠯᠡ ᠠᠵᠢᠯᠯᠠᠭ᠎ᠠ ᠶᠢᠨ ᠲᠤᠮᠳᠠ ᠬᠤᠪᠢ ᠬᠦᠮᠦᠨ ‍ᠣ ᠦᠨ᠎ᠡ ᠦᠷᠲᠡᠭ ᠢᠶᠡᠨ ᠪᠡᠶᠡᠯᠡᠭᠦᠯᠬᠦ ᠬᠡᠷᠡᠭᠳᠡᠢ᠃ ᠤᠷᠠᠨ ᠲᠠᠷᠬᠠᠨ ‍ᠣ ᠵᠤᠷᠢᠭ ᠰᠠᠨᠠᠭ᠎ᠠ ᠶᠢ ᠪᠠᠳᠠᠷᠠᠭᠤᠯᠵᠤ᠂ ᠨᠠᠷᠢᠨ ᠡᠴᠡ ᠨᠠᠷᠢᠨ᠂ ᠰᠢᠯᠢᠳᠡᠭ ᠢ ᠬᠦᠭᠡᠭᠡᠴᠡᠯᠳᠦᠬᠦ ᠨᠡᠩ ᠦᠨᠳᠦᠷ ᠪᠠᠷᠢᠮᠵᠢᠶ᠎ᠠ ᠪᠡᠷ ᠪᠠᠶᠢᠴᠠᠭᠠᠬᠤ ᠠᠵᠢᠯ ᠤᠨ ᠴᠢᠨᠠᠷ ᠢ ᠲᠡᠭᠡᠭᠰᠢᠯᠡᠭᠦᠯᠬᠦ ᠬᠡᠷᠡᠭᠳᠡᠢ᠃

    ᠮᠠ ᠶᠦᠩ ᠱᠧᠩ ᠱᠠᠭᠠᠷᠳᠠᠭᠰᠠᠨ ᠨᠢ᠂ ᠰᠠᠬᠢᠯᠭ᠎ᠠ ᠪᠠᠳᠤ ᠶᠢᠨ ᠬᠤᠷᠢᠭ᠎ᠠ ᠱᠤᠭᠤᠮ ᠢ ᠡᠷᠡᠰ ᠪᠠᠷᠢᠮᠳᠠᠯᠠᠵᠤ᠂ ᠡᠪ ᠬᠠᠮᠳᠤ ᠨᠠᠮ ᠤᠨ ᠭᠡᠰᠢᠭᠦᠨ ‍ᠣ ᠤᠯᠤᠰ ᠲᠦᠷᠦ ᠶᠢᠨ ᠮᠦᠨ ᠴᠢᠨᠠᠷ ᠢ ᠬᠠᠮᠠᠭᠠᠯᠠᠬᠤ ᠬᠡᠷᠡᠭᠳᠡᠢ᠃ ᠲᠦᠪ ᠴᠢᠩᠭ᠎ᠠ ᠰᠠᠬᠢᠯᠭ᠎ᠠ ᠪᠠᠳᠤ ᠪᠤᠯ ᠮᠠᠨ ‍ᠣ ᠨᠠᠮ ᠤᠨ ᠴᠡᠴᠡᠭᠯᠡᠨ ᠬᠦᠭᠵᠢᠬᠦ ᠶᠢᠨ ᠠᠮᠢᠵᠢᠷᠠᠯ ᠤᠨ ᠱᠤᠭᠤᠮ᠂ ᠨᠠᠮ ᠢ ᠵᠠᠰᠠᠬᠤ ᠶᠢᠨ ᠬᠡᠷᠡᠭᠴᠡᠭᠡ᠂ ᠨᠠᠮ ᠢ ᠬᠦᠴᠦᠷᠬᠡᠭᠵᠢᠭᠦᠯᠬᠦ ᠶᠢᠨ ᠵᠠᠩᠭᠢᠯᠠᠭ᠎ᠠ ᠪᠤᠯᠤᠨ᠎ᠠ᠃ ᠦᠵᠡᠯ ᠰᠠᠨᠠᠭ᠎ᠠ ᠶᠤᠰᠤ ᠮᠤᠷᠠᠯ ᠤᠨ ᠪᠤᠯᠪᠠᠰᠤᠷᠠᠯ ᠢ ᠴᠢᠩᠭᠠᠳᠬᠠᠵᠤ᠂ ᠵᠠᠩ ᠮᠤᠷᠠᠯ ᠬᠢᠷᠢ ᠲᠡᠩᠴᠡᠭᠰᠡᠨ ᠡᠪ ᠬᠠᠮᠳᠤ ᠨᠠᠮ ᠤᠨ ᠭᠡᠰᠢᠭᠦᠨ ᠪᠤᠯᠬᠤ ᠬᠡᠷᠡᠭᠳᠡᠢ᠃ ᠪᠡᠶ᠎ᠡ ᠪᠡᠨ ᠴᠢᠩᠭ᠎ᠠ ᠪᠠᠷᠢᠵᠤ᠂ ᠰᠠᠬᠢᠯᠭ᠎ᠠ ᠪᠠᠳᠤ ᠶᠢ ᠬᠡᠷᠡᠭᠵᠢᠭᠦᠯᠬᠦ ᠲᠠᠯ᠎ᠠ ᠪᠠᠷ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ ᠬᠡᠷᠡᠭᠳᠡᠢ᠃ ᠪᠠᠶᠢᠴᠠᠭᠠᠬᠤ ᠶᠢᠨ ᠰᠠᠬᠢᠯᠭ᠎ᠠ ᠪᠠᠳᠤ ᠶᠢ ᠴᠢᠩᠭ᠎ᠠ ᠰᠠᠬᠢᠵᠦ᠂ ᠰᠠᠬᠢᠯᠭ᠎ᠠ ᠪᠠᠳᠤ ᠴᠢᠩᠭ᠎ᠠ ᠪᠠᠶᠢᠴᠠᠭᠠᠬᠤ ᠺᠠᠳ᠋ᠷ ᠪᠤᠯᠬᠤ ᠬᠡᠷᠡᠭᠳᠡᠢ᠃

    ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠢᠭᠳᠠᠷᠠᠨ ᠪᠦᠯᠬᠦᠮᠳᠡᠵᠦ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ70 ᠵᠢᠯ ᠦᠨ ᠤᠢ ᠪᠠᠷ ᠰᠢᠨ᠎ᠡ ᠡᠬᠢᠯᠡᠯᠳᠡ ᠪᠤᠯᠭᠠᠵᠤ᠂ ᠰᠢᠷᠭᠠᠭᠤ ᠬᠠᠳᠠᠭᠤᠵᠢᠯᠳᠠᠢ ᠬᠦᠳᠡᠯᠮᠦᠷᠢᠯᠡᠬᠦ᠂ ᠪᠤᠴᠠᠯᠳᠠ ᠦᠭᠡᠢ ᠤᠷᠤᠭᠰᠢᠯᠠᠬᠤ ᠮᠤᠩᠭᠤᠯ ᠮᠤᠷᠢ ᠶᠢᠨ ᠵᠤᠷᠢᠭ ᠰᠠᠨᠠᠭ᠎ᠠ ᠶᠢ ᠬᠦᠴᠦᠳᠡᠢ ᠪᠠᠳᠠᠷᠠᠭᠤᠯᠵᠤ᠂ ᠰᠡᠳᠭᠢᠯ ᠲᠠᠯᠪᠢᠨ ᠪᠦᠬᠦ ᠬᠦᠴᠦᠨ ᠢᠶᠡᠷ ᠡᠳᠦᠷ ᠪᠦᠷᠢ ᠶᠢᠨ ᠠᠵᠢᠯ ᠢ ᠰᠠᠶᠢᠨ ᠳᠤᠷ᠎ᠠ ᠡᠴᠡ ᠪᠡᠨ ᠬᠢᠵᠦ᠂ ︽ ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠭᠤᠯᠬᠤ ᠲᠦᠷᠢᠮᠵᠢᠭᠦᠯᠬᠦ ᠶᠢ ᠲᠦᠯᠬᠢᠨ ᠠᠬᠢᠭᠤᠯᠵᠤ᠂ ᠪᠠᠶᠢᠴᠠᠭᠠᠬᠤ ᠡᠭᠦᠷᠭᠡ ᠴᠢᠳᠠᠪᠬᠢ ᠪᠠᠨ ᠨᠡᠩ ᠰᠠᠶᠢᠨ ᠭᠦᠢᠴᠡᠳᠭᠡᠵᠦ᠂ ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠱᠤᠭᠤᠮ ᠢ ᠪᠦᠳᠦᠭᠡᠨ ᠪᠠᠶᠢᠭᠤᠯᠬᠤ ᠪᠠ ᠤᠳᠤᠬᠢᠴᠢᠯᠠᠭᠰᠠᠨ ᠦᠪᠦᠷ ᠮᠤᠩᠭᠤᠯ ᠢ ᠪᠦᠬᠦ ᠲᠠᠯ᠎ᠠ ᠪᠡᠷ ᠪᠦᠳᠦᠭᠡᠨ ᠪᠠᠶᠢᠭᠤᠯᠬᠤ ᠳᠤ ᠬᠠᠥᠯᠢ ᠴᠠᠭᠠᠵᠠ ᠶᠢᠨ ᠬᠦᠴᠦᠳᠡᠢ ᠪᠠᠳᠤᠯᠠᠭ᠎ᠠ ᠬᠠᠩᠭᠠᠵᠤ᠂ ᠰᠢᠯᠢᠳᠡᠭ ᠬᠢᠷᠢ ᠪᠦᠳᠦᠮᠵᠢ ᠪᠡᠷ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠪᠠᠶᠠᠷᠯᠠᠨ ᠤᠭᠳᠤᠶ᠎ᠠ ᠭᠡᠵᠡᠢ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro