ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠭᠡᠷᠡᠯ ᠰᠠᠴᠤᠷᠠᠩᠭᠤᠢ ᠤᠯᠠ ᠮᠦᠷ ᠢ ᠲᠡᠮᠳᠡᠭᠯᠡᠭᠰᠡᠨ᠂ ᠦᠪᠦᠷ ᠮᠤᠩᠭᠤᠯ ᠤᠨ ᠠᠷᠠᠳ ᠤᠨ ᠪᠠᠶᠢᠴᠠᠭᠠᠬᠤ ᠲᠡᠥᠬᠡ ᠴᠠᠳᠢᠭ ᠤᠨ ᠲᠡᠯᠭᠡᠨ ᠦᠵᠡᠭᠦᠯᠦᠯᠭᠡ ᠶᠢᠨ ᠲᠠᠩᠬᠢᠮ ᠡᠷᠦᠬᠡ ᠰᠡᠭᠦᠯ᠎ᠡ

2017-09-14 11:03:55
ᠵᠣᠬᠢᠶᠠᠭᠴᠢ
ᠪᠤᠤ ᠡᠾᠦ᠋ᠢ ᠮᠧᠢ

    8 ᠰᠠᠷ᠎ᠠ ᠶᠢᠨ 21 ‍ᠣ ᠡᠳᠦᠷ ᠤᠨ ᠦᠳᠡ ᠶᠢᠨ ᠡᠮᠦᠨ᠎ᠡ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ︽ᠦᠪᠦᠷ ᠮᠤᠩᠭᠤᠯ ᠤᠨ ᠠᠷᠠᠳ ᠤᠨ ᠪᠠᠶᠢᠴᠠᠭᠠᠬᠤ ᠲᠡᠥᠬᠡ ᠴᠠᠳᠢᠭ ᠤᠨ ᠲᠡᠯᠭᠡᠨ ᠦᠵᠡᠭᠦᠯᠦᠯᠭᠡ ᠶᠢᠨ ᠲᠠᠩᠬᠢᠮ ᠤᠨ ᠡᠷᠦᠬᠡ ᠰᠡᠭᠦᠬᠦ ᠵᠢᠴᠢ ᠪᠠᠶᠢᠴᠠᠭᠠᠬᠤ ᠪᠠᠶᠢᠭᠤᠯᠭ᠎ᠠ ᠶᠢᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠦᠨ ᠤᠢ ᠶᠢ ᠪᠡᠯᠭᠡᠯᠡᠬᠦ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠪᠦᠳᠦᠭᠡᠯ ᠦᠨ ᠲᠡᠯᠭᠡᠨ ᠦᠵᠡᠭᠦᠯᠦᠯᠭᠡ ᠶᠢᠨ ᠶᠤᠰᠤᠯᠠᠯ︾ ᠶᠠᠪᠤᠭᠤᠯᠵᠠᠢ᠃

W020170821694867291148.jpg

    ᠦᠪᠡᠷᠳᠡᠭᠡᠨ ᠵᠠᠰᠠᠬᠤ ᠤᠷᠤᠨ ‍ᠣ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ  ᠬᠤᠷᠢᠶᠠᠨ ‍ᠣ ᠲᠡᠳ᠋ ᠡᠷᠬᠢᠯᠡᠭᠴᠢ ᠬᠠᠩ ᠭᠦᠢ ᠯᠢᠨ᠂ ᠦᠪᠡᠷᠳᠡᠭᠡᠨ ᠵᠠᠰᠠᠬᠤ ᠤᠷᠤᠨ ‍ᠣ ᠲᠡᠳ᠋ ᠲᠡᠷᠢᠭᠦᠯᠡᠭᠴᠢ ᠯᠢᠦ ᠰᠢᠨ ᠯᠧ᠂ ᠦᠪᠡᠷᠳᠡᠭᠡᠨ ᠵᠠᠰᠠᠬᠤ ᠤᠷᠤᠨ ‍ᠣ ᠤᠯᠤᠰ ᠲᠦᠷᠦ ᠶᠢᠨ ᠵᠦᠪᠯᠡᠯᠭᠡᠨ ‍ᠣ ᠲᠡᠳ᠋ ᠲᠡᠷᠢᠭᠦᠯᠡᠭᠴᠢ ᠴᠠᠩ ᠬᠠᠢ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠮᠠ ᠶᠦᠩ ᠱᠧᠩ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠤᠤᠯ ᠤᠨ ᠪᠠᠶᠢᠴᠠᠭᠠᠬᠤ ᠲᠠᠷᠤᠭ᠎ᠠ ᠵᠠᠩ ᠾᠧ ᠰᠦᠩ᠂ ᠸᠠᠩ ᠱᠠᠩ ᠯᠥᠸᠧ᠂ ᠰᠢᠩ ᠪᠣᠣ ᠢᠦᠢ ᠵᠡᠷᠭᠡ ᠤᠳᠤᠷᠢᠳᠬᠤ ᠨᠦᠬᠦᠷ ᠨᠠᠷ ᠲᠡᠯᠭᠡᠨ ᠦᠵᠡᠭᠦᠯᠦᠯᠭᠡ ᠶᠢᠨ ᠶᠤᠰᠤᠯᠠᠯ ᠳᠤ ᠤᠷᠤᠯᠴᠠᠵᠠᠢ᠃ ᠶᠤᠰᠤᠯᠠᠯ ᠳᠤ ᠤᠷᠤᠯᠴᠠᠭᠰᠠᠳ ᠲᠤ ᠪᠠᠰᠠ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠦ ᠭᠡᠰᠢᠭᠦᠨ᠂ ᠤᠨᠴᠠ ᠤᠷᠢᠭᠰᠠᠨ ᠪᠠᠶᠢᠴᠠᠭᠠᠬᠤ ᠲᠤᠰᠢᠶᠠᠯᠳᠠᠨ᠂ ᠠᠷᠠᠳ ᠤᠨ ᠬᠢᠨᠠᠯᠳᠠ ᠲᠠᠯᠪᠢᠭᠴᠢ ᠪᠠ ᠰᠤᠨᠢᠨ ᠮᠡᠳᠡᠭᠡ ᠵᠠᠭᠤᠴᠢᠯᠠᠭᠤᠷ ᠤᠨ ᠰᠤᠷᠪᠤᠯᠵᠢᠯᠠᠭᠴᠢ ᠵᠢᠴᠢ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠤᠳᠤᠷᠢᠳᠬᠤ ᠪᠠᠭ ᠤᠨ ᠭᠡᠰᠢᠭᠦᠨ᠂ ᠲᠤᠰᠬᠠᠢ ᠲᠤᠰᠢᠶᠠᠯᠳᠤ ᠭᠡᠰᠢᠭᠦᠨ᠂ ᠲᠢᠩᠬᠢᠮ ᠦᠨ ᠲᠡᠰ ᠦᠨ ᠺᠠᠳ᠋ᠷ᠂ ᠪᠠᠶᠢᠭᠤᠯᠭ᠎ᠠ ᠶᠢᠨ ᠺᠠᠳ᠋ᠷ ᠴᠠᠭᠳᠠᠭ᠎ᠠ ᠪᠠᠶᠢᠨ᠎ᠠ᠃

W020170821694867692035.jpg

ᠶᠤᠰᠤᠯᠠᠯ ᠳᠤ ᠤᠷᠤᠯᠴᠠᠭᠰᠠᠨ ᠤᠳᠤᠷᠢᠳᠤᠯᠭ᠎ᠠ ᠬᠠᠮᠳᠤᠪᠠᠷ ᠲᠡᠯᠭᠡᠨ ᠦᠵᠡᠭᠦᠯᠦᠯᠭᠡ ᠶᠢᠨ ᠲᠠᠩᠬᠢᠮ ᠤᠨ ᠨᠡᠬᠡᠭᠡᠯᠳᠡ ᠳᠦ ᠲᠤᠤᠵᠠ ᠬᠠᠶᠢᠴᠢᠯᠠᠵᠤ ᠪᠠᠶᠢᠭ᠎ᠠ ᠨᠢ

W020170821694868537704.jpg

    ᠤᠳᠤᠷᠢᠳᠤᠯᠭ᠎ᠠ ᠵᠢᠴᠢ ᠬᠦᠷᠦᠯᠴᠡᠨ ᠢᠷᠡᠭᠰᠡᠳ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠤᠳᠤᠷᠢᠳᠤᠯᠭ᠎ᠠ ᠶᠢᠨ ᠪᠠᠷᠠᠳᠠᠯᠭ᠎ᠠ ᠲᠤᠤᠷ᠎ᠠ ᠲᠡᠯᠭᠡᠨ ᠦᠵᠡᠭᠦᠯᠦᠯᠭᠡ ᠶᠢᠨ ᠲᠠᠩᠬᠢᠮ ᠵᠢᠴᠢ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠲᠡᠯᠭᠡᠨ ᠦᠵᠡᠭᠦᠯᠦᠯᠭᠡ ᠶᠢ ᠦᠵᠡᠨ ᠰᠤᠨᠢᠷᠬᠠᠵᠠᠢ᠃ ᠮᠠᠰᠢ ᠬᠤᠪᠤᠷ ᠨᠠᠨᠳᠢᠨ ᠮᠠᠲ᠋ᠧᠷᠢᠶᠠᠯ ᠪᠠ ᠪᠤᠳᠠᠳᠤ ᠡᠳ᠋ ᠦᠨ ᠡᠮᠦᠨ᠎ᠡ ᠲᠠᠶᠢᠯᠪᠦᠷᠢᠯᠠᠭᠴᠢ ᠡᠴᠡ ᠲᠡᠳᠡᠭᠡᠷ ᠵᠦᠢᠯᠡᠰ ᠦᠨ ᠢᠷᠡᠯᠳᠡ ᠪᠠ ᠠᠬᠤᠢ ᠪᠠᠶᠢᠳᠠᠯ ᠢ ᠵᠠᠬ᠎ᠠ ᠲᠠᠷᠠᠭᠠᠯᠠᠨ ᠨᠠᠷᠢᠨ ᠬᠢᠨᠠᠮᠠᠭᠠᠢ ᠲᠠᠨᠢᠯᠴᠠᠭᠤᠯᠤᠯ᠎ᠠ᠃

W020170821694869963757.jpg

    ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ‍ᠣ ︽ ᠠᠷᠪᠠᠨ ᠭᠤᠷᠪᠠᠳᠤᠭᠠᠷ ᠲᠠᠪᠤᠨ ᠵᠢᠯ ᠦᠨ ᠬᠤᠭᠤᠴᠠᠭᠠᠨ ᠤ ᠪᠠᠶᠢᠴᠠᠭᠠᠬᠤ ᠰᠤᠶᠤᠯ ᠤᠨ ᠪᠠᠶᠢᠭᠤᠯᠤᠯᠳᠠ ᠶᠢᠨ ᠲᠦᠯᠦᠪᠯᠡᠭᠡ ᠶᠢᠨ ᠬᠦᠳᠦᠯᠪᠦᠷᠢ︾ ᠳ᠋ᠡᠬᠢ ᠰᠠᠶᠢᠨ ᠰᠠᠶᠢᠬᠠᠨ ᠰᠤᠶᠤᠯ ᠤᠨ  ᠤᠷᠴᠢᠨ ᠲᠤᠭᠤᠷᠢᠨ ᠢ ᠪᠤᠢ ᠪᠤᠯᠭᠠᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠵᠦ᠂ ᠪᠠᠶᠢᠴᠠᠭᠠᠬᠤ ᠲᠡᠦᠬᠡ ᠰᠤᠶᠤᠯ ᠤᠨ ᠤᠯᠠᠮᠵᠢᠯᠠᠯ ᠢ ᠢᠯᠡᠷᠡᠭᠦᠯᠵᠦ᠂ ᠪᠠᠶᠢᠴᠠᠭᠠᠬᠤ ᠠᠵᠢᠯ ᠤᠨ ᠲᠤᠷᠰᠢᠯᠭ᠎ᠠ ᠶᠢ ᠳ᠋ᠦᠩᠨᠡᠵᠦ᠂ ᠪᠠᠶᠢᠴᠠᠭᠠᠬᠤ ᠠᠵᠢᠯ ᠤᠨ ᠦᠷ᠎ᠡ ᠪᠦᠳᠦᠮᠵᠢ ᠶᠢ ᠤᠬᠠᠭᠤᠯᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠦᠨ ᠤᠢ ᠶᠢ ᠪᠡᠯᠭᠡᠯᠡᠬᠦ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ‍ᠣ ᠠᠷᠠᠳ ᠤᠨ ᠪᠠᠶᠢᠴᠠᠭᠠᠬᠤ ᠬᠤᠷᠢᠶᠠᠨ ‍ᠣ ᠨᠠᠮ ᠤᠨ ᠤᠳᠤᠷᠢᠳᠬᠤ ᠲᠤᠭᠤᠶᠢᠯᠠᠩ ᠡᠴᠡ ᠰᠤᠷᠭᠠᠨ ᠬᠦᠮᠦᠵᠢᠯ᠂ ᠰᠤᠳᠤᠯᠤᠯ᠂ ᠦᠵᠡᠭᠦᠯᠦᠯᠭᠡ ᠤᠬᠠᠭᠤᠯᠭ᠎ᠠ ᠵᠢᠴᠢ ᠤᠯᠠᠮᠵᠢᠯᠠᠯ ᠤᠨ ᠵᠤᠷᠢᠭ ᠰᠠᠨᠠᠭ᠎ᠠ ᠵᠡᠷᠭᠡ ᠤᠯᠠᠨ ᠴᠢᠳᠠᠪᠬᠢ ᠶᠢ ᠨᠢᠭᠡᠳᠭᠡᠭᠰᠡᠨ ᠶᠡᠷᠦᠩᠬᠡᠢ ᠦᠵᠡᠭᠦᠯᠦᠯᠭᠡ ᠶᠢᠨ ᠲᠠᠩᠬᠢᠮ--- ᠦᠪᠦᠷ ᠮᠤᠩᠭᠤᠯ ᠤᠨ ᠠᠷᠠᠳ ᠤᠨ ᠪᠠᠶᠢᠴᠠᠭᠠᠬᠤ ᠲᠡᠥᠬᠡ ᠴᠠᠳᠢᠭ ᠤᠨ ᠲᠡᠯᠭᠡᠨ ᠦᠵᠡᠭᠦᠯᠦᠯᠭᠡ ᠶᠢᠨ ᠲᠠᠩᠬᠢᠮ ᠪᠠᠶᠢᠭᠤᠯᠬᠤ ᠪᠠᠷ ᠲᠤᠭᠳᠠᠵᠠᠢ᠃

W020170821694870609382.jpg

    ᠲᠡᠯᠭᠡᠨ ᠦᠵᠡᠭᠦᠯᠦᠯᠭᠡ ᠶᠢᠨ ᠲᠠᠩᠬᠢᠮ ᠢ 2016 ᠤᠨ ‍ᠣ 4 ᠰᠠᠷ᠎ᠠ ᠡᠴᠡ ᠡᠬᠢᠯᠡᠨ ᠪᠠᠶᠢᠭᠤᠯᠵᠤ᠂ ︽ ᠦᠩᠭᠡᠷᠡᠭᠰᠡᠨ᠂ ᠤᠳᠤ᠂ ᠢᠷᠡᠭᠡᠳᠦᠢ︾ ᠢᠶᠠᠷ ᠭᠤᠤᠯ ᠱᠤᠭᠤᠮ ᠪᠤᠯᠭᠠᠵᠤ᠂ ᠤᠯᠠᠨ ᠠᠷᠭ᠎ᠠ ᠬᠡᠯᠪᠡᠷᠢ ᠪᠡᠷ ᠪᠠᠶᠢᠴᠠᠭᠠᠬᠤ ᠶᠢᠨ ᠬᠦᠭᠵᠢᠯᠳᠡ ᠶᠢᠨ ᠲᠡᠥᠬᠡ ᠶᠢ ᠰᠢᠰᠲ᠋ᠧᠮ ᠲᠠᠢ ᠡᠷᠭᠢᠴᠡᠭᠦᠯᠵᠦ᠂ ᠨᠠᠨᠳᠢᠨ ᠲᠤᠷᠰᠢᠯᠭ᠎ᠠ ᠪᠠᠨ ᠪᠦᠬᠦ ᠲᠠᠯ᠎ᠠ ᠪᠠᠷ ᠳ᠋ᠦᠩᠨᠡᠵᠦ᠂ ᠠᠵᠢᠯ ᠤᠨ ᠦᠷ᠎ᠡ ᠪᠦᠳᠦᠮᠵᠢ ᠶᠢ ᠲᠤᠪᠤᠶᠢᠯᠭᠠᠨ ᠦᠵᠡᠭᠦᠯᠵᠦ᠂ ᠪᠠᠶᠢᠴᠠᠭᠠᠬᠤ ᠬᠤᠶᠢᠴᠢᠰ ᠢᠶᠠᠨ ᠰᠡᠭᠡᠭᠡᠷᠡᠭᠦᠯᠦᠨ ᠬᠦᠮᠦᠵᠢᠭᠦᠯᠵᠦ᠂ ᠪᠤᠳᠠᠳᠠᠢ ᠠᠭᠤᠯᠭ᠎ᠠ ᠶᠢ ︽ ᠲᠦᠷᠪᠡᠨ ᠶᠡᠬᠡ ᠬᠡᠰᠡᠭ ᠪᠤᠯᠤᠩ︾᠂ ︽ᠨᠠᠢᠮᠠᠨ ᠶᠡᠬᠡ ᠲᠤᠰᠬᠠᠢ ᠰᠡᠳᠦᠪ︾   ᠬᠤᠪᠢᠶᠠᠵᠤ᠂ ᠭᠤᠤᠯ ᠰᠡᠳᠦᠪᠳᠦ ᠠᠭᠤᠯᠭ᠎ᠠ ᠶᠢ ᠪᠦᠬᠦ ᠲᠠᠯ᠎ᠠ ᠪᠠᠷ ᠲᠡᠯᠭᠡᠨ ᠦᠵᠡᠭᠦᠯᠵᠡᠢ᠃ ᠨᠢᠭᠡ ᠵᠢᠯ ᠭᠠᠷᠤᠢ ᠶᠢᠨ ᠲᠦᠯᠦᠪᠯᠡᠭᠡ ᠪᠠᠶᠢᠭᠤᠯᠤᠯᠳᠠ ᠢᠶᠠᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ‍ᠣ ᠠᠷᠠᠳ ᠤᠨ ᠪᠠᠶᠢᠴᠠᠭᠠᠬᠤ ᠲᠡᠥᠬᠡ ᠴᠠᠳᠢᠭ ᠤᠨ ᠲᠡᠯᠭᠡᠨ ᠦᠵᠡᠭᠦᠯᠦᠯᠭᠡ ᠶᠢᠨ ᠲᠠᠩᠬᠢᠮ ᠪᠠᠶᠢᠭᠤᠯᠤᠭᠳᠠᠨ ᠡᠷᠦᠬᠡ ᠰᠡᠭᠦᠵᠦ᠂ ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠶᠢᠨ ᠰᠤᠶᠤᠯ ᠤᠨ ᠪᠠᠶᠢᠭᠤᠯᠤᠯᠳᠠ ᠰᠢᠨ᠎ᠡ ᠨᠢᠭᠡᠨ ᠬᠦᠭᠵᠢᠯᠳᠡ ᠶᠢᠨ ᠱᠠᠳᠤᠨ ᠳᠤ ᠠᠯᠬᠤᠨ ᠤᠷᠤᠭᠰᠠᠨ ᠢ ᠪᠡᠯᠭᠡᠳᠡᠵᠦ ᠪᠠᠶᠢᠨ᠎ᠠ᠃

W020170821694872116436.jpg

    ᠪᠠᠶᠢᠴᠠᠭᠠᠬᠤ ᠲᠡᠥᠬᠡ ᠴᠠᠳᠢᠭ ᠤᠨ ᠲᠡᠯᠭᠡᠨ ᠦᠵᠡᠭᠦᠯᠦᠯᠭᠡ ᠶᠢᠨ ᠲᠠᠩᠬᠢᠮ ᠨᠢ ᠦᠩᠭᠡᠷᠡᠭᠰᠡᠨ ᠢ ᠬᠠᠷᠠᠭᠤᠯᠵᠤ᠂ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠪᠦᠳᠦᠭᠡᠯ ᠦᠨ ᠲᠡᠯᠭᠡᠨ ᠦᠵᠡᠭᠦᠯᠦᠯᠭᠡ ᠨᠢ ᠤᠳᠤ ᠶᠢ ᠢᠯᠡᠷᠡᠭᠦᠯᠵᠡᠢ᠃ ᠲᠡᠯᠭᠡᠨ ᠦᠵᠡᠭᠦᠯᠦᠯᠭᠡ ᠳᠦ ᠪᠦᠬᠦ ᠤᠷᠤᠨ ‍ᠣ ᠪᠠᠶᠢᠴᠠᠭᠠᠬᠤ ᠠᠵᠢᠯᠳᠠᠨ ‍ᠣ ᠪᠦᠳᠦᠭᠡᠭᠰᠡᠨ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠪᠦᠳᠦᠭᠡᠯ ᠤᠨ ᠲᠤᠮᠳᠠ ᠡᠴᠡ 70 ᠭᠠᠷᠤᠢ ᠪᠦᠳᠦᠭᠡᠯ ᠢ ᠰᠢᠯᠢᠨ ᠰᠤᠩᠭᠤᠵᠤ᠂ ᠤᠷᠠᠨ ᠪᠢᠴᠢᠯᠭᠡ ᠶᠢᠨ ᠪᠢᠷ ᠪᠡᠬᠡ ᠶᠢᠨ ᠲᠤᠤᠷ᠎ᠠ ᠪᠠᠶᠢᠴᠠᠭᠠᠬᠤ ᠬᠦᠮᠦᠰ ᠦᠨ ᠠᠷᠠᠳ ᠤᠨ ᠲᠦᠯᠦᠭᠡ ᠬᠠᠥᠯᠢ ᠬᠡᠷᠡᠭᠵᠢᠭᠦᠯᠬᠦ ᠠᠯᠤᠰ ᠬᠤᠯᠠ ᠶᠢᠨ ᠬᠠᠷᠠᠯᠲᠠ ᠶᠢ ᠪᠢᠴᠢᠭᠯᠡᠵᠦ᠂ ᠦᠩᠭᠡ ᠪᠤᠳᠤᠭ ᠭᠡᠷᠡᠯ ᠵᠢᠷᠤᠭ ᠤᠨ ᠲᠤᠮᠳᠠ ᠪᠠᠶᠢᠴᠠᠭᠠᠬᠤ ᠬᠦᠮᠦᠰ ᠦᠨ ᠡᠬᠡ ᠤᠯᠤᠰ ᠤᠨ ᠤᠮᠠᠷᠠᠳᠤ ᠬᠢᠯᠢ ᠶᠢ ᠬᠠᠮᠠᠭᠠᠯᠠᠨ ᠰᠠᠬᠢᠬᠤ ᠰᠡᠳᠭᠢᠯᠭᠡ ᠶᠢ ᠢᠯᠡᠷᠡᠭᠦᠯᠦᠭᠰᠡᠨ ᠪᠠᠶᠢᠨ᠎ᠠ᠃

W020170821694874044945.jpg

    ᠲᠡᠥᠬᠡ ᠪᠡᠨ ᠮᠠᠷᠳᠠᠬᠤ ᠦᠭᠡᠢ ᠪᠤᠯ ᠰᠠᠶ᠋ᠢ ᠢᠷᠡᠭᠡᠳᠦᠢ ᠶᠢ ᠴᠤᠭᠴᠠᠯᠠᠵᠤ ᠴᠢᠳᠠᠨ᠎ᠠ᠃ ᠪᠠᠶᠢᠴᠠᠭᠠᠬᠤ ᠲᠡᠥᠬᠡ ᠴᠠᠳᠢᠭ ᠤᠨ ᠦᠵᠡᠭᠦᠯᠦᠯᠭᠡ ᠶᠢᠨ ᠲᠠᠩᠬᠢᠮ  ᠪᠠ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠪᠦᠳᠦᠭᠡᠯ ᠦᠨ ᠲᠡᠯᠭᠡᠨ ᠦᠵᠡᠭᠦᠯᠦᠯᠭᠡ ᠶᠢ ᠰᠤᠨᠢᠷᠬᠠᠭᠰᠠᠨ ‍ᠣ ᠲᠠᠷᠠᠭ᠎ᠠ᠂ ᠪᠠᠶᠢᠴᠠᠭᠠᠬᠤ ᠠᠵᠢᠯᠳᠠᠳ ᠡᠴᠡ ᠢᠯᠡᠷᠬᠡᠶᠢᠯᠡᠭᠰᠡᠨ ᠨᠢ᠂  ᠤᠯᠠᠮ ᠨᠢᠭᠡ ᠠᠯᠬᠤᠮ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠢᠭᠳᠠᠷᠠᠨ ᠪᠦᠯᠬᠦᠮᠳᠡᠵᠦ᠂  ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ‍ᠣ ᠨᠠᠮ ᠤᠨ ᠬᠤᠷᠢᠶ᠎ᠠ ᠶᠢᠨ ᠴᠢᠩᠭ᠎ᠠ ᠤᠳᠤᠷᠢᠳᠤᠯᠭ᠎ᠠ ᠲᠤᠤᠷ᠎ᠠ᠂ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠨᠠᠶᠢᠳᠠᠯᠭ᠎ᠠ ᠶᠢ ᠬᠦᠰᠡᠷᠳᠡᠭᠦᠯᠬᠦ ᠦᠭᠡᠢ᠂ ᠰᠢᠨ᠎ᠡ ᠶᠢ ᠡᠭᠦᠳᠦᠨ ᠵᠤᠷᠢᠭᠳᠠᠢ ᠤᠷᠤᠭᠰᠢᠯᠠᠵᠤ᠂ ᠪᠦᠬᠦ ᠤᠷᠤᠨ ‍ᠣ ᠪᠠᠶᠢᠴᠠᠭᠠᠬᠤ ᠠᠵᠢᠯ ᠤᠨ ᠲᠠᠪᠠᠯᠲᠠ ᠮᠠᠶ᠋ᠢᠭ ᠤᠨ ᠬᠦᠭᠵᠢᠯᠳᠡ ᠶᠢᠨ ᠬᠠᠷᠠᠯᠲᠠ ᠵᠦᠭ ᠤᠷᠤᠭᠰᠢᠯᠠᠬᠤ ᠶᠢ ᠲᠦᠯᠬᠢᠨ ᠠᠬᠢᠭᠤᠯᠵᠤ᠂ ︽ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠭᠡᠨ ᠪᠠᠶᠢᠭᠤᠯᠵᠤ᠂ ᠠᠭᠤᠤ ᠶᠡᠬᠡ ᠲᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ︾ ᠳᠦ ᠴᠢᠩᠭ᠎ᠠ ᠬᠦᠴᠦᠳᠡᠢ ᠬᠠᠥᠯᠢ ᠴᠠᠭᠠᠵᠠ ᠶᠢᠨ ᠪᠠᠳᠤᠯᠠᠭ᠎ᠠ ᠬᠠᠩᠭᠠᠵᠤ᠂ ᠨᠡᠩ ᠰᠢᠯᠢᠳᠡᠭ ᠬᠢᠷᠢ ᠪᠦᠳᠦᠮᠵᠢ ᠪᠡᠷ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠪᠠᠶᠠᠷᠯᠠᠨ ᠤᠭᠳᠤᠶ᠎ᠠ ᠭᠡᠵᠡᠢ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro