ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠠᠶᠢᠴᠠᠭᠠᠬᠤ ᠡᠳᠦᠷ ᠦᠨ ᠰᠣᠨᠢᠨ ᠤ ᠲᠤᠰᠬᠠᠢ ᠰᠣᠷᠪᠤᠯᠵᠢᠯᠠᠭ᠎ᠠ — ᠮᠠ ᠶᠦᠩ ᠱᠧᠩ᠄ ᠦᠪᠦᠷ ᠮᠣᠩᠭᠣᠯ ᠤᠨ ᠪᠠᠶᠢᠴᠠᠭᠠᠬᠤ ᠠᠵᠢᠯ ᠤᠨ ᠦᠰᠦᠷᠦᠯᠲᠡ ᠶᠢᠨ ᠮᠠᠶ᠋ᠢᠭ ᠤᠨ ᠬᠦᠭᠵᠢᠯᠲᠡ ᠶᠢ ᠪᠡᠶᠡᠯᠡᠭᠦᠯᠦᠨ᠎ᠡ

2018-02-28 09:40:38
ᠵᠣᠬᠢᠶᠠᠭᠴᠢ
ᠬᠡᠰᠢᠭ

00.png

    ᠰᠤᠷᠪᠤᠯᠵᠢᠯᠠᠭᠴᠢ᠄ ᠮᠠ ᠪᠠᠶᠢᠴᠠᠭᠠᠬᠤ ᠲᠠᠷᠤᠭ᠎ᠠ ᠲᠠ ᠰᠠᠶᠢᠨ ᠤᠤ︖ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠬᠠᠮᠤᠭ ᠬᠢᠯᠠᠰᠤᠮ᠎ᠠ ᠲᠠᠯ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠰᠢᠨᠵᠢᠯᠡᠬᠦ ᠤᠬᠠᠭᠠᠨᠴᠢ ᠪᠠᠷ ᠲᠤᠷᠠᠳᠤᠨ ᠭᠠᠷᠭᠠᠭᠰᠠᠠ ᠪᠦᠭᠡᠳ ᠨᠠᠮ ᠤᠨ ᠲᠦᠷᠢᠮ ᠳᠤ ᠪᠢᠴᠢᠨ ᠤᠷᠤᠭᠤᠯᠵᠤ᠂ ᠮᠠᠨ ᠤ ᠨᠠᠮ ᠤᠨ ᠦᠨᠳᠦᠰᠦᠨ ᠵᠢᠯᠤᠭᠤᠳᠬᠤ ᠦᠵᠡᠯ ᠰᠠᠨᠠᠭ᠎ᠠ ᠪᠠ ᠠᠵᠢᠯᠯᠠᠭᠠᠨ ᠤ ᠵᠦᠭᠯᠡᠬᠦᠷ ᠪᠣᠯᠭᠠᠭᠰᠠᠠ ᠶᠠᠪᠤᠳᠠᠯ ᠪᠣᠯᠣᠨ᠎ᠠ᠃ ᠲᠡᠭᠡᠪᠡᠯ ᠲᠠ ᠡᠨᠡᠬᠦ ᠬᠤᠭᠤᠴᠠᠭᠠᠨ ᠤ ᠲᠤᠷᠰᠢᠬᠢ ᠰᠤᠷᠤᠯᠴᠠᠭᠰᠠᠠ ᠲᠠᠨᠢᠯᠲᠠ ᠪᠠᠨ ᠶᠠᠷᠢᠭᠠᠳ ᠥᠭᠬᠦᠨ᠎ᠡ ᠤᠤ᠃

    ᠮᠠ ᠶᠦᠩ ᠱᠧᠩ᠄ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠮᠡᠳᠡᠬᠦᠯᠦᠯᠲᠡ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ —— ᠡᠨᠡᠬᠦ ᠬᠦᠨᠳᠦ ᠴᠢᠬᠤᠯᠠ ᠣᠨᠣᠯ ᠤᠨ ᠡᠬᠦᠳᠦᠯᠲᠡ ᠶᠢᠨ ᠦᠷ᠎ᠡ ᠪᠦᠳᠦᠭᠡᠯ ᠢ ᠪᠦᠲᠦᠭᠡᠯᠴᠢ ᠪᠠᠷ ᠲᠤᠷᠠᠳᠤᠨ ᠭᠠᠷᠭᠠᠭᠰᠠᠠ ᠪᠦᠭᠡᠳ ︽ᠨᠠᠢᠮᠠᠨ ᠲᠤᠳᠤᠷᠬᠠᠶᠢᠯᠠᠯ︾ ᠪᠠ ︽ᠠᠷᠪᠠᠨ ᠪᠠᠷᠢᠮᠳᠠᠯᠠᠯ︾ ᠢᠶᠠᠷ ᠡᠨᠡᠬᠦ ᠴᠢᠬᠤᠯᠠ ᠶᠡᠭᠡ ᠦᠵᠡᠯ ᠰᠠᠨᠠᠭᠠᠨ ᠤ ᠪᠠᠶᠠᠯᠢᠭ ᠠᠭᠤᠯᠬᠤᠨ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠰᠢᠰᠲ᠋ᠧᠮ ᠲᠠᠢ ᠪᠠᠷ ᠦᠬᠦᠯᠡᠵᠤ᠂ ᠨᠡᠶᠢᠬᠡᠮ ᠵᠢᠷᠤᠮ ᠤᠨ ᠤᠳᠤᠬᠢᠴᠢᠯᠠᠭᠰᠠᠠ ᠬᠦᠴᠦᠷᠭᠡᠭ ᠤᠯᠤᠰ ᠢ ᠪᠦᠳᠦᠭᠡᠨ ᠪᠠᠶᠢᠭᠤᠯᠬᠤ ᠳᠤ ᠬᠦᠴᠦᠷᠭᠡᠭ ᠶᠡᠭᠡ ᠦᠵᠡᠯ ᠰᠠᠨᠠᠭᠠᠨ ᠤ ᠵᠡᠪᠰᠡᠭ ᠪᠠ ᠦᠨᠳᠤᠰᠤᠨ ᠠᠵᠢᠯᠯᠠᠭᠠᠨ ᠤ ᠵᠦᠭᠯᠡᠬᠦᠷ ᠣᠯᠭᠤᠵᠤ ᠥᠭᠴᠠᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠨᠢ ᠲᠦᠷᠪᠡᠨ ᠢᠯᠡᠷᠭᠡᠢ ᠣᠨᠴᠠᠯᠢᠭ ᠲᠠᠢ᠄ ᠨᠢᠭᠡ ᠳᠤ ᠮᠠᠷᠺᠰ ᠤᠨ ᠦᠵᠡᠯ ᠤᠨ ᠦᠨᠳᠦᠰᠦᠨ ᠤᠭ ᠶᠤᠰᠤ ᠤᠨ ᠤᠯᠠᠮᠵᠢᠯᠠᠯ ᠪᠠ ᠰᠢᠨ᠎ᠡ ᠦᠰᠦᠷᠤᠯᠲᠠ ᠶᠢ ᠢᠯᠡᠷᠡᠬᠦᠯᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠣᠯ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠦᠯᠦᠭᠡᠯᠡᠬᠦ ᠴᠢᠬᠤᠯᠠ ᠦᠵᠡᠯ ᠰᠠᠨᠠᠭ᠎ᠠ︾᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠶᠢᠨ ᠵᠠᠯᠭᠠᠮᠵᠢᠯᠠᠯ ᠪᠠ ᠬᠦᠭᠵᠢᠯᠲᠠ ᠪᠣᠯᠣᠨ᠎ᠠ᠂ ᠮᠠᠷᠺᠰ ᠤᠨ ᠦᠵᠡᠯ ᠤᠨ ᠲᠤᠮᠳᠠᠳᠤ ᠤᠯᠤᠰᠴᠢᠯᠠᠭᠰᠠᠠ ᠬᠠᠮᠤᠭ ᠰᠢᠨ᠎ᠡ ᠦᠷ᠎ᠡ ᠪᠦᠲᠦᠭᠡᠯ ᠪᠣᠯᠵᠤ᠂ ᠮᠠᠷᠺᠰ ᠤᠨ ᠦᠵᠡᠯ ᠤᠨ ᠦᠨᠳᠦᠰᠦᠨ ᠤᠭ ᠶᠤᠰᠤ ᠶᠢ ᠲᠤᠮᠳᠠᠳᠤ ᠤᠯᠤᠰ ᠤᠨ ᠪᠤᠳᠠᠳᠠᠢ ᠲᠠᠢ ᠤᠶᠠᠯᠳᠤᠭᠤᠯᠤᠭᠰᠠᠠ ᠪᠠᠰᠠ ᠨᠢᠭᠡᠨ ᠤᠳᠠᠭᠠᠨ ᠤ ᠦᠰᠦᠷᠤᠯᠲᠡ ᠶᠢ ᠪᠡᠶᠡᠯᠡᠬᠦᠯᠵᠡᠢ᠃ ᠬᠤᠶᠠᠷ ᠲᠤ᠂ ᠮᠠᠨ ᠤ ᠨᠠᠮ ᠤᠨ ᠦᠵᠡᠯ ᠰᠠᠨᠠᠭᠠᠨ ᠤ ᠲᠠᠯ᠎ᠠ ᠪᠠᠷ ᠨᠠᠮ ᠢᠶᠠᠨ ᠪᠠᠶᠢᠭᠤᠯᠵᠤ᠂ ᠲᠡᠷᠢᠬᠦᠨ ᠤ ᠣᠨᠣᠯ ᠢᠶᠠᠷ ᠪᠦᠬᠦ ᠨᠠᠮ ᠢᠶᠠᠨ ᠵᠡᠪᠰᠡᠭᠯᠡᠬᠦ ᠰᠢᠯᠢᠳᠡᠭ ᠬᠡᠪ ᠰᠤᠷᠳᠠᠯ ᠢ ᠢᠯᠡᠷᠡᠬᠦᠯᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠪᠠ ᠤᠯᠤᠰ ᠤᠨ ᠦᠢᠯᠡᠰ ᠪᠦᠬᠦ ᠲᠠᠯ᠎ᠠ ᠪᠠᠷ ᠰᠢᠨ᠎ᠡ ᠪᠠᠶᠢᠳᠠᠯ ᠢ ᠡᠬᠦᠳᠴᠤ᠂ ᠲᠡᠤᠭᠡᠳᠤ ᠴᠢᠨᠠᠷᠳᠠᠢ ᠬᠤᠪᠢᠷᠠᠯᠲᠠ ᠭᠠᠷᠤᠭᠰᠠᠠ ᠶᠠᠪᠤᠳᠠᠯ ᠪᠣᠯ ᠪᠢᠳᠠ ᠦᠵᠡᠯ ᠰᠠᠨᠠᠭᠠᠨ ᠤ ᠲᠠᠯ᠎ᠠ ᠪᠠᠷ ᠬᠡᠵᠢᠶᠡᠳᠡ ᠬᠦᠰᠢᠬᠦᠷᠡᠵᠤ ᠵᠤᠭᠰᠤᠩᠭᠤᠷᠠᠶᠢᠭᠰᠠᠠ ᠦᠭᠡᠢ᠂ ᠠᠯᠢ ᠤᠯᠠᠨ ᠰᠢᠨ᠎ᠡ ᠣᠨᠣᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠪᠣᠢ ᠪᠣᠯᠣᠭᠠᠳ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠬᠦᠭᠵᠢᠬᠦᠯᠦᠭᠰᠡᠨ ᠪᠠ ᠪᠣᠢ ᠪᠣᠯᠭᠠᠵᠤ᠂ ᠲᠡᠷᠡᠴᠢᠯᠡᠨ ᠲᠡᠬᠦᠨ ᠢᠶᠠᠷ ᠪᠦᠬᠦ ᠨᠠᠮ ᠢᠶᠠᠨ ᠵᠡᠪᠰᠡᠭᠯᠡᠨ᠂ ᠨᠡᠶᠢᠭᠡᠮ ᠵᠢᠷᠤᠮ ᠤᠨ ᠤᠳᠤᠬᠢᠴᠢᠯᠠᠯᠲᠠ ᠪᠠ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠪᠠᠶᠢᠭᠤᠯᠬᠤ ᠳᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠣᠯᠭᠤᠭᠰᠠᠠ ᠳᠤ ᠤᠷᠤᠰᠢᠨ᠎ᠠ᠃ ᠭᠤᠷᠪᠠ ᠳᠤ ᠦᠨᠡᠨ ᠠᠴᠠ ᠵᠦᠪ ᠢ ᠡᠷᠢᠬᠦ᠂ ᠣᠨᠣᠯ ᠦᠢᠯᠡᠳᠦᠯᠭᠡ ᠶᠢ ᠤᠶᠠᠯᠳᠤᠭᠤᠯᠬᠤ ᠢᠯᠡ ᠲᠤᠳᠤᠷᠬᠠᠢ ᠬᠠᠨᠳᠦᠰᠢ ᠶᠢ ᠢᠯᠡᠷᠡᠬᠦᠯᠪᠡ᠃ ᠰᠢᠨ᠎ᠡ ᠴᠠᠭ ᠦᠶ᠎ᠡ ᠳᠤ ᠶᠠᠮᠠᠷᠰᠢᠤ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠢ ᠪᠠᠷᠢᠮᠲᠠᠯᠠᠬᠤ ᠪᠠ ᠬᠦᠭᠵᠢᠬᠦᠯᠬᠦ᠂ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠢ ᠬᠡᠷᠬᠢᠨ ᠪᠠᠷᠢᠮᠲᠠᠯᠠᠬᠤ ᠪᠠ ᠬᠦᠭᠵᠢᠬᠦᠯᠬᠦ ᠨᠢ ᠮᠠᠨ ᠤ ᠨᠠᠮ ᠤᠨ ᠢᠮᠠᠭᠲᠠ ᠰᠦᠪᠡᠭᠴᠢᠯᠡᠭᠰᠡᠭᠡᠷ ᠢᠷᠡᠭᠰᠡᠨ ᠴᠢᠬᠤᠯᠠ ᠶᠡᠭᠡ ᠰᠡᠳᠤᠪ ᠪᠣᠯᠣᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠠᠭ ᠡᠨᠡᠬᠦ ᠴᠠᠭ ᠦᠶ᠎ᠡ ᠪᠠ ᠦᠢᠯᠡᠳᠦᠯᠬᠡ ᠠᠴᠠ ᠲᠤᠷᠠᠳᠤᠭᠰᠠᠠ ᠴᠢᠬᠤᠯᠠ ᠶᠡᠭᠡ ᠰᠡᠳᠤᠪ ᠲᠠᠬᠢ ᠲᠠᠰᠤᠷᠠᠯᠲᠠ ᠦᠭᠡᠢ ᠬᠦᠭᠵᠢᠵᠤ ᠪᠦᠷᠢᠯᠳᠦᠭᠰᠡᠨ ᠢ ᠬᠠᠷᠠᠭᠤᠯᠤᠭᠰᠠᠨ ᠶᠤᠮ᠂ ᠵᠣᠷᠢᠯᠭ᠎ᠠ ᠨᠢ ᠤᠳᠤᠬᠠᠨ ᠳᠤ ᠮᠠᠨ ᠤ ᠲᠤᠯᠭᠠᠷᠠᠵᠤ ᠪᠠᠶᠢᠭ᠎ᠠ ᠨᠡᠶᠢᠭᠡᠮ ᠤᠨ ᠭᠤᠣᠯ ᠵᠦᠷᠢᠴᠡᠯ ᠤᠨ ᠬᠤᠪᠢᠷᠠᠯᠲᠠ ᠶᠢ ᠰᠢᠢᠳᠪᠤᠷᠢᠯᠡᠵᠤ᠂ ᠰᠢᠨ᠎ᠡ ᠴᠠᠭ ᠦᠶ᠎ᠡ ᠳᠤ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠢ ᠨᠡᠩ ᠰᠠᠶᠢᠨ ᠢᠶᠠᠷ ᠪᠠᠷᠢᠮᠲᠠᠯᠠᠨ ᠬᠦᠭᠵᠢᠬᠦᠯᠬᠦ ᠶᠢᠨ ᠲᠦᠯᠦᠭᠡ ᠶᠤᠮ᠃ ᠲᠦᠷᠪᠡ ᠳᠤ ᠨᠠᠮ ᠢ ᠬᠠᠮᠢᠶᠠᠷᠬᠤ ᠨᠠᠮ ᠢ ᠵᠠᠰᠠᠬᠤ ᠵᠣᠷᠢᠭ ᠰᠢᠭᠤᠳᠤᠯ ᠢ ᠢᠯᠡᠷᠡᠬᠦᠯᠪᠡ᠃ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠲᠤᠤᠱᠯᠠᠭᠤᠯᠵᠤ᠂ ᠮᠠᠨ ᠤ ᠨᠠᠮ ᠤᠨ ᠦᠪᠡᠷ ᠢ ᠪᠠᠨ ᠬᠤᠪᠢᠰᠬᠠᠯᠵᠢᠭᠤᠯᠬᠤ ᠤᠯᠤᠰ ᠲᠦᠷᠦ ᠶᠢᠨ ᠡᠷᠴᠢ ᠵᠤᠷᠢᠭ ᠢ ᠢᠯᠡᠷᠡᠬᠦᠯᠭᠰᠡᠨ ᠪᠠᠶᠢᠨ᠎ᠠ᠃

    ᠰᠤᠷᠪᠤᠯᠵᠢᠯᠠᠭᠴᠢ᠄ ᠰᠢ ᠶᠢᠨ ᠫᠢᠩ ᠶᠡᠷᠤᠩᠭᠡᠢ ᠱᠦᠵᠢ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠢᠯᠡᠳᠭᠡᠯ ᠳᠡᠭᠡᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠪᠦᠬᠦ ᠨᠠᠮ ᠢᠶᠠᠨ ᠵᠡᠪᠰᠡᠭᠯᠡᠬᠦ ᠬᠡᠷᠡᠭᠳᠡᠢ ᠭᠡᠵᠤ ᠵᠢᠭᠠᠨ ᠭᠠᠷᠭᠠᠵᠠᠢ᠃ ᠲᠠ ᠡᠨᠡᠬᠦ ᠴᠢᠬᠤᠯᠠ ᠱᠠᠭᠠᠷᠳᠠᠯᠭ᠎ᠠ ᠶᠢ ᠬᠡᠷᠬᠢᠨ ᠤᠶᠢᠯᠠᠭᠠᠵᠤ ᠪᠠᠶᠢᠬᠤ ᠪᠣᠢ︖

    ᠮᠠ ᠶᠦᠩ ᠱᠧᠩ᠄ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ ᠰᠢᠨ᠎ᠡ ᠴᠠᠭ ᠦᠶ᠎ᠡ ᠳᠤ ᠤᠷᠤᠪᠠ᠂ ᠨᠠᠮ ᠤᠨ ᠲᠡᠤᠭᠡᠳᠤ ᠪᠠᠶᠢᠷᠢᠰᠢᠯ ᠪᠠ ᠦᠢᠯᠡᠳᠦᠯᠭᠡ ᠶᠢᠨ ᠰᠠᠭᠤᠷᠢ ᠬᠦᠨᠵᠡᠭᠡᠢ ᠬᠤᠪᠢᠷᠠᠯᠲᠠ ᠭᠠᠷᠴᠤ᠂ ᠮᠠᠰᠢ ᠤᠯᠠᠨ ᠲᠦᠭᠰᠢᠬᠦᠷᠢ ᠳᠤ ᠲᠤᠯᠭᠠᠷᠠᠭᠰᠠᠠ ᠪᠠᠶᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠪᠦᠬᠦ ᠨᠠᠮ ᠢᠶᠠᠨ ᠵᠡᠪᠰᠡᠭᠯᠡᠪᠡᠯ ᠲᠠᠷᠤᠢ ᠦᠭᠡᠷᠡᠴᠢᠯᠡᠯᠲᠡ ᠪᠠ ᠬᠦᠭᠵᠢᠯᠲᠡ ᠶᠢᠨ ᠶᠠᠪᠤᠴᠠ ᠲᠤᠮᠳᠠ ᠡᠯ᠎ᠡ ᠵᠦᠢᠯ ᠤᠨ ᠬᠦᠴᠢᠷᠳᠡᠯ ᠢ ᠪᠦᠲᠦᠮᠵᠢᠲᠠᠢ ᠵᠠᠳᠠᠯᠵᠤ᠂ ᠠᠭᠤᠤ ᠶᠡᠭᠡ ᠲᠡᠮᠡᠴᠡᠯ ᠬᠢᠵᠤ᠂ ᠠᠭᠤᠤ ᠶᠡᠭᠡ ᠢᠨᠵᠧᠨᠧᠷᠢᠩ ᠢ ᠪᠦᠲᠦᠭᠡᠨ ᠪᠠᠶᠢᠭᠤᠯᠤᠨ᠂ ᠠᠭᠤᠤ ᠶᠡᠭᠡ ᠦᠢᠯᠡᠰ ᠢ ᠲᠦᠯᠬᠢᠨ ᠠᠬᠢᠭᠤᠯᠵᠤ᠂ ᠠᠭᠤᠤ ᠶᠡᠭᠡ ᠬᠦᠰᠡᠯ ᠢ ᠪᠡᠶᠡᠯᠡᠬᠦᠯᠵᠤ ᠴᠢᠳᠠᠨ᠎ᠠ᠃

    ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠰᠤᠷᠤᠯᠴᠠᠯᠭ᠎ᠠ ᠬᠦᠮᠦᠵᠢᠯ ᠢ ᠦᠷᠬᠦᠯᠵᠢᠯᠡᠨ ᠰᠠᠶᠢᠳᠤᠷ ᠠᠳᠬᠤᠵᠤ᠂ ︽ᠤᠭ ᠰᠠᠨᠠᠭ᠎ᠠ ᠪᠠᠨ ᠮᠠᠷᠳᠠᠯ ᠦᠭᠡᠢ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠰᠡᠳᠤᠪᠳᠦ ᠬᠦᠮᠦᠵᠢᠯ ᠢ ᠬᠦᠨᠵᠡᠭᠡᠢ ᠦᠷᠨᠢᠬᠦᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ︽ᠬᠤᠶᠠᠷ ᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠬᠦᠨ ᠪᠣᠯᠬᠤ︾ ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠯᠲᠠ ᠲᠦᠷᠢᠮᠵᠢᠯᠲᠠ ᠶᠢᠨ ᠭᠤᠣᠯ ᠠᠭᠤᠯᠭ᠎ᠠ ᠪᠣᠯᠭᠠᠨ᠂ ᠪᠠᠶᠢᠩᠭᠤ ᠠᠳᠬᠤᠵᠤ᠂ ᠡᠳᠤᠷ ᠲᠤᠳᠤᠮ ᠤᠨ ᠠᠵᠢᠯ ᠳᠠᠭᠠᠨ ᠠᠭᠤᠰᠬᠠᠨ᠂ ᠪᠠᠶᠢᠴᠠᠭᠠᠬᠤ ᠺᠠᠳ᠋ᠷ ᠴᠠᠭᠳᠠᠭᠠᠴᠤᠳ ᠤᠨ ᠰᠢ ᠶᠢᠨ ᠫᠢᠩ ᠨᠦᠬᠦᠷ ᠢᠶᠠᠷ ᠭᠤᠣᠯᠯᠠᠭᠤᠯᠤᠭᠰᠠᠠ ᠨᠠᠮ ᠤᠨ ᠲᠥᠪ ᠬᠤᠷᠢᠶ᠎ᠠ ᠲᠠᠢ ᠲᠡᠭᠡᠳᠤ ᠬᠡᠮᠵᠢᠶᠡᠨ ᠤ ᠨᠢᠭᠡᠳᠤᠯᠲᠠᠢ ᠪᠠᠶᠢᠬᠤ ᠦᠵᠡᠯ ᠰᠠᠨᠠᠭᠠᠨ ᠤ ᠰᠠᠭᠤᠷᠢ ᠶᠢ ᠴᠢᠨᠠᠭᠰᠢᠳᠠ ᠪᠠᠬᠢᠵᠢᠬᠦᠯᠦᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠺᠠᠳ᠋ᠷ ᠴᠠᠭᠳᠠᠭᠠᠴᠤᠳ ᠤᠨ ᠬᠦᠮᠦᠵᠢᠯ ᠪᠣᠯᠪᠠᠰᠤᠷᠠᠯ ᠤᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠵᠠᠪᠠᠯ ᠰᠤᠷᠬᠤ ᠬᠢᠴᠢᠶᠡᠯ ᠪᠣᠯᠭᠠᠨ᠂ ᠪᠠᠶᠢᠴᠠᠭᠠᠬᠤ ᠤᠳᠤᠷᠢᠳᠬᠤ ᠺᠠᠳ᠋ᠷ ᠤᠨ ᠪᠣᠯᠪᠠᠰᠤᠷᠠᠯ ᠢ ᠦᠷᠨᠢᠬᠦᠯᠵᠤ᠂ ᠺᠠᠳ᠋ᠷᠴᠤᠳ ᠤᠨ ᠣᠨᠣᠯ ᠤᠨ ᠵᠡᠪᠰᠡᠭᠯᠡᠯ ᠢ ᠲᠦᠷᠦᠯᠴᠢᠯᠡᠨ ᠱᠠᠳᠤ ᠬᠤᠪᠢᠶᠠᠨ ᠰᠠᠶᠢᠳᠤᠷ ᠠᠳᠬᠤᠨ᠎ᠠ᠃ ᠪᠠᠶᠢᠴᠠᠭᠠᠬᠤ ᠤᠳᠤᠷᠢᠳᠬᠤ ᠺᠠᠳ᠋ᠷ ᠤᠨ ︽ᠵᠠᠩᠬᠢᠯᠠᠭ᠎ᠠ ᠶᠢᠨ ᠴᠦᠭᠡᠨ ᠲᠤᠭ᠎ᠠ︾ ᠶᠢᠨ ᠦᠢᠯᠡᠳᠦᠯ ᠢ ᠪᠠᠳᠠᠷᠠᠭᠤᠯᠵᠤ᠂ ᠡᠯ᠎ᠡ ᠱᠠᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠰᠤᠷᠤᠯᠴᠠᠨ ᠰᠤᠳᠤᠯᠬᠤ ᠶᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ᠂ ᠪᠠᠶᠢᠴᠠᠭᠠᠬᠤ ᠤᠳᠤᠷᠢᠳᠬᠤ ᠺᠠᠳ᠋ᠷ ᠨᠠᠷ ᠰᠤᠷᠤᠯᠴᠠᠵᠤ ᠤᠬᠠᠭᠤᠯᠤᠨ ᠲᠤᠤᠱᠯᠠᠭᠤᠯᠬᠤ ᠤᠳᠤᠷᠢᠳᠬᠤ ᠬᠠᠷᠢᠭᠤᠴᠠᠯᠭ᠎ᠠ ᠶᠢ ᠦᠨᠡᠨᠬᠦ ᠡᠬᠦᠷᠭᠡᠯᠡᠨ᠂ ᠨᠠᠮ ᠤᠨ ᠭᠡᠰᠢᠬᠦᠨ ᠺᠠᠳ᠋ᠷᠴᠤᠳ ᠲᠠᠢ ᠬᠠᠮᠳᠤᠪᠡᠷ ᠰᠤᠷᠤᠯᠴᠠᠨ ᠰᠤᠯᠢᠯᠴᠠᠵᠤ᠂ ᠬᠠᠮᠳᠤᠪᠡᠷ ᠪᠠᠶᠢᠴᠠᠭᠠᠨ ᠰᠤᠳᠤᠯᠵᠤ᠂ ᠬᠠᠮᠳᠤᠪᠠᠷ ᠰᠦᠪᠡᠭᠴᠢᠯᠡᠨ ᠠᠵᠢᠯᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠵᠤ᠂ ᠦᠢᠯᠡᠳᠦᠯᠭᠡ ᠪᠠᠨ ᠵᠢᠯᠤᠳᠤᠭᠤᠯᠵᠤ᠂ ᠠᠵᠢᠯ ᠢᠶᠠᠨ ᠲᠦᠯᠬᠢᠨ ᠠᠬᠢᠭᠤᠯᠤᠨ᠎ᠠ᠃


ᠢᠷᠡᠯᠲᠡ
ᠦᠪᠦᠷ ᠮᠣᠩᠭᠣᠯ ᠤᠨ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro