ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠡᠯ᠎ᠡ ᠠᠷᠠᠳᠴᠢᠯᠠᠭᠰᠠᠠ ᠨᠠᠮ ᠪᠦᠯᠦᠭ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠵᠢᠴᠢ ᠨᠠᠮ ᠪᠦᠯᠦᠭ ᠤᠨ ᠪᠤᠰᠤ ᠬᠦᠮᠦᠰ ᠲᠠᠢ ᠶᠠᠷᠢᠯᠴᠠᠬᠤ ᠬᠤᠷᠠᠯ ᠬᠢᠪᠡ

2019-03-06 15:18:46
ᠵᠣᠬᠢᠶᠠᠭᠴᠢ
ᠬᠡᠰᠢᠭ

   

1547969841497791.jpg

   

1547969841124314.jpg   

     12 ᠰᠠᠷ᠎ᠠ ᠶᠢᠨ 28 ᠤ ᠡᠳᠤᠷ᠂ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠡᠯ᠎ᠡ ᠠᠷᠠᠳᠴᠢᠯᠠᠭᠰᠠᠠ ᠨᠠᠮ ᠪᠦᠯᠦᠭ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠵᠢᠴᠢ ᠨᠠᠮ ᠪᠦᠯᠦᠭ ᠤᠨ ᠪᠤᠰᠤ ᠬᠦᠮᠦᠰ ᠲᠠᠢ ᠶᠠᠷᠢᠯᠴᠠᠬᠤ ᠬᠤᠷᠠᠯ ᠬᠢᠪᠡ᠃ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠲᠠᠷᠤᠭ᠎ᠠ ᠯᠢ ᠴᠢ ᠯᠢᠨ ᠬᠤᠷᠠᠯ ᠳᠤ ᠣᠷᠤᠯᠴᠠᠭᠰᠠᠠ ᠪᠦᠭᠡᠳ ᠶᠠᠷᠢᠶ᠎ᠠ ᠲᠠᠯᠪᠢᠪᠠ᠂ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠲᠡᠳ᠋ ᠱᠦᠵᠢ᠂ ᠲᠡᠳ᠋ ᠪᠠᠶᠢᠴᠠᠭᠠᠬᠤ ᠲᠠᠷᠤᠭ᠎ᠠ ᠵᠢᠶᠡᠨ ᠰᠢᠶᠤᠤ ᠸᠧᠨ ᠬᠤᠷᠠᠯ ᠡᠷᠬᠢᠯᠡᠵᠤ᠂ ᠲᠡᠳ᠋ ᠪᠠᠶᠢᠴᠠᠭᠠᠬᠤ ᠲᠠᠷᠤᠭ᠎ᠠ ᠵᠧᠩ ᠶᠢᠨ ᠴᠦᠨ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢᠨ ︽ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠬᠠᠤᠯᠢ ᠶᠤᠰᠤᠭᠠᠷ ᠪᠠᠳᠤᠯᠠᠬᠤ ᠪᠠ ᠲᠡᠭᠦᠨ ᠳᠤ ᠦᠢᠯᠡᠴᠢᠯᠡᠬᠦ ᠲᠤᠬᠠᠢ ᠠᠷᠪᠠᠨ ᠲᠠᠪᠤᠨ ᠠᠷᠭ᠎ᠠ ᠬᠡᠮᠵᠢᠶ᠎ᠡ︾ ᠶᠢ ᠭᠠᠷᠭᠠᠭᠰᠠᠠ ᠬᠤᠯᠪᠤᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠃ ᠶᠠᠷᠢᠯᠴᠠᠬᠤ   ᠲᠡᠭᠡᠷ᠎ᠡ᠂ ᠡᠯ᠎ᠡ ᠠᠷᠠᠳᠴᠢᠯᠠᠭᠰᠠᠠ ᠨᠠᠮ ᠪᠦᠯᠦᠭ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠵᠢᠴᠢ ᠨᠠᠮ ᠪᠦᠯᠦᠭ ᠤᠨ ᠪᠤᠰᠤ ᠬᠦᠮᠦᠰ ᠤᠨ ᠲᠦᠯᠦᠭᠡᠯᠡᠭᠴᠢᠳ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠬᠠᠤᠯᠢ ᠶᠤᠰᠤᠭᠠᠷ ᠪᠠᠳᠤᠯᠠᠬᠤ ᠪᠠ ᠦᠢᠯᠡᠴᠢᠯᠡᠬᠦ ᠲᠤᠬᠠᠢ ᠰᠠᠨᠠᠯ ᠪᠠ ᠰᠠᠨᠠᠭᠤᠯᠭ᠎ᠠ ᠲᠤᠷᠠᠳᠴᠠᠢ᠃ᠯᠢ ᠴᠢ ᠯᠢᠨ ᠪᠠᠶᠢᠴᠠᠭᠠᠬᠤ ᠲᠠᠷᠤᠭ᠎ᠠ ᠠᠴᠠ ᠡᠨᠡ ᠤᠳᠠᠭᠠᠨ ᠤ ᠶᠠᠷᠢᠯᠴᠠᠬᠤ ᠬᠤᠷᠠᠯ ᠤᠨ ᠵᠣᠷᠢᠯᠭ᠎ᠠ ᠪᠣᠯ ᠲᠠᠷᠣᠢ ᠠᠷᠠᠳᠴᠢᠯᠠᠯ ᠢᠶᠠᠷ ᠵᠦᠪᠳᠡᠯᠴᠡᠬᠦ ᠳᠦᠷᠢᠮ ᠢ ᠨᠠᠶᠢᠳᠠᠪᠤᠷᠢᠵᠢᠭᠤᠯᠤᠨ᠂ ᠠᠷᠠᠳᠴᠢᠯᠠᠭᠰᠠᠠ ᠬᠢᠨᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠤ᠂ ᠲᠠ ᠣᠯᠠᠨ ᠤ ᠪᠠᠶᠢᠴᠠᠭᠠᠬᠤ ᠠᠵᠢᠯ ᠳᠠᠬᠢ ᠰᠠᠨᠠᠯ ᠪᠠ ᠰᠠᠨᠠᠭᠤᠯᠭ᠎ᠠ ᠶᠢ ᠰᠤᠨᠤᠰᠴᠤ ᠰᠤᠳᠤᠯᠤᠨ᠂ ᠬᠤᠶᠢᠰᠢᠳᠠ ᠶᠢᠨ ᠠᠵᠢᠯ ᠤᠨ ᠳᠤᠮᠳᠠ ᠨᠠᠶᠢᠳᠠᠪᠤᠷᠢᠵᠢᠭᠤᠯᠤᠯᠲᠠ ᠶᠢ ᠨᠡᠩ ᠰᠠᠶᠢᠨ ᠢᠶᠠᠷ ᠠᠳᠬᠤᠬᠤ ᠳᠤ ᠣᠷᠤᠰᠢᠨ᠎ᠠ ᠭᠡᠪᠡ᠃

    ᠯᠢ ᠴᠢ ᠯᠢᠨ ᠪᠠᠶᠢᠴᠠᠭᠠᠬᠤ ᠲᠠᠷᠤᠭ᠎ᠠ ᠵᠢᠭᠠᠵᠤ ᠭᠠᠷᠭᠠᠬᠤ ᠳᠠᠭᠠᠨ᠂ ᠪᠢᠳᠡ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠳᠤ ᠦᠢᠯᠡᠴᠢᠯᠡᠬᠦ ᠶᠢ ᠪᠠᠶᠢᠴᠠᠭᠠᠬᠤ ᠭᠤᠣᠯᠳᠠᠯᠭ᠎ᠠ ᠲᠠᠢ ᠠᠵᠢᠯ ᠳᠠᠭᠠᠨ ᠣᠷᠤᠭᠤᠯᠵᠤ᠂ ᠪᠠᠶᠢᠴᠠᠭᠠᠬᠤ ᠡᠷᠬᠡ ᠴᠢᠳᠠᠪᠤᠷᠢ ᠪᠠᠨ ᠯᠠᠪᠳᠠᠭᠤᠨ ᠪᠠᠳᠤᠲᠠᠢ ᠰᠠᠶᠢᠳᠤᠷ ᠬᠦᠢᠴᠡᠳᠭᠡᠵᠤ᠂ ᠴᠠᠭᠠᠰᠤᠨ ᠲᠡᠭᠡᠷ᠎ᠡ ᠲᠣᠭᠲᠠᠭᠠᠭᠰᠠᠠ ᠠᠷᠭ᠎ᠠ ᠬᠡᠮᠵᠢᠶ᠎ᠡ ᠪᠠᠨ ᠪᠣᠳᠠᠳᠠᠢ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠡᠬᠦᠯ ᠢᠶᠠᠷ ᠬᠦᠭᠵᠢᠬᠦ ᠳᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠴᠢᠷᠮᠠᠶᠢᠨ ᠪᠣᠢ ᠪᠣᠯᠭᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠤᠯᠪᠤᠭᠳᠠᠭᠰᠠᠠ ᠶᠠᠯᠠᠳᠤ ᠬᠡᠷᠡᠭ ᠲᠤ ᠡᠷᠡᠰ ᠴᠤᠬᠢᠯᠲᠠ ᠥᠭᠴᠦ᠂ ᠠᠵᠤ ᠠᠬᠤᠶᠢᠯᠠᠯ ᠤᠨ ᠥᠮᠴᠢ ᠶᠢᠨ ᠡᠷᠬᠡ ᠳᠤ ᠬᠠᠯᠳᠠᠭᠰᠠᠠ ᠪᠠ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠮᠦᠰ ᠤᠨ ᠪᠡᠶ᠎ᠡ ᠶᠢᠨ ᠡᠷᠬᠡ᠂ ᠡᠳ᠋ ᠬᠦᠷᠦᠩᠭᠡ ᠶᠢᠨ ᠡᠷᠬᠡ ᠳᠤ ᠬᠠᠯᠳᠠᠭᠰᠠᠠ ᠡᠷᠡᠬᠦᠤ ᠶᠢᠨ ᠶᠠᠯᠠᠳᠤ ᠬᠡᠷᠡᠭ ᠲᠤ ᠲᠣᠪᠤᠶᠢᠯᠭᠠᠨ ᠴᠤᠬᠢᠯᠲᠠ ᠥᠭᠴᠦ᠂ ᠠᠮᠤᠷ ᠲᠥᠪᠰᠢᠨ ᠲᠣᠭᠲᠠᠭᠤᠨ ᠣᠷᠴᠢᠨ ᠲᠣᠭᠤᠷᠢᠨ ᠢ ᠪᠣᠢ ᠪᠣᠯᠭᠠᠨ᠂ ᠦᠷᠭᠡᠨ ᠤᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠢ ᠰᠠᠳᠬᠢᠯ ᠰᠢᠭᠤᠳᠤᠨ ᠦᠢᠯᠡᠰ ᠪᠣᠰᠬᠠᠭᠤᠯᠵᠤ᠂ ᠰᠠᠨᠠᠭ᠎ᠠ ᠠᠮᠤᠷ ᠪᠡᠯᠡ ᠣᠷᠤᠭᠤᠯᠤᠨ᠂ ᠠᠮᠤᠷ ᠲᠠᠶᠢᠪᠤᠩ ᠡᠵᠡᠩᠨᠡᠬᠦᠯᠵᠤ᠂ ᠰᠡᠳᠬᠢᠯ ᠬᠠᠨᠤᠮᠵᠢᠲᠠᠢ ᠪᠠᠷ ᠬᠦᠭᠵᠢᠬᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠢᠶᠠᠯ ᠤᠨ ᠶᠠᠯᠠᠳᠤ ᠬᠡᠷᠡᠭ ᠢ ᠴᠢᠩᠭ᠎ᠠ ᠵᠠᠯᠬᠠᠭᠠᠨ ᠰᠢᠳᠭᠡᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠲᠦᠷᠦ ᠶᠢᠨ ᠪᠣᠳᠤᠯᠭ᠎ᠠ ᠶᠢᠨ ᠠᠰᠢᠭ ᠢ ᠦᠨᠡᠨᠬᠦ ᠣᠯᠭᠤᠨ᠎ᠠ᠂  ᠢᠳᠡᠬᠦ ᠠᠪᠬᠤ ᠭᠠᠴᠢᠬᠤ ᠱᠤᠯᠤᠬᠤ᠂ ᠡᠷᠬᠡ ᠪᠠᠷ ᠠᠮᠢ ᠪᠠᠨ ᠪᠣᠷᠳᠤᠬᠤ ᠵᠡᠷᠭᠡ ᠲᠤᠰᠢᠶᠠᠯ ᠤᠨ ᠶᠠᠯᠠᠳᠤ ᠬᠡᠷᠡᠭ ᠢ ᠬᠠᠤᠯᠢ ᠶᠤᠰᠤᠭᠠᠷ ᠴᠢᠩᠭ᠎ᠠ ᠵᠠᠯᠬᠠᠭᠠᠨ ᠰᠢᠳᠭᠡᠬᠦ ᠶᠢᠨ ᠬᠠᠮᠳᠤ᠂ ᠬᠡᠷᠡᠭ ᠰᠢᠳᠭᠡᠬᠦ ᠲᠠᠢ ᠤᠶᠠᠯᠳᠤᠭᠤᠯᠤᠨ ᠴᠠᠭ ᠲᠠᠷᠤᠢ ᠳᠤᠨᠢ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠶᠠᠪᠤᠭᠤᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠢ ᠱᠠᠭᠠᠷᠳᠠᠨ ᠬᠠᠮᠢᠶᠠᠷᠤᠯᠲᠠ ᠶᠢ ᠨᠢ ᠴᠢᠩᠭᠠᠳᠬᠠᠨ᠂ ᠦᠢᠯᠡᠴᠢᠯᠡᠭᠡ ᠶᠢ ᠨᠢ ᠲᠡᠬᠦᠯᠳᠡᠷᠵᠢᠬᠦᠯᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠳᠤᠯᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠤᠯᠪᠤᠭᠳᠠᠭᠰᠠᠠ ᠵᠠᠷᠭᠤ ᠶᠢᠨ ᠠᠵᠢᠯᠯᠠᠭ᠎ᠠ ᠳᠤ ᠲᠠᠯᠪᠢᠬᠤ ᠬᠢᠨᠠᠯᠲᠠ ᠪᠠᠨ ᠴᠢᠩᠭᠠᠳᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠲᠥᠪ ᠭᠤᠣᠯᠴᠢ ᠰᠢᠳᠤᠷᠭᠤ ᠶᠤᠰᠤ ᠶᠢ ᠲᠦᠷᠦᠭᠳᠡᠬᠦᠯᠦᠨ᠎ᠡ᠃ ᠬᠠᠤᠯᠢ ᠬᠡᠷᠡᠭᠵᠢᠬᠦᠯᠬᠦ ᠬᠠᠤᠯᠢ ᠪᠠᠷᠢᠬᠤ ᠨᠡᠶᠢᠲᠡ ᠶᠢᠨ ᠡᠷᠬᠡ ᠶᠢᠨ ᠠᠵᠤ ᠠᠬᠤᠶᠢᠯᠠᠯ ᠤᠨ ᠠᠵᠤ ᠠᠬᠤᠢ ᠶᠢᠨ ᠠᠵᠢᠯᠯᠠᠭ᠎ᠠ ᠳᠤ ᠬᠠᠤᠯᠢ ᠪᠤᠰᠤ ᠪᠠᠷ ᠣᠷᠤᠯᠴᠠᠬᠤ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠳᠤᠷ᠎ᠠ ᠪᠠᠷ ᠢᠶᠠᠨ ᠬᠡᠷᠡᠭᠯᠡᠬᠦ ᠪᠠ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠰᠢᠭᠦᠨ ᠲᠠᠰᠤᠯᠤᠯᠲᠠ ᠰᠢᠭᠦᠨ ᠲᠣᠭᠲᠠᠭᠠᠯᠲᠠ ᠪᠠ ᠬᠦᠢᠴᠡᠳᠭᠡᠯᠲᠡ ᠵᠡᠷᠭᠡ ᠳᠤ ᠲᠠᠯᠪᠢᠬᠤ ᠬᠠᠤᠯᠢ ᠴᠠᠭᠠᠵᠠ ᠶᠢᠨ ᠬᠢᠨᠠᠯᠲᠠ ᠪᠠᠨ ᠴᠢᠩᠭᠠᠷᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠳᠤ ᠲᠥᠪ ᠭᠤᠣᠯᠴᠢ ᠰᠢᠳᠤᠷᠭᠤ ᠶᠤᠰᠤᠨ ᠤ ᠬᠠᠤᠯᠢ ᠪᠠᠷᠢᠬᠤ ᠣᠷᠴᠢᠨ ᠲᠣᠭᠤᠷᠢᠨ ᠢ ᠪᠣᠢ ᠪᠣᠯᠭᠠᠨ᠎ᠠ᠃ ᠪᠠᠶᠢᠴᠠᠭᠠᠬᠤ ᠦᠢᠯᠡᠴᠢᠯᠡᠭᠡ ᠶᠢ ᠰᠤᠩᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠨᠡᠩ ᠤᠯᠠᠨ ᠬᠠᠤᠯᠢ ᠵᠠᠰᠠᠭᠯᠠᠯ ᠤᠨ ᠬᠠᠯᠠᠮᠵᠢᠯᠠᠯ ᠢ ᠣᠯᠭᠤᠨ᠎ᠠ᠃ ᠦᠢᠯᠡᠳᠪᠤᠷᠢ ᠬᠤᠳᠠᠯᠳᠤᠭᠠᠨ ᠤ ᠬᠤᠯᠪᠤᠭ᠎ᠠ᠂ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠤᠭᠠᠨ ᠤ ᠡᠪᠯᠡᠯ ᠲᠠᠢ ᠬᠠᠷᠢᠯᠴᠠᠭ᠎ᠠ ᠦᠢᠯᠡᠳᠦᠯᠴᠡᠯ ᠢᠶᠠᠨ ᠴᠢᠩᠭᠠᠳᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ ᠰᠢᠭᠤᠳ ᠬᠠᠷᠢᠯᠴᠠᠬᠤ ᠲᠣᠭᠲᠠᠴᠠ ᠪᠠᠨ ᠲᠡᠬᠦᠯᠳᠡᠷᠵᠢᠬᠦᠯᠵᠤ᠂ ᠠᠵᠤ ᠠᠬᠤᠶᠢᠯᠠᠯ ᠳᠤ ᠬᠠᠤᠯᠢ ᠬᠦᠷᠭᠡᠬᠦ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠣᠨᠣᠴᠢᠲᠠᠢ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃ ᠪᠠᠶᠢᠴᠠᠭᠠᠬᠤ ᠠᠵᠢᠯ ᠤᠨ ᠠᠷᠭ᠎ᠠ ᠬᠡᠯᠪᠡᠷᠢ ᠪᠠᠨ ᠢᠳᠡᠪᠬᠢᠲᠠᠢ ᠬᠤᠪᠢᠷᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠳᠤ ᠬᠠᠤᠯᠢ ᠴᠠᠭᠠᠵᠠ ᠶᠢᠨ ᠲᠤᠯᠠᠭᠠᠨ ᠪᠦᠯᠢᠶᠡᠨ ᠢ ᠲᠦᠷᠦᠭᠳᠡᠬᠦᠯᠦᠨ᠎ᠡ᠃ ᠠᠵᠤ ᠠᠬᠤᠶᠢᠯᠠᠯ ᠤᠨ ᠣᠷᠤᠰᠢᠨ ᠬᠦᠭᠵᠢᠬᠦ ᠶᠢ ᠶᠠᠭᠤᠨ ᠤ ᠡᠮᠤᠨ᠎ᠡ ᠪᠤᠳᠤᠯᠬᠢᠯᠠᠵᠤ᠂ ᠬᠡᠷᠡᠭ ᠪᠠᠶᠢᠴᠠᠭᠠᠨ ᠰᠢᠳᠭᠡᠬᠦ ᠳᠤᠮᠲᠠ ᠪᠠᠶᠢᠴᠠᠭᠠᠨ ᠪᠢᠲᠡᠬᠦᠮᠵᠢᠯᠡᠯᠲᠡ᠂ ᠦᠯᠦ ᠬᠦᠳᠡᠯᠭᠡᠯᠲᠡ᠂ ᠲᠠᠷᠤᠨ ᠠᠪᠤᠯᠲᠠ ᠵᠡᠷᠭᠡ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠪᠤᠯᠭᠤᠮᠵᠢᠲᠠᠢ ᠬᠡᠷᠡᠭᠯᠡᠵᠦ᠂ ᠬᠡᠷᠡᠭ ᠰᠢᠳᠭᠡᠬᠦ ᠠᠵᠢᠯᠯᠠᠭ᠎ᠠ ᠶᠢᠨ ᠠᠵᠤ ᠠᠬᠤᠶᠢᠯᠠᠯ ᠪᠠ ᠠᠵᠤ ᠠᠬᠤᠶᠢᠯᠠᠯᠲᠠᠨ ᠳᠤ ᠮᠠᠭᠤ ᠨᠦᠯᠦᠭᠡ ᠦᠵᠡᠬᠦᠯᠬᠦ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠵᠤ᠂ ᠲᠡᠭᠦᠨ ᠠᠴᠠ ᠵᠠᠶᠢᠯᠠᠰᠬᠢᠨ᠎ᠠ ᠭᠡᠵᠡᠢ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro