ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠤᠷ ᠮᠣᠩᠭᠤᠯ ᠤᠨ ᠴᠡᠷᠢᠭ ᠤᠨ ᠲᠣᠭᠤᠷᠢᠭ ᠤᠨ ᠵᠠᠬᠢᠷᠭᠠᠨ ᠤ ᠳᠠᠷᠤᠭ᠎ᠠ ᠯᠧᠩ ᠵᠢᠶᠧ ᠰᠦᠩ ᠨᠠᠷ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠳᠤ ᠢᠷᠡᠵᠤ ᠲᠣᠭᠤᠷᠢᠨ ᠦᠵᠡᠵᠤ ᠪᠠᠶᠢᠴᠠᠭᠠᠨ ᠰᠤᠳᠤᠯᠤᠯᠲᠠ ᠬᠢᠪᠡ

2019-03-04 11:18:46
ᠵᠣᠬᠢᠶᠠᠭᠴᠢ
ᠬᠡᠰᠢᠭ

1547970299886755.jpg


1547970460108057.jpg


    1 ᠰᠠᠷ᠎ᠠ ᠶᠢᠨ 8 ᠤ ᠡᠳᠤᠷ᠂ ᠥᠪᠤᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠤᠷ ᠮᠣᠩᠭᠤᠯ ᠤᠨ ᠴᠡᠷᠢᠭ ᠤᠨ ᠲᠣᠭᠤᠷᠢᠭ ᠤᠨ ᠵᠠᠬᠢᠷᠭᠠᠨ ᠤ ᠳᠠᠷᠤᠭ᠎ᠠ ᠯᠧᠩ ᠵᠢᠶᠧ ᠰᠦᠩ ᠨᠠᠷ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠳᠤ ᠢᠷᠡᠵᠤ ᠦᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠢ ᠵᠢᠴᠢ ᠪᠠᠶᠢᠴᠠᠭᠠᠬᠤ ᠪᠠᠶᠢᠭᠤᠯᠭ᠎ᠠ ᠰᠡᠷᠬᠦᠭᠡᠨ ᠪᠠᠶᠢᠭᠤᠯᠤᠭᠳᠠᠭᠰᠠᠠ  40 ᠵᠢᠯ ᠤᠨ ᠣᠢ ᠳᠤ ᠵᠣᠷᠢᠭᠤᠯᠤᠭᠰᠠᠠ ᠬᠠᠭᠤᠴᠢᠨ ᠵᠢᠷᠤᠭ ᠰᠡᠬᠦᠳᠡᠷ᠂ ᠣᠷᠠᠨ ᠪᠢᠴᠢᠯᠭᠡ ᠤᠷᠠᠨ ᠵᠢᠷᠤᠭ᠂ ᠭᠡᠷᠡᠯ ᠵᠢᠷᠤᠭ ᠤᠨ ᠪᠦᠲᠦᠭᠡᠯ ᠤᠨ ᠦᠵᠡᠬᠦᠯᠦᠯᠭᠡ ᠶᠢ ᠲᠣᠭᠤᠷᠢᠨ ᠦᠵᠡᠭᠰᠡᠨ ᠤ ᠲᠠᠷᠠᠭ᠎ᠠ᠂ ᠰᠠᠭᠤᠳᠠᠯ ᠤᠨ ᠬᠤᠷᠠᠯ ᠳᠤ ᠣᠷᠤᠯᠴᠠᠵᠠᠢ᠃

    ᠯᠢ ᠴᠢ ᠯᠢᠨ ᠪᠠᠶᠢᠴᠠᠭᠠᠬᠤ ᠲᠠᠷᠤᠭ᠎ᠠ ᠯᠧᠩ ᠵᠢᠶᠧ ᠰᠦᠩ ᠵᠠᠬᠢᠷᠭᠠᠨ ᠤ ᠳᠠᠷᠤᠭ᠎ᠠ ᠳᠤ ᠥᠪᠤᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠶᠢᠨ ᠴᠡᠷᠢᠭ ᠠᠩᠭᠢ ᠶᠢᠨ ᠦᠨ᠎ᠡ ᠲᠦᠯᠦᠪᠤᠷᠢᠲᠦ ᠦᠢᠯᠡᠴᠢᠯᠡᠭᠡ ᠶᠢ ᠵᠣᠭᠰᠤᠭᠠᠬᠤ ᠶᠢ ᠲᠡᠮᠵᠢᠭᠰᠡᠨ᠂ ᠴᠡᠷᠢᠭ ᠤᠨ ᠬᠦᠮᠦᠨ ᠵᠢᠴᠢ ᠴᠡᠷᠢᠭ ᠤᠨ ᠭᠡᠷ ᠪᠦᠯᠢ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠭᠰᠠᠠ᠂ ᠴᠡᠷᠢᠭ ᠠᠩᠭᠢ ᠪᠠ ᠭᠠᠵᠠᠷ ᠣᠷᠤᠨ ᠨᠡᠶᠢᠲᠡ ᠶᠢᠨ ᠠᠰᠢᠭᠲᠦ ᠵᠠᠷᠭᠤ ᠶᠢᠨ ᠬᠠᠮᠵᠢᠯᠴᠠᠭ᠎ᠠ ᠶᠢ ᠦᠷᠨᠢᠬᠦᠯᠦᠭᠰᠡᠨ ᠵᠡᠷᠭᠡ ᠲᠠᠯ᠎ᠠ ᠶᠢᠨ ᠠᠵᠢᠯ ᠤᠨ ᠪᠠᠶᠢᠳᠠᠯ ᠢ ᠲᠠᠨᠢᠯᠴᠠᠭᠤᠯᠪᠠ᠃

   ᠯᠧᠩ ᠵᠢᠶᠧ ᠰᠦᠩ ᠵᠠᠬᠢᠷᠭᠠᠨ ᠤ ᠳᠠᠷᠤᠭ᠎ᠠ ᠤᠷᠴᠢᠮ ᠤᠨ ᠵᠢᠯ ᠳᠠᠬᠢ ᠪᠠᠶᠢᠴᠠᠭᠠᠬᠤ ᠪᠠᠶᠢᠭᠤᠯᠭ᠎ᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠤᠬᠢᠴᠢᠯᠠᠭᠰᠠᠠ ᠪᠦᠲᠦᠭᠡᠨ ᠪᠠᠶᠢᠭᠤᠯᠤᠯᠲᠠ ᠳᠤ ᠦᠢᠯᠡᠴᠢᠯᠡᠭᠡ ᠪᠠᠲᠤᠯᠠᠭ᠎ᠠ ᠣᠯᠭᠤᠭᠰᠠᠠ ᠲᠠᠯ᠎ᠠ ᠪᠠᠷ ᠲᠡᠭᠡᠳᠦ ᠬᠡᠮᠵᠢᠶ᠎ᠡ ᠪᠠᠷ ᠨᠣᠲᠠᠯᠠᠭᠰᠠᠠ ᠪᠦᠭᠡᠳ ᠥᠪᠤᠷ ᠮᠣᠩᠭᠤᠯ ᠤᠨ ᠴᠡᠷᠢᠭ ᠤᠨ ᠲᠣᠭᠤᠷᠢᠭ ᠪᠠ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢᠨ ᠬᠠᠷᠢᠯᠴᠠᠭ᠎ᠠ ᠵᠣᠬᠢᠴᠠᠭᠤᠯᠭ᠎ᠠ ᠪᠠᠨ ᠴᠢᠨᠠᠭᠰᠢᠳᠠ ᠴᠢᠩᠭᠠᠳᠬᠠᠵᠤ᠂ ᠴᠡᠷᠢᠭ ᠠᠩᠬᠢ ᠪᠠ ᠭᠠᠵᠠᠷ ᠣᠷᠤᠨ ᠤ ᠪᠠᠶᠢᠴᠠᠭᠠᠬᠤ ᠪᠠᠶᠢᠭᠤᠯᠭ᠎ᠠ ᠶᠢᠨ ᠬᠠᠮᠵᠢᠯᠴᠠᠬᠤ ᠠᠵᠢᠯ ᠤᠨ ᠲᠦᠷᠢᠮᠵᠢᠬᠦᠯᠦᠨ ᠬᠦᠭᠵᠢᠬᠦᠯᠬᠦ ᠬᠢᠷᠢ ᠲᠥᠪᠰᠢᠨ ᠢᠶᠠᠨ ᠲᠡᠭᠡᠭᠰᠢᠯᠡᠬᠦᠯᠦᠨ᠂ ᠲᠤᠬᠠᠶᠢᠯᠠᠭᠰᠠᠠ ᠠᠵᠢᠯ ᠤᠨ ᠰᠤᠯᠢᠯᠴᠠᠭ᠎ᠠ ᠪᠠᠨ ᠴᠢᠩᠭᠠᠷᠠᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠬᠠᠮᠳᠤ ᠪᠠᠷ ᠲᠦᠯᠬᠢᠨ ᠠᠬᠢᠭᠤᠯᠬᠤ ᠬᠡᠷᠡᠭᠳᠡᠢ ᠭᠡᠵᠤ ᠵᠢᠭᠠᠨ ᠭᠠᠷᠭᠠᠵᠠᠢ᠃

    ᠯᠢ ᠴᠢ ᠯᠢᠨ ᠪᠠᠶᠢᠴᠠᠭᠠᠬᠤ ᠲᠠᠷᠤᠭ᠎ᠠ ᠢᠯᠡᠷᠭᠡᠶᠢᠯᠡᠬᠦ ᠳᠡᠭᠡᠨ᠂ ᠪᠠᠶᠢᠴᠠᠭᠠᠬᠤ ᠪᠠᠶᠢᠭᠤᠯᠭ᠎ᠠ ᠤᠯᠤᠰ ᠤᠨ ᠪᠠᠲᠤᠯᠠᠨ ᠬᠠᠮᠠᠭᠠᠯᠠᠯᠲᠠ᠂ ᠴᠡᠷᠢᠭ ᠠᠩᠭᠢ ᠶᠢᠨ ᠣᠳᠤᠬᠢᠴᠢᠯᠠᠯᠲᠠ ᠳᠤ ᠦᠢᠯᠡᠴᠢᠯᠡᠬᠦ ᠦᠵᠡᠯ ᠤᠬᠠᠮᠰᠠᠷ ᠢᠶᠠᠨ ᠴᠢᠨᠠᠭᠰᠢᠳᠠ ᠲᠡᠭᠡᠭᠰᠢᠯᠡᠬᠦᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠬᠤᠣᠷ ᠬᠦᠨᠦᠭᠡᠯ ᠤᠴᠠᠷᠠᠭᠤᠯᠤᠭᠰᠠᠠ ᠡᠯ᠎ᠡ ᠵᠦᠢᠯ ᠤᠨ ᠶᠠᠯᠠᠳᠤ ᠠᠵᠢᠯᠯᠠᠭ᠎ᠠ ᠬᠢᠵᠤ᠂ ᠴᠡᠷᠢᠭ ᠤᠨ ᠬᠦᠮᠦᠨ ᠴᠡᠷᠢᠭ ᠤᠨ ᠭᠡᠷ ᠪᠦᠯᠢ ᠶᠢᠨ ᠬᠠᠤᠯᠢ ᠶᠤᠰᠤᠨ ᠤ ᠡᠷᠬᠡ ᠠᠰᠢᠭ ᠢ ᠡᠷᠡᠰ ᠬᠠᠮᠠᠭᠠᠯᠠᠨ᠂ ᠴᠡᠷᠢᠭ ᠲᠤ ᠬᠤᠯᠪᠤᠭᠳᠠᠭᠰᠠᠠ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠢ ᠬᠠᠤᠯᠢ ᠶᠤᠰᠤᠭᠠᠷ ᠲᠤᠬᠢᠷᠠᠮᠵᠢᠲᠠᠢ ᠰᠢᠢᠳᠪᠤᠷᠢᠯᠡᠵᠤ᠂ ᠦᠷᠡᠭᠳᠡᠭᠰᠡᠨ ᠪᠠᠭᠠᠲᠤᠷᠴᠤᠳ ᠤᠨ ᠢᠷᠠᠭᠤ ᠠᠯᠳᠠᠷ ᠢ ᠬᠠᠮᠠᠭᠠᠯᠠᠬᠤ ᠪᠠᠨ ᠴᠢᠩᠭᠠᠳᠬᠠᠨ᠂ ᠰᠢᠨ᠎ᠡ ᠴᠠᠭ ᠥᠶ᠎ᠡ ᠶᠢᠨ ᠴᠡᠷᠢᠭ ᠢ ᠬᠦᠴᠦᠷᠭᠡᠭᠵᠢᠬᠦᠯᠬᠦ ᠦᠢᠯᠡᠰ ᠲᠤ ᠬᠠᠤᠯᠢ ᠪᠠᠷᠢᠬᠤ ᠪᠠᠲᠤᠯᠠᠭ᠎ᠠ ᠣᠯᠭᠤᠨ᠎ᠠ ᠭᠡᠵᠡᠢ᠃

ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro