ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠪᠡᠷᠳᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠠᠷᠠᠭᠠᠨ ᠲᠠᠪᠲᠠᠮᠵᠢ ᠵᠢᠨ‌‍ᠲ᠋ᠦ᠋ᠯᠬᠢᠨ ᠠᠬᠢᠭᠤᠯᠬᠤ ᠬᠤᠷᠠᠯ ᠬᠢᠪᠡ

2018-11-13 15:11:10
ᠵᠣᠬᠢᠶᠠᠭᠴᠢ
ᠬᠡᠰᠢᠭ

1542092571825521.jpg  ᠪᠦᠬᠦ ᠣᠷᠤᠨ ᠤ ᠪᠠᠶᠢᠴᠠᠭᠠᠬᠤ ᠪᠠᠶᠢᠭᠤᠯᠭ᠎ᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠦᠯᠬᠢᠨ ᠠᠬᠢᠭᠤᠯᠬᠤ ᠬᠤᠷᠠᠯ 

1542092671117618.jpg  ᠯᠢ ᠴᠢ ᠯᠢᠨ ᠪᠠᠶᠢᠴᠠᠭᠠᠬᠤ ᠲᠠᠷᠤᠭ᠎ᠠ ᠶᠠᠷᠢᠶ᠎ᠠ ᠲᠠᠯᠪᠢᠵᠤ ᠪᠠᠶᠢᠭ᠎ᠠ ᠨᠢ

  11 ᠰᠠᠷ᠎ᠠ ᠶᠢᠨ 9 ᠤ ᠡᠳᠤᠷ᠂ ᠦᠪᠡᠷᠳᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠪᠦᠬᠦ ᠣᠷᠤᠨ ᠤ ᠪᠠᠶᠢᠴᠠᠭᠠᠬᠤ ᠪᠠᠶᠢᠭᠤᠯᠭ᠎ᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠠᠷᠠᠭᠠᠨ ᠲᠠᠪᠲᠠᠮᠵᠢ ᠶᠢᠨ ᠲᠦᠯᠬᠢᠨ ᠠᠬᠢᠭᠤᠯᠬᠤ ᠬᠤᠷᠠᠯ ᠬᠢᠵᠤ᠂ ᠦᠪᠡᠷᠳᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠲᠠᠷᠤᠭ᠎ᠠ ᠯᠢ ᠴᠢ ᠯᠢᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠷᠢᠶᠠᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠲᠠᠷᠤᠭ᠎ᠠ ᠰᠦᠢ ᠯᠢ ᠬᠤᠷᠠᠯ ᠳᠤ ᠤᠷᠣᠯᠴᠠᠪᠠ᠃ ᠪᠦᠬᠦ ᠣᠷᠤᠨ ᠤ ᠭᠤᠷᠪᠠᠨ ᠱᠠᠲᠤᠨ ᠤ ᠪᠠᠶᠢᠴᠠᠭᠠᠬᠤ ᠬᠤᠷᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠠᠯᠪᠠᠨ ᠭᠡᠷ ᠵᠢᠴᠢ ᠬᠠᠮᠢᠶ᠎ᠠ ᠪᠦᠬᠦᠢ ᠲᠤᠬᠠᠶᠢᠯᠠᠭᠰᠠᠠ ᠠᠵᠢᠯ ᠤᠨ ᠰᠠᠯᠠᠭ᠎ᠠ ᠮᠦᠴᠢᠷ ᠤᠨ ᠪᠦᠬᠦ ᠨᠦᠬᠦᠳ ᠬᠤᠷᠠᠯ ᠳᠤ ᠤᠷᠤᠯᠴᠠᠵᠠᠢ᠃ ᠪᠠᠶᠢᠴᠠᠭᠠᠬᠤ ᠺᠣᠮᠢᠰ ᠤᠨ ᠲᠤᠰᠬᠠᠢ ᠲᠤᠰᠢᠶᠠᠯᠲᠦ ᠭᠡᠰᠢᠭᠦᠨ ᠮᠠ ᠶᠢᠩ ᠴᠦᠨ ᠬᠤᠷᠠᠯ ᠡᠷᠬᠢᠯᠡᠪᠡ᠃

  ᠬᠤᠷᠠᠯ ᠲᠡᠭᠡᠷ᠎ᠡ ᠮᠠ ᠶᠢᠩ ᠴᠦᠨ ᠲᠤᠰᠬᠠᠢ ᠲᠤᠰᠢᠶᠠᠯᠲᠦ ᠭᠡᠰᠢᠭᠦᠨ ᠲᠥᠪ ᠬᠤᠷᠢᠶ᠎ᠠ᠂ ᠲᠡᠭᠡᠳᠦ ᠪᠠᠶᠢᠴᠠᠭᠠᠬᠤ ᠬᠤᠷᠢᠶ᠎ᠠ᠂ ᠦᠪᠡᠷᠳᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠶᠢᠨ ᠤᠶᠢᠷ᠎ᠠ ᠶᠢᠨ ᠬᠤᠭᠤᠴᠠᠭᠠᠨ ᠳᠤ ᠤᠷᠢᠳ ᠬᠤᠵᠢᠳ ᠬᠤᠷᠠᠯᠳᠤᠭᠤᠯᠤᠭᠰᠠᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠦᠯᠬᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠨᠡ ᠵᠢᠯ ᠠᠴᠠ ᠨᠠᠰᠢᠬᠢ ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠭᠦᠯᠦᠭᠰᠡᠨ ᠪᠠᠶᠢᠳᠠᠯ ᠢ ᠮᠡᠳᠡᠭᠡᠯᠡᠪᠡ᠃ ᠲᠦᠩᠯᠢᠶᠤᠤ ᠬᠤᠲᠠ ᠶᠢᠨ ᠪᠠᠶᠢᠴᠠᠭᠠᠬᠤ ᠬᠤᠷᠢᠶ᠎ᠠ᠂ ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ᠂ ᠬᠦᠬᠡᠬᠤᠲᠠ ᠶᠢᠨ ᠪᠠᠶᠢᠴᠠᠭᠠᠬᠤ ᠬᠤᠷᠢᠶ᠎ᠠ ᠲᠤᠰ ᠭᠠᠵᠠᠷ ᠤᠷᠤᠨ ᠤ ᠪᠠᠨ ᠲᠤᠰᠬᠠᠢ ᠲᠡᠮᠡᠴᠡᠯ ᠤᠨ ᠲᠤᠷᠰᠢᠯᠭ᠎ᠠ ᠠᠷᠭ᠎ᠠ ᠬᠢᠳᠡᠯ ᠢᠶᠠᠨ ᠲᠠᠨᠢᠯᠴᠠᠭᠤᠯᠪᠠ᠃

  ᠯᠢ ᠴᠢ ᠯᠢᠨ ᠪᠠᠶᠢᠴᠠᠭᠠᠬᠤ ᠲᠠᠷᠤᠭ᠎ᠠ ᠵᠤᠬᠢᠶᠠᠨ ᠪᠠᠶᠢᠭᠤᠯᠵᠤ ᠤᠳᠤᠷᠢᠳᠬᠤ᠂ ᠬᠡᠷᠡᠭ ᠰᠢᠳᠭᠡᠬᠦ ᠬᠦᠴᠦᠯᠡᠴᠡ᠂ ᠵᠢᠯᠤᠭᠤᠳᠴᠤ ᠱᠠᠭᠷᠳᠠᠨ ᠬᠢᠯᠭᠡᠬᠦ᠂ ᠵᠤᠯᠭᠠᠭᠤᠯᠤᠨ ᠤᠶᠠᠯᠳᠤᠬᠤ᠂ ᠴᠤᠬᠢᠯᠲᠠ ᠥᠭᠴᠦ ᠦᠷ᠎ᠡ ᠠᠮᠵᠢᠯᠲᠠ ᠣᠯᠤᠭᠰᠠᠠ ᠵᠡᠷᠭᠡ ᠲᠠᠪᠤᠨ ᠲᠠᠯ᠎ᠠ ᠪᠠᠷ ᠪᠦᠬᠦ ᠣᠷᠤᠨ ᠤ ᠪᠠᠶᠢᠴᠠᠭᠠᠬᠤ ᠪᠠᠶᠢᠭᠤᠯᠭ᠎ᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠩᠬ᠎ᠠ ᠠᠯᠬᠤᠮ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠨᠣᠲᠠᠯᠠᠭᠰᠠᠨ ᠤ ᠲᠠᠭᠠᠤ᠂ ᠦᠵᠡᠯ ᠰᠠᠨᠠᠭᠠᠨ ᠤ ᠲᠠᠨᠢᠯᠲᠠ᠂ ᠵᠤᠬᠢᠴᠠᠭᠤᠯᠤᠨ ᠠᠬᠢᠭᠤᠯᠬᠤ᠂ ᠬᠠᠤᠯᠢ ᠴᠠᠭᠠᠵᠠ ᠲᠦᠷᠦ ᠶᠢᠨ ᠪᠤᠳᠤᠯᠭ᠎ᠠ ᠶᠢ ᠡᠵᠡᠮᠰᠢᠬᠦ᠂ ᠲᠣᠣᠷ ᠢ ᠨᠡᠪᠳᠡᠯᠵᠤ ᠰᠢᠬᠦᠷ ᠲᠤ ᠴᠤᠬᠢᠯᠲᠠ ᠥᠭᠬᠦ᠂ ᠲᠣᠭᠲᠠᠴᠠ ᠶᠢ ᠲᠡᠭᠦᠯᠳᠡᠷᠵᠢᠬᠦᠯᠬᠦ ᠵᠡᠷᠭᠡ ᠲᠠᠯ᠎ᠠ ᠪᠠᠷ ᠣᠷᠤᠰᠢᠵᠤ ᠪᠠᠶᠢᠭ᠎ᠠ ᠵᠦᠷᠢᠶ᠎ᠡ ᠪᠠ ᠠᠰᠠᠭᠤᠳᠠᠯ ᠢ ᠵᠢᠭᠠᠨ ᠭᠠᠷᠭᠠᠭᠰᠠᠠ ᠪᠦᠭᠡᠳ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠬᠤ ᠲᠠᠯ᠎ᠠ ᠪᠠᠷ ᠪᠤᠳᠠᠳᠠᠢ ᠱᠠᠭᠠᠷᠳᠠᠯᠭ᠎ᠠ ᠲᠤᠷᠠᠳᠤᠭᠰᠠᠠ ᠪᠠᠶᠢᠨ᠎ᠠ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro