ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠮᠠ ᠶᠦᠩ ᠱᠧᠩ ᠪᠠᠶᠢᠴᠠᠭᠠᠬᠤ ᠲᠠᠷᠤᠭ᠎ᠠ ᠤᠷᠳᠤᠰ ᠬᠤᠲᠡ ᠶᠢᠨ ᠪᠠᠶᠢᠴᠠᠭᠠᠬᠤ ᠬᠤᠷᠢᠶ᠎ᠠ᠂ ᠡᠵᠡᠨ ᠬᠤᠷᠤᠭ᠎ᠠ ᠬᠤᠰᠢᠭᠤᠨ ‍ᠣ ᠪᠠᠶᠢᠴᠠᠭᠠᠬᠤ ᠬᠤᠷᠢᠶᠠᠨ ᠳᠤ ᠭᠦᠨᠵᠡᠭᠡᠶᠢᠷᠡᠵᠦ ᠪᠠᠶᠢᠴᠠᠭᠠᠨ ᠰᠤᠳᠤᠯᠤᠯᠳᠠ ᠬᠢᠵᠦ ᠠᠵᠢᠯ ᠵᠢᠯᠤᠭᠤᠳᠴᠠᠢ

2017-09-30 09:08:08
ᠵᠣᠬᠢᠶᠠᠭᠴᠢ
ᠪᠤᠤ ᠡᠾᠦ᠋ᠢ ᠮᠧᠢ

W020170925567844517343.jpg

    9 ᠰᠠᠷ᠎ᠠ ᠶᠢᠨ 21 ‍ᠣ ᠡᠳᠦᠷ᠂ ᠦᠪᠡᠷᠳᠡᠭᠡᠨ ᠵᠠᠰᠠᠬᠤ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠮᠠ ᠶᠦᠩ ᠱᠧᠩ᠂ ᠪᠠᠶᠢᠩᠭᠤ ᠶᠢᠨ ᠲᠡᠳ᠋ ᠪᠠᠶᠢᠴᠠᠭᠠᠬᠤ ᠲᠠᠷᠤᠭ᠎ᠠ ᠯᠢ ᠮᠤᠤ ᠯᠢᠨ᠂ ᠬᠠᠥᠯᠢ ᠪᠠᠷᠢᠬᠤ ᠬᠠᠷᠢᠭᠤᠴᠠᠯᠭ᠎ᠠ ᠶᠢᠨ ᠲᠦᠷᠢᠮ ᠦᠨ ᠦᠭᠡᠷᠡᠴᠢᠯᠡᠯᠳᠡ ᠶᠢᠨ ᠠᠯᠪᠠᠨ ᠭᠡᠷ ᠦᠨ ᠡᠷᠬᠢᠯᠡᠭᠴᠢ᠂ ᠪᠠᠭ᠎ᠠ ᠲᠠᠬᠤ ᠶᠢᠨ ᠭᠤᠤᠯ ᠭᠠᠵᠠᠷ ᠤᠷᠤᠨ ‍ᠣ ᠪᠠᠶᠢᠴᠠᠭᠠᠬᠤ ᠬᠤᠷᠢᠶᠠᠨ ‍ᠣ ᠪᠠᠶᠢᠴᠠᠭᠠᠬᠤ ᠲᠠᠷᠤᠭ᠎ᠠ ᠸᠠᠩ ᠴᠤᠸᠠᠨ ᠬᠤᠩ ᠵᠡᠷᠭᠡ ᠬᠦᠮᠦᠰ ᠤᠷᠳᠤᠰ ᠬᠤᠲᠡ ᠳᠤ ᠬᠦᠷᠴᠦ ᠪᠠᠶᠢᠴᠠᠭᠠᠨ ᠰᠤᠳᠤᠯᠤᠯᠳᠠ ᠬᠢᠵᠦ ᠠᠵᠢᠯ ᠵᠢᠯᠤᠭᠤᠳᠴᠠᠢ᠃ ᠤᠷᠳᠤᠰ ᠬᠤᠲᠡ ᠶᠢᠨ ᠨᠠᠮ ᠤᠨ ᠬᠤᠷᠢᠶᠠᠨ ‍ᠣ ᠱᠦᠵᠢ ᠨᠢᠦ ᠵᠢᠶᠦ᠋ᠨ ᠶᠠᠨ᠂ ᠬᠤᠲᠡ ᠶᠢᠨ ᠨᠠᠮ ᠤᠨ ᠬᠤᠷᠢᠶᠠᠨ ‍ᠣ ᠲᠡᠳ᠋ ᠱᠦᠵᠢ᠂ ᠬᠤᠳᠡ ᠶᠢᠨ ᠲᠠᠷᠤᠭ᠎ᠠ ᠭᠥᠩ ᠮᠢᠩ ᠵᠦ᠂ ᠤᠷᠳᠤᠰ ᠬᠤᠳᠡ ᠶᠢᠨ ᠲᠡᠳ᠋ ᠬᠤᠳᠡ ᠶᠢᠨ ᠲᠠᠷᠤᠭ᠎ᠠ᠂ ᠡᠵᠡᠨ ᠬᠤᠷᠤᠭ᠎ᠠ ᠬᠤᠰᠢᠭᠤᠨ ‍ᠣ ᠨᠠᠮ ᠤᠨ ᠬᠤᠷᠢᠶᠠᠨ ‍ᠣ ᠱᠦᠵᠢ ᠱᠠᠩ ᡁᠢ ᠴᠢᠶᠠᠩ ᠲᠤᠰ ᠲᠤᠰ ᠪᠠᠶᠢᠴᠠᠭᠠᠨ ᠰᠤᠳᠤᠯᠤᠯᠳᠠ ᠳᠤ ᠪᠠᠷ᠎ᠠ ᠪᠤᠯᠤᠯᠴᠠᠵᠠᠢ᠃

    ᠮᠠ ᠶᠦᠩ ᠱᠧᠩ ᠵᠡᠷᠭᠡ ᠬᠦᠮᠦᠰ ᠡᠵᠡᠨ ᠬᠤᠷᠤᠭ᠎ᠠ ᠬᠤᠰᠢᠭᠤᠨ ‍ᠣ ᠪᠠᠶᠢᠴᠠᠭᠠᠬᠤ ᠬᠤᠷᠢᠶᠠᠨ ᠳᠤ ᠭᠦᠨᠵᠡᠭᠡᠶᠢᠷᠡᠵᠦ᠂ ᠰᠢᠨ᠎ᠡ ᠪᠠᠷ ᠬᠡᠷᠡᠭᠯᠡᠭᠡᠨ ᠳᠦ ᠤᠷᠤᠭᠤᠯᠤᠭᠰᠠᠨ ᠮᠡᠷᠭᠡᠵᠢᠯ ᠢᠶᠡᠷ ᠲᠤᠷᠰᠢᠨ ᠪᠠᠶᠢᠴᠠᠭᠠᠬᠤ ᠠᠰᠠᠷ ᠢ ᠪᠠᠶᠢᠴᠠᠭᠠᠨ ᠦᠵᠡᠵᠦ᠂ ᠪᠦᠬᠦ ᠬᠤᠲᠡ ᠶᠢᠨ ᠪᠠᠶᠢᠴᠠᠭᠠᠬᠤ ᠠᠵᠢᠯ ᠵᠢᠴᠢ ᠡᠵᠡᠨ ᠬᠤᠷᠤᠭ᠎ᠠ ᠬᠤᠰᠢᠭᠤᠨ ‍ᠣ ᠪᠠᠶᠢᠴᠠᠭᠠᠬᠤ ᠬᠤᠷᠢᠶᠠᠨ ‍ᠣ ᠠᠵᠢᠯ ᠤᠨ ᠪᠠᠶᠢᠳᠠᠯ ᠤᠨ ᠮᠡᠳᠡᠭᠦᠯᠦᠯᠳᠡ ᠶᠢ ᠰᠤᠨᠤᠰᠴᠤ᠂ ᠬᠢᠶ᠎ᠠ ᠪᠠᠭᠰᠢ ᠲᠤᠭᠤᠷᠢᠭ ᠤᠨ ᠪᠠᠶᠢᠴᠠᠭᠠᠬᠤ ᠬᠤᠷᠢᠶᠠᠨ ‍ᠣ ᠰᠤᠩᠭᠤᠭᠰᠠᠨ ᠰᠠᠭᠤᠷᠢᠨ ᠭᠠᠵᠠᠷ ᠢ ᠪᠠᠶᠢᠴᠠᠭᠠᠨ ᠦᠵᠡᠭᠰᠡᠨ ‍ᠣ ᠬᠠᠮᠳᠤ ᠤᠷᠳᠤᠰ ᠬᠤᠲᠡ ᠶᠢᠨ ᠨᠠᠮ ᠤᠨ ᠬᠤᠷᠢᠶ᠎ᠠ᠂ ᠬᠢᠶ᠎ᠠ ᠪᠠᠭᠰᠢ ᠲᠤᠭᠤᠷᠢᠭ ᠤᠨ ᠨᠠᠮ ᠤᠨ ᠬᠤᠷᠢᠶᠠᠨ ‍ᠣ ᠭᠤᠤᠯ ᠤᠳᠤᠷᠢᠳᠤᠯᠭ᠎ᠠ ᠨᠠᠷ ᠲᠠᠢ ᠠᠵᠢᠯ ᠤᠨ ᠲᠤᠬᠠᠢ ᠰᠤᠯᠢᠯᠴᠠᠭ᠎ᠠ ᠬᠢᠵᠡᠢ᠃

    ᠮᠠ ᠶᠦᠩ ᠱᠧᠩ ᠤᠷᠳᠤᠰ ᠬᠤᠲᠡ ᠶᠢᠨ ᠪᠠᠶᠢᠴᠠᠭᠠᠬᠤ ᠠᠵᠢᠯ ᠢ ᠭᠦᠢᠴᠡᠳ ᠨᠤᠲᠠᠯᠠᠵᠠᠢ᠃ ᠲᠡᠷᠡ ᠤᠷᠳᠤᠰ ᠬᠤᠲᠡ ᠶᠢᠨ ᠪᠠᠶᠢᠴᠠᠭᠠᠬᠤ ᠬᠤᠷᠢᠶ᠎ᠠ ᠪᠠ ᠡᠵᠡᠨ ᠬᠤᠷᠤᠭ᠎ᠠ ᠬᠤᠰᠢᠭᠤᠨ ‍ᠣ ᠪᠠᠶᠢᠴᠠᠭᠠᠬᠤ ᠬᠤᠷᠢᠶᠠᠨ ‍ᠣ ᠠᠵᠢᠯ ᠨᠢ ᠭᠠᠵᠠᠷ ᠤᠷᠤᠨ ‍ᠣ ᠨᠠᠮ ᠤᠨ ᠬᠤᠷᠢᠶᠠᠨ ‍ᠣ ᠴᠢᠩᠭ᠎ᠠ ᠤᠳᠤᠷᠢᠳᠤᠯᠭ᠎ᠠ᠂ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠬᠦᠴᠦᠳᠡᠢ ᠬᠢᠨᠠᠯᠲᠠ ᠪᠠ ᠵᠠᠰᠠᠭ ᠤᠨ ᠤᠷᠳᠤᠨ ᠤ ᠶᠡᠬᠡ ᠲᠡᠮᠵᠢᠯᠭᠡ ᠵᠢᠴᠢ ᠤᠯᠤᠰ ᠲᠦᠷᠦ ᠶᠢᠨ ᠵᠦᠪᠯᠡᠯᠭᠡᠨ ᠦ ᠠᠷᠠᠳᠴᠢᠯᠠᠭᠰᠠᠨ ᠬᠢᠨᠠᠯᠲᠠ ᠲᠤᠤᠷ᠎ᠠ᠂ ᠲᠦᠷᠭᠡᠨ ᠬᠦᠭᠵᠢᠯᠳᠡ ᠤᠯᠤᠭᠰᠠᠨ ᠪᠠᠶᠢᠨ᠎ᠠ᠃ ᠤᠷᠳᠤᠰ ᠬᠤᠲᠡ ᠶᠢᠨ ᠪᠠᠶᠢᠴᠠᠭᠠᠬᠤ ᠬᠤᠷᠢᠶᠠᠨ ‍ᠣ ᠡᠯ᠎ᠡ ᠲᠦᠷᠦᠯ ᠦᠨ ᠠᠵᠢᠯ ᠪᠦᠷ ᠪᠦᠬᠦ ᠤᠷᠤᠨ ‍ᠣ ᠡᠮᠦᠨ᠎ᠡ ᠡᠩᠨᠡᠭᠡᠨ ᠳᠦ ᠵᠢᠭᠰᠠᠵᠤ᠂ ᠡᠯ᠎ᠡ ᠠᠶᠢᠮᠠᠭ ᠬᠤᠲᠡ ᠳᠤ ᠰᠠᠶᠢᠨ ᠲᠠᠭᠠᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ ᠭᠡᠵᠦ ᠵᠢᠭᠠᠨ ᠭᠠᠷᠭᠠᠵᠠᠢ᠃ ᠡᠵᠡᠨ ᠬᠤᠷᠤᠭ᠎ᠠ ᠬᠤᠰᠢᠭᠤᠨ ‍ᠣ ᠪᠠᠶᠢᠴᠠᠭᠠᠬᠤ ᠬᠤᠷᠢᠶᠠᠨ ‍ᠣ ᠠᠵᠢᠯ ᠲᠠᠪᠤᠨ ᠤᠨᠴᠠᠯᠢᠭ ᠲᠠᠢ᠄ ᠨᠢᠭᠡ ᠳᠦ᠂ ᠬᠠᠥᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠳᠡ ᠶᠢᠨ ᠠᠵᠢᠯ ᠤᠷᠤᠭᠰᠢᠳᠠᠢ ᠶᠠᠪᠤᠭᠳᠠᠵᠤ ᠪᠠᠶᠢᠨ᠎ᠠ᠃ ᠬᠤᠶᠠᠷ ᠲᠤ᠂ ᠪᠠᠶᠢᠴᠠᠭᠠᠬᠤ ᠠᠵᠢᠯ ᠭᠤᠤᠯ ᠬᠠᠷᠢᠭᠤᠴᠠᠯᠭ᠎ᠠ ᠪᠠ ᠭᠤᠤᠯᠯᠠᠬᠤ ᠲᠤᠬᠠᠶᠢᠯᠠᠭᠰᠠᠨ ᠠᠵᠢᠯ ᠳ᠋ᠠᠭᠠᠨ ᠲᠦᠪᠯᠡᠷᠡᠵᠦ ᠪᠠᠶᠢᠨ᠎ᠠ᠃ ᠭᠤᠷᠪᠠ ᠳᠤ᠂ ᠪᠠᠶᠢᠴᠠᠭᠠᠬᠤ ᠶᠠᠪᠤᠳᠠᠯ ᠤᠨ ᠪᠠᠳᠤᠯᠠᠭᠠᠨ ‍ᠣ ᠠᠵᠢᠯ ᠮᠠᠰᠢ ᠲᠤᠤᠱᠳᠠᠢ ᠪᠠᠶᠢᠨ᠎ᠠ᠃ ᠲᠦᠷᠪᠡ ᠳᠦ᠂ ᠡᠩᠨᠡᠭᠡᠨ ‍ᠣ ᠪᠠᠶᠢᠭᠤᠯᠤᠯᠳᠠ ᠶᠢᠨ ᠲᠠᠯ᠎ᠠ ᠪᠠᠷ ᠰᠢᠨ᠎ᠡ ᠡᠭᠦᠳᠦᠯᠳᠡ ᠲᠠᠢ ᠪᠠᠶᠢᠨ᠎ᠠ᠃ ᠲᠠᠪᠤ ᠳᠤ᠂ ᠪᠠᠶᠢᠴᠠᠭᠠᠬᠤ ᠰᠤᠶᠤᠯ ᠤᠨ ᠪᠠᠶᠢᠭᠤᠯᠤᠯᠳᠠ ᠶᠢᠨ ᠤᠨᠤᠯᠵᠢᠬᠤᠨ ᠰᠠᠶᠢᠨ ᠪᠠᠶᠢᠨ᠎ᠠ᠃

    ᠮᠠ ᠶᠦᠩ ᠱᠧᠩ ᠱᠠᠭᠠᠷᠳᠠᠭᠰᠠᠨ ᠨᠢ᠂ ᠨᠢᠭᠡ ᠳᠦ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠬᠤᠭᠤᠴᠠᠭᠠᠨ ᠳ᠋ᠡᠬᠢ ᠨᠡᠶᠢᠭᠡᠮ ᠦᠨ ᠠᠮᠤᠷ ᠲᠤᠭᠳᠠᠭᠤᠨ ᠢ ᠬᠠᠮᠠᠭᠠᠯᠠᠬᠤ ᠠᠵᠢᠯ ᠢ ᠰᠠᠶᠢᠳᠤᠷ ᠬᠢᠬᠦ ᠬᠡᠷᠡᠭᠳᠡᠢ᠃ ᠬᠤᠶᠠᠷ ᠲᠤ᠂ ᠬᠠᠥᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠳᠡ ᠶᠢᠨ ᠠᠵᠢᠯ ᠢ ᠰᠠᠶᠢᠳᠤᠷ ᠠᠳᠬᠤᠬᠤ ᠬᠡᠷᠡᠭᠳᠡᠢ᠃ ᠭᠤᠷᠪᠠ ᠳᠤ᠂ ᠤᠶᠤᠨᠯᠢᠭ ᠪᠠᠶᠢᠴᠠᠭᠠᠬᠤ ᠶᠠᠪᠤᠳᠠᠯ ᠤᠨ ᠠᠵᠢᠯ ᠢ ᠲᠦᠯᠬᠢᠨ ᠠᠬᠢᠭᠤᠯᠬᠤ ᠬᠡᠷᠡᠭᠳᠡᠢ᠃ ᠲᠦᠷᠪᠡ ᠳᠦ᠂ ᠨᠠᠮ ᠤᠨ ᠪᠦᠳᠦᠭᠡᠨ ᠪᠠᠶᠢᠭᠤᠯᠤᠯᠳᠠ ᠪᠠ ᠡᠩᠨᠡᠭᠡᠨ ‍ᠣ ᠪᠠᠶᠢᠭᠤᠯᠤᠯᠳᠠ ᠶᠢ ᠰᠠᠶᠢᠳᠤᠷ ᠠᠳᠬᠤᠬᠤ ᠬᠡᠷᠡᠭᠳᠡᠢ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro