ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠮᠠ ᠶᠦᠩ ᠱᠧᠩ ᠪᠠᠶᠢᠴᠠᠭᠠᠬᠤ ᠲᠠᠷᠤᠭ᠎ᠠ ᠬᠦᠯᠦᠨ ᠪᠤᠶᠢᠷ ᠬᠤᠲᠡ ᠶᠢᠨ ᠬᠠᠶᠢᠯᠠᠷ ᠲᠤᠭᠤᠷᠢᠭ ᠤᠨ ᠪᠠᠶᠢᠴᠠᠭᠠᠬᠤ ᠬᠤᠷᠢᠶ᠎ᠠ᠂ ᠡᠷᠭᠦᠨ᠎ᠡ ᠬᠤᠲᠡ ᠶᠢᠨ ᠪᠠᠶᠢᠴᠠᠭᠠᠬᠤ ᠬᠤᠷᠢᠶᠠᠨ ᠳᠤ ᠭᠦᠨᠵᠡᠭᠡᠶᠢᠷᠡᠵᠦ ᠪᠠᠶᠢᠴᠠᠭᠠᠨ ᠰᠤᠳᠤᠯᠤᠯᠳᠠ ᠬᠢᠵᠦ ᠠᠵᠢᠯ ᠵᠢᠯᠤᠭᠤᠳᠴᠠᠢ

2017-09-14 11:50:58
ᠵᠣᠬᠢᠶᠠᠭᠴᠢ
ᠪᠤᠤ ᠡᠾᠦ᠋ᠢ ᠮᠧᠢ

    8 ᠰᠠᠷ᠎ᠠ ᠶᠢᠨ 29 ‍ᠣ ᠡᠳᠦᠷ ᠡᠴᠡ 9 ᠰᠠᠷ᠎ᠠ ᠶᠢᠨ 1 ‍ᠣ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠮᠠ ᠶᠦᠩ ᠱᠧᠩ᠂ ᠲᠡᠳ᠋ ᠪᠠᠶᠢᠴᠠᠭᠠᠬᠤ ᠲᠠᠷᠤᠭ᠎ᠠ ᠶᠠᠩ ᠸᠧᠢ ᠫᠢᠩ ᠵᠡᠷᠭᠡ ᠬᠦᠮᠦᠰ ᠬᠦᠯᠦᠨ ᠪᠤᠶᠢᠷ ᠬᠤᠲᠡ ᠶᠢᠨ ᠬᠠᠶᠢᠯᠠᠷ ᠲᠤᠭᠤᠷᠢᠭ ᠤᠨ ᠪᠠᠶᠢᠴᠠᠭᠠᠬᠤ ᠬᠤᠷᠢᠶ᠎ᠠ ᠪᠠ ᠡᠷᠭᠦᠨ᠎ᠡ ᠬᠤᠲᠡ ᠶᠢᠨ ᠪᠠᠶᠢᠴᠠᠭᠠᠬᠤ ᠬᠤᠷᠢᠶᠠᠨ ᠳᠤ ᠬᠦᠷᠴᠦ ᠪᠠᠶᠢᠴᠠᠭᠠᠨ ᠰᠤᠳᠤᠯᠤᠯᠳᠠ ᠬᠢᠵᠦ ᠠᠵᠢᠯ ᠵᠢᠯᠤᠭᠤᠳᠴᠠᠢ᠃ ᠬᠦᠯᠦᠨ ᠪᠤᠶᠢᠷ ᠬᠤᠲᠡ ᠶᠢᠨ ᠨᠠᠮ ᠤᠨ ᠬᠤᠷᠢᠶᠠᠨ ‍ᠣ ᠱᠦᠵᠢ ᠴᠢᠨ ᠢ᠂ ᠪᠠᠶᠢᠴᠠᠭᠠᠬᠤ ᠲᠠᠷᠤᠭ᠎ᠠ ᠵᠠᠩ ᠰᠢᠶᠣᠣ ᠬᠤᠩ ᠪᠠᠶᠢᠴᠠᠭᠠᠨ ᠰᠤᠳᠤᠯᠤᠯᠳᠠ ᠳᠤ ᠪᠠᠷ᠎ᠠ ᠪᠤᠯᠤᠯᠴᠠᠵᠠᠢ᠃

W020170905359679898413.jpg

    ᠮᠠ ᠶᠦᠩ ᠱᠧᠩ ᠲᠦᠷᠪᠡᠨ ᠲᠠᠯ᠎ᠠ ᠡᠴᠡ ᠬᠠᠶᠢᠯᠠᠷ ᠲᠤᠭᠤᠷᠢᠭ ᠤᠨ ᠪᠠᠶᠢᠴᠠᠭᠠᠬᠤ ᠬᠤᠷᠢᠶᠠᠨ ‍ᠣ ᠠᠵᠢᠯ ᠢ ᠨᠤᠳᠠᠯᠠᠵᠠᠢ᠄ ᠨᠢᠭᠡ ᠳᠦ᠂ ᠬᠤᠷᠢᠶᠠᠨ ‍ᠣ ᠠᠵᠢᠯᠯᠠᠬᠤ ᠲᠠᠯᠠᠪᠤᠷ ᠪᠠ ᠠᠵᠢᠯ ᠤᠨ ᠲᠦᠷᠢᠮ ᠨᠠᠷᠢᠯᠢᠭ᠂ ᠲᠦᠷᠢᠮᠵᠢᠯ ᠲᠠᠢ ᠪᠠᠶᠢᠵᠤ ᠪᠠᠶᠢᠭᠤᠯᠭ᠎ᠠ ᠶᠢᠨ ᠬᠠᠮᠢᠶᠠᠷᠤᠯᠳᠠ ᠭᠦᠢᠴᠡᠳ ᠪᠠᠶᠢᠨ᠎ᠠ᠃ ᠬᠤᠶᠠᠷ ᠲᠤ᠂ ᠺᠠᠳ᠋ᠷ ᠠᠵᠢᠯᠳᠠᠨ ‍ᠣ ᠦᠵᠡᠯ ᠰᠠᠨᠠᠭᠠᠨ ‍ᠣ ᠲᠦᠷᠢ ᠲᠦᠷᠬᠦ ᠰᠠᠶᠢᠨ᠂ ᠡᠩᠨᠡᠭᠡ ᠶᠢᠨ ᠪᠦᠬᠦᠯᠢ ᠴᠤᠭᠴᠠ ᠶᠢᠨ ᠪᠠᠶᠢᠭᠤᠯᠤᠯᠳᠠ ᠨᠢ ᠰᠠᠶᠢᠨ᠂ ᠡᠩᠨᠡᠭᠡ ᠶᠢᠨ ᠪᠠᠶᠢᠭᠤᠯᠤᠯᠳᠠ ᠪᠤᠳᠠᠳᠠᠢ ᠦᠷ᠎ᠡ ᠪᠦᠳᠦᠮᠵᠢ ᠲᠠᠢ ᠪᠠᠶᠢᠨ᠎ᠠ᠃ ᠭᠤᠷᠪᠠ ᠳᠤ᠂ ᠡᠯ᠎ᠡ ᠠᠵᠢᠯ ᠤᠨ ᠲᠠᠯ᠎ᠠ ᠪᠠᠷ ᠬᠢ ᠰᠢᠨ᠎ᠡ ᠶᠢ ᠡᠭᠦᠳᠬᠦ ᠦᠵᠡᠯ ᠤᠬᠠᠮᠰᠠᠷ ᠴᠢᠩᠭ᠎ᠠ ᠪᠠᠶᠢᠨ᠎ᠠ᠃ ᠬᠦᠯᠦᠨ ᠪᠤᠶᠢᠷ ᠬᠤᠳᠡ ᠠᠮᠢ ᠠᠬᠤᠢ ᠶᠢᠨ ᠬᠠᠮᠠᠭᠠᠯᠠᠯᠳᠠ ᠶᠢᠨ ᠭᠤᠤᠯ ᠤᠷᠤᠨ ᠪᠤᠯᠬᠤ ᠶᠢᠨ ᠬᠤᠪᠢ ᠳᠤ᠂ ᠨᠡᠶᠢᠳᠡ ᠶᠢᠨ ᠠᠰᠢᠭᠳᠤ ᠵᠠᠷᠭᠤ ᠶᠢᠨ ᠠᠵᠢᠯ ᠤᠨ ᠬᠦᠴᠦᠯᠡᠴᠡ ᠶᠢ ᠴᠢᠩᠭᠠᠳᠬᠠᠬᠤ ᠬᠡᠷᠡᠭᠳᠡᠢ᠃ ᠲᠦᠷᠪᠡ ᠳᠦ᠂ ᠤᠶᠤᠨᠯᠢᠭ ᠪᠠᠶᠢᠴᠠᠭᠠᠬᠤ ᠶᠠᠪᠤᠳᠠᠯ ᠤᠨ ᠲᠠᠯᠠᠷᠬᠢ ᠤᠷᠤᠯᠴᠠᠯᠭ᠎ᠠ ᠶᠡᠬᠡ ᠪᠠᠶᠢᠨ᠎ᠠ᠃

    ᠮᠠ ᠶᠦᠩ ᠱᠧᠩ ᠡᠴᠡ ᠡᠷᠭᠦᠨ᠎ᠡ ᠬᠤᠲᠡ ᠶᠢᠨ ᠪᠠᠶᠢᠴᠠᠭᠠᠬᠤ ᠬᠤᠷᠢᠶᠠᠨ ‍ᠣ ᠪᠦᠬᠦ ᠲᠠᠯ᠎ᠠ ᠶᠢᠨ ᠠᠵᠢᠯ ᠳᠤ ᠭᠦᠢᠴᠡᠳ ᠨᠤᠳᠠᠯᠠᠯᠳᠠ ᠬᠢᠵᠦ᠂ ᠡᠭᠦᠨ ‍ᠣ ᠤᠯᠠᠮ ᠡᠴᠡ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠳᠠ ᠨᠢ ᠲᠤᠰᠬᠠᠢ ᠴᠢᠳᠠᠪᠦᠷᠢᠳᠡᠨ ᠢ ᠬᠡᠷᠡᠭᠰᠡᠵᠦ᠂ ᠡᠭᠦᠨ ‍ᠣ ᠬᠠᠮᠳᠤ ᠪᠦᠬᠦ ᠬᠤᠷᠢᠶᠠᠨ ‍ᠣ ᠬᠠᠮᠳᠤ ᠶᠢᠨ ᠴᠢᠷᠮᠠᠶᠢᠯᠭ᠎ᠠ ᠬᠡᠷᠡᠭᠳᠡᠢ︔ ᠤᠳᠤᠷᠢᠳᠤᠯᠭ᠎ᠠ ᠪᠠ ᠺᠠᠳ᠋ᠷ ᠠᠵᠢᠯᠳᠠᠨ ᠪᠦᠷ ᠠᠷᠭ᠎ᠠ ᠤᠬᠠᠭᠠᠨ ᠭᠠᠷᠭᠠᠵᠤ᠂ ᠲᠠᠨᠢᠯᠳᠠ ᠪᠠᠨ ᠦᠷᠭᠡᠳᠭᠡᠨ᠂ ᠤᠯᠠᠨ ‍ᠣ ᠰᠠᠨᠠᠯ ᠢ ᠲᠦᠪᠯᠡᠷᠡᠭᠦᠯᠵᠦ᠂ ᠮᠡᠳᠡᠭᠡ ᠵᠠᠩᠬᠢᠴᠢᠯᠠᠯᠳᠠ ᠶᠢᠨ ᠪᠠᠶᠢᠴᠠᠭᠠᠬᠤ ᠬᠤᠷᠢᠶ᠎ᠠ ᠶᠢ ᠬᠠᠮᠳᠤᠪᠠᠷ ᠪᠠᠶᠢᠭᠤᠯᠬᠤ ᠬᠡᠷᠡᠭᠳᠡᠢ︔ ᠡᠷᠭᠦᠨ᠎ᠡ ᠬᠤᠲᠡ ᠶᠢᠨ ᠪᠠᠶᠢᠴᠠᠭᠠᠬᠤ ᠬᠤᠷᠢᠶ᠎ᠠ ᠦᠷᠬᠦᠯᠵᠢᠯᠡᠨ ᠴᠢᠷᠮᠠᠶᠢᠵᠤ᠂ ᠪᠠᠶᠢᠴᠠᠭᠠᠬᠤ ᠡᠭᠦᠷᠭᠡ ᠴᠢᠳᠠᠪᠬᠢ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠨᠡᠩ ᠶᠡᠬᠡ ᠦᠷ᠎ᠡ ᠪᠦᠳᠦᠮᠵᠢ ᠶᠢ ᠲᠡᠮᠡᠴᠡᠬᠦ ᠬᠡᠷᠡᠭᠳᠡᠢ ᠭᠡᠵᠦ ᠴᠢᠩᠭᠠᠳᠬᠠᠵᠠᠢ᠃

W020170905359680342312.jpg

ᠮᠠ ᠶᠦᠩ ᠱᠧᠩ᠂ ᠴᠢᠨ ᠢ ᠬᠠᠷᠠᠭᠠᠨ ᠲᠠᠪᠳᠠᠮᠵᠢᠳᠤ ᠬᠦᠯᠢᠶᠡᠨ ᠠᠭᠤᠯᠵᠠᠬᠤ ᠰᠢᠰᠲ᠋ᠧᠮ ᠢᠶᠡᠷ ᠡᠷᠭᠦᠨ᠎ᠡ ᠬᠤᠲᠡ ᠶᠢᠨ ᠪᠠᠶᠢᠴᠠᠭᠠᠬᠤ ᠬᠤᠷᠢᠶᠠᠨ ‍ᠣ ᠭᠤᠮᠤᠳᠠᠯ ᠵᠠᠭᠠᠯᠳᠤᠯᠭ᠎ᠠ ᠪᠠᠶᠢᠴᠠᠭᠠᠬᠤ ᠰᠠᠯᠠᠭ᠎ᠠ ᠮᠦᠴᠢᠷ ᠤᠨ ᠺᠠᠳ᠋ᠷ ᠴᠠᠭᠳᠠᠭ᠎ᠠ ᠲᠠᠢ ᠬᠠᠷᠢᠯᠴᠠᠵᠤ ᠪᠠᠶᠢᠭ᠎ᠠ ᠨᠢ

W020170905359680765942.jpg

     ᠡᠩᠬᠡᠬᠠᠳᠠ ᠪᠠᠯᠭᠠᠰᠤᠨ ᠳ᠋ᠡᠬᠢ ᠲᠤᠮᠢᠯᠠᠨ ᠰᠠᠭᠤᠭ᠎ᠠ ᠪᠠᠶᠢᠴᠠᠭᠠᠬᠤ ᠭᠡᠷ ᠲᠤ᠂ ᠮᠠ ᠶᠦᠩ ᠱᠧᠩ ᠬᠠᠷᠠᠭᠠᠨ ᠲᠠᠪᠳᠠᠮᠵᠢᠳᠤ ᠬᠦᠯᠢᠶᠡᠨ ᠠᠭᠤᠯᠵᠠᠬᠤ ᠰᠢᠰᠲ᠋ᠧᠮ ᠢᠶᠡᠷ ᠡᠷᠭᠦᠨ᠎ᠡ ᠬᠤᠲᠡ ᠶᠢᠨ ᠪᠠᠶᠢᠴᠠᠭᠠᠬᠤ ᠬᠤᠷᠢᠶᠠᠨ ‍ᠣ ᠭᠤᠮᠤᠳᠠᠯ ᠵᠠᠭᠠᠯᠳᠤᠯᠭ᠎ᠠ ᠪᠠᠶᠢᠴᠠᠭᠠᠬᠤ ᠰᠠᠯᠠᠭ᠎ᠠ ᠮᠦᠴᠢᠷ ᠤᠨ ᠺᠠᠳ᠋ᠷ ᠴᠠᠭᠳᠠᠭ᠎ᠠ ᠲᠠᠢ ᠬᠠᠷᠢᠯᠴᠠᠵᠤ᠂ ᠭᠤᠮᠤᠳᠠᠯ ᠵᠠᠭᠠᠯᠳᠤᠯᠭ᠎ᠠ ᠬᠦᠯᠢᠶᠡᠨ ᠠᠪᠬᠤ ᠺᠠᠳ᠋ᠷ ᠴᠠᠭᠳᠠᠭ᠎ᠠ ᠲᠠᠢ ᠡᠶᠡᠯᠳᠡᠭ ᠢᠶᠡᠷ ᠶᠠᠷᠢᠯᠴᠠᠭᠰᠠᠨ ᠪᠠᠶᠢᠨ᠎ᠠ᠃ ᠡᠩᠬᠡᠬᠠᠳᠠ ᠪᠠᠯᠭᠠᠰᠤ ᠨᠢ ᠦᠪᠡᠷᠳᠡᠭᠡᠨ ᠵᠠᠰᠠᠬᠤ ᠤᠷᠤᠨ ‍ᠣ ᠬᠠᠮᠤᠭ ᠤᠮᠠᠷᠠᠳᠤ ᠬᠢᠯᠢ ᠳᠦ ᠪᠠᠶᠢᠵᠤ᠂ ᠤᠷᠤᠰ ᠲᠠᠢ ᠮᠦᠷᠡᠨ ᠠᠯᠤᠰᠯᠠᠨ᠂ ᠬᠠᠷᠠᠮᠦ᠋ᠷᠡᠨ ‍ᠣ ᠮᠦᠧᠧᠾᠧ ᠭᠤᠤᠯ ᠲᠠᠢ ᠵᠠᠬ᠎ᠠ ᠨᠡᠶᠢᠯᠡᠵᠦ᠂ ᠮᠠᠨ ‍ᠣ ᠤᠯᠤᠰ ᠤᠨ ᠤᠮᠠᠷᠠᠳᠤ ᠶᠢᠨ ᠬᠠᠮᠤᠭ ᠶᠡᠬᠡ ᠪᠠᠶᠢᠭᠠᠯᠢᠯᠢᠭ ᠰᠢᠭᠤᠶᠢᠳᠤ ᠤᠷᠤᠨ ᠢ ᠰᠠᠬᠢᠨ ᠬᠠᠮᠠᠭᠠᠯᠠᠵᠤ ᠪᠠᠶᠢᠨ᠎ᠠ᠂ ᠡᠨᠡ ᠬᠡᠰᠡᠭ ᠤᠢ ᠶᠢ ᠬᠠᠮᠠᠭᠠᠯᠠᠨ᠂ ᠬᠢᠯᠢ ᠬᠢᠵᠠᠭᠠᠷ ᠤᠨ ᠠᠮᠤᠷ ᠲᠤᠭᠳᠠᠭᠤᠨ ᠢ ᠬᠠᠮᠠᠭᠠᠯᠠᠬᠤ ᠶᠢᠨ ᠲᠦᠯᠦᠭᠡ᠂ ᠲᠤᠮᠢᠯᠠᠨ ᠰᠠᠭᠤᠭ᠎ᠠ ᠪᠠᠶᠢᠴᠠᠭᠠᠬᠤ ᠭᠡᠷ ᠪᠠᠶᠢᠭᠤᠯᠬᠤ ᠨᠢ ᠲᠤᠩ ᠴᠢᠬᠤᠯᠠ ᠪᠠᠶᠢᠨ᠎ᠠ᠃ ᠲᠤᠮᠢᠯᠠᠨ ᠰᠠᠭᠤᠭ᠎ᠠ ᠪᠠᠶᠢᠴᠠᠭᠠᠬᠤ ᠭᠡᠷ ᠡᠴᠡ ᠪᠠᠶᠢᠴᠠᠭᠠᠬᠤ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠪᠠᠶᠢᠴᠠᠭᠠᠬᠤ ᠡᠷᠬᠡ ᠶᠢ ᠬᠠᠥᠯᠢ ᠶᠤᠰᠤᠭᠠᠷ ᠬᠡᠷᠡᠭᠵᠢᠭᠦᠯᠵᠦ᠂ ᠡᠬᠡ ᠤᠯᠤᠰ ᠤᠨ ᠤᠮᠠᠷᠠᠳᠤ  ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ‍ᠣ ᠬᠠᠯᠬᠠᠪᠴᠢ ᠪᠠ ᠤᠮᠠᠷᠠᠳᠤ ᠬᠢᠯᠢ ᠶᠢᠨ ᠠᠮᠤᠷ ᠲᠤᠭᠳᠠᠭᠤᠨ ᠬᠠᠯᠬᠠᠪᠴᠢ ᠶᠢ ᠪᠠᠶᠢᠭᠤᠯᠬᠤ ᠳᠦ ᠬᠦᠴᠦᠳᠡᠢ ᠬᠠᠥᠯᠢ ᠴᠠᠭᠠᠵᠠ ᠶᠢᠨ ᠪᠠᠳᠤᠯᠠᠭ᠎ᠠ ᠬᠠᠩᠭᠠᠬᠤ ᠬᠡᠷᠡᠭᠳᠡᠢ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro