ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠦᠪᠡᠷᠲᠡᠭᠡᠨ ᠵᠠᠰᠠᠬᠤ ᠣᠷᠤᠨ  ᠤ ᠪᠠᠶᠢᠴᠠᠭᠠᠬᠤ ᠬᠣᠷᠢᠶᠠᠨ  ᠳᠤ ᠲᠣᠭᠤᠷᠢᠨ ᠪᠠᠶᠢᠴᠠᠭᠠᠬᠤ ᠠᠵᠢᠯ  ᠢᠶᠠᠨ ᠡᠬᠢᠯᠡᠭᠦᠯᠦᠯ᠎ᠡ

2018-05-10 09:21:08
ᠵᠣᠬᠢᠶᠠᠭᠴᠢ
ᠡᠷᠬᠡ

 

     4 ᠰᠠᠷ᠎ᠠ  ᠶᠢᠨ 20 ᠦ ᠡᠳᠦᠷ  ᠤᠨ ᠦᠳᠡ  ᠶᠢᠨ ᠡᠮᠦᠨ᠎ᠡ ᠂ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ ᠨᠠᠮ ᠤᠨ ᠤᠳᠤᠷᠢᠳᠬᠤ ᠳᠤᠭᠤᠶᠢᠯᠠᠩ  ᠤᠨ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠦᠪᠡᠷᠲᠡᠭᠡᠨ ᠵᠠᠰᠠᠬᠤ ᠣᠷᠤᠨ  ᠤ ᠪᠠᠶᠢᠴᠠᠭᠠᠬᠤ ᠬᠣᠷᠢᠶ᠎ᠠ  ᠶᠢᠨ  ᠨᠠᠮ  ᠤᠨ ᠤᠳᠤᠷᠢᠳᠬᠤ ᠳᠤᠭᠤᠶᠢᠯᠠᠩ  ᠤᠨ ᠠᠵᠢᠯ  ᠢ  ᠲᠣᠭᠤᠷᠢᠨ ᠪᠠᠶᠢᠴᠠᠭᠠᠬᠤ ᠳᠠᠶᠢᠴᠢᠯᠠᠯᠲᠠ  ᠶᠢᠨ ᠬᠤᠷᠠᠯ ᠬᠤᠷᠠᠯᠳᠤᠭᠤᠯᠪᠠ ᠃

     ᠬᠤᠷᠠᠯ  ᠠᠴᠠ ᠡᠮᠦᠨ᠎ᠡ ᠂ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ ᠨᠠᠮ  ᠤᠨ ᠤᠳᠤᠷᠢᠳᠬᠤ ᠳᠤᠭᠤᠶᠢᠯᠠᠩ  ᠤᠨ ᠭᠡᠰᠢᠭᠦᠨ᠂ ᠳᠡᠳ᠋ ᠪᠠᠶᠢᠴᠠᠭᠠᠬᠤ ᠳᠠᠷᠤᠭ᠎ᠠ ᠯᠢ ᠷᠦ᠋ ᠯᠢᠨ  ᠡᠴᠡ ᠦᠪᠦᠷ ᠮᠣᠩᠭᠣᠯ  ᠤᠨ ᠦᠪᠡᠷᠲᠡᠭᠡᠨ ᠵᠠᠰᠠᠬᠤ ᠣᠷᠤᠨ  ᠤ ᠤᠯᠤᠰ ᠲᠦᠷᠦ  ᠶᠢᠨ ᠵᠦᠪᠯᠡᠯᠭᠡᠨ  ᠦ ᠲᠡᠷᠢᠭᠦᠯᠡᠭᠴᠢ ᠂ ᠨᠠᠮ  ᠤᠨ ᠬᠣᠷᠢᠶᠠᠨ  ᠤ ᠳᠡᠳ᠋ ᠱᠦᠵᠢ ᠂ ᠤᠯᠤᠰ ᠲᠦᠷᠦ ᠬᠠᠤᠯᠢ ᠴᠠᠭᠠᠵᠠ  ᠶᠢᠨ ᠬᠣᠷᠢᠶᠠᠨ  ᠤ ᠱᠦᠵᠢ ᠯᠢ ᠵᠢᠶᠠ ᠂ ᠦᠪᠦᠷ ᠮᠣᠩᠭᠣᠯ  ᠤᠨ ᠦᠪᠡᠷᠲᠡᠭᠡᠨ ᠵᠠᠰᠠᠬᠤ ᠣᠷᠤᠨ  ᠤ ᠨᠠᠮ  ᠤᠨ ᠬᠣᠷᠢᠶᠠᠨ  ᠤ ᠪᠠᠶᠢᠩᠭᠤ  ᠶᠢᠨ ᠭᠡᠰᠢᠭᠦᠨ ᠂ ᠰᠠᠬᠢᠯᠭ᠎ᠠ ᠪᠠᠲᠦ ᠪᠠᠶᠢᠴᠠᠭᠠᠬᠤ ᠬᠣᠷᠢᠶᠠᠨ  ᠤ ᠱᠦᠵᠢ ᠯᠢᠦ ᠴᠢ ᠹᠠᠨ ᠲᠠᠢ ᠲᠤᠰ ᠡᠭᠡᠯᠵᠢ  ᠶᠢᠨ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ ᠲᠣᠭᠤᠷᠢᠨ ᠪᠠᠶᠢᠴᠠᠭᠠᠬᠤ ᠠᠵᠢᠯ  ᠤᠨ ᠲᠣᠬᠢᠷᠠᠭᠤᠯᠤᠯᠲᠠ  ᠶᠢᠨ ᠲᠤᠬᠠᠢ ᠣᠶᠢᠯᠠᠭᠠᠨ ᠨᠡᠪᠲᠡᠷᠡᠯᠴᠡᠵᠡᠢ ᠃

     ᠳᠠᠶᠢᠴᠢᠯᠠᠯᠲᠠ  ᠶᠢᠨ ᠬᠤᠷᠠᠯ ᠳᠡᠭᠡᠷ᠎ᠡ ᠂ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ ᠯᠢ ᠷᠦ᠋ ᠯᠢᠨ ᠳᠡᠳ᠋ ᠪᠠᠶᠢᠴᠠᠭᠠᠬᠤ ᠳᠠᠷᠤᠭ᠎ᠠ ᠲᠣᠭᠤᠷᠢᠨ ᠪᠠᠶᠢᠴᠠᠭᠠᠬᠤ ᠠᠵᠢᠯ  ᠳᠤ ᠱᠠᠭᠠᠷᠳᠠᠯᠭ᠎ᠠ ᠳᠤᠷᠠᠳᠴᠠᠢ ᠃ ᠦᠪᠦᠷ ᠮᠣᠩᠭᠣᠯ  ᠤᠨ ᠰᠠᠬᠢᠯᠭ᠎ᠠ ᠪᠠᠲᠦ ᠪᠠᠶᠢᠴᠠᠭᠠᠬᠤ ᠬᠣᠷᠢᠶᠠᠨ  ᠤ ᠳᠡᠳ᠋ ᠱᠦᠵᠢ ᠂ ᠬᠢᠨᠠᠨ ᠪᠠᠶᠢᠴᠠᠭᠠᠬᠤ ᠵᠦᠪᠯᠡᠯ  ᠦᠨ ᠳᠡᠳ᠋ ᠡᠷᠬᠢᠯᠡᠭᠴᠢ ᠂ ᠦᠪᠡᠷᠲᠡᠭᠡᠨ ᠵᠠᠰᠠᠬᠤ ᠣᠷᠤᠨ  ᠤ ᠲᠣᠭᠤᠷᠢᠨ ᠪᠠᠶᠢᠴᠠᠭᠠᠬᠤ ᠠᠵᠢᠯ  ᠤᠨ ᠤᠳᠤᠷᠢᠳᠬᠤ ᠳᠤᠭᠤᠶᠢᠯᠠᠩ  ᠤᠨ ᠪᠦᠷᠢᠯᠳᠦᠭᠦᠨ ᠯᠠ ᠵᠢᠶᠦ᠋ᠨ ᠪᠠ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ ᠨᠠᠮ ᠤᠨ ᠤᠳᠤᠷᠢᠳᠬᠤ ᠳᠤᠭᠤᠶᠢᠯᠠᠩ  ᠤᠨ  ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠭᠦᠧᠧ ᠰᠢᠩ ᠸᠠᠩ ᠶᠠᠷᠢᠶ᠎ᠠ ᠬᠢᠪᠡ ᠃ ᠦᠪᠡᠷᠲᠡᠭᠡᠨ ᠵᠠᠰᠠᠬᠤ ᠣᠷᠤᠨ  ᠤ ᠪᠠᠶᠢᠴᠠᠭᠠᠬᠤ ᠬᠣᠷᠢᠶᠠᠨ ᠤ ᠯᠢ ᠴᠢ ᠯᠢᠨ ᠪᠠᠶᠢᠴᠠᠭᠠᠬᠤ ᠳᠠᠷᠤᠭ᠎ᠠ ᠬᠤᠷᠠᠯ  ᠢ ᠡᠷᠬᠢᠯᠡᠭᠰᠡᠨ ᠪᠦᠭᠡᠳ ᠣᠪᠤᠷ  ᠢᠶᠠᠨ ᠢᠯᠡᠳᠭᠡᠭᠰᠡᠨ ᠶᠠᠷᠢᠶ᠎ᠠ ᠬᠢᠪᠡ ᠃

     ᠣᠶᠢᠯᠠᠭᠠᠯᠲᠠ  ᠪᠠᠷ ᠲᠣᠭᠤᠷᠢᠨ ᠪᠠᠶᠢᠴᠠᠭᠠᠬᠤ ᠬᠤᠭᠤᠴᠠᠭ᠎ᠠ ᠨᠢ  4 ᠰᠠᠷ᠎ᠠ  ᠶᠢᠨ  20᠎᠎ ᠎— 6 ᠰᠠᠷ᠎ᠠ  ᠶᠢᠨ 15  ᠦ ᠡᠳᠦᠷ ᠂ ᠵᠢᠵᠢᠭᠦᠷᠯᠡᠬᠦ ᠤᠲᠠᠰᠤ ᠄ 0471-5182603᠂ ᠰᠢᠤᠳᠠᠨ  ᠬᠠᠶᠢᠷᠴᠠᠭ  ᠤᠨ ᠬᠠᠶ᠋ᠢᠭ ᠄ ᠬᠦᠬᠡᠬᠣᠲᠡ 2587 ᠵᠠᠬᠢᠲᠠᠯ  ᠤᠨ ᠬᠠᠶᠢᠷᠴᠠᠭ᠂ ᠢᠮᠧᠯ ᠄gjyxs3@spp.gov.cn᠂ ᠡᠳᠦᠷ ᠪᠦᠷᠢ  ᠶᠢᠨ ᠤᠲᠠᠰᠤ ᠲᠣᠰᠬᠤ ᠴᠠᠭ ᠨᠢ  9—18 ᠴᠠᠭ ᠃


ᠢᠷᠡᠯᠲᠡ
ᠦᠪᠡᠷᠳᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro