ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠶᠢᠨ︽ᠤᠶᠤᠨᠯᠢᠭ ᠪᠠᠶᠢᠴᠠᠭᠠᠬᠤ ᠶᠠᠪᠤᠳᠠᠯ︾ ᠤᠨ ᠠᠵᠢᠯ ᠢ ᠲᠦᠯᠬᠢᠨ ᠠᠬᠢᠭᠤᠯᠬᠤ ᠬᠤᠷᠠᠯ ᠢᠶᠠᠷ ᠤᠳᠤᠬᠢ ᠰᠢᠨᠵᠢᠯᠡᠭᠡ ᠮᠡᠷᠭᠡᠵᠢᠯ ᠪᠠ ᠪᠠᠶᠢᠴᠠᠭᠠᠬᠤ ᠠᠵᠢᠯ ᠤᠨ ᠭᠦᠨᠵᠡᠭᠡᠢ ᠠᠭᠤᠰᠤᠯᠴᠠᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ ᠪᠠᠶᠢᠨ᠎ᠠ

2017-09-14 11:45:24
ᠵᠣᠬᠢᠶᠠᠭᠴᠢ
ᠪᠤᠤ ᠡᠾᠦ᠋ᠢ ᠮᠧᠢ

    8 ᠰᠠᠷ᠎ᠠ ᠶᠢᠨ 23 ‍ᠣ ᠡᠳᠦᠷ᠂ ᠪᠦᠬᠦ ᠤᠷᠤᠨ ‍ᠣ ᠪᠠᠶᠢᠴᠠᠭᠠᠬᠤ ᠪᠠᠶᠢᠭᠤᠯᠭ᠎ᠠ ᠶᠢᠨ︽ᠤᠶᠤᠨᠯᠢᠭ ᠪᠠᠶᠢᠴᠠᠭᠠᠬᠤ ᠶᠠᠪᠤᠳᠠᠯ︾ ᠤᠨ ᠠᠵᠢᠯ ᠢ ᠲᠦᠯᠬᠢᠨ ᠠᠬᠢᠭᠤᠯᠬᠤ ᠬᠤᠷᠠᠯ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ᠳᠤ ᠦᠨᠳᠦᠷᠯᠡᠵᠡᠢ᠃ ︽ᠲᠤᠭᠠᠴᠢᠯᠠᠭᠰᠠᠨ ᠪᠠᠶᠢᠴᠠᠭᠠᠬᠤ ᠶᠠᠪᠤᠳᠠᠯ 1.0︾᠂ ︽ ᠰᠦᠯᠵᠢᠶᠡᠨ ᠲᠡᠭᠡᠷᠡᠬᠢ ᠪᠠᠶᠢᠴᠠᠭᠠᠬᠤ ᠶᠠᠪᠤᠳᠠᠯ 2.0︾᠂ ︽ ᠮᠡᠳᠡᠭᠡ ᠵᠠᠩᠬᠢᠳᠤ ᠪᠠᠶᠢᠴᠠᠭᠠᠬᠤ ᠶᠠᠪᠤᠳᠠᠯ 3.0︾ ᠡᠴᠡ︽ᠤᠶᠤᠨᠯᠢᠭ ᠪᠠᠶᠢᠴᠠᠭᠠᠬᠤ ᠶᠠᠪᠤᠳᠠᠯ 4.0︾ ᠬᠦᠷᠳᠡᠯ᠎ᠡ᠂ ᠦᠨᠦᠳᠦᠷ ᠦᠨ ᠦᠪᠦᠷ ᠮᠤᠩᠭᠤᠯ ᠤᠨ ᠲᠠᠯ᠎ᠠ ᠨᠤᠳᠤᠭ ᠲᠤ᠂ ᠳ᠋ᠠᠶᠢᠲ᠋ᠠ᠂ ᠡᠭᠦᠯᠡᠨ ᠪᠤᠳᠤᠯᠳᠠ᠂ ᠤᠶᠤᠨᠴᠢ ᠴᠢᠳᠠᠪᠦᠷᠢ ᠵᠡᠷᠭᠡ ᠮᠡᠳᠡᠭᠡ ᠵᠠᠩᠬᠢ ᠶᠢᠨ ᠮᠡᠷᠭᠡᠵᠢᠯ ᠨᠢ ᠶᠠᠭ ᠪᠠᠶᠢᠴᠠᠭᠠᠬᠤ ᠠᠵᠢᠯ ᠲᠠᠢ ᠲᠠᠰᠤᠷᠠᠯᠳᠠ ᠦᠭᠡᠢ ᠠᠭᠤᠰᠤᠯᠴᠠᠵᠤ᠂ ᠪᠦᠬᠦ ᠲᠤᠬᠠᠶᠢᠯᠠᠭᠰᠠᠨ ᠠᠵᠢᠯ ᠢ ᠤᠶᠤᠨᠯᠢᠭ ᠢᠶᠠᠷ ᠬᠡᠷᠡᠭ ᠰᠢᠳᠭᠡᠬᠦ᠂ ᠪᠦᠬᠦ ᠡᠯᠧᠮᠧᠨᠲ ᠶᠢ ᠤᠶᠤᠨᠯᠢᠭ ᠢᠶᠠᠷ ᠬᠠᠮᠢᠶᠠᠷᠬᠤ᠂ ᠪᠦᠬᠦ ᠲᠠᠯ᠎ᠠ ᠳᠤ ᠤᠶᠤᠨᠯᠢᠭ ᠢᠶᠠᠷ ᠦᠢᠯᠡᠴᠢᠯᠡᠬᠦ᠂ ᠪᠦᠬᠦ ᠤᠷᠤᠨ ᠬᠡᠪᠴᠢᠶᠡᠨ ᠳᠦ ᠤᠶᠤᠨᠯᠢᠭ ᠢᠶᠠᠷ ᠲᠤᠯᠭᠠᠭᠤᠷᠢᠯᠠᠬᠤ ︽ ᠤᠶᠤᠨᠯᠢᠭ ᠪᠠᠶᠢᠴᠠᠭᠠᠬᠤ ᠶᠠᠪᠤᠳᠠᠯ︾ ᠢ ᠪᠦᠳᠦᠭᠡᠨ ᠪᠠᠶᠢᠭᠤᠯᠵᠤ ᠪᠠᠶᠢᠨ᠎ᠠ᠃

W020170824616756403192.jpg

ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠮᠠ ᠶᠦᠩ ᠱᠧᠩ ᠬᠤᠷᠠᠯ ᠳᠤ ᠤᠷᠤᠯᠴᠠᠨ ᠴᠢᠬᠤᠯᠠ ᠶᠠᠷᠢᠶ᠎ᠠ ᠬᠢᠵᠦ ᠪᠠᠶᠢᠭ᠎ᠠ ᠨᠢ

W020170824616756964058.jpg

    ᠤᠷᠴᠢᠮ ᠤᠨ ᠵᠢᠯ ᠡᠴᠡ ᠨᠠᠰᠢ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶ᠎ᠠ ᠰᠢᠨᠵᠢᠯᠡᠭᠡ ᠮᠡᠷᠭᠡᠵᠢᠯ ᠢᠶᠡᠷ ᠪᠠᠶᠢᠴᠠᠭᠠᠬᠤ ᠠᠵᠢᠯ ᠢ ᠬᠦᠴᠦᠷᠭᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠮᠡᠳᠡᠭᠡ ᠵᠠᠩᠭᠢᠴᠢᠯᠠᠯᠲᠠ ᠢᠶᠠᠷ ᠪᠠᠶᠢᠴᠠᠭᠠᠬᠤ ᠦᠢᠯᠡᠰ ᠦᠨ ᠰᠢᠨ᠎ᠡ ᠶᠢ ᠡᠭᠦᠳᠦᠨ ᠬᠦᠭᠵᠢᠬᠦ ᠳᠦ ᠤᠨᠳᠤᠷᠤᠰᠢ ᠦᠭᠡᠢ ᠬᠦᠴᠦᠨ ᠪᠠ ᠬᠦᠴᠦᠳᠡᠢ ᠬᠦᠳᠡᠯᠭᠡᠭᠦᠷ ᠪᠤᠯᠭᠠᠵᠤ᠂ ᠡᠯᠧᠺᠲᠷᠤᠨ ᠪᠠᠶᠢᠴᠠᠭᠠᠬᠤ ᠶᠠᠪᠤᠳᠠᠯ ᠤᠨ ᠢᠨᠵᠧᠨᠧᠷᠢᠩ ᠢ ᠬᠦᠴᠦᠳᠡᠢ ᠲᠦᠯᠬᠢᠨ ᠠᠬᠢᠭᠤᠯᠵᠤ᠂ ᠦᠪᠡᠷᠳᠡᠭᠡᠨ ᠵᠠᠰᠠᠬᠤ ᠤᠷᠤᠨ ‍ᠣ ᠪᠤᠳᠠᠳᠠᠢ ᠲᠠᠢ ᠨᠡᠶᠢᠴᠡᠭᠰᠡᠨ ᠪᠠᠶᠢᠴᠠᠭᠠᠬᠤ ᠮᠡᠳᠡᠭᠡ ᠵᠠᠩᠬᠢᠴᠢᠯᠠᠯᠳᠠ ᠶᠢᠨ ᠰᠢᠨ᠎ᠡ ᠠᠷᠭ᠎ᠠ ᠵᠠᠮ ᠢ ᠡᠷᠢᠯᠬᠢᠯᠡᠵᠦ᠂ ᠢᠯᠡᠷᠬᠡᠢ ᠦᠷ᠎ᠡ ᠪᠦᠳᠦᠮᠵᠢ ᠤᠯᠤᠭᠰᠠᠨ ᠪᠠᠶᠢᠨ᠎ᠠ᠃ ᠦᠨᠦᠳᠦᠷ ᠦᠨ ᠦᠪᠦᠷ ᠮᠤᠩᠭᠤᠯ ᠤᠨ ᠪᠠᠶᠢᠴᠠᠭᠠᠬᠤ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠳᠠ ᠨᠢ ᠬᠡᠷᠡᠭ ᠰᠢᠳᠭᠡᠬᠦ ᠪᠠᠶᠢᠭᠤᠯᠤᠮᠵᠢ ᠶᠢ ᠲᠡᠭᠦᠯᠳᠡᠷᠵᠢᠭᠦᠯᠬᠦ᠂ ᠬᠠᠥᠯᠢ ᠪᠠᠷᠢᠬᠤ ᠠᠵᠢᠯᠯᠠᠭ᠎ᠠ ᠶᠢ ᠲᠦᠷᠢᠮᠵᠢᠭᠦᠯᠬᠦ᠂ ᠬᠠᠥᠯᠢ ᠴᠠᠭᠠᠵᠠ ᠶᠢᠨ ᠬᠢᠨᠠᠯᠳᠠ ᠶᠢ ᠴᠢᠩᠭᠠᠳᠬᠠᠬᠤ᠂ ᠬᠠᠥᠯᠢ ᠪᠠᠷᠢᠯᠳᠠ ᠶᠢ ᠢᠯᠡ ᠪᠤᠯᠭᠠᠬᠤ ᠶᠢ ᠭᠦᠨᠵᠡᠭᠡᠶᠢᠷᠡᠭᠦᠯᠬᠦ᠂ ᠬᠠᠥᠯᠢ ᠪᠠᠷᠢᠬᠤ ᠦᠷ᠎ᠡ ᠪᠦᠳᠦᠮᠵᠢ ᠶᠢ ᠲᠡᠭᠡᠭᠰᠢᠯᠡᠭᠦᠯᠬᠦ ᠲᠠᠯ᠎ᠠ ᠶᠢᠨ ᠲᠤᠯᠭᠠᠭᠤᠷᠢᠯᠠᠬᠤ ᠪᠠ ᠬᠦᠳᠦᠯᠬᠦ ᠦᠢᠯᠡᠳᠦᠯ ᠲᠤᠩ ᠢᠯᠡᠷᠬᠡᠢ ᠪᠠᠶᠢᠨ᠎ᠠ᠃

    ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠦᠪᠦᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠶᠢᠨ︽ᠤᠶᠤᠨᠯᠢᠭ ᠪᠠᠶᠢᠴᠠᠭᠠᠬᠤ ᠶᠠᠪᠤᠳᠠᠯ︾ ᠤᠨ ᠪᠠᠶᠢᠭᠤᠯᠤᠯᠳᠠ ᠶᠢᠨ ᠶᠡᠷᠦᠩᠬᠡᠢ ᠰᠡᠳᠭᠢᠴᠡ ᠪᠤᠯ᠄ ᠰᠢᠨ᠎ᠡ ᠬᠦᠭᠵᠢᠯᠳᠡ ᠶᠢᠨ ᠦᠵᠡᠯ ᠢ ᠪᠠᠳᠤ ᠪᠡᠬᠢ ᠪᠤᠢ ᠪᠤᠯᠭᠠᠵᠤ᠂ ᠬᠠᠥᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠳᠡ ᠶᠢᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠳᠤ ᠲᠦᠪᠯᠡᠷᠡᠵᠦ᠂ ︽ ᠰᠢᠨ᠎ᠡ ᠶᠢ ᠡᠭᠦᠳᠬᠦ᠂ ᠠᠭᠤᠰᠤᠯᠴᠠᠬᠤ᠂ ᠤᠶᠤᠨᠴᠢ︾ ᠤᠨᠤᠯ ᠢᠶᠠᠷ ᠵᠢᠯᠤᠭᠤᠳᠤᠯᠭ᠎ᠠ ᠪᠤᠯᠭᠠᠵᠤ᠂ ᠬᠡᠷᠡᠭ ᠰᠢᠳᠭᠡᠵᠦ ᠬᠠᠥᠯᠢ ᠪᠠᠷᠢᠬᠤ ᠴᠢᠨᠠᠷ ᠴᠢᠨᠰᠠᠭ᠎ᠠ ᠦᠷ᠎ᠡ ᠪᠦᠳᠦᠮᠵᠢ ᠶᠢ ᠲᠡᠭᠡᠭᠰᠢᠯᠡᠭᠦᠯᠬᠦ ᠶᠢ ᠠᠬᠢᠭᠤᠯᠬᠤ ᠪᠠᠷ ᠭᠤᠤᠯ ᠵᠤᠷᠢᠯᠭ᠎ᠠ ᠪᠤᠯᠭᠠᠵᠤ᠂ ᠪᠠᠶᠢᠴᠠᠭᠠᠬᠤ ᠳ᠋ᠠᠶᠢᠲ᠋ᠠ ᠦᠢᠯᠡᠴᠢᠯᠡᠭᠡᠨ ‍ᠣ ᠲᠠᠪᠴᠠᠩ ᠢ ᠪᠠᠶᠢᠭᠤᠯᠬᠤ ᠪᠠᠷ  ᠬᠦᠴᠦᠯᠡᠬᠦ ᠴᠡᠭ ᠪᠤᠯᠭᠠᠵᠤ᠂ ᠡᠯᠧᠺᠲᠷᠤᠨ ᠪᠠᠶᠢᠴᠠᠭᠠᠬᠤ ᠶᠠᠪᠤᠳᠠᠯ ᠤᠨ ᠪᠠᠶᠢᠭᠤᠯᠤᠯᠳᠠ ᠢᠶᠠᠷ ᠠᠳᠬᠤᠴᠠ ᠪᠤᠯᠭᠠᠵᠤ᠂ ᠳ᠋ᠠᠶᠢᠲ᠋ᠠ ᠶᠢᠨ ᠮᠡᠷᠭᠡᠵᠢᠯ ᠪᠠ ᠡᠯ᠎ᠡ ᠪᠠᠶᠢᠴᠠᠭᠠᠬᠤ ᠠᠵᠢᠯ ᠤᠨ ᠭᠦᠨᠵᠡᠭᠡᠢ ᠠᠭᠤᠰᠤᠯᠴᠠᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠮᠡᠷᠭᠡᠵᠢᠯ ᠦᠨ ᠰᠢᠨ᠎ᠡ ᠶᠢ ᠡᠭᠦᠳᠬᠦ ᠪᠡᠷ ᠬᠦᠳᠦᠯᠪᠦᠷᠢ ᠪᠤᠯᠭᠠᠵᠤ᠂ ᠪᠦᠬᠦ ᠤᠷᠤᠨ ‍ᠣ ᠪᠠᠶᠢᠴᠠᠭᠠᠬᠤ ᠠᠵᠢᠯ ᠤᠨ ᠰᠢᠨᠵᠢᠯᠡᠬᠦ ᠤᠬᠠᠭᠠᠨᠴᠢ ᠪᠠᠷ ᠬᠦᠭᠵᠢᠬᠦ ᠶᠢ ᠠᠬᠢᠭᠤᠯᠤᠨ᠎ᠠ᠃

    ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠩᠭᠤ ᠶᠢᠨ ᠲᠡᠳ᠋ ᠪᠠᠶᠢᠴᠠᠭᠠᠬᠤ ᠲᠠᠷᠤᠭ᠎ᠠ ᠯᠢ ᠮᠤᠤ ᠯᠢᠨ ᠬᠤᠷᠠᠯ ᠡᠷᠬᠢᠯᠡᠵᠦ ᠪᠠᠶᠢᠭ᠎ᠠ ᠨᠢ

W020170824616757188277.jpg    

    ᠯᠢ ᠮᠤᠤ ᠯᠢᠨ ᠲᠤᠰ ᠤᠳᠠᠭᠠᠨ ‍ᠣ ᠠᠬᠢᠭᠤᠯᠬᠤ ᠬᠤᠷᠠᠯ ᠤᠨ ᠤᠯᠤᠭᠰᠠᠨ ᠦᠷ᠎ᠡ ᠪᠦᠳᠦᠮᠵᠢ ᠶᠢ ᠭᠦᠢᠴᠡᠳ ᠨᠤᠳᠠᠯᠠᠵᠤ ᠵᠢᠭᠠᠨ ᠭᠠᠷᠭᠠᠭᠰᠠᠨ ᠨᠢ᠂ ᠲᠤᠰ ᠤᠳᠠᠭᠠᠨ ‍ᠣ ᠬᠤᠷᠠᠯ ᠨᠢ ᠦᠵᠡᠯ ᠰᠠᠨᠠᠭ᠎ᠠ  ᠪᠠᠨ ᠨᠢᠭᠡᠳᠭᠡᠨ ᠬᠠᠮᠳᠤ ᠶᠢᠨ ᠲᠠᠨᠢᠯᠳᠠ ᠲᠠᠢ ᠪᠤᠯᠵᠤ︔ ᠢᠳᠡᠭᠡᠯ ᠵᠤᠷᠢᠭ ᠢᠶᠠᠨ ᠬᠦᠪᠴᠢᠯᠡᠵᠦ᠂ ᠵᠤᠷᠢᠭ ᠰᠠᠨᠠᠭ᠎ᠠ ᠪᠠᠨ ᠪᠠᠳᠤᠳᠬᠠᠨ︔ ᠴᠢᠭᠯᠡᠯ ᠢ ᠲᠤᠳᠤᠳᠬᠠᠨ᠂ ᠠᠷᠭ᠎ᠠ ᠵᠠᠮ ᠢ ᠵᠢᠭᠠᠭᠰᠠᠨ ᠪᠠᠶᠢᠨ᠎ᠠ ᠭᠡᠵᠡᠢ᠃ ᠯᠢ ᠮᠤᠤ ᠯᠢᠨ ᠡᠴᠡ ᠴᠢᠩᠭᠠᠳᠬᠠᠭᠰᠠᠨ ᠨᠢ᠂ ᠲᠠᠷᠠᠭᠠᠴᠢ ᠶᠢᠨ ᠠᠯᠬᠤᠮ ᠤᠨ ᠠᠵᠢᠯ ᠤᠨ ᠪᠠᠶᠢᠷᠢᠯᠠᠭᠤᠯᠤᠯᠳᠠ ᠲᠤᠮᠳᠠ᠂ ᠪᠦᠬᠦ ᠪᠠᠶᠢᠴᠠᠭᠠᠬᠤ ᠠᠵᠢᠯᠳᠠᠨ ᠡᠴᠡ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠨᠢᠭᠡᠳᠬᠡᠵᠦ᠂ ᠤᠨᠤᠯ ᠢᠶᠠᠨ ᠰᠢᠨᠡᠴᠢᠯᠡᠵᠦ᠂ ︽ᠤᠶᠤᠨᠯᠢᠭ ᠪᠠᠶᠢᠴᠠᠭᠠᠬᠤ ᠶᠠᠪᠤᠳᠠᠯ︾ ᠤᠨ ᠪᠠᠶᠢᠭᠤᠯᠤᠯᠳᠠ ᠶᠢᠨ ᠪᠠᠴᠢᠮ ᠲᠦᠭᠰᠢᠭᠦᠷᠢᠳᠦ ᠰᠡᠳᠭᠢᠯᠭᠡ ᠶᠢ ᠪᠠᠳᠤᠳᠠᠢ ᠲᠡᠭᠡᠭᠰᠢᠯᠡᠭᠦᠯᠵᠦ᠂ ︽ᠲᠦᠯᠦᠪᠯᠡᠬᠦ︾ ᠪᠠ ︽ᠬᠢᠬᠦ︾ ᠶᠢᠨ ᠬᠠᠷᠢᠴᠠᠭ᠎ᠠ ᠶᠢ ᠵᠦᠪ ᠰᠢᠢᠳᠪᠦᠷᠢᠯᠡᠵᠦ᠂ ︽ ᠲᠤᠭᠳᠠᠭᠤᠨ︾ ᠪᠠ ︽ᠤᠷᠤᠭᠰᠢᠯᠠᠬᠤ︾ ᠶᠢᠨ ᠬᠠᠷᠢᠴᠠᠭ᠎ᠠ ᠶᠢ ᠲᠤᠬᠢᠳᠠᠢ ᠰᠢᠢᠳᠪᠦᠷᠢᠯᠡᠵᠦ᠂ ︽ ᠪᠠᠶᠢᠭᠤᠯᠬᠤ︾ ᠪᠠ ︽ᠬᠡᠷᠡᠭᠯᠡᠬᠦ︾ ᠶᠢᠨ ᠬᠠᠷᠢᠴᠠᠭ᠎ᠠ ᠶᠢ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠵᠦ᠂ ︽ᠤᠶᠤᠨᠯᠢᠭ ᠪᠠᠶᠢᠴᠠᠭᠠᠬᠤ ᠶᠠᠪᠤᠳᠠᠯ︾ ᠤᠨ ᠬᠠᠥᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠳᠡ ᠪᠠ ᠪᠠᠶᠢᠴᠠᠭᠠᠬᠤ ᠠᠵᠢᠯ ᠢ ᠲᠦᠯᠬᠢᠨ ᠠᠬᠢᠭᠤᠯᠬᠤ ᠦᠢᠯᠡᠳᠦᠯ ᠢ ᠪᠦᠳᠦᠮᠵᠢᠳᠠᠢ ᠲᠡᠭᠡᠭᠰᠢᠯᠡᠭᠦᠯᠬᠦ ᠬᠡᠷᠡᠭᠳᠡᠢ ᠭᠡᠵᠡᠢ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro